ᠥᠭᠡᠷᠡᠴᠢᠯᠡᠯᠲᠡ ᠨᠡᠬᠡᠬᠡᠯᠳᠡ ᠬᠢᠭᠰᠡᠨ 40 ᠵᠢᠯ ᠤᠨ ᠤᠢ ᠶᠢ ᠲᠤᠷᠠᠰᠬᠠᠨ᠂ ᠨᠠᠮ ᠤᠨ ᠠᠷᠪᠠ ᠶᠢᠰᠦᠳᠦᠭᠡᠷ | ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠲᠤᠭᠳᠠᠬᠤ ᠰᠢᠶᠠᠨ ᠤ ᠠᠵᠢᠯᠲᠠᠨ ᠠᠵᠢᠯᠴᠢᠨ ᠤ | ᠠᠵᠢᠯ ᠤᠨ ᠴᠢᠯᠥᠭᠡᠨ ᠤ ᠬᠥᠯ ᠪᠥᠮᠪᠦᠭᠡ ᠶᠢᠨ ᠬᠥᠳᠡᠯᠭᠡᠭᠡᠨ ᠤ ᠪᠦᠬᠦᠯᠢ ᠴᠣᠭᠴᠠ ᠶᠢᠨ ᠬᠢᠷᠢ ᠬᠡᠮᠵᠢᠶ᠎ᠡ ᠶᠢ ᠤᠯᠠᠮ | ᠨᠢᠭᠡ ᠠᠯᠬᠤᠮ ᠳᠡᠭᠡᠭᠰᠢᠯᠡᠭᠦᠯᠵᠦ᠂ ᠠᠵᠢᠯᠴᠢᠨ ᠠᠩᠭᠢ ᠶᠢᠨ ᠡᠪ ᠨᠠᠶᠢᠷᠲᠠᠶ ᠪᠦᠯᠬᠦᠮᠳᠡᠨ ᠨᠢᠭᠲᠠᠷᠠᠵᠤ᠂ ᠴᠢᠳᠠᠯ ᠢᠶᠠᠨ | ᠬᠥᠪᠴᠢᠯᠡᠨ ᠲᠡᠮᠡᠴᠡᠬᠦ ᠵᠣᠷᠢᠭ ᠰᠠᠨᠠᠭ᠎ᠠ ᠶᠢ ᠪᠠᠳᠠᠷᠠᠭᠤᠯᠤᠨ᠂ ᠲᠤᠭᠳᠠᠬᠤ ᠰᠢᠶᠠᠨ ᠳᠤ ᠪᠥᠬᠦ ᠠᠷᠠᠳ ᠤᠨ ᠪᠡᠶ᠎ᠡ | ᠴᠢᠭᠢᠷᠠᠭᠵᠢᠭᠤᠯᠬᠤ ᠬᠥᠳᠡᠯᠭᠡᠭᠡᠨ ᠢ ᠤᠯᠠᠮ ᠨᠢᠭᠡ ᠠᠯᠬᠤᠮ ᠦᠷᠨᠢᠭᠦᠯᠬᠦ ᠶᠢᠨ ᠲᠥᠯᠥᠭᠡ᠂ ᠳᠤᠮᠳᠠᠳᠤ ᠤᠯᠤᠰ ᠤᠨ | ᠡᠪ ᠬᠠᠮᠲᠤ ᠨᠠᠮ ᠤᠨ ᠲᠣᠭᠲᠠᠬᠤ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠠᠷᠠᠳ ᠤᠨ ᠵᠠᠰᠠᠭ ᠤᠨ | ᠣᠷᠳᠣᠨ ᠠᠴᠠ ᠭᠤᠣᠯᠯᠠᠨ ᠡᠷᠬᠢᠯᠡᠭᠰᠡᠨ᠂ ᠰᠢᠶᠠᠨ ᠤ ᠠᠵᠢᠯᠴᠢᠨ ᠤ ᠶᠡᠷᠦᠩᠬᠡᠶ ᠡᠪᠯᠡᠯ ᠤᠨ ᠲᠠᠭᠠᠴᠢᠯᠠᠨ ᠡᠷᠬᠢᠯᠡᠭᠰᠡᠨ | 2018 ᠣᠨ ᠤ ︽ᠰᠢᠶᠠᠨ ᠤ ᠳᠠᠷᠤᠭ᠎ᠠ ᠬᠤᠨᠳᠠᠭᠠᠳᠤ︾ ᠪᠦᠬᠦ ᠰᠢᠶᠠᠨ ᠤ ᠠᠵᠢᠯᠲᠠᠨ ᠠᠵᠢᠯᠴᠢᠨ ᠤ ᠬᠦᠯ | ᠪᠥᠮᠪᠦᠭᠡ ᠶᠢᠨ ᠤᠷᠤᠯᠳᠤᠭᠠᠨ 10 ᠰᠠᠷ᠎ᠠ ᠶᠢᠨ 8 ᠤ ᠦᠳᠡ ᠶᠢᠨ ᠬᠤᠶᠢᠨ᠎ᠠ᠂ ᠰᠢᠶᠠᠨ ᠤ ᠵᠠᠰᠠᠭ ᠤᠨ ᠣᠷᠳᠣᠨ ᠤ | ᠵᠣᠴᠢᠯᠠᠬᠤ ᠭᠠᠵᠠᠷ ᠤᠨ ᠬᠦᠯ ᠪᠥᠮᠪᠦᠭᠡ ᠶᠢᠨ ᠲᠠᠯᠠᠪᠠᠢ ᠳᠤ ᠦᠪᠡᠳᠡᠭᠰᠢ ᠶᠡᠬᠡᠪᠡᠷ ᠶᠠᠪᠤᠭᠳᠠᠪᠠ᠃ | ᠡᠬᠢᠯᠡᠯᠲᠡ ᠶᠢᠨ ᠶᠣᠰᠣᠯᠠᠯ ᠳᠡᠭᠡᠷ᠎ᠡ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ | ᠰᠢᠶᠠᠨ ᠤ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ ᠲᠢᠶᠠᠨ ᠸᠧᠨ ᠭᠧ ᠬᠤᠷᠠᠯ ᠡᠬᠢᠯᠡᠬᠦ ᠶᠠᠷᠢᠶ᠎ᠠ | ᠲᠠᠯᠪᠢᠪᠠ︔ ᠰᠢᠶᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠳᠡᠳ᠋ ᠡᠷᠬᠢᠯᠡᠭᠴᠢ ᠤᠶᠤᠨᠴᠡᠴᠡᠭ | ᠤᠷᠤᠯᠳᠤᠭᠠᠨ ᠡᠬᠢᠯᠡᠭᠰᠡᠨ ᠢ ᠵᠠᠷᠯᠠᠵᠤ᠂ ᠰᠢᠶᠠᠨ ᠤ ᠠᠵᠢᠯᠴᠢᠨ ᠤ ᠶᠡᠷᠦᠩᠬᠡᠶ ᠡᠪᠯᠡᠯ ᠤᠨ ᠨᠠᠮ ᠤᠨ ᠤᠳᠤᠷᠢᠳᠬᠤ | ᠳᠤᠭᠤᠶᠢᠯᠠᠩ ᠤᠨ ᠱᠦᠵᠢ᠂ ᠳᠡᠳ᠋ ᠲᠡᠷᠢᠭᠦᠯᠡᠭᠴᠢ ᠳ᠋ᠢᠩ ᠶᠤᠸᠠᠢ ᠰᠢᠶᠠᠩ ᠡᠬᠢᠯᠡᠯᠲᠡ ᠶᠢᠨ ᠶᠣᠰᠣᠯᠠᠯ ᠢ ᠡᠷᠬᠢᠯᠡᠨ᠂ | ᠰᠢᠶᠠᠨ ᠤ ᠠᠵᠢᠯᠴᠢᠨ ᠤ ᠶᠡᠷᠦᠩᠬᠡᠶ ᠡᠪᠯᠡᠯ ᠤᠨ ᠳᠡᠳ᠋ ᠲᠡᠷᠢᠭᠦᠯᠡᠭᠴᠢ ᠮᠢᠶᠣᠣ ᡁᠢ ᠭᠠᠩ᠂ ᠯᠢᠦ ᠰᠢᠶᠤᠤ ᠶᠦᠨ | ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃ | ᠲᠣᠭᠲᠠᠬᠤ ᠰᠢᠶᠠᠨ ᠤ ᠡᠯ᠎ᠡ ᠰᠢᠰᠲ᠋ᠧᠮ ᠤᠨ ᠠᠯᠪᠠᠨ ᠪᠠᠶᠢᠭᠤᠯᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ | ᠨᠢᠭᠡᠴᠡ ᠶᠢᠨ 12 ᠲᠥᠯᠥᠭᠡᠯᠡᠭᠴᠢ ᠶᠢᠨ ᠠᠩᠭᠢ 150 ᠨᠡᠷᠡᠰ ᠲᠠᠮᠢᠷᠴᠢᠳ ᠤᠷᠤᠯᠳᠤᠭᠠᠨ ᠳᠤ ᠣᠷᠣᠯᠴᠠᠪᠠ᠃ | ᠤᠷᠤᠯᠳᠤᠭᠠᠨ ᠨᠢ ᠬᠤᠶᠠᠷ ᠱᠠᠳᠤ ᠬᠤᠪᠢᠶᠠᠨ ᠶᠠᠪᠤᠭᠳᠠᠵᠤ᠂ 6 ᠡᠳᠦᠷ 23 ᠲᠠᠯᠠᠪᠤᠷ ᠤᠷᠤᠯᠳᠤᠭᠠᠨ ᠶᠠᠪᠤᠭᠳᠠᠨ᠎ᠠ᠃ | ᠠᠵᠢᠯᠳᠠᠨ ᠠᠵᠢᠯᠴᠢᠨ ᠤ ᠠᠵᠢᠯᠯᠠᠬᠤ ᠴᠠᠭ ᠢ ᠨᠥᠯᠥᠭᠡᠯᠡᠬᠦ ᠥᠬᠡᠶ ᠶᠢᠨ ᠲᠥᠯᠥᠭᠡ᠂ ᠡᠳᠦᠷ ᠪᠦᠷᠢ ᠶᠢᠨ | ᠦᠳᠡ ᠶᠢᠨ ᠬᠤᠶᠢᠨᠠᠬᠢ 5 ᠴᠠᠭ ᠬᠠᠭᠠᠰ ᠠᠴᠠ 9 ᠴᠠᠭ ᠬᠦᠷᠳᠡᠯ᠎ᠡ ᠤᠷᠤᠯᠳᠤᠭᠠᠨ ᠶᠠᠪᠤᠭᠳᠠᠵᠤ᠂ 10 ᠰᠠᠷ᠎ᠠ ᠶᠢᠨ | 13 ᠤ ᠡᠳᠦᠷ ᠤᠷᠤᠯᠳᠤᠭᠠᠨ ᠪᠦᠬᠦᠨ ᠢᠶᠠᠷ ᠢᠶᠠᠨ ᠲᠡᠭᠦᠰᠦᠨ᠎ᠡ᠃ |