ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠲᠣᠭᠲᠠᠬᠤ ᠰᠢᠶᠠᠨ ᠤ ᠠᠹᠷᠢᠺᠠ ᠲᠢᠪ ᠤᠨ ᠭᠠᠭ᠋ᠠᠶ ᠶᠢᠨ ᠮᠢᠯᠵᠠᠩ ᠬᠢᠵᠢᠭ ᠰᠡᠷᠭᠡᠶᠢᠯᠡᠨ ᠬᠢᠵᠠᠭᠠᠷᠯᠠᠬᠤ ᠠᠵᠢᠯ ᠳᠤ ᠰᠢᠪᠠᠳᠠᠨ ᠪᠠᠶᠢᠴᠠᠭᠠᠪᠠ
ᠨᠡᠶᠢᠲᠡᠯᠡᠭᠰᠡᠨ ᠴᠠᠭ᠄
2018-10-11
     10 ᠰᠠᠷ᠎ᠠ ᠶᠢᠨ 6 ᠤ ᠡᠳᠦᠷ᠂ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶᠠᠨ ᠤ ᠠᠮᠢᠲᠠᠨ ᠤ ᠡᠷᠡᠭᠦᠯ ᠬᠠᠮᠠᠭᠠᠯᠠᠯ ᠤᠨ ᠬᠢᠨᠠᠯᠲᠠ ᠲᠠᠯᠪᠢᠬᠤ ᠭᠠᠵᠠᠷ ᠤᠨ ᠳᠠᠷᠤᠭ᠎ᠠ ᠸᠠᠩ ᠴᠢ ᡁᠢ᠂ ᠲᠣᠭᠲᠠᠭᠰᠠᠨ ᠴᠢᠭ ᠤᠨ ᠠᠯᠪᠠᠨ ᠭᠡᠷ ᠤᠨ ᠡᠷᠬᠢᠯᠡᠭᠴᠢ ᠯᠠᠨ ᠸᠧᠨ ᠭᠦᠢ ᠲᠣᠭᠲᠠᠬᠤ ᠰᠢᠶᠠᠨ ᠳᠤ ᠭᠦᠷᠴᠦ ᠲᠤᠭᠳᠠᠬᠤ ᠰᠢᠶᠠᠨ ᠤ ᠠᠶᠢᠮᠠᠭ ᠬᠤᠲᠠ ᠶᠢᠨ ᠬᠢᠯᠢ ᠶᠢᠨ ᠵᠠᠭᠠᠭ ᠪᠤᠯᠬᠤ ᠭᠤᠷᠪᠠᠨ ᠭᠠᠵᠠᠢ ᠲᠤ ᠠᠹᠷᠢᠺᠠ ᠲᠢᠪ ᠤᠨ ᠭᠠᠭ᠋ᠠᠶ ᠶᠢᠨ ᠬᠢᠵᠢᠭ ᠤᠨ ᠲᠦᠷ ᠴᠠᠭ ᠤᠨ ᠪᠠᠶᠢᠴᠠᠭᠠᠯᠲᠠ ᠶᠢᠨ ᠦᠷᠳᠡᠭᠡᠨ ᠳᠤ ᠠᠵᠢᠯ ᠰᠢᠪᠠᠳᠠᠨ ᠪᠠᠶᠢᠴᠠᠭᠠᠪᠠ᠃ ᠰᠢᠪᠠᠳᠠᠨ ᠪᠠᠶᠢᠴᠠᠭᠠᠬᠤ ᠳᠤᠭᠤᠶᠢᠯᠠᠩ ᠲᠣᠭᠲᠠᠬᠤ ᠰᠢᠶᠠᠨ ᠤ ᠡᠨᠡᠬᠦ ᠭᠤᠷᠪᠠᠨ ᠭᠠᠵᠠᠷ ᠤᠨ ᠪᠠᠶᠢᠴᠠᠭᠠᠬᠤ ᠦᠷᠳᠡᠭᠡᠨ ᠤ ᠠᠵᠢᠯᠯᠠᠭᠠᠨ ᠤ ᠪᠠᠶᠢᠳᠠᠯ ᠢ ᠨᠠᠷᠢᠨ ᠣᠶᠢᠯᠠᠭᠠᠵᠤ᠂ ᠡᠯ᠎ᠡ ᠥᠷᠲᠡᠭᠡᠨ ᠤ ᠪᠠᠶᠢᠴᠠᠭᠠᠯᠲᠠ‌‍ᠶᠢᠨ ᠲᠡᠮᠳᠡᠭᠯᠡᠯ ᠪᠠ ᠬᠤᠤᠷ ᠥᠬᠡᠶ ᠪᠣᠯᠭᠠᠨ ᠰᠢᠢᠳᠪᠦᠷᠢᠯᠡᠬᠦ ᠲᠡᠮᠳᠡᠭᠯᠡᠯ ᠢ ᠨᠠᠷᠢᠨ ᠬᠢᠨᠠᠮᠠᠭᠠᠶ ᠬᠠᠷᠭᠤᠭᠤᠯᠬᠤ ᠶᠢᠨ ᠬᠠᠮᠳᠤ ᠡᠯ᠎ᠡ ᠵᠦᠢᠯ ᠤᠨ ᠲᠡᠮᠳᠡᠭᠯᠡᠯ ᠢ ᠬᠡᠷᠬᠢᠨ ᠵᠢᠷᠤᠮᠵᠢᠭᠤᠯᠤᠨ ᠲᠠᠭᠯᠠᠬᠤ ᠲᠤᠬᠠᠢ ᠡᠷᠬᠢᠮ ᠨᠠᠨᠳᠢᠨ ᠰᠠᠨᠠᠯ ᠳᠤᠷᠠᠳᠤᠭᠰᠠᠨ ᠪᠠᠶᠢᠨ᠎ᠠ᠃      ᠰᠢᠪᠠᠳᠠᠨ ᠪᠠᠶᠢᠴᠠᠭᠠᠬᠤ ᠳᠤᠭᠤᠶᠢᠯᠠᠩ ᠤᠨ ᠬᠢᠨ ᠡᠯ᠎ᠡ ᠵᠢᠵᠢᠭᠦᠷᠯᠡᠭᠴᠢ ᠳᠤ ᠪᠠᠶᠠᠷ ᠤᠨ ᠡᠳᠦᠷ ᠤᠨ ᠮᠡᠨᠳᠦᠴᠢᠯᠡᠯ ᠬᠦᠷᠭᠡᠵᠦ᠂ ᠤᠯᠠᠨ ᠢᠶᠠᠷ ᠢᠶᠠᠨ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠨᠢᠭᠡ ᠰᠡᠳᠬᠢᠯ ᠨᠡᠶᠢᠲᠡ ᠶᠢᠨ ᠬᠦᠴᠦ ᠪᠠᠷ ᠢᠶᠠᠨ ᠠᠹᠷᠢᠺᠠ ᠲᠢᠪ ᠤᠨ ᠭᠠᠭ᠋ᠠᠶ ᠶᠢᠨ ᠬᠢᠵᠢᠭ ᠤᠨ ᠰᠡᠷᠭᠡᠶᠢᠯᠡᠨ ᠡᠵᠡᠮᠳᠡᠬᠦ ᠠᠵᠢᠯ ᠤᠨ ᠡᠭᠦᠷᠭᠡ ᠲᠤᠰᠢᠶᠠᠯ ᠢᠶᠠᠨ ᠰᠠᠶᠢᠳᠤᠷ ᠬᠦᠢᠴᠡᠳᠭᠡᠵᠤ᠂ ᠪᠦᠬᠦ ᠬᠤᠳᠠ ᠶᠢᠨ ᠠᠷᠠᠳ ᠲᠦᠮᠡᠨ ᠤ ᠢᠳᠡᠭᠡᠨ‌‍ᠤ ᠠᠮᠤᠷ ᠲᠦᠪᠰᠢᠨ ᠪᠠᠳᠤᠯᠠᠬᠤ ᠳᠤ ᠬᠦᠴᠦᠨ ᠴᠢᠳᠠᠯ ᠢᠶᠠᠨ ᠡᠷᠭᠦᠵᠡᠭᠡᠶ᠎ᠡ︕ ᠭᠡᠵᠤ ᠬᠦᠰᠡᠯ ᠨᠠᠶᠢᠳᠠᠯᠭ᠎ᠠ ᠪᠠᠨ ᠲᠡᠪᠰᠢᠭᠦᠯᠪᠡ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1