| | | ᠬᠠᠮᠢᠶᠠᠷᠤᠭᠴᠢ᠄ | ᠲᠤᠰ ᠤᠳᠠᠭᠠᠨ ᠤ ᠰᠤᠷᠪᠤᠯᠵᠢᠯᠠᠭ᠎ᠠ ᠪᠣᠯ ᠬᠥᠬᠡᠬᠤᠲᠠ ᠶᠢᠨ ᠵᠠᠰᠠᠭ ᠤᠨ ᠣᠷᠳᠣᠨ ᠤ ᠰᠦᠯᠵᠢᠶ᠎ᠡ ᠪᠤᠯᠤᠨ | ᠬᠥᠬᠡᠬᠤᠲᠠ ᠶᠢᠨ ᠷᠠᠳᠢᠣ᠋ ᠲᠧᠯᠸᠢᠰ ᠬᠤᠷᠢᠶᠠᠨ ᠤ ᠤᠳᠬ᠎ᠠ ᠤᠷᠠᠯᠢᠭ ᠤᠨ ᠨᠡᠪᠲᠡᠷᠡᠭᠦᠯᠭᠡ ᠶᠢᠨ ᠬᠠᠮᠳᠤᠷᠠᠨ | ᠡᠷᠬᠢᠯᠡᠭᠰᠡᠨ ᠲᠤᠰᠬᠠᠶ ᠰᠤᠷᠪᠤᠯᠵᠢᠯᠠᠭ᠎ᠠ ᠪᠤᠯᠤᠨ᠎ᠠ᠂ ᠰᠦᠯᠵᠢᠶᠡᠨ ᠤ ᠠᠨᠳᠠ ᠨᠠᠷ ᠢᠳᠡᠪᠬᠢᠲᠡᠶ ᠣᠷᠣᠯᠴᠠᠬᠤ ᠶᠢ | ᠪᠠᠶᠠᠷᠯᠠᠨ ᠤᠭᠲᠤᠵᠤ ᠪᠠᠶᠢᠨ᠎ᠠ᠃ | ᠬᠦᠳᠦᠯᠦᠭᠴᠢ᠄ | ᠶᠠᠭᠤᠨ ᠤ ᠡᠮᠦᠨ᠎ᠡ ᠲᠣᠭᠲᠠᠬᠤ ᠰᠢᠶᠠᠨ ᠤ ᠰᠣᠶᠣᠯ ᠵᠤᠭᠠᠴᠠᠯ ᠤᠨ ᠠᠵᠤ ᠦᠢᠯᠡᠰ ᠤᠨ ᠬᠥᠭᠵᠢᠯᠲᠡᠶᠢᠨ | ᠦᠨᠳᠦᠰᠦᠨ ᠪᠠᠶᠢᠳᠠᠯ ᠢ ᠲᠠᠨᠢᠯᠴᠠᠭᠤᠯᠵᠤ ᠥᠭᠭᠦᠨ᠎ᠡ ᠤᠤ︖ | ᠲᠢᠶᠠᠨ ᠯᠢ ᠵᠢᠶᠦ᠋ᠨ | ᠲᠣᠭᠲᠠᠬᠤ ᠰᠢᠶᠠᠨ ᠡᠯᠪᠡᠭ ᠪᠠᠶᠠᠯᠢᠭ ᠲᠡᠦᠬᠡ ᠰᠣᠶᠣᠯ ᠤᠨ ᠡᠬᠢ ᠪᠠᠶᠠᠯᠢᠭ ᠪᠠ ᠥᠪᠡᠷᠮᠢᠴᠡ ᠣᠨᠴᠠᠯᠢᠭ ᠲᠠᠢ | ᠪᠠᠶᠢᠭᠠᠯᠢ ᠶᠢᠨ ᠦᠩᠭᠡ ᠦᠵᠡᠮᠵᠢ ᠳᠤ ᠰᠠᠭᠤᠷᠢᠯᠠᠨ᠂ ᠤᠢᠢᠷ᠎ᠠ ᠶᠢᠨ ᠵᠢᠯ ᠤᠳ ᠲᠤ᠂ ᠨᠢᠭᠡ ᠪᠦᠯᠦᠭ ᠣᠷᠣᠰᠢᠨ | ᠰᠠᠭᠤᠬᠤ ᠳᠤ ᠲᠣᠬᠢᠷᠠᠮᠵᠢᠲᠠᠶ ᠮᠥᠷᠲᠡᠭᠡᠨ ᠲᠤᠭᠤᠷᠢᠨ ᠵᠤᠭᠠᠴᠠᠬᠤ ᠳᠤ ᠲᠠᠭᠠᠯᠠᠮᠵᠢᠳᠠᠢ᠂ ᠭᠠᠵᠠᠷ ᠪᠣᠯᠭᠠᠨ ᠳᠤ ᠭᠤᠶᠤ | ᠦᠵᠡᠮᠵᠢ ᠲᠠᠢ᠂ ᠦᠵᠡᠮᠵᠢ ᠪᠣᠯᠭᠠᠨ ᠳᠤ ᠲᠤᠭᠤᠷᠢᠨ ᠵᠤᠭᠠᠴᠠᠵᠤ ᠰᠡᠯᠡᠭᠦᠴᠡᠨ ᠠᠮᠠᠷᠠᠬᠤ ᠳᠤ ᠲᠤᠬᠢᠷᠠᠮᠵᠢᠳᠠᠢ | ᠵᠤᠭᠠᠴᠠᠯ ᠤᠨ ᠰᠠᠭᠤᠷᠢᠨ ᠭᠠᠵᠠᠷ ᠢ ᠬᠦᠴᠦ ᠲᠠᠯᠪᠢᠨ ᠲᠦᠯᠦᠪᠵᠢᠭᠦᠯᠦᠨ ᠪᠠᠶᠢᠭᠤᠯᠪᠠ᠃ ᠱᠸᠡᠨ ᠴᠢᠦᠸᠠᠨ ᠠᠮᠢ | ᠠᠬᠤᠢ ᠶᠢᠨ ᠵᠤᠭᠠᠴᠠᠯ ᠤᠨ ᠦᠵᠡᠮᠵᠢ ᠶᠢᠨ ᠣᠷᠣᠨ᠂ ᠿᠦᠢ ᠸᠧ ᠦᠵᠦᠮ ᠤᠨ ᠠᠷᠢᠬᠢᠨ ᠬᠦᠷᠢᠶᠡᠯᠡᠩ᠂ ᠶᠡᠭᠡ | ᠠᠮᠤᠷᠯᠢᠩᠭᠤᠶ ᠰᠦᠮ᠎ᠡ ᠵᠤᠭᠠᠴᠠᠯ ᠤᠨ ᠦᠵᠡᠮᠵᠢ ᠶᠢᠨ ᠣᠷᠣᠨ᠂ ᠬᠠᠲᠤᠨ ᠭᠤᠣᠯ ᠵᠡᠭᠦᠳᠦ ᠵᠡᠷᠭᠡᠯᠭᠡᠨᠳᠤ ᠤᠰᠤᠨ | ᠶᠢᠷᠳᠢᠨᠴᠦ ᠵᠡᠷᠭᠡ ᠨᠢᠭᠡ ᠪᠦᠯᠦᠭ ᠵᠤᠭᠠᠴᠠᠯ ᠤᠨ ᠭᠤᠣᠯᠳᠠᠯᠭ᠎ᠠ ᠲᠠᠢ ᠲᠦᠷᠦᠯ ᠵᠦᠢᠯ ᠢ ᠪᠠᠶᠢᠭᠤᠯᠵᠤ ᠳᠠᠭᠤᠰᠬᠠᠨ | ᠠᠰᠢᠭᠯᠠᠯᠲᠠ ᠳᠤ ᠤᠷᠤᠵᠤ᠂ ᠨᠢᠭᠡᠨ ᠵᠤᠷᠪᠤᠰ ᠣᠨᠴᠠᠯᠢᠭ ᠪᠦᠬᠦᠢ ᠵᠢᠭᠤᠯᠴᠢᠯᠠᠨ ᠠᠮᠠᠷᠠᠬᠤ᠂ ᠰᠡᠯᠡᠭᠦᠴᠡᠨ | ᠲᠣᠭᠤᠷᠢᠬᠤ ᠤᠬᠢ ᠰᠢᠯᠢᠳᠡᠭ ᠵᠤᠭᠠᠴᠠᠯ ᠤᠨ ᠱᠤᠭᠤᠮ ᠪᠦᠷᠢᠯᠳᠦᠭᠰᠡᠨ ᠪᠠᠶᠢᠨ᠎ᠠ᠃ ᠡᠳᠡᠭᠡᠷ ᠦᠵᠡᠮᠵᠢᠲᠦ ᠣᠷᠣᠨ | ᠦᠵᠡᠮᠵᠢ ᠶᠢᠨ ᠭᠠᠵᠠᠷ ᠪᠠᠶᠢᠭᠤᠯᠤᠭᠳᠠᠭᠰᠠᠨ ᠨᠢ ︽ᠲᠠᠷᠢᠶᠠᠴᠢᠨ ᠠᠶᠢᠯ ᠤᠨ ᠪᠠᠶᠠᠰᠤᠯ︾ ᠵᠠᠩ ᠠᠭᠠᠯᠢ ᠶᠢᠨ | ᠵᠤᠭᠠᠴᠠᠯ ᠤᠨ ᠦᠢᠯᠡᠰ ᠢ ᠬᠦᠭᠵᠢᠭᠦᠯᠵᠦ᠂ ᠣᠳᠣᠬᠠᠨ ᠳᠤ ᠪᠦᠬᠦ ᠰᠢᠶᠠᠨ ᠤ ︽ᠲᠠᠷᠢᠶᠠᠴᠢᠨ ᠠᠶᠢᠯ ᠤᠨ ᠪᠠᠶᠠᠰᠤᠯ︾ | ᠵᠠᠩ ᠦᠢᠯᠡ ᠶᠢᠨ ᠵᠤᠭᠠᠴᠠᠯ ᠤᠨ ᠵᠣᠴᠢᠯᠠᠬᠤ ᠭᠠᠵᠠᠷ 66 ᠡᠷᠦᠬᠡ ᠳᠤ ᠬᠦᠷᠴᠦ᠂ ︽ᠬᠤᠤ ᠵᠢᠶᠠ ᠶᠣᠣ ᠲᠣᠰᠬᠤᠨ | ︾᠂ ︽ᠵᠡᠭᠦᠨ ᠠᠶᠢᠯ ᠲᠣᠰᠬᠤᠨ︾᠂ ︽ᠾᠧ ᠺᠸᠤ ᠲᠣᠰᠬᠤᠨ︾ ᠵᠡᠷᠭᠡ ᠬᠥᠳᠡᠭᠡ ᠲᠣᠰᠬᠤᠨ ᠤ ᠵᠤᠭᠠᠴᠠᠯ ᠤᠨ | ᠲᠦᠷᠦᠯ ᠵᠦᠢᠯ ᠪᠦᠷᠢᠯᠳᠦᠭᠰᠡᠨ ᠠᠴᠠ ᠯᠤᠲᠤ ᠶᠡᠭᠡ ᠨᠡᠭᠡᠭᠡᠨ ᠠᠰᠢᠭᠯᠠᠬᠤ ᠦᠨ᠎ᠡ ᠴᠡᠨ᠎ᠡ ᠲᠠᠢ ᠵᠠᠬ᠎ᠠ | ᠳᠡᠯᠭᠡᠭᠦᠷ ᠤᠨ ᠰᠠᠶᠢᠨ ᠰᠠᠶᠢᠬᠠᠨ ᠢᠷᠡᠭᠡᠳᠦᠶ ᠶᠢᠨ ᠲᠥᠯᠥᠪ ᠪᠠᠶᠢᠳᠠᠯ ᠪᠡᠶᠡᠯᠡᠭᠳᠡᠵᠦ ᠴᠢᠳᠠᠵᠠᠢ᠃ ᠮᠠᠨ ᠤ ᠰᠢᠶᠠᠨ | ᠤᠷᠢᠳ ᠬᠤᠵᠢᠳ ︽ᠬᠥᠬᠡᠬᠤᠲᠠ ᠶᠢᠨ ᠣᠨ ᠤ ᠵᠤᠭᠠᠴᠠᠯ ᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ | ᠪᠡᠯᠡ ᠣᠷᠣᠭᠤᠯᠤᠯᠲᠠ ᠶᠢᠨ ᠲᠡᠷᠢᠭᠦᠨ ᠤ ᠭᠠᠵᠠᠷ ᠣᠷᠣᠨ︾᠂ ︽ᠬᠥᠬᠡᠬᠤᠲᠠ ᠶᠢᠨ ᠵᠤᠭᠠᠴᠠᠯ ᠤᠨ ᠠᠵᠢᠯ ᠤᠨ | ᠬᠠᠮᠤᠭᠤᠨ ᠰᠠᠶᠢᠨ ᠬᠤᠰᠢᠭᠤ ᠰᠢᠶᠠᠨ ᠲᠣᠭᠤᠷᠢᠭ︾ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨᠤ | ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠵᠤᠭᠠᠴᠠᠯ ᠤᠨ ᠰᠡᠯᠡᠭᠦᠴᠡᠯ ᠵᠢᠱᠢᠶᠡᠴᠢ | ᠰᠢᠶᠠᠨ︾ ᠪᠠᠷ ᠦᠨᠡᠯᠡᠭᠳᠡᠪᠡ᠃ ᠤᠢᠢᠷ᠎ᠠ ᠶᠢᠨ ᠵᠢᠯ ᠠᠴᠠ᠂ ᠪᠦᠬᠦ ᠰᠢᠶᠠᠨ ᠳᠤ ᠵᠤᠭᠠᠴᠠᠯ ᠤᠨ ᠶᠡᠷᠦᠩᠬᠡᠶ ᠬᠥᠮᠦᠨ ᠤ | ᠲᠤᠭ᠎ᠠ᠂ ᠶᠡᠷᠦᠩᠬᠡᠶ ᠣᠷᠣᠯᠭ᠎ᠠ ᠵᠡᠷᠭᠡ ᠭᠤᠣᠯ ᠭᠤᠣᠯ ᠭᠦᠢᠴᠡᠳᠬᠡᠬᠦ ᠲᠤᠭ᠎ᠠ ᠨᠢ ᠴᠥᠮ ᠬᠤᠶᠠᠷ ᠣᠷᠣᠨᠲᠤ | ᠲᠤᠭᠠᠨ ᠤ ᠬᠤᠷᠳᠤᠴᠠ ᠪᠠᠷ ᠨᠡᠮᠡᠭᠳᠡᠵᠦ᠂ 2017 ᠣᠨ ᠳᠤ ᠪᠦᠬᠦ ᠰᠢᠶᠠᠨ ᠤ ᠵᠣᠴᠢᠯᠠᠭᠰᠠᠨ ᠵᠤᠭᠠᠴᠠᠭᠰᠠᠳ | ᠨᠡᠶᠢᠳᠡ 90.45 ᠲᠦᠮᠡᠨ ᠬᠦᠮᠦᠨ ︵ᠤᠳᠠᠭ᠎ᠠ︶ ᠳᠤ ᠬᠦᠷᠴᠦ᠂ ᠵᠢᠭᠤᠯᠴᠢᠯᠠᠯ ᠤᠨ ᠶᠡᠷᠦᠩᠬᠡᠶ ᠣᠷᠣᠯᠭ᠎ᠠ 1 | ᠳ᠋ᠦᠩᠰᠢᠭᠤᠷ ᠲᠥᠭᠦᠷᠢᠭ ᠠᠴᠠ ᠳᠡᠭᠡᠭᠰᠢ ᠬᠦᠷᠴᠡᠢ᠃ ᠡᠨᠡ ᠵᠢᠯ ᠤᠨ ᠳᠡᠭᠡᠷ᠎ᠡ ᠬᠠᠭᠠᠰ ᠵᠢᠯ ᠳᠤ᠂ ᠪᠦᠬᠦ ᠰᠢᠶᠠᠨ ᠤ | ᠵᠤᠭᠠᠴᠠᠯ ᠤᠨ ᠵᠤᠭᠠᠴᠠᠭᠰᠠᠳ ᠤᠨ ᠬᠥᠮᠦᠨ ᠤ ︵ᠤᠳᠠᠭ᠎ᠠ︶ ᠲᠤᠭ᠎ᠠ 31.37 ᠲᠦᠮᠡᠨ ᠬᠥᠮᠦᠨ ︵ᠤᠳᠠᠭ᠎ᠠ︶ | ᠳᠤ ᠬᠦᠷᠴᠦ᠂ ᠵᠤᠭᠠᠴᠠᠯ ᠤᠨ ᠶᠡᠷᠦᠩᠬᠡᠢ ᠣᠷᠣᠯᠭ᠎ᠠ 3153.6 ᠲᠦᠮᠡᠨ ᠲᠥᠭᠦᠷᠢᠭ ᠲᠤ ᠬᠦᠷᠦᠭᠰᠡᠨ ᠪᠠᠶᠢᠨ᠎ᠠ᠃ | | ᠬᠥᠲᠥᠯᠥᠭᠴᠢ | ᠰᠣᠶᠣᠯ ᠵᠤᠭᠠᠴᠠᠯ ᠨᠢ ᠬᠦᠭᠵᠢᠨ ᠮᠠᠨᠳᠤᠵᠤ ᠪᠠᠶᠢᠭ᠎ᠠ ᠠᠵᠤ ᠦᠢᠯᠡᠰ ᠪᠣᠯᠤᠭᠰᠠᠨ ᠤ ᠬᠤᠪᠢ ᠳᠤ᠂ ᠡᠯ᠎ᠡ | ᠭᠠᠵᠠᠷ ᠣᠷᠣᠨ ᠤ ᠦᠷᠢᠰᠦᠯᠳᠦᠨ ᠪᠤᠶᠢᠵᠢᠭᠤᠯᠬᠤ ᠪᠤᠯᠤᠨ ᠬᠦᠭᠵᠢᠯᠳᠡ ᠶᠢᠨ ᠲᠤᠯᠭᠠᠭᠤᠷᠢ ᠠᠵᠤ ᠦᠢᠯᠡᠰ ᠪᠤᠯᠬᠤᠷ | ᠦᠷᠢᠰᠦᠯᠳᠦᠭᠡᠨ ᠨᠡᠯᠢᠶᠡᠳ ᠬᠤᠷᠴᠠ ᠰᠢᠷᠦᠭᠦᠨ ᠪᠠᠶᠢᠨ᠎ᠠ᠃ ᠲᠣᠭᠲᠠᠬᠤ ᠰᠢᠶᠠᠨ ᠰᠣᠶᠣᠯ ᠵᠤᠭᠠᠴᠠᠯ ᠤᠨ ᠠᠵᠤ | ᠦᠢᠯᠡᠰ ᠢ ᠬᠥᠭᠵᠢᠭᠦᠯᠬᠦ ᠲᠠᠯ᠎ᠠ ᠪᠠᠷ ᠶᠠᠮᠠᠷ ᠶᠠᠮᠠᠷ ᠥᠪᠡᠷᠮᠢᠴᠡ ᠳᠠᠪᠠᠭᠤᠯᠢᠭ ᠲᠠᠯ᠎ᠠ ᠲᠠᠢ ᠪᠤᠢ︖ | ᠲᠢᠶᠠᠨ ᠯᠢ ᠵᠢᠶᠦ᠋ᠨ | ᠲᠣᠭᠲᠠᠬᠤ ᠰᠢᠶᠠᠨ ᠪᠣᠯ ᠥᠨᠢ ᠤᠳᠠᠭᠠᠨ ᠲᠡᠦᠬᠡ ᠲᠠᠢ᠂ ᠰᠣᠶᠣᠯ ᠤᠨ ᠦᠯᠡᠳᠡᠭᠳᠡᠯ ᠤᠯᠠᠨ ᠪᠠᠶᠢᠳᠠᠭ᠂ | ᠬᠠᠭᠤᠴᠢᠨ ᠬᠤᠳᠠ᠂ ᠬᠠᠳᠤᠨ ᠭᠤᠤᠯ᠂ ᠡᠯᠡᠰᠦ ᠮᠠᠩᠬ᠎ᠠ ᠶᠢᠨ ᠲᠠᠯᠠᠪᠠᠢ ᠠᠭᠤᠳᠠᠮ ᠵᠡᠷᠭᠡ ᠡᠯᠪᠡᠭ ᠪᠠᠶᠠᠯᠢᠭ | ᠵᠤᠭᠠᠴᠠᠯ ᠤᠨ ᠡᠬᠢ ᠪᠠᠶᠠᠯᠢᠭ ᠪᠣᠯ ᠲᠣᠭᠲᠠᠬᠤ ᠰᠢᠶᠠᠨ ᠤ ᠰᠣᠶᠣᠯ ᠵᠤᠭᠠᠴᠠᠯ ᠤᠨ ᠠᠵᠤ ᠦᠢᠯᠡᠰ ᠤᠨ | ᠬᠥᠭᠵᠢᠯᠲᠡ ᠶᠢᠨ ᠬᠠᠮᠤᠭ ᠤᠨ ᠶᠡᠭᠡ ᠳᠠᠪᠠᠭᠤᠯᠢᠭ ᠲᠠᠯ᠎ᠠ ᠪᠣᠯᠬᠤ ᠶᠤᠮ᠃ ᠠᠯᠢ ᠡᠷᠲᠡ ᠲᠠᠪᠤ᠂ ᠵᠢᠷᠭᠤᠭᠠᠨ ᠮᠢᠩᠭᠠᠨ | ᠵᠢᠯ ᠤᠨ ᠡᠮᠦᠨ᠎ᠡ ᠰᠢᠨ᠎ᠡ ᠴᠢᠯᠠᠭᠤᠨ ᠵᠡᠪᠰᠡᠭ ᠤᠨ ᠦᠶ᠎ᠡ ᠳᠤ ᠬᠥᠮᠦᠨ ᠲᠥᠷᠥᠯᠬᠢᠲᠡᠨ ᠠᠵᠤ ᠲᠥᠷᠥᠨ ᠠᠮᠢᠳᠤᠷᠠᠵᠤ | ᠪᠠᠶᠢᠭᠰᠠᠨ ᠲᠡᠤᠬᠡ ᠲᠠᠢ᠂ ᠡᠭᠦᠨ ᠢ ︽ᠬᠠᠶᠢᠯᠠᠰᠤᠨ ᠪᠤᠯᠠᠭ ᠰᠣᠶᠣᠯ︾ ᠭᠡᠵᠦ ᠪᠠᠶᠢᠵᠠᠶ᠃ ᠲᠤᠭᠳᠠᠬᠤ ᠰᠢᠶᠠᠨ ᠤ | ᠬᠢᠯᠢ ᠲᠤᠳᠤᠷ᠎ᠠ ᠡᠷᠲᠡᠨ ᠤ ᠪᠠᠶᠢᠯᠳᠤᠭᠠᠨᠲᠤ ᠤᠯᠤᠰ ᠤᠨ ᠶᠦᠨ ᠵᠦᠩ ᠡᠷᠳᠡᠨ ᠤ ᠬᠤᠳᠠ᠂ ᠲᠠᠩ ᠤᠯᠤᠰ ᠤᠨ | ᠦᠶ᠎ᠡ ᠶᠢᠨ ᠬᠢᠯᠢ ᠶᠢᠨ ᠴᠠᠶᠢᠵᠠ᠂ ᠯᠢᠶᠣᠤ᠂ ᠶᠢᠨ᠂ ᠮᠢᠩ ᠤᠯᠤᠰ ᠤᠨ ᠦᠶ᠎ᠡ ᠶᠢᠨ ᠳ᠋ᠦᠩᠱᠧᠩ ᠬᠤᠲᠠ᠂ | ᠠᠷᠠᠯᠵᠢᠶ᠎ᠠ ᠮᠠᠶᠢᠮᠠᠢ ᠶᠢᠨ ᠤᠰᠤ ᠬᠠᠭᠤᠷᠠᠢ ᠶᠢᠨ ᠭᠠᠷᠠᠮ ᠾᠧ ᠺᠸᠤ ᠡᠷᠲᠡᠨ ᠤ ᠪᠠᠯᠭᠠᠰᠤ ᠪᠠᠶᠢᠳᠠᠭ︔ ᠬᠤᠪᠢᠷᠠᠯᠳᠠ | ᠶᠡᠭᠡᠳᠡᠢ ᠬᠠᠢ ᠶᠠᠨ ᠷᠠᠰᠢᠶᠠᠨ᠂ ᠬᠤᠯᠤᠰᠤᠨ ᠪᠤᠳᠠ ᠪᠠᠷ ᠴᠢᠮᠡᠭ ᠪᠤᠯᠭᠠᠭᠰᠠᠨ ᠮᠢᠩᠭᠠᠨ ᠮᠦ ᠨᠠᠭᠤᠷ - ᠨᠠᠨ ᠬᠡᠦ | ᠤᠰᠤᠨ ᠲᠡᠭᠡᠷᠡᠬᠢ ᠴᠡᠴᠡᠷᠯᠢᠭ᠂ ᠥᠷᠭᠡᠨ ᠳᠠᠯᠠᠶᠢᠴᠠᠲᠠᠢ ᠤᠷᠤᠰᠬᠠᠯ ᠶᠡᠬᠡᠳᠡᠢ ᠬᠠᠲᠤᠨ ᠭᠤᠣᠯ ᠤᠨ ᠳᠡᠭᠡᠳᠦ ᠳᠤᠮᠳᠠ | ᠰᠠᠪᠠ ᠭᠠᠵᠠᠷ ᠤᠨ ᠬᠢᠯᠢ ᠶᠢᠨ ᠵᠠᠭᠠᠭ᠂ ᠠᠷᠪᠠᠨ ᠬᠡᠳᠤᠨ ᠭᠠᠵᠠᠷ ᠦᠷᠭᠡᠴᠡ ᠲᠠᠢ ᠠᠩᠬᠢᠯᠤᠮ᠎ᠠ ᠦᠨᠦᠷ | ᠬᠠᠩᠬᠢᠯᠦᠭ᠌ᠰᠠᠨ ᠦᠵᠦᠮ ᠤᠨ ᠬᠦᠷᠢᠶᠡᠯᠡᠩ ᠪᠠᠶᠢᠳᠠᠭ᠃ 2005 ᠣᠨ ᠳᠤ ᠳᠤᠮᠳᠠᠳᠤ ᠤᠯᠤᠰ ᠤᠨ ᠵᠤᠭᠠᠴᠠᠯ ᠤᠨ | ᠨᠡᠶᠢᠭᠡᠮᠯᠢᠭ ᠠᠴᠠ ︽ᠳᠤᠮᠳᠠᠳᠤ ᠤᠯᠤᠰ ᠤᠨ ᠬᠠᠮᠤᠭ ᠤᠨ ᠭᠤᠶᠣ ᠭᠠᠵᠠᠷ︾ ᠢᠶᠠᠷ ᠦᠨᠡᠯᠡᠭᠳᠡᠵᠦ ᠂ 2017 | ᠣᠨ ᠳᠤ ᠬᠤᠤ ᠵᠢᠶᠠ ᠶᠣᠣ ᠲᠣᠰᠬᠤᠨ ᠨᠢ ︽ᠳᠤᠮᠳᠠᠳᠤ ᠤᠯᠤᠰ ᠤᠨ ᠦᠵᠡᠰᠬᠦᠯᠡᠩᠲᠦ ᠰᠠᠶᠢᠬᠠᠨ ᠵᠤᠭᠠᠴᠠᠯ | ᠰᠡᠯᠡᠭᠦᠴᠡᠯ ᠤᠨ ᠲᠣᠰᠬᠤᠨ︾ ᠢᠶᠠᠷ ᠦᠨᠡᠯᠡᠭᠳᠡᠭᠰᠡᠨ ᠪᠠᠶᠢᠨ᠎ᠠ᠃ | ᠲᠤᠭᠳᠠᠬᠤ ᠰᠢᠶᠠᠨ ᠪᠣᠯ ᠥᠪᠥᠷ ᠮᠣᠩᠭᠤᠯ ᠤᠨ ᠠᠵᠤ ᠠᠬᠤᠶ ᠶᠢᠨ ᠬᠥᠭᠵᠢᠯᠲᠡ ᠶᠢᠨ ᠬᠠᠮᠤᠭ ᠤᠨ | ᠢᠳᠡᠪᠬᠢᠲᠡᠶ ᠤᠷᠤᠨ᠂ ᠬᠥᠬᠡᠬᠤᠲᠠ ᠪᠤᠭᠤᠲᠤ ᠣᠷᠳᠣᠰ ᠤᠨ ︽ᠠᠯᠲᠠᠨ ᠬᠤᠰᠢᠭᠤᠯᠵᠢᠨ︾ ᠤᠷᠤᠨ ᠳᠤ | ᠤᠷᠤᠰᠢᠵᠦ᠂ ᠤᠷᠤᠨ ᠤ ᠲᠥᠪ ᠬᠥᠬᠡᠬᠤᠲᠠ ᠠᠴᠠ 65 ᠺᠢᠯᠣᠮᠧᠲᠷ᠂ ᠲᠠᠯ᠎ᠠ ᠨᠤᠲᠤᠭ ᠤᠨ ᠪᠤᠯᠤᠳ ᠬᠤᠲᠠ | ᠪᠤᠭᠤᠲᠤ ᠬᠤᠲᠠ ᠠᠴᠠ 130 ᠺᠢᠯᠣᠮᠧᠲᠷ᠂ ᠤᠷᠳᠤᠰ ᠬᠤᠲᠠ ᠶᠢᠨ ᠵᠡᠭᠦᠨᠭᠠᠷ ᠬᠤᠰᠢᠭᠤ ᠠᠴᠠ 40 ᠺᠢᠯᠣᠮᠧᠲᠷ | ᠵᠠᠶᠢᠲᠠᠶ ᠪᠤᠯᠬᠤᠷ ᠵᠠᠮ ᠬᠠᠷᠢᠯᠴᠠᠭ᠎ᠠ ᠳᠥᠭᠦᠮ᠂ ᠬᠥᠬᠡᠬᠤᠲᠠ ᠠᠴᠠ ᠳ᠋ᠠ ᠲᠦᠩ ᠬᠦᠷᠬᠦ ᠳᠡᠭᠡᠳᠦ ᠬᠤᠷᠳᠤᠴᠠᠳᠤ | ᠵᠠᠰᠠᠮᠠᠯ ᠵᠠᠮ᠂ ᠮᠤᠵᠢ ᠶᠢᠨ ᠳᠠᠰ ᠤᠨ 103 ᠱᠤᠭᠤᠮ ᠪᠣᠯᠤᠨ ᠬᠥᠬᠡᠬᠤᠲᠠ ᠠᠴᠠ ᠲᠤᠭᠳᠠᠬᠤ ᠰᠢᠶᠠᠨ ᠬᠦᠷᠬᠦ | ᠬᠠᠭᠤᠴᠢᠨ ᠵᠠᠮ ᠢᠶᠠᠷ ᠭᠤᠣᠯ ᠴᠣᠭᠴᠠ ᠪᠣᠯᠭᠠᠭᠰᠠᠨ ᠵᠠᠮ ᠬᠠᠷᠢᠯᠴᠠᠭᠠᠨ ᠤ ᠲᠣᠣᠷ ᠰᠦᠯᠵᠢᠶ᠎ᠡ ᠪᠦᠷᠢᠯᠳᠤᠨ᠂ | ᠬᠥᠬᠡᠬᠤᠲᠠ ᠵᠡᠭᠦᠨᠭᠠᠷ ᠤᠷᠳᠤᠰ ᠬᠤᠳᠠ ᠶᠢᠨ ᠬᠤᠭᠤᠷᠣᠨᠳᠣᠬᠢ ᠲᠡᠮᠤᠷ ᠵᠠᠮ ᠲᠡᠷᠭᠡ ᠨᠡᠪᠲᠡᠷᠡᠭᠰᠡᠨ ᠪᠠ | ᠬᠥᠬᠡᠬᠤᠲᠠ ᠶᠢᠨ ᠰᠢᠨ᠎ᠡ ᠨᠢᠰᠬᠡᠯ ᠤᠨ ᠪᠠᠭᠤᠳᠠᠯ ᠪᠠᠶᠢᠭᠤᠯᠤᠭᠳᠠᠭᠰᠠᠨ ᠨᠢ ᠵᠤᠭᠠᠴᠠᠭᠰᠠᠳ ᠤᠨ ᠲᠤᠭᠳᠠᠬᠤ | ᠰᠢᠶᠠᠨ ᠳᠤ ᠵᠤᠭᠠᠴᠠᠬᠤ ᠳᠤ ᠨᠠᠩ ᠲᠥᠬᠦᠮ ᠵᠠᠮ ᠬᠠᠷᠢᠯᠴᠠᠭᠠᠨ ᠤ ᠨᠦᠬᠦᠴᠡᠯ ᠪᠦᠷᠢᠯᠳᠦᠭᠦᠯᠵᠦ ᠦᠭᠭᠦᠨ᠎ᠡ᠃ | ᠬᠥᠲᠥᠯᠥᠭᠴᠢ | ᠲᠣᠭᠲᠠᠬᠤ ᠰᠢᠶᠠᠨ ᠰᠣᠶᠣᠯ ᠵᠤᠭᠠᠴᠠᠯ ᠤᠨ ᠦᠢᠯᠡᠰ ᠤᠨ ᠬᠥᠭᠵᠢᠯᠲᠡ ᠶᠢ ᠠᠬᠢᠭᠤᠯᠬᠤ ᠲᠠᠯ᠎ᠠ ᠪᠠᠷ ᠶᠠᠮᠠᠷ | ᠶᠠᠮᠠᠷ ᠴᠢᠷᠮᠠᠶᠢᠯᠲᠠ ᠭᠠᠷᠭᠠᠭᠰᠠᠨ ᠪᠤᠶ︖ | ᠲᠢᠶᠠᠨ ᠯᠢ ᠵᠢᠶᠦ᠋ᠨ | ᠤᠢᠢᠷ᠎ᠠ ᠶᠢᠨ ᠬᠡᠳᠦᠨ ᠵᠢᠯ ᠳᠤ᠂ ᠲᠤᠭᠳᠠᠬᠤ ᠰᠢᠶᠠᠨ ᠰᠣᠶᠣᠯ ᠵᠤᠭᠠᠴᠠᠯ ᠤᠨ ᠦᠢᠯᠡᠰ ᠤᠨ ᠬᠥᠭᠵᠢᠯᠲᠡ ᠶᠢ | ᠮᠠᠰᠢ ᠴᠢᠬᠤᠯᠠᠴᠢᠯᠠᠨ ᠦᠵᠡᠵᠦ᠂ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠪᠦᠬᠦ ᠰᠢᠶᠠᠨ ᠤ | ᠬᠡᠪᠴᠢᠶᠡᠨ ᠳᠠᠬᠢ ᠵᠤᠭᠠᠴᠠᠯ ᠤᠨ ᠡᠬᠢ ᠪᠠᠶᠠᠯᠢᠭ ᠲᠤ ᠤᠯᠠᠨ ᠤᠳᠠᠭ᠎ᠠ ᠭᠦᠨᠵᠡᠭᠡᠢ ᠪᠠᠶᠢᠴᠠᠭᠠᠨ ᠰᠤᠳᠤᠯᠤᠯᠲᠠ ᠬᠢᠵᠦ᠂ | ᠬᠥᠮᠦᠨ ᠤ ᠬᠦᠴᠦ᠂ ᠪᠣᠳᠠᠰ ᠤᠨ ᠬᠦᠴᠦ᠂ ᠵᠣᠭᠤᠰ ᠮᠥᠩᠭᠦᠨ ᠤ ᠣᠷᠣᠭᠤᠯᠤᠯᠲᠠ ᠪᠠᠨ ᠨᠡᠮᠡᠭᠳᠡᠭᠦᠯᠵᠦ᠂ ᠰᠠᠶᠢᠨ | ᠰᠠᠶᠢᠬᠠᠨ ᠠᠵᠤ ᠦᠢᠯᠡᠰ ᠤᠨ ᠰᠢᠰᠲ᠋ᠧᠮ ᠪᠠ ᠪᠦᠲᠦᠮᠵᠢᠲᠡᠶ ᠠᠵᠢᠯ ᠤᠨ ᠲᠣᠭᠲᠠᠴᠠ ᠪᠠᠶᠢᠭᠤᠯᠤᠭᠰᠠᠨ ᠪᠠᠶᠢᠨ᠎ᠠ᠃ | | ᠨᠢᠭᠡ ᠳᠤ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠬᠦ ᠶᠢ ᠪᠠᠷᠢᠮᠳᠠᠯᠠᠪᠠ᠃ ︽ᠬᠠᠲᠤᠨ ᠭᠤᠤᠯ ᠤᠨ | ᠨᠤᠭᠤ ᠭᠠᠵᠠᠷ ᠤᠨ ᠰᠣᠶᠣᠯ ᠵᠤᠭᠠᠴᠠᠯ ᠤᠨ ᠬᠥᠭᠵᠢᠯᠲᠡ ᠶᠢᠨ ᠲᠥᠯᠥᠪᠵᠢᠭᠦᠯᠭᠡ︾᠂ ︽ᠬᠠᠲᠤᠨ ᠭᠤᠤᠯ ᠤᠨ | ᠨᠤᠭᠤ ᠭᠠᠵᠠᠷ ᠤᠨ ᠰᠣᠶᠣᠯ ᠵᠢᠭᠤᠯᠴᠢᠯᠠᠯ ᠤᠨ ᠭᠤᠤᠯᠳᠠᠯᠭ᠎ᠠ ᠲᠠᠢ ᠤᠷᠤᠨ ᠢ ᠬᠢᠵᠠᠭᠠᠷᠯᠠᠬᠤ ᠲᠥᠯᠥᠪᠵᠢᠭᠦᠯᠭᠡ︾ | ᠪᠤᠯᠤᠨ ᠬᠠᠲᠤᠨ ᠭᠤᠤᠯ ᠤᠨ ᠨᠤᠭᠤ ᠭᠠᠵᠠᠷ ᠤᠨ ᠴᠡᠴᠡᠷᠯᠢᠭ᠂ ᠬᠠᠲᠤᠨ ᠭᠤᠣᠯ ᠤᠨ ᠵᠤᠭᠠᠴᠠᠯ ᠤᠨ ᠵᠢᠵᠢᠭ | ᠪᠠᠯᠭᠠᠰᠤ ᠵᠡᠷᠭᠡ ᠲᠦᠷᠦᠯ ᠵᠦᠢᠯ ᠤᠨ ᠲᠥᠯᠥᠪᠵᠢᠭᠦᠯᠭᠡ ᠶᠢ ᠵᠢᠷᠤᠭᠯᠠᠨ ᠲᠦᠯᠦᠪᠯᠡᠵᠤ ᠲᠠᠭᠤᠰᠤᠭᠰᠠᠨ ᠪᠠᠶᠢᠨ᠎ᠠ᠃ ︽ | ᠲᠣᠭᠲᠠᠬᠤ ᠰᠢᠶᠠᠨ ᠤ ᠪᠥᠬᠦ ᠣᠷᠣᠨ ᠪᠦᠰᠡ ᠶᠢᠨ ᠵᠢᠭᠤᠯᠴᠢᠯᠠᠯ ᠤᠨ ᠬᠥᠭᠵᠢᠯᠲᠡ ᠶᠢᠨ ᠶᠡᠷᠦᠩᠬᠡᠶ ᠲᠥᠯᠥᠪᠵᠢᠭᠦᠯᠭᠡ︾ | ᠪᠠ ︽ᠲᠣᠭᠲᠠᠬᠤ ᠰᠢᠶᠠᠨ ᠤ ᠵᠤᠭᠠᠴᠠᠯ ᠤᠨ ᠦᠢᠯᠡᠰ ᠤᠨ ᠬᠥᠭᠵᠢᠯᠲᠡ ᠶᠢᠨ ᠶᠡᠷᠦᠩᠬᠡᠶ ᠲᠥᠯᠥᠪᠵᠢᠭᠦᠯᠭᠡ ︵ | 2017-2025︶︾ ᠶᠢ ᠨᠠᠶᠢᠷᠠᠭᠤᠯᠤᠨ ᠵᠣᠬᠢᠶᠠᠬᠤ ᠠᠵᠢᠯ ᠢ ᠡᠬᠢᠯᠡᠭᠦᠯᠵᠦ᠂ ᠶᠡᠷᠦᠩᠬᠡᠶ ᠲᠥᠯᠥᠪᠵᠢᠭᠦᠯᠭᠡ ᠪᠠᠷ | ᠳᠠᠭᠠᠭᠤᠯᠤᠭᠴᠢ ᠪᠤᠯᠭᠠᠭᠰᠠᠨ ᠲᠠᠩ ᠴᠣᠭᠴᠠ ᠶᠢᠨ ᠲᠥᠯᠥᠪᠵᠢᠭᠦᠯᠭᠡ᠂ ᠨᠠᠷᠢᠨᠲ᠋ᠥ᠋ᠯᠥᠪᠵᠢᠭᠦᠯᠭᠡ᠂ ᠦᠵᠡᠮᠵᠢ ᠶᠢᠨ | ᠴᠢᠭ ᠤᠨ ᠬᠢᠵᠠᠭᠠᠷᠯᠠᠬᠤ ᠲᠥᠯᠥᠪᠵᠢᠭᠦᠯᠭᠡ ᠪᠠᠷ ᠨᠥᠬᠦᠪᠥᠷᠢ ᠪᠣᠯᠭᠠᠭᠰᠠᠨ ᠨᠡᠯᠢᠶᠡᠳ ᠪᠦᠷᠢᠨ ᠪᠦᠲᠦᠨ | ᠲᠥᠯᠥᠪᠵᠢᠭᠦᠯᠭᠡ ᠶᠢᠨ ᠰᠢᠰᠲ᠋ᠧᠮ ᠢ ᠪᠦᠷᠢᠯᠳᠦᠭᠦᠯᠵᠦ᠂ ᠵᠢᠭᠤᠯᠴᠢᠯᠠᠯᠤᠨ ᠠᠵᠤ ᠦᠢᠯᠡᠰ ᠤᠨ ᠠᠯᠤᠰ ᠬᠡᠳᠦ ᠶᠢᠨ | ᠬᠥᠭᠵᠢᠯᠲᠡ ᠶᠢᠨ ᠠᠤᠭ᠎ᠠ ᠵᠢᠷᠤᠭ ᠲᠥᠯᠥᠪᠯᠡᠭᠡ ᠶᠢ ᠵᠢᠷᠤᠭᠯᠠᠪᠠ᠃ | ᠬᠤᠶᠠᠷ ᠲᠤ᠂ ᠦᠨᠳᠦᠰᠦ ᠪᠠᠨ ᠪᠠᠲᠤᠳᠬᠠᠵᠤ ᠰᠠᠭᠤᠷᠢ ᠪᠠᠨ ᠪᠠᠬᠢᠵᠢᠭᠦᠯᠬᠦ ᠶᠢ ᠬᠦᠨᠳᠦᠳᠭᠡᠪᠡ᠃ ᠬᠠᠳᠤᠨ | ᠭᠤᠣᠯ ᠳᠠᠭᠠᠤ ᠵᠤᠭᠠᠴᠠᠯ ᠤᠨ ᠵᠠᠰᠠᠮᠠᠯ ᠵᠠᠮ 42 ᠺᠢᠯᠣᠮᠧᠲᠷ ᠥᠭᠡᠷᠡᠴᠢᠯᠡᠨ ᠪᠠᠶᠢᠭᠤᠯᠬᠤ ᠪᠠ ᠥᠷᠭᠡᠳᠬᠡᠨ | ᠪᠠᠶᠢᠭᠤᠯᠵᠤ᠂ ᠭᠡᠷᠡᠯᠳᠤ ᠲᠤᠰᠬᠤᠨ ᠤ ᠶᠡᠭᠡ ᠬᠥᠭᠦᠷᠭᠡ ᠶᠢᠨ ᠪᠦᠳᠦᠭᠡᠨ ᠪᠠᠶᠢᠭᠤᠯᠤᠯᠲᠠ ᠶᠢᠨ ᠪᠠᠷᠢᠯᠭ᠎ᠠ ᠲᠠᠭᠤᠰᠬᠠᠵᠤ | ᠂ ᠲᠣᠭᠲᠠᠬᠤ ᠨᠢᠭᠡᠳᠦᠭᠡᠷ ᠳᠡᠰ ᠤᠨ ᠠᠶᠠᠨᠴᠢᠳ ᠤᠨ ᠮᠠᠰᠢᠨ ᠲᠡᠷᠭᠡᠨ ᠤ ᠦᠷᠳᠡᠭᠡ᠂ ᠬᠥᠬᠡᠬᠤᠲᠠ | ᠵᠡᠭᠦᠨᠭᠠᠷᠣᠷᠳᠣᠰ ᠲᠡᠮᠦᠷ ᠵᠠᠮ ᠤᠨ ᠲᠣᠭᠲᠠᠬᠤ ᠵᠡᠭᠦᠨ ᠦᠷᠳᠡᠭᠡ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ | ᠣᠷᠣᠨ ᠤ ᠪᠦᠳᠦᠬᠡᠨ ᠪᠠᠶᠢᠭᠤᠯᠤᠯᠲᠠ᠂ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠲᠤᠰᠬᠠᠶ ᠱᠤᠭᠤᠮ ᠨᠡᠪᠳᠡᠷᠡᠵᠤ᠂ | ᠭᠤᠤᠯᠳᠠᠯᠭ᠎ᠠ ᠲᠠᠢ ᠦᠵᠡᠮᠵᠢ ᠶᠢᠨ ᠣᠷᠣᠨ᠂ ᠬᠤᠲᠠ ᠪᠠᠯᠭᠠᠰᠤ ᠳᠤ ᠲᠦᠭᠡᠮᠡᠯᠵᠢᠬᠦ ᠳᠥᠭᠦᠮ ᠳᠥᠲᠡ ᠵᠠᠮ | ᠨᠡᠪᠲᠡᠷᠡᠯᠭᠡ ᠶᠢᠨ ᠪᠣᠰᠤᠭ᠎ᠠ ᠴᠣᠭᠴᠠᠲᠤ ᠵᠠᠮ ᠬᠠᠷᠢᠯᠴᠠᠭᠠᠨ ᠤ ᠲᠣᠣᠷ ᠶᠢ ᠴᠢᠷᠮᠠᠶᠢᠨ ᠪᠠᠶᠢᠭᠤᠯᠪᠠ᠃ ︽ | ᠵᠤᠭᠠᠴᠠᠯ ᠤᠨ ᠵᠣᠷᠯᠣᠩ ᠤᠨ ᠦᠭᠡᠷᠡᠴᠢᠯᠡᠯᠳᠡ︾ ᠢ ᠭᠦᠨᠵᠡᠭᠡᠶᠢᠷᠡᠭᠦᠯᠵᠦ᠂ ᠭᠤᠤᠯᠳᠠᠯᠭ᠎ᠠ ᠲᠠᠢ ᠵᠤᠭᠠᠴᠠᠯ ᠤᠨ | ᠦᠵᠡᠮᠵᠢ ᠶᠢᠨ ᠣᠷᠣᠨ᠂ ᠰᠣᠶᠣᠯ ᠵᠤᠭᠠᠴᠠᠯ ᠤᠨ ᠣᠷᠣᠨ ᠤ ᠵᠠᠮ ᠳᠠᠭᠠᠤ ᠨᠢᠭᠡ ᠪᠦᠯᠦᠭ ᠠᠮᠢ ᠠᠬᠤᠶ ᠶᠢᠨ | ᠵᠤᠭᠠᠴᠠᠯ ᠤᠨ ᠤᠷᠤᠨ ᠤ ᠵᠤᠷᠯᠤᠩ ᠰᠢᠨ᠎ᠡ ᠪᠠᠷ ᠪᠤᠶᠤ ᠥᠭᠡᠷᠡᠴᠢᠯᠡᠨ ᠪᠠᠶᠢᠭᠤᠯᠵᠤ᠂ ᠵᠤᠭᠠᠴᠠᠭᠰᠠᠳ ᠤᠨ | ᠠᠮᠢᠳᠤᠷᠠᠯ ᠤᠨ ᠬᠡᠷᠡᠭᠴᠡᠭᠡ ᠶᠢ ᠲᠠᠰᠤᠷᠠᠯᠲᠠ ᠦᠭᠡᠢ ᠬᠠᠩᠭᠠᠵᠤ ᠪᠠᠶᠢᠨ᠎ᠠ᠃ ᠬᠡᠳᠦᠨ ᠵᠢᠯ ᠤᠨ ᠲᠤᠷᠰᠢᠬᠢ ᠪᠦᠳᠦᠭᠡᠨ | ᠪᠠᠶᠢᠭᠤᠯᠤᠯᠲᠠ ᠪᠠᠷ ᠳᠠᠮᠵᠢᠭᠤᠯᠤᠨ᠂ ᠪᠦᠬᠦ ᠰᠢᠶᠠᠨ ᠤ ᠵᠤᠭᠠᠴᠠᠯ ᠤᠨ ᠤᠯᠠᠨ ᠨᠡᠶᠢᠳᠡ ᠶᠢᠨ ᠦᠢᠯᠡᠴᠢᠯᠡᠭᠡᠨ ᠤ | ᠲᠦᠭᠦᠷᠦᠮᠵᠢ᠂ ᠵᠤᠭᠠᠴᠠᠯ ᠤᠨ ᠬᠥᠭᠵᠢᠯᠲᠡ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠨᠥᠬᠦᠴᠡᠯ ᠢ | ᠠᠯᠬᠤᠮ ᠠᠯᠬᠤᠮ ᠲᠡᠭᠦᠯᠳᠡᠷᠵᠢᠭᠦᠯᠵᠦ᠂ ᠵᠤᠭᠠᠴᠠᠯ ᠤᠨ ᠦᠢᠯᠡᠰ ᠤᠨ ᠬᠦᠭᠵᠢᠯᠳᠡ ᠳᠤ ᠪᠠᠲᠤ ᠪᠠᠬᠢ ᠰᠠᠭᠤᠷᠢ ᠶᠢ | ᠲᠠᠯᠪᠢᠵᠤ ᠥᠭᠴᠡᠶ᠃ | ᠭᠤᠷᠪᠠ ᠳᠤ᠂ ᠤᠬᠠᠭᠤᠯᠤᠨ ᠲᠠᠨᠢᠯᠴᠠᠭᠤᠯᠬᠤ ᠠᠵᠢᠯ ᠢ ᠴᠢᠩᠭᠠᠳᠬᠠᠪᠠ᠃ ᠣᠶᠢᠷ᠎ᠠ ᠶᠢᠨ ᠵᠢᠯ ᠳᠤ᠂ | ᠲᠤᠭᠳᠠᠬᠤ ᠰᠢᠶᠠᠨ ᠥᠪᠡᠷᠲᠡᠭᠡᠨ ᠵᠠᠰᠠᠬᠤ ᠣᠷᠣᠨ᠂ ᠬᠥᠬᠡᠬᠤᠲᠠ ᠶᠢᠨ ᠵᠤᠭᠠᠴᠠᠯ ᠤᠨ ᠲᠣᠪᠴᠢᠶᠠᠨ ᠤ ᠵᠣᠬᠢᠶᠠᠨ | ᠪᠠᠶᠢᠭᠤᠯᠤᠭᠰᠠᠨ ᠡᠯ᠎ᠡ ᠵᠦᠢᠯ ᠤᠨ ᠵᠤᠭᠠᠴᠠᠯ ᠤᠨ ᠤᠬᠠᠭᠤᠯᠭ᠎ᠠ ᠶᠢᠨ ᠠᠵᠢᠯᠯᠠᠭ᠎ᠠ ᠳᠤ ᠦᠷᠭᠦᠯᠵᠢ ᠤᠷᠤᠯᠴᠠᠵᠤ᠂ | ᠤᠤᠯ ᠤᠨ ᠵᠢᠭᠤᠯᠴᠢᠯᠠᠭᠴᠢᠳ ᠤᠨ ᠢᠷᠡᠯᠲᠡ ᠶᠢ ᠪᠠᠬᠢᠵᠢᠭᠦᠯᠬᠦ ᠰᠠᠭᠤᠷᠢᠨ ᠳᠡᠭᠡᠷ᠎ᠡ᠂ ︽ᠭᠠᠳᠠᠭᠰᠢ ᠭᠠᠷᠬᠤ︾ | ᠵᠠᠭᠪᠤᠷ ᠢ ᠪᠠᠷᠢᠮᠲᠠᠯᠠᠵᠤ᠂ ᠨᠡᠩ ᠤᠯᠠᠨ ᠵᠤᠭᠠᠴᠠᠯ ᠤᠨ ᠬᠦᠭᠵᠢᠯᠳᠡᠢ ᠬᠤᠳᠠ ᠳᠤ ᠬᠦᠷᠴᠦ ᠵᠤᠭᠠᠴᠠᠯ ᠤᠨ | ᠤᠬᠠᠭᠤᠯᠭ᠎ᠠ ᠪᠣᠷᠣᠯᠠᠭᠤᠯᠭ᠎ᠠ ᠪᠠᠨ ᠠᠬᠢᠭᠤᠯᠬᠤ ᠠᠵᠢᠯᠯᠠᠭ᠎ᠠ ᠬᠢᠵᠦ᠂ ᠰᠢᠨ᠎ᠡ ᠵᠢᠭᠤᠯᠴᠢᠯᠠᠭᠴᠢᠳ ᠤᠨ ᠢᠷᠡᠯᠲᠡ ᠶᠢᠨ | ᠵᠠᠬ᠎ᠠ ᠳᠡᠯᠭᠡᠭᠦᠷ ᠶᠢ ᠨᠡᠭᠡᠭᠡᠨ ᠬᠦᠭᠵᠢᠭᠦᠯᠦᠭᠰᠡᠨ ᠪᠠᠶᠢᠨ᠎ᠠ᠃ ᠡᠭᠦᠨ ᠤ ᠬᠠᠮᠲᠤ᠂ ᠨᠡᠶᠢᠭᠡᠮ ᠤᠨ ᠬᠦᠴᠦᠨ ᠢ | ᠭᠦᠢᠴᠡᠳ ᠳᠠᠶᠢᠴᠢᠯᠠᠵᠤ᠂ ᠲᠣᠮᠣ ᠬᠡᠯᠪᠡᠷᠢ ᠶᠢᠨ ᠰᠣᠶᠣᠯ ᠤᠨ ᠠᠵᠢᠯᠯᠠᠭ᠎ᠠ ᠪᠠᠷ ᠲᠣᠯᠣᠭᠠᠶᠢᠯᠠᠭᠤᠯᠵᠤ᠂ ᠪᠠᠶᠠᠷ | ᠳᠤᠷᠠᠰᠬᠠᠯ ᠤᠨ ᠠᠵᠢᠯᠯᠠᠭ᠎ᠠ ᠪᠠᠷ ᠰᠠᠭᠤᠷᠢ ᠪᠣᠯᠭᠠᠵᠤ᠂ ᠪᠠᠯᠭᠠᠰᠤ ᠭᠠᠴᠠᠭ᠎ᠠ ᠲᠣᠰᠬᠤᠨ ᠤ ᠠᠵᠢᠯᠯᠠᠭ᠎ᠠ ᠪᠠᠷ ᠭᠤᠣᠯ | ᠴᠣᠭᠴᠠ ᠪᠣᠯᠭᠠᠭᠰᠠᠨ ᠪᠠᠶᠠᠷ ᠳᠤᠷᠠᠰᠬᠠᠯ ᠤᠨ ᠠᠵᠢᠯᠯᠠᠭ᠎ᠠ ᠶᠢᠨ ᠲᠥᠷᠥᠯ ᠲᠡᠮᠳᠡᠭ ᠪᠦᠷᠢᠯᠳᠦᠪᠡ᠃ ︽ᠬᠠᠲᠤᠨ | ᠭᠤᠣᠯ ᠤᠨ ᠰᠣᠶᠣᠯ ᠵᠤᠭᠠᠴᠠᠯ ᠤᠨ ᠨᠠᠶᠢᠷ︾ ᠲᠤᠯᠤᠭ᠎ᠠ ᠤᠳᠠᠭ᠎ᠠ ᠡᠷᠬᠢᠯᠡᠨ᠂ ᠠᠩᠬᠠᠳᠤᠭᠠᠷ ᠬᠤᠭᠤᠴᠠᠭᠠᠨ ᠤ | ᠬᠠᠲᠤᠨ ᠭᠤᠣᠯ ᠤᠨ ᠭᠤᠤᠯ ᠭᠡᠰᠦᠯᠳᠡ ᠶᠢᠨ ᠵᠢᠭᠠᠰᠤᠨ ᠨᠠᠶᠢᠷ ᠢ ᠠᠮᠵᠢᠯᠲᠠ ᠲᠠᠢ ᠡᠷᠬᠢᠯᠡᠭᠰᠡᠨ ᠨᠢ ᠮᠠᠨ ᠤ | ᠰᠢᠶᠠᠨ ᠤ ᠰᠣᠶᠣᠯ ᠵᠤᠭᠠᠴᠠᠯ ᠤᠨ ᠠᠵᠤ ᠦᠢᠯᠡᠰ ᠤᠨ ᠨᠡᠷ᠎ᠡ ᠠᠯᠳᠠᠷᠰᠢᠯ ᠪᠠ ᠨᠥᠯᠥᠭᠡᠯᠡᠬᠦ ᠬᠦᠴᠦᠨ ᠢ ᠲᠠᠰᠤᠷᠠᠯᠲᠠ | ᠥᠬᠡᠶ ᠲᠡᠭᠡᠭᠰᠢᠯᠡᠭᠦᠯᠵᠦ᠂ ᠡᠷᠬᠢᠨ ᠲᠣᠭᠤᠷᠢᠨ ᠬᠢᠭᠡᠳ ᠣᠷᠣᠨ ᠤ ᠳᠣᠲᠣᠷ᠎ᠠ ᠭᠠᠳᠠᠨᠠᠬᠢ ᠦᠶ ᠣᠯᠠᠨ | ᠵᠤᠭᠠᠴᠠᠭᠰᠠᠳ ᠤᠨ ᠪᠠᠭ᠋ᠠᠷᠤᠯ ᠢ ᠲᠠᠳᠠᠵᠤ᠂ ᠰᠣᠶᠣᠯ ᠵᠤᠭᠠᠴᠠᠯ ᠤᠨ ᠬᠡᠷᠡᠭᠯᠡᠯᠭᠡ ᠶᠢᠨ ᠰᠦᠢᠳᠭᠡᠯ ᠢ ᠬᠦᠴᠦᠲᠡᠶ | ᠠᠬᠢᠭᠤᠯᠪᠠ᠃ | ᠳᠥᠷᠪᠡ ᠳᠤ᠂ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠪᠠ᠃ ᠵᠤᠭᠠᠴᠠᠯ ᠤᠨ ᠰᠠᠯᠠᠭ᠎ᠠ ᠮᠥᠴᠢᠷ | ᠲᠦᠷᠦᠭᠦᠯᠡᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠳᠣᠲᠣᠭᠠᠳᠤ ᠶᠢ ᠬᠠᠮᠠᠭᠠᠯᠠᠬᠤ᠂ ᠢᠳᠡᠭᠡᠨ ᠪᠠ | ᠡᠮ ᠤᠨ ᠵᠦᠢᠯ ᠤᠨ ᠬᠢᠨᠠᠯᠲᠠ ᠬᠠᠮᠢᠶᠠᠷᠤᠯᠳᠠ ᠵᠡᠷᠭᠡ ᠰᠠᠯᠠᠭ᠎ᠠ ᠮᠥᠴᠢᠷ ᠲᠠᠢ ᠬᠠᠮᠵᠢᠯᠴᠠᠵᠤ ᠵᠤᠭᠠᠴᠠᠯ ᠤᠨ | ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠦᠵᠡᠮᠵᠢ ᠶᠢᠨ ᠣᠷᠣᠨ | ᠂ ᠬᠥᠳᠡᠭᠡ ᠶᠢᠨ ᠵᠤᠭᠠᠴᠠᠯ᠂ ᠵᠣᠴᠢᠳ ᠤᠨ ᠪᠠᠭᠤᠳᠠᠯ᠂ ᠬᠤᠭᠤᠯᠠᠨ ᠭᠡᠷ ᠵᠡᠷᠭᠡ ᠲᠠᠯᠠᠪᠤᠷ ᠲᠤ ᠬᠥᠳᠡᠯᠦᠩᠭᠦᠶ | ᠰᠢᠮᠳᠠᠭᠤᠯᠤᠨ ᠪᠠᠶᠢᠴᠠᠭᠠᠬᠤ ᠪᠠ ᠬᠡᠪ ᠪᠠᠶᠢᠳᠠᠯ ᠤᠨ ᠬᠠᠮᠢᠶᠠᠷᠤᠯᠳᠠ ᠶᠢ ᠴᠢᠩᠭᠠᠳᠬᠠᠪᠠ᠃ ᠵᠤᠭᠠᠴᠠᠯ ᠤᠨ ᠠᠵᠢᠯ | ᠲᠥᠷᠥᠯ ᠤᠨ ᠲᠡᠷᠢᠭᠦᠨ ᠤ ᠬᠢ ᠶᠢ ᠲᠡᠮᠡᠴᠡᠨ ᠰᠢᠯᠢᠳᠡᠭ ᠪᠣᠯᠬᠤ ᠪᠠᠷ ᠴᠢᠷᠮᠠᠶᠢᠬᠤ ᠠᠵᠢᠯᠯᠠᠭ᠎ᠠ ᠶᠢ ᠢᠳᠡᠪᠬᠢᠲᠡᠶ ᠪᠠᠷ | ᠥᠷᠨᠢᠭᠦᠯᠵᠦ᠂ ᠵᠤᠭᠠᠴᠠᠯ ᠤᠨ ᠢᠳᠡᠭᠡᠨ ᠤᠮᠳᠠᠭᠠᠨ ᠤ ᠦᠢᠯᠡᠰ ᠤᠨ ᠨᠡᠶᠢᠭᠡᠮᠯᠢᠭ ᠤᠨ ᠵᠣᠬᠢᠶᠠᠨ ᠪᠠᠶᠢᠭᠤᠯᠤᠯᠲᠠ | ᠪᠠᠶᠢᠭᠤᠯᠤᠭᠳᠠᠵᠤ᠂ ᠵᠤᠭᠠᠴᠠᠯ ᠤᠨ ᠢᠳᠡᠭᠡᠨ ᠤᠮᠳᠠᠭᠠᠨ ᠤ ᠠᠵᠢᠯ ᠲᠥᠷᠥᠯ ᠤᠨ ᠪᠠᠷᠢᠮᠵᠢᠶ᠎ᠠ ᠲᠣᠭᠲᠠᠭᠠᠵᠤ᠂ | ᠵᠤᠭᠠᠴᠠᠯ ᠤᠨ ᠵᠠᠬ᠎ᠠ ᠳᠡᠯᠭᠡᠭᠦᠷ ᠤᠨ ᠦᠨᠡᠨᠴᠢ ᠢᠲᠡᠭᠡᠮᠵᠢᠲᠡᠶ ᠡᠵᠡᠩᠨᠡᠬᠦ ᠦᠢᠯᠡ ᠠᠵᠢᠯᠯᠠᠭ᠎ᠠ ᠶᠢ ᠠᠯᠬᠤᠮ | ᠠᠯᠬᠤᠮ ᠢᠶᠠᠷ ᠲᠦᠷᠢᠮᠵᠢᠭᠦᠯᠦᠭᠰᠡᠨ ᠪᠠᠶᠢᠨ᠎ᠠ᠃ ᠡᠳᠡᠭᠡᠷ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠵᠤᠭᠠᠴᠠᠯ ᠤᠨ ᠵᠠᠬ᠎ᠠ | ᠳᠡᠯᠭᠡᠭᠦᠷ ᠤᠨ ᠡᠮᠬᠢ ᠳᠢᠭᠯᠢᠮ ᠢ ᠬᠠᠮᠠᠭᠠᠯᠠᠵᠤ᠂ ᠵᠤᠭᠠᠴᠠᠭᠴᠢᠳ ᠪᠠ ᠡᠵᠡᠩᠨᠡᠭᠴᠢᠳ ᠤᠨ ᠬᠠᠤᠯᠢ ᠶᠣᠰᠣᠨ ᠤ ᠡᠷᠬᠡ | ᠠᠰᠢᠭ ᠢ ᠦᠨᠡᠨ ᠬᠦ ᠪᠦᠲᠦᠮᠵᠢᠲᠡᠶ ᠬᠠᠮᠠᠭᠠᠯᠠᠵᠤ᠂ ᠰᠠᠶᠢᠨ ᠰᠠᠶᠢᠬᠠᠨ ᠵᠤᠭᠠᠴᠠᠯ ᠤᠨ ᠣᠷᠴᠢᠨ ᠲᠣᠭᠤᠷᠢᠨ᠂ ᠰᠣᠶᠣᠯ | ᠵᠤᠭᠠᠴᠠᠯ ᠤᠨ ᠠᠵᠤ ᠦᠢᠯᠡᠰ ᠤᠨ ᠬᠥᠭᠵᠢᠯᠲᠡ ᠶᠢ ᠬᠦᠴᠦᠲᠡᠶ ᠠᠬᠢᠭᠤᠯᠤᠭᠰᠠᠨ ᠪᠠᠶᠢᠨ᠎ᠠ᠃ | ᠬᠥᠲᠥᠯᠥᠭᠴᠢ | ︽ᠨᠢᠭᠡ ᠨᠠᠶᠢᠷ ᠲᠠᠪᠤᠨ ᠦᠵᠡᠮᠵᠢ ᠬᠤᠶᠠᠷ ᠰᠠᠭᠤᠷᠢᠨ ᠭᠠᠵᠠᠷ︾ ᠤᠨ ᠪᠣᠳᠠᠲᠠᠶ ᠠᠭᠤᠯᠭ᠎ᠠ ᠶᠢ ᠳᠥᠭᠦᠮᠬᠡᠨ | ᠲᠠᠨᠢᠯᠴᠠᠭᠤᠯᠤᠭᠠᠳ ᠦᠭᠭᠦᠨᠦ︖᠃ | ᠲᠢᠶᠠᠨ ᠯᠢ ᠵᠢᠶᠦ᠋ᠨ | ᠨᠢᠭᠡ ᠨᠠᠶᠢᠷ ᠪᠤᠯ ᠲᠠᠷᠤᠢ ᠬᠠᠲᠤᠨ ᠭᠤᠣᠯ ᠤᠨ ᠰᠣᠶᠣᠯ ᠵᠤᠭᠠᠴᠠᠯ ᠤᠨ ᠨᠠᠶᠢᠷ ᠤᠨ ᠰᠢᠷᠢᠰ ᠠᠵᠢᠯᠯᠠᠭ᠎ᠠ ᠶᠢ | ᠪᠦᠳᠦᠮᠵᠢᠳᠡᠢ ᠡᠷᠬᠢᠯᠡᠵᠤ᠂ ᠬᠠᠳᠤᠨ ᠭᠤᠤᠯ ᠤᠨ ᠭᠡᠰᠦᠯᠳᠡ ᠵᠢᠭᠠᠰᠦᠨ ᠨᠠᠶᠢᠷ᠂ ᠦᠵᠦᠮ᠂ ᠲᠤᠮᠤ ᠬᠦᠢᠯᠡᠰᠦ ᠵᠡᠷᠭᠡ | ᠳᠠᠪᠠᠭᠤᠯᠢᠭ ᠣᠨᠴᠠᠯᠢᠭ ᠲᠠᠢ ᠲᠠᠷᠢᠶᠠᠯᠠᠩ ᠤᠨ ᠪᠦᠲᠦᠭᠡᠭᠳᠡᠬᠦᠨ ᠤ ᠡᠬᠢ ᠪᠠᠶᠠᠯᠢᠭ ᠢ ᠠᠰᠢᠭᠯᠠᠨ᠂ ᠣᠷᠣᠨ | ᠨᠤᠲᠤᠭ ᠤᠨ ᠣᠨᠴᠠᠯᠢᠭ ᠲᠠᠢ ᠲᠠᠶᠢᠰᠠᠨ ᠵᠦᠴᠦᠭᠡ ᠪᠠ ᠵᠤᠭᠠᠴᠠᠯ ᠤᠨ ᠨᠡᠶᠢᠯᠡᠯᠲᠡ ᠶᠢ ᠲᠦᠯᠬᠢᠨ ᠠᠬᠢᠭᠤᠯᠵᠤ᠂ | ᠣᠷᠣᠨ ᠨᠤᠲᠤᠭ ᠤᠨ ᠭᠦᠨ ᠵᠤᠵᠠᠭᠠᠨ ᠲᠡᠦᠬᠡ ᠰᠣᠶᠣᠯ ᠢᠷᠭᠡᠨᠰᠢᠯ ᠤᠨ ᠣᠨᠴᠠᠯᠢᠭ ᠲᠠᠢ ᠵᠤᠭᠠᠴᠠᠯ ᠤᠨ ᠲᠠᠸᠠᠷ ᠢ | ᠨᠡᠭᠡᠭᠡᠨ ᠬᠥᠭᠵᠢᠭᠦᠯᠬᠦ ᠶᠢ ᠵᠢᠭᠠᠨ᠎ᠠ᠃ | ᠲᠠᠪᠤᠨ ᠦᠵᠡᠮᠵᠢ ᠶᠢᠨ ᠤᠷᠤᠨ᠂ ᠬᠤᠶᠠᠷ ᠰᠠᠭᠤᠷᠢᠨ ᠭᠠᠵᠠᠷ ᠪᠤᠯ ᠲᠠᠷᠤᠢ ᠬᠠᠲᠤᠨ ᠭᠤᠣᠯ ᠤᠨ | ᠵᠤᠭᠠᠴᠠᠯ ᠤᠨ ᠵᠢᠵᠢᠭ ᠪᠠᠯᠭᠠᠰᠤ᠂ ᠱᠸᠡᠨ ᠴᠢᠤᠸᠠᠨ ᠦᠵᠡᠮᠵᠢ ᠶᠢᠨ ᠣᠷᠣᠨ᠂ ᠿᠦᠢ ᠸᠧ ᠠᠷᠢᠬᠢ᠂ ᠬᠠᠲᠤᠨ | ᠭᠤᠣᠯ ᠤᠨ ᠵᠡᠭᠦᠳᠦ ᠵᠡᠷᠭᠡᠯᠭᠡᠨᠳᠦ ᠤᠰᠤᠨ ᠶᠢᠷᠲᠢᠨᠴᠦ᠂ ᠶᠡᠭᠡ ᠠᠮᠤᠷᠯᠢᠩᠭᠤᠶ ᠰᠦᠮ᠎ᠡ ᠵᠡᠷᠭᠡ ᠲᠠᠪᠤᠨ ᠶᠡᠭᠡ | ᠰᠢᠯᠢᠳᠡᠭ ᠦᠵᠡᠮᠵᠢ ᠶᠢᠨ ᠣᠷᠣᠨ ᠪᠤᠯᠤᠨ ᠲᠣᠭᠲᠠᠬᠤ ᠰᠢᠶᠠᠨ ᠤ ᠬᠤᠪᠢᠰᠬᠠᠯ ᠤᠨ ᠲᠡᠦᠬᠡ ᠶᠢᠨ ᠳᠤᠷᠠᠰᠬᠠᠯᠤᠨ | ᠣᠷᠳᠣᠨ᠂ ᠬᠤᠶᠢᠲᠤ ᠳᠠᠶᠢᠵᠢ ᠬᠤᠪᠢᠰᠬᠠᠯ ᠤᠨ ᠬᠥᠮᠦᠵᠢᠯ ᠤᠨ ᠦᠵᠡᠰᠬᠦᠯᠡᠩ ᠪᠠ ᠨᠠᠮᠴᠢ ᠴᠢᠨᠠᠷ ᠤᠨ ᠬᠥᠮᠦᠵᠢᠯ | ᠭᠡᠬᠦ ᠬᠤᠶᠠᠷ ᠲᠣᠮᠣ ᠬᠤᠪᠢᠰᠬᠠᠯ ᠤᠨ ᠰᠠᠭᠤᠷᠢᠨ ᠭᠠᠵᠠᠷ ᠢ ᠨᠠᠷᠢᠨ ᠨᠢᠮᠪᠠᠢ ᠴᠢᠷᠮᠠᠶᠢᠨ ᠪᠦᠳᠦᠭᠡᠨ ᠪᠠᠶᠢᠭᠤᠯᠵᠤ᠂ | ᠤᠯᠠᠨ ᠶᠠᠩᠵᠤ ᠶᠢᠨ᠂ ᠥᠪᠡᠷᠮᠢᠴᠡ ᠣᠨᠴᠠᠯᠢᠭ ᠲᠠᠢ᠂ ᠶᠠᠰᠤ ᠴᠢᠨᠠᠷ ᠦᠨᠳᠤᠷ ᠵᠤᠭᠠᠴᠠᠯ ᠤᠨ ᠦᠢᠯᠡᠳᠭᠦᠨ ᠤ | ᠰᠢᠰᠲ᠋ᠧᠮᠵᠢ ᠶᠢ ᠴᠢᠷᠮᠠᠶᠢᠨ ᠲᠦᠯᠦᠪᠵᠢᠭᠦᠯᠦᠨ ᠪᠠᠶᠢᠭᠤᠯᠬᠤ ᠶᠢ ᠵᠢᠭᠠᠨ᠎ᠠ᠃ | ᠡᠭᠦᠨ ᠤ ᠬᠠᠮᠲᠤ᠂ ᠮᠠᠨ ᠤ ᠰᠢᠶᠠᠨ ᠤᠯᠠᠨ ᠬᠡᠯᠪᠡᠷᠢ ᠮᠠᠶ᠋ᠢᠭ᠂ ᠤᠯᠡᠠ ᠲᠡᠰ ᠳᠠᠪᠬᠤᠷᠭ᠎ᠠ᠂ ᠣᠯᠠᠨ ᠬᠦᠷᠢᠶ᠎ᠡ | ᠬᠡᠪᠴᠢᠶᠡᠨ ᠳᠠᠬᠢ ᠵᠤᠭᠠᠴᠠᠯ ᠤᠨ ᠤᠬᠠᠭᠤᠯᠤᠨ ᠲᠠᠨᠢᠯᠴᠠᠭᠤᠯᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ | ᠵᠤᠭᠠᠴᠠᠯ ᠤᠨ ᠰᠠᠭᠤᠷᠢ ᠲᠥᠬᠦᠭᠡᠷᠦᠮᠵᠢ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠣᠶᠤᠨᠴᠢ ᠵᠤᠭᠠᠴᠠᠯ ᠤᠨ | ᠪᠦᠳᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ︽ᠵᠣᠷᠯᠣᠩ ᠤᠨ ᠦᠭᠡᠷᠡᠴᠢᠯᠡᠯᠳᠡ︾ ᠢ ᠠᠬᠢᠭᠤᠯᠵᠤ᠂ | ᠵᠤᠭᠠᠴᠠᠯ ᠤᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠵᠢᠷᠤᠮᠵᠢᠭᠤᠯᠵᠤ᠂ ᠵᠤᠭᠠᠴᠠᠯ ᠤᠨ ᠬᠥᠭᠵᠢᠯᠲᠡ ᠶᠢᠨ ᠣᠷᠴᠢᠨ | ᠲᠣᠭᠤᠷᠢᠨ ᠢ ᠰᠢᠯᠢᠳᠡᠭᠵᠢᠭᠦᠯᠦᠨ᠂ ᠵᠤᠭᠠᠴᠠᠭᠰᠠᠳ ᠲᠤ ᠲᠠᠭᠠᠯᠠᠮᠵᠢᠳᠠᠢ ᠤᠷᠴᠢᠨ ᠨᠦᠬᠦᠴᠡᠯ ᠢ ᠪᠦᠷᠢᠯᠳᠦᠭᠦᠯᠵᠦ | ᠦᠭᠬᠦ ᠪᠠᠷ ᠴᠢᠮᠠᠶᠢᠨ ᠠᠵᠢᠯᠯᠠᠵᠤ ᠪᠠᠶᠢᠨ᠎ᠠ᠃ | ᠬᠥᠲᠥᠯᠥᠭᠴᠢ | ᠡᠨᠡ ᠵᠢᠯ᠂ ᠲᠣᠭᠲᠠᠬᠤ ᠰᠢᠶᠠᠨ ᠶᠠᠮᠠᠷ ᠶᠠᠮᠠᠷ ᠪᠤᠳᠠᠳᠤ ᠠᠵᠢᠯ ᠢ ᠲᠦᠯᠬᠢᠨ ᠠᠬᠢᠭᠤᠯᠤᠭᠰᠠᠨ ᠪᠤᠢ︖ | ᠲᠢᠶᠠᠨ ᠯᠢ ᠵᠢᠶᠦ᠋ᠨ | ᠡᠨᠡ ᠵᠢᠯ ᠪᠦᠬᠦ ᠰᠢᠶᠠᠨ ᠤ ᠬᠡᠪᠴᠢᠶᠡᠨ ᠳᠠᠬᠢ ᠰᠣᠶᠣᠯ ᠵᠤᠭᠠᠴᠠᠯ ᠤᠨ ᠠᠵᠢᠯ ᠢ ᠨᠠᠷᠢᠨ ᠨᠢᠮᠪᠠᠶ | ᠳᠣᠭᠢᠷᠠᠭᠤᠯᠤᠨ ᠪᠠᠶᠢᠷᠢᠰᠢᠭᠤᠯᠤᠭᠰᠠᠨ ᠪᠠᠶᠢᠨ᠎ᠠ᠂ ᠪᠣᠳᠠᠲᠠᠶ ᠪᠠᠷ ᠬᠡᠯᠡᠪᠡᠯ ᠬᠡᠳᠤᠨ ᠲᠠᠯ᠎ᠠ ᠶᠢᠨ ᠠᠵᠢᠯ ᠢ ᠭᠤᠤᠯᠳᠠᠯᠭ᠎ᠠ | ᠪᠤᠯᠭᠠᠪᠠ᠄ | ᠨᠢᠭᠡ ᠳᠤ᠂ ᠬᠠᠳᠤᠨ ᠭᠤᠣᠯ ᠳᠠᠭᠠᠤ ᠵᠤᠭᠠᠴᠠᠯ ᠤᠨ ᠠᠵᠤ ᠠᠬᠤᠶ ᠶᠢᠨ ᠪᠦᠰᠡ ᠶᠢ ᠰᠡᠳᠬᠢᠯ ᠲᠠᠯᠪᠢᠨ ᠨᠠᠷᠢᠨ | ᠨᠢᠮᠪᠠᠶ ᠪᠦᠳᠦᠭᠡᠨ ᠪᠠᠶᠢᠭᠤᠯᠵᠤ᠂ ᠪᠦᠬᠦ ᠣᠷᠣᠨ ᠪᠦᠰᠡ ᠶᠢᠨ ᠬᠦᠴᠦᠷᠬᠡᠭ ᠵᠤᠭᠠᠴᠠᠯ ᠤᠨ ᠬᠥᠳᠡᠯᠭᠡᠬᠦ ᠬᠦᠴᠦᠨ | ᠪᠤᠯᠭᠠᠨ ᠪᠠᠶᠢᠭᠤᠯᠪᠠ᠃ ᠪᠦᠬᠦ ᠣᠷᠣᠨ ᠪᠦᠰᠡ ᠶᠢᠨ ᠵᠤᠭᠠᠴᠠᠯ ᠴᠦ ᠲᠡᠷᠡ᠂ ᠤᠯᠠᠮᠵᠢᠯᠠᠯᠲᠤ ᠵᠤᠭᠠᠴᠠᠯ ᠴᠦ ᠭᠡᠰᠡᠨ | ᠦᠭᠡᠢ ᠵᠤᠭᠠᠴᠠᠯ ᠤᠨ ᠬᠠᠷᠠᠯᠲᠠᠲᠤ ᠣᠷᠣᠨ ᠢ ᠪᠦᠳᠦᠭᠡᠨ ᠪᠠᠶᠢᠭᠤᠯᠵᠤ᠂ ᠵᠤᠭᠠᠴᠠᠯ ᠤᠨ ᠮᠥᠩᠭᠦ ᠡᠳ᠋ ᠪᠣᠳᠠᠰ ᠢ | ᠲᠠᠳᠠᠬᠤ ᠪᠤᠯ ᠵᠤᠭᠠᠴᠠᠯ ᠤᠨ ᠦᠢᠯᠡᠰ ᠤᠨ ᠬᠤᠪᠢᠷᠠᠰᠢ ᠦᠭᠡᠢ ᠶᠣᠰᠣ ᠮᠥᠨ᠃ 2018 ᠣᠨ ᠳᠤ᠂ ᠪᠢᠳᠡ | ᠬᠠᠳᠤᠨ ᠭᠤᠣᠯ ᠳᠠᠭᠠᠤ ᠵᠤᠭᠠᠴᠠᠨᠲ᠋ᠣᠭᠤᠷᠢᠬᠤ ᠠᠵᠤ ᠠᠬᠤᠶ ᠶᠢᠨ ᠪᠦᠰᠡ ᠶᠢᠨ ᠪᠦᠳᠦᠭᠡᠨ ᠪᠠᠶᠢᠭᠤᠯᠤᠯᠲᠠ ᠶᠢᠨ | ᠠᠯᠬᠤᠴᠠ ᠶᠢ ᠲᠦᠷᠭᠡᠳᠬᠡᠵᠦ᠂ ᠲᠥᠷᠥᠯ ᠵᠦᠢᠯ ᠤᠨ ᠭᠤᠶᠤᠴᠢᠯᠠᠨ ᠮᠡᠳᠡᠭᠦᠯᠬᠦ ᠪᠠ ᠪᠡᠯᠡ ᠮᠥᠩᠭᠦ ᠲᠡᠮᠡᠴᠡᠨ ᠤᠯᠬᠤ | ᠲᠠᠯ᠎ᠠ ᠪᠠᠷ ᠬᠠᠳᠤᠨ ᠭᠤᠣᠯ ᠳᠠᠭᠠᠤ ᠵᠤᠭᠠᠴᠠᠯ ᠤᠨ ᠠᠵᠤ ᠠᠬᠤᠶ ᠶᠢᠨ ᠪᠦᠰᠡ ᠲᠠᠢ ᠢᠮᠠᠭᠲᠠ ᠨᠢᠭᠲᠠ | ᠤᠶᠠᠯᠳᠤᠭᠤᠯᠤᠨ᠂ ᠬᠠᠳᠤᠨ ᠭᠤᠣᠯ ᠳᠠᠭᠠᠤ ᠵᠤᠭᠠᠴᠠᠯ ᠤᠨ ᠠᠵᠤ ᠠᠬᠤᠶ ᠶᠢᠨ ᠪᠦᠰᠡ ᠶᠢᠨ ᠦᠵᠡᠮᠵᠢ ᠶᠢᠨ ᠴᠡᠭ | ᠦᠵᠡᠮᠵᠢ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢ ᠭᠤᠤᠯᠳᠠᠯᠭ᠎ᠠ ᠲᠠᠢ ᠳᠡᠮᠵᠢᠵᠦ᠂ ᠲᠡᠭᠦᠨ ᠤ ᠪᠦᠬᠦ ᠣᠷᠣᠨ | ᠪᠦᠰᠡ ᠶᠢᠨ ᠵᠤᠭᠠᠴᠠᠯ ᠲᠤᠮᠳᠠᠬᠢ ᠬᠥᠳᠡᠯᠭᠡᠭᠦᠷ ᠲᠠᠲᠠᠬᠤ ᠦᠢᠯᠡᠳᠦᠯ ᠢ ᠦᠷᠭᠦᠯᠵᠢᠯᠡᠨ ᠪᠠᠳᠠᠷᠠᠭᠤᠯᠵᠤ ᠪᠠᠶᠢᠨ᠎ᠠ᠃ | ᠬᠤᠶᠠᠷ ᠲᠤ᠂ ᠲᠠᠪᠤᠨ ᠶᠡᠭᠡ ᠰᠢᠯᠢᠳᠡᠭ ᠦᠵᠡᠮᠵᠢ ᠶᠢᠨ ᠣᠷᠣᠨ ᠢ ᠢᠳᠡᠪᠬᠢᠲᠡᠶ ᠪᠠᠷ ᠪᠦᠲᠦᠭᠡᠨ ᠪᠠᠶᠢᠭᠤᠯᠵᠤ᠂ | ᠪᠥᠬᠦ ᠣᠷᠣᠨ ᠪᠦᠰᠡ ᠶᠢᠨ ᠵᠤᠭᠠᠴᠠᠯ ᠤᠨ ᠰᠢᠰᠲ᠋ᠧᠮᠵᠢ ᠳᠠᠬᠢ ᠰᠢᠨ᠎ᠡ ᠲᠤᠯᠭᠠᠭᠤᠷᠢ ᠬᠦᠴᠦᠨ ᠢ ᠬᠦᠴᠦᠯᠡᠨ | ᠪᠠᠶᠢᠭᠤᠯᠪᠠ᠃ 2018 ᠣᠨ ᠳᠤ᠂ ᠪᠢᠳᠠ ᠱᠸᠡᠨ ᠴᠢᠦᠸᠠᠨ ᠠᠮᠢ ᠠᠬᠤᠶ ᠶᠢᠨ ᠵᠢᠭᠤᠯᠴᠢᠯᠠᠯᠤᠨ ᠦᠵᠡᠮᠵᠢᠲᠦ | ᠣᠷᠣᠨ ᠤ ᠤᠯᠤᠰ ᠤᠨ 5 A ᠲᠠᠰ ᠤᠨ ᠠᠯᠳᠠᠷᠲᠤ ᠦᠵᠡᠮᠵᠢ ᠶᠢᠨ ᠣᠷᠣᠨ ᠪᠤᠯᠭᠠᠨ ᠡᠭᠦᠳᠦᠨ ᠪᠠᠶᠢᠭᠤᠯᠬᠤ ᠪᠠ | ᠦᠵᠡᠮᠵᠢ ᠶᠢᠨ ᠣᠷᠣᠨ ᠤ ᠬᠤᠶᠠᠳᠤᠭᠠᠷ ᠬᠤᠭᠤᠴᠠᠭᠠᠨ ᠤ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ | ᠠᠵᠢᠯ ᠢ ᠲᠡᠮᠵᠢᠭᠰᠡᠨ ᠪᠠᠶᠢᠨ᠎ᠠ︔ ︽ᠠᠵᠤ ᠦᠢᠯᠡᠳᠪᠦᠷᠢ + ᠵᠤᠭᠠᠴᠠᠯ︾ ᠠᠵᠤ ᠠᠬᠤᠶᠢᠯᠠᠯ ᠤᠨ ᠵᠤᠭᠠᠴᠠᠯ ᠤᠨ | ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠵᠦ᠂ ᠿᠦᠢ ᠸᠧ ᠦᠵᠦᠮᠤᠨ ᠠᠷᠢᠬᠢᠨ ᠬᠦᠷᠢᠶᠡᠯᠡᠩ ᠪᠦᠬᠦ ᠬᠤᠲᠠ ᠶᠢᠨ | ᠠᠵᠤ ᠦᠢᠯᠡᠳᠪᠦᠷᠢ ᠶᠢᠨ ᠵᠤᠭᠠᠴᠠᠯ ᠤᠨ ᠭᠤᠤᠯᠳᠠᠯᠭ᠎ᠠ ᠲᠠᠢ ᠲᠥᠷᠥᠯ ᠵᠦᠢᠯ ᠤᠨ ᠬᠥᠮᠥᠷᠭᠡ ᠤᠷᠤᠪᠠ︔ ᠬᠠᠲᠤᠨ | ᠭᠤᠣᠯ ᠤᠨ ᠵᠡᠭᠦᠳᠦ ᠵᠡᠷᠭᠡᠯᠭᠡᠨᠳᠦ ᠤᠰᠤᠨ ᠶᠢᠷᠳᠢᠨᠴᠦ ᠶᠢᠨ ᠤᠰᠤᠨ ᠴᠡᠩᠭᠡᠯ ᠤᠨ ᠲᠦᠷᠦᠯ ᠵᠦᠢᠯ ᠪᠠ ᠶᠡᠭᠡ | ᠠᠮᠤᠷᠯᠢᠩᠭᠤᠶ ᠰᠦᠮ᠎ᠡ ᠦᠵᠡᠮᠵᠢ ᠶᠢᠨ ᠣᠷᠣᠨᠤ ᠲᠡᠦᠬᠡ ᠰᠣᠶᠣᠯ ᠵᠤᠭᠠᠴᠠᠯ ᠤᠨ ᠦᠢᠯᠡᠳᠦᠯ ᠢ ᠭᠦᠢᠴᠡᠳ | ᠪᠠᠳᠠᠷᠠᠭᠤᠯᠵᠤ᠂ ᠣᠯᠠᠨ ᠡᠰᠢᠲᠦ ᠵᠤᠭᠠᠴᠠᠯ ᠤᠨ ᠦᠢᠯᠡᠳᠬᠦᠨ ᠢᠶᠠᠷ ᠵᠤᠭᠠᠴᠠᠯ ᠤᠨ ᠵᠤᠷᠢᠯᠭ᠎ᠠ ᠭᠠᠵᠠᠷ ᠤᠨ ᠪᠦᠳᠦᠭᠡᠨ | ᠪᠠᠶᠢᠭᠤᠯᠤᠯᠲᠠ ᠶᠢ ᠲᠠᠶᠢᠴᠢᠯᠠᠨ᠎ᠠ︔ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ᠂ ᠪᠡᠯᠡ ᠮᠥᠩᠭᠦ ᠪᠠ ᠲᠥᠷᠥᠯ | ᠵᠦᠢᠯ ᠲᠠᠨᠢᠯᠴᠠᠭᠤᠯᠬᠤ ᠵᠡᠷᠭᠡ ᠠᠷᠭ᠎ᠠ ᠵᠠᠮ ᠢ ᠠᠰᠢᠭᠯᠠᠨ ᠪᠡᠯᠡ ᠮᠦᠩᠭᠦ ᠲᠡᠮᠡᠴᠡᠨ ᠤᠯᠵᠤ᠂ ᠬᠠᠲᠤᠨ ᠭᠤᠣᠯ ᠤᠨ | ᠵᠤᠭᠠᠴᠠᠯ ᠤᠨ ᠵᠢᠵᠢᠭ ᠪᠠᠯᠭᠠᠰᠤ᠂ ᠬᠠᠲᠤᠨ ᠭᠤᠤᠯ ᠤᠨ ᠨᠤᠭᠤ ᠭᠠᠵᠠᠷ ᠤᠨ ᠴᠡᠴᠡᠷᠯᠢᠭ ᠤᠨ ᠪᠠᠶᠢᠭᠤᠯᠤᠯᠲᠠ ᠶᠢ | ᠭᠦᠨᠵᠡᠭᠡᠶᠢᠷᠡᠭᠦᠯᠦᠨ ᠠᠬᠢᠭᠤᠯᠤᠨ᠎ᠠ᠃ ᠰᠢᠯᠢᠳᠡᠭ ᠦᠵᠡᠮᠵᠢᠲᠦ ᠣᠷᠣᠨ ᠤ ᠪᠦᠳᠦᠭᠡᠨ ᠪᠠᠶᠢᠭᠤᠯᠤᠯᠲᠠ ᠪᠠᠷ | ᠳᠠᠮᠵᠢᠭᠤᠯᠤᠨ᠂ ᠰᠣᠳᠣᠨ ᠵᠤᠭᠠᠴᠠᠯ ᠤᠨ ᠱᠤᠭᠤᠮ ᠢ ᠠᠯᠬᠤᠮ ᠠᠯᠬᠤᠮ ᠢᠶᠠᠷ ᠪᠤᠢ ᠪᠣᠯᠭᠠᠵᠤ᠂ ᠪᠦᠬᠦ ᠣᠷᠣᠨ | ᠪᠦᠰᠡ ᠶᠢᠨ ᠵᠤᠭᠠᠴᠠᠯ ᠤᠨ ᠲᠤᠯᠭᠠᠭᠤᠷᠢᠯᠠᠬᠤ ᠰᠢᠰᠲ᠋ᠧᠮᠵᠢ ᠶᠢ ᠪᠦᠷᠢᠯᠳᠤᠭᠦᠯᠦᠨ᠎ᠡ᠃ | ᠭᠤᠷᠪᠠ ᠳᠤ᠂ ︽ᠲᠠᠷᠢᠶᠠᠴᠢᠨ ᠠᠶᠢᠯ ᠤᠨ ᠪᠠᠶᠠᠰᠤᠯ︾ ᠪᠣᠯᠤᠨ ᠬᠥᠳᠡᠭᠡ ᠲᠣᠰᠬᠤᠨ ᠤ ᠵᠤᠭᠠᠴᠠᠯ ᠤᠨ | ᠬᠥᠭᠵᠢᠯᠲᠡ ᠶᠢ ᠬᠥᠲᠥᠯᠥᠨ ᠵᠢᠯᠣᠭᠤᠳᠴᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ | ᠪᠤᠳᠤᠯᠭ᠎ᠠ ᠶᠢᠨ ᠰᠢᠨ᠎ᠡ ᠬᠥᠳᠡᠯᠭᠡᠬᠦ ᠬᠦᠴᠦᠨ ᠪᠤᠯᠭᠠᠨ ᠪᠤᠶᠢᠵᠢᠭᠤᠯᠤᠨ᠎ᠠ᠃ 2018 ᠣᠨ ᠳᠤ᠂ ᠮᠠᠨ ᠤ ᠰᠢᠶᠠᠨ | ᠲᠠᠷᠢᠶᠠᠴᠢᠨ ᠠᠶᠢᠯ ᠤᠨ ᠪᠠᠶᠠᠰᠤᠯ᠂ ᠠᠷᠠᠳ ᠤᠨ ᠰᠠᠭᠤᠴᠠ ᠶᠢᠨ ᠵᠤᠭᠠᠴᠠᠯ ᠪᠠ ᠲᠠᠷᠢᠶᠠᠯᠠᠩ ᠤᠨ ᠶᠡᠷᠦᠩᠬᠡᠶᠢᠯᠡᠭᠰᠡᠨ | ᠴᠤᠭᠴᠠᠳᠤ ᠬᠥᠳᠡᠭᠡ ᠲᠣᠰᠬᠤᠨ ᠤ ᠵᠤᠭᠠᠴᠠᠯ ᠢ ᠭᠦᠨᠵᠡᠭᠡᠶᠢᠷᠡᠨ ᠬᠦᠭᠵᠢᠭᠦᠯᠬᠦ ᠶᠢ ᠠᠬᠢᠭᠤᠯᠵᠤ᠂ ᠲᠠᠷᠢᠶᠠᠯᠠᠩ ᠤᠨ | ᠶᠡᠷᠦᠩᠬᠡᠶᠢᠯᠡᠭᠰᠡᠨ ᠲᠤᠷᠰᠢᠯᠲᠠ ᠶᠢᠨ ᠠᠵᠢᠯ ᠢ ᠭᠦᠨᠵᠡᠭᠡᠶ ᠥᠷᠨᠢᠭᠦᠯᠵᠦ᠂ ᠲᠡᠳᠬᠦᠨ ᠳᠡᠮᠵᠢᠬᠦ ᠪᠠ ᠬᠥᠲᠥᠯᠥᠨ | ᠵᠢᠯᠣᠭᠤᠳᠴᠤ᠂ ᠱᠸᠡᠨ ᠴᠢᠦᠸᠠᠨ ᠵᠤᠰᠠᠯᠠᠩ᠂ ᠲᠢᠶᠠᠨ ᠶᠦᠸᠠᠨ ᠢ ᠫᠢᠨ᠂ ᠬᠠᠲᠤᠨ ᠭᠤᠣᠯ ᠲᠤᠮᠤ ᠪᠠᠭᠤᠳᠠᠯ᠂ | ᠮᠧᠢ ᠶᠤᠸᠠᠨ ᠵᠢᠭᠠᠰᠤᠨ ᠦᠢᠯᠡᠰ ᠵᠡᠷᠭᠡ ᠲᠠᠷᠢᠶᠠᠴᠢᠨ ᠠᠶᠢᠯ ᠤᠨ ᠪᠠᠶᠠᠰᠤᠯ ᠵᠡᠷᠭᠡ ᠬᠥᠳᠡᠭᠡ ᠲᠣᠰᠬᠤᠨ ᠤ | ᠵᠣᠴᠢᠯᠠᠬᠤ ᠡᠷᠦᠬᠡ ᠢ ᠳᠡᠰ ᠲᠡᠪᠰᠢᠭᠦᠯᠦᠨ ᠦᠷᠭᠡᠳᠭᠡᠪᠡ᠃ ᠡᠨᠡ ᠵᠢᠯ ᠠᠩᠬᠠᠳᠤᠭᠠᠷ ᠬᠤᠭᠤᠴᠠᠭᠠᠨ ᠤ ᠬᠠᠲᠤᠨ | ᠭᠤᠣᠯ ᠤᠨ ᠭᠡᠰᠤᠯᠳᠠ ᠵᠢᠭᠠᠰᠤᠨ ᠨᠠᠶᠢᠷ ᠢ ᠠᠮᠵᠢᠯᠲᠠ ᠲᠠᠢ ᠡᠷᠬᠢᠯᠡᠭᠰᠡᠨ ᠰᠠᠭᠤᠷᠢᠨ ᠳᠡᠭᠡᠷ᠎ᠡ᠂ ᠬᠠᠲᠤᠨ ᠭᠤᠤᠯ ᠤᠨ | ᠨᠤᠭᠤ ᠭᠠᠵᠠᠷ ᠤᠨ ᠵᠤᠭᠠᠴᠠᠯ ᠤᠨ ᠢᠳᠡᠭᠡᠨ ᠤᠮᠳᠠᠭᠠᠨ ᠤ ᠨᠡᠶᠢᠭᠡᠮᠯᠢᠭ ᠤᠨ ᠦᠢᠯᠡᠳᠦᠯ ᠢ ᠦᠷᠭᠦᠯᠵᠢᠯᠡᠨ ᠰᠠᠶᠢᠲᠤᠷ | ᠪᠠᠳᠠᠷᠠᠭᠤᠯᠵᠤ᠂ ︽ᠲᠠᠷᠢᠶᠠᠴᠢᠨ ᠠᠶᠢᠯ ᠤᠨ ᠪᠠᠶᠠᠰᠤᠯ︾ ᠬᠥᠳᠡᠭᠡ ᠲᠣᠰᠬᠤᠨ ᠤ ᠵᠣᠴᠢᠯᠠᠬᠤ ᠡᠷᠦᠬᠡ ᠶᠢᠨ ᠬᠠᠲᠤᠨ | ᠭᠤᠣᠯ ᠤᠨ ᠰᠣᠶᠣᠯ ᠵᠤᠭᠠᠴᠠᠯ ᠤᠨ ᠨᠠᠶᠢᠷ᠂ ᠡᠪᠦᠯ ᠤᠨ ᠵᠢᠭᠠᠰᠤ ᠠᠩᠨᠠᠬᠤ ᠨᠠᠶᠢᠷ ᠵᠡᠷᠭᠡ ᠤᠯᠠᠨ ᠲᠦᠮᠡᠨᠴᠢ | ᠴᠢᠨᠠᠷᠲᠠᠶ ᠠᠵᠢᠯᠯᠠᠭ᠎ᠠ ᠳᠤ ᠣᠷᠣᠯᠴᠠᠬᠤ ᠢᠳᠡᠪᠬᠢᠵᠢᠯ ᠢ ᠪᠠᠳᠠᠷᠠᠭᠤᠯᠵᠤ ᠪᠠᠶᠢᠨ᠎ᠠ᠃ ᠡᠭᠦᠨ ᠤ ᠬᠠᠮᠲᠤ᠂ ᠡᠯ᠎ᠡ | ᠵᠦᠢᠯ ᠤᠨ ᠵᠠᠭᠤᠯᠴᠢᠯᠠᠭᠤᠷ ᠢ ᠠᠰᠢᠭᠯᠠᠨ ᠪᠦᠬᠦ ᠲᠠᠯ᠎ᠠ ᠪᠠᠷ᠂ ᠤᠯᠠᠨ ᠬᠡᠯᠪᠡᠷᠢ ᠪᠠᠷ ᠲᠣᠭᠲᠠᠬᠤ ᠵᠤᠭᠠᠴᠠᠯ ᠤᠨ | ᠬᠦᠳᠡᠯᠭᠡᠭᠡᠨ ᠤ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠰᠢᠨ᠎ᠡ ᠬᠥᠳᠡᠯᠭᠡᠬᠦ ᠬᠦᠴᠦᠨ ᠢ ᠨᠡᠮᠡᠷᠢᠯᠡᠨ᠂ ᠬᠥᠳᠡᠭᠡ ᠲᠣᠰᠬᠤᠨ ᠤ ᠵᠤᠭᠠᠴᠠᠯ ᠤᠨ ᠬᠥᠭᠵᠢᠯᠲᠡ ᠶᠢᠨ | ᠲᠠᠬᠢᠨ ᠰᠢᠨ᠎ᠡ ᠳᠡᠭᠲᠡᠷ ᠲᠤ ᠭᠠᠷᠬᠤ ᠶᠢ ᠴᠢᠷᠮᠠᠶᠢᠨ ᠠᠬᠢᠭᠤᠯᠵᠤ ᠪᠠᠶᠢᠨ᠎ᠠ᠃ | ᠲᠦᠷᠪᠡ ᠳᠤ᠂ ᠵᠤᠭᠠᠴᠠᠯ ᠤᠨ ᠲᠦᠷᠦᠯ ᠵᠦᠢᠯ ᠪᠤᠯᠤᠨ ᠵᠦᠷᠢᠶᠡᠴᠢᠯᠡᠭᠰᠡᠨ ᠵᠤᠭᠠᠴᠠᠯ ᠤᠨ ᠦᠢᠯᠡᠳᠬᠦᠨ ᠢ | ᠲᠠᠰᠤᠷᠠᠯᠲᠠ ᠦᠭᠡᠢ ᠨᠡᠭᠡᠭᠡᠨ ᠬᠥᠭᠵᠢᠭᠦᠯᠵᠦ᠂ ᠰᠣᠶᠣᠯ ᠵᠤᠭᠠᠴᠠᠯ ᠤᠨ ᠰᠢᠨ᠎ᠡ ᠪᠠᠶᠢᠳᠠᠯ ᠢ ᠬᠦᠴᠦ ᠲᠠᠯᠪᠢᠨ | ᠦᠷᠭᠡᠳᠭᠡᠪᠡ᠃ 2018 ᠣᠨ ᠳᠤ᠂ ᠪᠢᠳᠠ ᠬᠤᠶᠢᠲᠤ ᠳᠠᠶᠢᠵᠢ ᠬᠤᠪᠢᠰᠬᠠᠯ ᠤᠨ ᠰᠤᠷᠭᠠᠨ ᠬᠥᠮᠦᠵᠢᠯ ᠤᠨ | ᠵᠤᠭᠠᠴᠠᠯ ᠤᠨ ᠲᠦᠷᠦᠯ ᠵᠦᠢᠯ ᠤᠨ ᠳᠡᠯᠭᠡᠨ ᠦᠵᠡᠭᠦᠯᠦᠯᠭᠡ ᠶᠢᠨ ᠲᠠᠯᠠᠪᠠᠢ ᠶᠢ ᠥᠷᠭᠡᠳᠬᠡᠵᠦ᠂ ᠨᠠᠮ ᠤᠨ ᠬᠦᠰᠡᠯᠡᠩ | ᠢᠲᠡᠭᠡᠯ ᠪᠢᠰᠢᠷᠡᠯ ᠤᠨ ᠬᠥᠮᠦᠵᠢᠯ ᠪᠠ ᠬᠤᠪᠢᠰᠬᠠᠯᠲᠤ ᠤᠳᠤᠮᠰᠢᠯ ᠢ ᠦᠶ᠎ᠡ ᠶᠢᠨ ᠦᠶ᠎ᠡ ᠳᠤ ᠤᠯᠠᠮᠵᠢᠯᠠᠭᠤᠯᠬᠤ | ᠬᠡᠷᠡᠭᠳᠡᠢ︔ ᠿᠦᠢ ᠸᠧ ᠦᠵᠦᠮ ᠤᠨ ᠠᠷᠢᠬᠢ᠂ ᠶᠦᠨ ᠵᠦᠩ ᠠᠷᠢᠬᠢᠨ ᠦᠢᠯᠡᠰ ᠤᠨ ᠺᠣᠮᠫᠠᠨᠢ ᠳᠤ ᠲᠦᠰᠢᠭᠯᠡᠨ᠂ | ᠠᠵᠤ ᠦᠢᠯᠡᠳᠪᠦᠷᠢ ᠶᠢᠨ ᠵᠤᠭᠠᠴᠠᠯ ᠤᠨ ᠲᠥᠷᠥᠯ ᠵᠦᠢᠯ ᠢ ᠭᠦᠨᠵᠡᠭᠡᠶᠢᠷᠡᠭᠦᠯᠦᠨ᠎ᠡ︔ ᠲᠤᠬᠠᠶ ᠶᠢᠨ ᠭᠠᠵᠠᠷ ᠲᠤᠨᠢ | ᠲᠣᠬᠢᠷᠠᠭᠤᠯᠤᠨ ᠮᠥᠰᠥ ᠴᠠᠰᠤᠨ ᠲᠠᠮᠢᠷ ᠤᠨ ᠵᠤᠭᠠᠴᠠᠯ ᠤᠨ ᠦᠢᠯᠡᠳᠭᠦᠨ ᠢ ᠴᠢᠷᠮᠠᠶᠢᠨ ᠨᠡᠭᠡᠭᠡᠨ ᠬᠥᠭᠵᠢᠭᠦᠯᠵᠦ ᠂ | ᠮᠥᠰᠥ ᠴᠠᠰᠤᠨ ᠤ ᠲᠠᠮᠢᠷ ᠪᠠ ᠠᠷᠠᠳ ᠤᠨ ᠵᠠᠩ ᠦᠢᠯᠡ ᠲᠠᠢ ᠬᠠᠶᠢᠨ ᠰᠦᠪᠡᠭᠴᠢᠯᠡᠵᠦ᠂ ᠮᠥᠰᠥ ᠴᠠᠰᠤ ᠶᠢᠨ | ᠲᠠᠮᠢᠷ ᠪᠤᠯᠤᠨ ᠰᠤᠯᠠ ᠰᠡᠯᠡᠭᠦᠦ ᠵᠤᠭᠠᠴᠠᠯ ᠲᠠᠢ ᠬᠠᠷᠢᠯᠴᠠᠨ ᠤᠶᠠᠯᠳᠤᠭᠤᠯᠬᠤ᠂ ᠡᠪᠦᠯ ᠤᠨ ᠤᠯᠠᠷᠢᠯ ᠳᠤ ᠵᠢᠭᠠᠰᠤ | ᠠᠩᠨᠠᠬᠤ ᠨᠠᠶᠢᠷ ᠵᠡᠷᠭᠡ ᠵᠤᠭᠠᠴᠠᠯ ᠤᠨ ᠵᠦᠢᠯᠡᠰ ᠢ ᠵᠤᠬᠢᠶᠠᠨ ᠪᠠᠶᠢᠭᠤᠯᠤᠨ᠎ᠠ︔ ᠥᠪᠡᠷᠲᠡᠭᠡᠨ ᠵᠠᠰᠠᠬᠤ ᠣᠷᠣᠨ ᠤ | ᠵᠤᠭᠠᠴᠠᠯ ᠤᠨ ᠬᠥᠭᠵᠢᠭᠦᠯᠦᠯᠲᠡ ᠶᠢᠨ ᠲᠤᠰᠬᠠᠶ ᠵᠦᠢᠯ ᠤᠨ ᠪᠡᠯᠡ ᠮᠥᠩᠭᠦ ᠶᠢ ᠬᠢᠨᠠᠨ ᠬᠠᠮᠢᠶᠠᠷᠬᠤ ᠪᠠ ᠬᠡᠷᠡᠭᠯᠡᠬᠦ ᠶᠢ | ᠰᠠᠶᠢᠲᠤᠷ ᠠᠳᠬᠤᠬᠤ ᠬᠡᠷᠡᠭᠳᠡᠢ︔ ︽ᠵᠣᠷᠯᠣᠩ ᠤᠨ ᠦᠭᠡᠷᠡᠴᠢᠯᠡᠯᠳᠡ︾ ᠲᠠᠢ ᠤᠶᠠᠯᠳᠤᠭᠤᠯᠤᠨ᠂ ᠰᠢᠨ᠎ᠡ ᠭᠤᠷᠪᠠᠨ | ᠵᠢᠯ ︵2018 - 2020︶ ᠤᠨ ᠲᠥᠯᠥᠪᠯᠡᠭᠡ ᠲᠤᠭᠳᠠᠭᠠᠨ᠂ ᠮᠠᠨ ᠤ ᠰᠢᠶᠠᠨ ᠤ ᠵᠤᠭᠠᠴᠠᠯ ᠤᠨ ᠤᠷᠤᠨ ᠤ | ᠵᠣᠷᠯᠣᠩ ᠤᠨ ᠪᠥᠲᠥᠭᠡᠨ ᠪᠠᠶᠢᠭᠤᠯᠤᠯᠲᠠ ᠬᠠᠮᠢᠶᠠᠷᠤᠯᠲᠠ ᠶᠢᠨ ᠠᠯᠬᠤᠮ ᠢᠶᠠᠨ ᠲᠦᠭᠡᠳᠭᠡᠨᠡ᠃ | ᠲᠢᠶᠠᠨ ᠯᠢ ᠵᠢᠶᠦ᠋ᠨ | ᠰᠦᠯᠵᠢᠶᠡᠨ ᠤ ᠠᠨᠳᠠ ᠨᠠᠷ ᠤᠨ ︽ᠲᠣᠭᠲᠠᠬᠤ ᠰᠢᠶᠠᠨ ᠤ ᠬᠥᠮᠦᠨ︾ ᠭᠡᠬᠦ ᠠᠰᠠᠭᠤᠳᠠᠯ ᠤᠨ ᠲᠤᠬᠠᠢ᠂ | ᠥᠨᠥ ᠮᠠᠨ ᠤ ᠰᠢᠶᠠᠨ ᠤ ᠬᠢᠨ ᠪᠦᠬᠦ ᠣᠷᠣᠨ ᠪᠦᠰᠡ ᠶᠢᠨ ᠵᠤᠭᠠᠴᠠᠯ ᠤᠨ ᠵᠢᠱᠢᠶᠡᠴᠢ ᠣᠷᠣᠨ ᠢ ᠡᠭᠦᠳᠦᠨ | ᠪᠠᠶᠢᠭᠤᠯᠬᠤ ᠠᠵᠢᠯ ᠢ ᠡᠬᠢᠯᠡᠭᠦᠯᠵᠦ᠂ ᠤᠯᠤᠰ ᠤᠨ ᠪᠦᠬᠦ ᠣᠷᠣᠨ ᠪᠦᠰᠡ ᠶᠢᠨ ᠵᠤᠭᠠᠴᠠᠯ ᠤᠨ ᠵᠢᠱᠢᠶᠡᠴᠢ ᠣᠷᠣᠨ ᠢ | ᠡᠭᠦᠳᠦᠨ ᠪᠠᠶᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠪᠠᠶᠢᠭᠤᠯᠵᠤ᠂ ᠨᠢᠭᠡᠳᠦᠯᠲᠡᠶ ᠬᠠᠮᠵᠢᠯᠴᠠᠬᠤ | ᠠᠵᠢᠯ ᠤᠨ ᠲᠣᠭᠲᠠᠴᠠ ᠶᠢ ᠪᠦᠷᠢᠯᠳᠦᠭᠦᠯᠦᠭᠰᠡᠨ ᠪᠠᠶᠢᠨ᠎ᠠ᠃ ︽ᠲᠣᠭᠲᠠᠬᠤ ᠰᠢᠶᠠᠨ ᠤ ᠤᠯᠤᠰ ᠤᠨ ᠪᠦᠬᠦ ᠣᠷᠣᠨ | ᠪᠦᠰᠡ ᠶᠢᠨ ᠵᠤᠭᠠᠴᠠᠯ ᠤᠨ ᠵᠢᠱᠢᠶᠡᠴᠢ ᠣᠷᠣᠨ ᠢ ᠡᠭᠦᠳᠦᠨ ᠪᠠᠶᠢᠭᠤᠯᠬᠤ ᠠᠵᠢᠯ ᠤᠨ ᠬᠡᠷᠡᠭᠵᠢᠭᠦᠯᠬᠦ ᠲᠥᠰᠦᠯ︾ | ᠲᠤᠭᠳᠠᠭᠠᠵᠤ᠂ ᠪᠥᠬᠦ ᠣᠷᠣᠨ ᠪᠦᠰᠡ ᠶᠢᠨ ᠵᠢᠭᠤᠯᠴᠢᠯᠠᠯ ᠤᠨ ᠬᠥᠭᠵᠢᠯᠲᠡ ᠶᠢᠨ ᠬᠠᠷᠠᠯᠲᠠ ᠡᠭᠦᠷᠭᠡ᠂ ᠠᠵᠢᠯ ᠤᠨ | ᠭᠤᠣᠯᠳᠠᠯᠭ᠎ᠠ᠂ ᠪᠠᠳᠤᠯᠭᠠᠨ ᠤ ᠠᠷᠭ᠎ᠠ ᠬᠡᠮᠵᠢᠶ᠎ᠡ ᠶᠢ ᠲᠣᠳᠣᠷᠬᠠᠶᠢᠯᠠᠵᠤ᠂ ᠪᠦᠬᠦ ᠣᠷᠣᠨ ᠪᠦᠰᠡ ᠶᠢᠨ ᠵᠤᠭᠠᠴᠠᠯ ᠤᠨ | ᠵᠢᠱᠢᠶᠡᠴᠢ ᠣᠷᠣᠨ ᠢ ᠪᠠᠶᠢᠭᠤᠯᠬᠤ ᠬᠦᠴᠦᠷᠬᠡᠭ ᠶᠡᠭᠡ ᠨᠡᠶᠢᠯᠡᠯ ᠬᠦᠴᠦᠨ ᠢ ᠪᠦᠷᠢᠳᠦᠭᠦᠯᠦᠨ ᠠᠬᠢᠭᠤᠯᠤᠭᠰᠠᠨ ᠪᠠᠶᠢᠨ᠎ᠠ | ᠃ ︽ᠪᠥᠬᠦ ᠤᠷᠤᠨ ᠪᠦᠰᠡ ᠶᠢᠨ ᠵᠤᠭᠠᠴᠠᠯ︾ ᠢ ᠡᠭᠦᠳᠦᠨ ᠪᠠᠶᠢᠭᠤᠯᠬᠤ ᠪᠠᠷ ᠭᠠᠷᠲᠠᠴᠠ ᠪᠣᠯᠭᠠᠨ᠂ ︽ᠵᠤᠭᠠᠴᠠᠯ + | ︾ ᠪᠠᠶᠢᠯᠳᠤᠬᠤ ᠪᠣᠳᠣᠯᠭ᠎ᠠ ᠶᠢ ᠶᠡᠬᠡᠪᠡᠷ ᠬᠡᠷᠡᠭᠵᠢᠭᠦᠯᠵᠦ᠂ ᠰᠣᠶᠣᠯ ᠵᠤᠭᠠᠴᠠᠯ ᠤᠨ ᠦᠢᠯᠡᠰ ᠤᠨ ᠲᠠᠲᠠᠬᠤ ᠬᠦᠴᠦᠨ᠂ | ᠠᠭᠤᠰᠤᠯᠳᠤᠯ ᠢ ᠲᠦᠷᠭᠡᠳᠬᠡᠬᠦ᠂ ᠬᠤᠷᠠᠭᠤᠯᠬᠤ ᠦᠢᠯᠡᠳᠦᠯ ᠢ ᠴᠢᠬᠤᠯᠠᠴᠢᠯᠠᠵᠤ᠂ ᠵᠤᠭᠠᠴᠠᠯ ᠤᠨ ᠦᠢᠯᠡᠰ ᠪᠣᠯᠤᠨ | ᠪᠤᠰᠤᠳ ᠠᠵᠤ ᠦᠢᠯᠡᠰ ᠤᠨ ᠠᠭᠤᠰᠤᠯᠴᠠᠨ ᠬᠥᠭᠵᠢᠬᠦ᠂ ᠬᠠᠮᠲᠤ ᠪᠠᠷ ᠣᠷᠣᠰᠢᠵᠤ ᠬᠠᠮᠲᠤ ᠪᠠᠷ ᠠᠯᠳᠠᠷᠰᠢᠬᠤ ᠶᠢ | ᠠᠬᠢᠭᠤᠯᠵᠤ᠂ ᠪᠦᠬᠦ ᠣᠷᠣᠨ ᠪᠦᠰᠡᠵᠢᠯᠲᠡ ᠵᠤᠭᠠᠴᠠᠯ ᠤᠨ ᠦᠢᠯᠡᠳᠬᠦᠨ ᠪᠠ ᠡᠵᠡᠩᠨᠡᠯᠲᠡ ᠶᠢᠨ ᠬᠡᠯᠪᠡᠷᠢ ᠪᠠᠶᠢᠳᠠᠯ | ᠪᠦᠷᠢᠯᠳᠦᠨ᠂ ᠮᠠᠨ ᠤ ᠰᠢᠶᠠᠨ ᠤ ᠵᠤᠭᠠᠴᠠᠯ ᠤᠨ ᠠᠵᠤ ᠦᠢᠯᠡᠰ ᠤᠨ ︽ᠦᠵᠡᠮᠵᠢ ᠶᠢᠨ ᠴᠢᠭ ᠤᠨ ᠵᠤᠭᠠᠴᠠᠯ︾ | ᠠᠴᠠ ︽ᠪᠥᠬᠦ ᠤᠷᠤᠨ ᠪᠦᠰᠡ ᠶᠢᠨ ᠵᠤᠭᠠᠴᠠᠯ︾ ᠵᠦᠭ ᠬᠤᠪᠢᠷᠠᠬᠤ ᠶᠢ ᠪᠦᠬᠦ ᠬᠦᠴᠦᠨ ᠢᠶᠠᠷ ᠲᠦᠯᠬᠢᠨ | ᠠᠬᠢᠭᠤᠯᠵᠤ᠂ ᠰᠣᠶᠣᠯ ᠵᠤᠭᠠᠴᠠᠯ ᠤᠨ ᠦᠢᠯᠡᠰ ᠢ ᠪᠦᠬᠦ ᠰᠢᠶᠠᠨ ᠤ ᠪᠠᠶᠢᠯᠳᠤᠬᠤ ᠪᠤᠳᠤᠯᠭ᠎ᠠ ᠶᠢᠨ ᠴᠢᠨᠠᠷᠲᠠᠢ | ᠲᠤᠯᠭᠠᠭᠤᠷᠢ ᠠᠵᠤ ᠦᠢᠯᠡᠰ ᠪᠣᠯᠭᠠᠨ ᠴᠢᠷᠮᠠᠶᠢᠨ ᠪᠥᠲᠥᠭᠡᠨ ᠪᠠᠶᠢᠭᠤᠯᠤᠨ᠎ᠠ᠃ | ᠲᠦᠶᠠᠨ ᠯᠢ ᠵᠢᠶᠦ᠋ᠨ | ᠰᠦᠯᠵᠢᠶᠡᠨ ᠤ ᠠᠨᠳᠠᠨᠠᠷ ᠤᠨ ︽ᠵᠤᠭᠠᠴᠠᠯ︾ ᠤᠨ ᠠᠰᠠᠭᠤᠳᠠᠯ ᠤᠨ ᠲᠤᠬᠠᠶ᠂ ᠲᠤᠭᠳᠠᠬᠤ ᠶᠢᠨ ᠲᠡᠦᠬᠡ ᠂ | ᠬᠥᠮᠥᠡᠯᠢᠭ᠂ ᠠᠮᠢ ᠠᠬᠤᠢ ᠪᠣᠯᠤᠨ ᠥᠪᠡᠷᠮᠢᠴᠡ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠤ ᠡᠬᠢ | ᠪᠠᠶᠠᠯᠢᠭ ᠶᠢ ᠭᠦᠨ ᠠᠭᠤᠳᠠᠯᠠᠬᠤ ᠪᠠᠷ ᠳᠠᠮᠵᠢᠭᠤᠯᠤᠨ ᠣᠳᠣᠬᠠᠨ ᠤ ᠮᠠᠨ ᠤ ᠰᠢᠶᠠᠨ ᠤ ᠵᠤᠭᠠᠴᠠᠯ ᠬᠢᠭᠡᠳ ᠲᠡᠦᠬᠡ | ᠰᠣᠶᠣᠯ᠂ ᠵᠤᠭ᠎ᠠ ᠴᠡᠩᠭᠡᠯ ᠤᠨ ᠲᠠᠷᠢᠶᠠᠯᠠᠩ᠂ ᠤᠨᠢᠨ ᠳᠡᠭᠡᠷ᠎ᠡ ᠨᠢ ᠶᠠᠳᠠᠭᠤ ᠶᠢ ᠲᠡᠳᠬᠦᠬᠦ᠂ ᠠᠷᠠᠯᠵᠢᠶ᠎ᠠ | ᠬᠤᠳᠠᠯᠳᠤᠭ᠎ᠠ ᠭᠦᠢᠯᠭᠡᠭᠡ᠂ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠵᠡᠷᠭᠡ ᠲᠠᠯ᠎ᠠ ᠪᠠᠷ ᠠᠭᠤᠰᠤᠯᠴᠠᠭᠤᠯᠤᠨ | ᠬᠥᠭᠵᠢᠭᠦᠯᠬᠦ ᠶᠢ ᠠᠬᠢᠭᠤᠯᠵᠠᠢ᠃ | ︽ᠵᠤᠭᠠᠴᠠᠯ + ᠰᠣᠶᠣᠯ︾ ᠲᠠᠯ᠎ᠠ ᠪᠠᠷ᠂ ᠲᠣᠭᠲᠠᠬᠤ ᠶᠢᠨ ᠲᠡᠦᠬᠡ ᠰᠣᠶᠣᠯ᠂ ᠬᠠᠳᠦᠠ ᠭᠤᠣᠯ ᠤᠨ | ᠰᠣᠶᠣᠯ ᠪᠣᠯᠤᠨ ᠮᠣᠩᠭᠤᠯ ᠶᠤᠸᠠᠨ ᠤ ᠰᠣᠶᠣᠯ ᠳᠤ ᠲᠦᠰᠢᠭᠯᠡᠨ᠂ ᠶᠦᠨ ᠵᠥᠩ ᠵᠢᠶᠦ᠋ᠨ ᠬᠠᠭᠤᠴᠢᠨ ᠬᠤᠲᠠ᠂ | ᠳ᠋ᠦᠩᠱᠧᠩ ᠸᠧᠢ ᠬᠠᠭᠤᠴᠢᠨ ᠬᠤᠲᠠ ᠶᠢᠨ ᠬᠠᠮᠠᠭᠠᠯᠠᠨ ᠨᠡᠭᠡᠭᠡᠨ ᠬᠦᠭᠵᠢᠭᠦᠯᠬᠦ ᠶᠢ ᠴᠢᠩᠭᠠᠳᠬᠠᠵᠤ᠂ ᠬᠠᠶᠢᠯᠠᠰᠤᠨ | ᠪᠤᠯᠠᠭ ᠰᠣᠶᠣᠯ᠂ ᠡᠷᠳᠡᠮᠲᠡᠨ ᠮᠡᠷᠭᠡᠳ ᠰᠣᠶᠣᠯ ᠢ ᠭᠦᠨᠵᠡᠭᠡᠶ ᠠᠭᠤᠳᠠᠯᠵᠤ᠂ ᠲᠣᠭᠲᠠᠬᠤ ᠶᠢᠨ ᠦᠯᠢᠭᠡᠷ ᠲᠡᠤᠬᠡ ᠶᠢ | ᠰᠤᠳᠤᠯᠤᠨ ᠰᠢᠨᠵᠢᠯᠡᠵᠤ ᠂ ᠰᠣᠶᠣᠯ ᠵᠤᠭᠠᠴᠠᠯ ᠤᠨ ᠬᠠᠮᠢᠶ᠎ᠠ ᠪᠥᠬᠦᠶ ᠳᠦᠬᠦᠷᠵᠢᠭᠰᠡᠨ ᠠᠵᠤ ᠦᠢᠯᠡᠰ ᠢ ᠶᠡᠬᠡᠪᠡᠷ | ᠬᠥᠭᠵᠢᠭᠦᠯᠵᠦ᠂ ᠵᠤᠭᠠᠴᠠᠭᠰᠠᠳ ᠲᠤ ᠲᠣᠭᠲᠠᠬᠤ ᠶᠢᠨ ᠣᠷᠣᠨ ᠨᠤᠲᠤᠭ ᠤᠨ ᠰᠣᠶᠣᠯ ᠢ ᠭᠦᠨᠵᠡᠭᠡᠶ ᠤᠶᠢᠯᠠᠭᠠᠬᠤ | ᠲᠠᠯᠠᠪᠤᠷ ᠪᠤᠯᠤᠨ ᠠᠴᠢᠶᠠᠯᠠᠭᠴᠢ ᠬᠠᠩᠭᠠᠵᠤ ᠦᠭᠭᠦᠨ᠎ᠡ᠃ ᠰᠣᠶᠣᠯ ᠤᠨ ᠴᠡᠴᠡᠭᠯᠡᠯ ᠬᠥᠭᠵᠢᠯ ᠢᠶᠠᠷ ᠵᠤᠭᠠᠴᠠᠯ ᠤᠨ | ᠦᠢᠯᠡᠰ ᠤᠨ ᠦᠷᠭᠦᠯᠵᠢᠯᠡᠨ ᠬᠥᠭᠵᠢᠭᠦᠯᠬᠦ ᠬᠥᠳᠡᠯᠭᠡᠭᠴᠢ ᠬᠦᠴᠦᠨ ᠢ ᠨᠡᠮᠡᠷᠢᠯᠡᠵᠤ᠂ ᠰᠣᠶᠣᠯ ᠤᠨ ᠵᠢᠭᠤᠯᠴᠢᠯᠠᠯ ᠤᠨ | ᠡᠬᠢ ᠪᠠᠶᠠᠯᠢᠭ ᠤᠨ ᠳᠠᠪᠠᠭᠤᠯᠢᠭ ᠠᠴᠠ ᠥᠷᠢᠰᠥᠯᠳᠦᠭᠡᠨ ᠤ ᠳᠠᠪᠠᠭᠤᠯᠢᠭ᠂ ᠬᠥᠭᠵᠢᠯᠲᠡ ᠶᠢᠨ ᠳᠠᠪᠠᠭᠤᠯᠢᠭ ᠪᠣᠯᠭᠠᠨ | ᠬᠤᠪᠢᠷᠠᠭᠤᠯᠬᠤ ᠬᠡᠷᠡᠭᠲᠡᠶ᠃ | ︽ᠵᠤᠭᠠᠴᠠᠯ + ᠲᠠᠷᠢᠶᠠᠯᠠᠩ︾ ᠤᠨ ᠲᠠᠯ᠎ᠠ ᠪᠠᠷ᠂ ᠬᠠᠲᠤᠨ ᠭᠤᠣᠯ ᠳᠠᠭᠠᠤ ᠣᠷᠣᠨ ᠤ ᠥᠪᠡᠷᠮᠢᠴᠡ ᠠᠭᠤᠷ | ᠠᠮᠢᠰᠬᠤᠯ ᠤᠨ ᠨᠥᠬᠦᠴᠡᠯ ᠪᠠ ᠬᠥᠷᠰᠢ ᠵᠡᠷᠭᠡᠯᠡᠳᠡᠭᠡ ᠣᠷᠣᠨ ᠤ ᠵᠤᠭᠠᠴᠠᠨ ᠲᠤᠭᠤᠷᠢᠬᠤ ᠳᠠᠪᠠᠭᠤᠯᠢᠭ ᠢ ᠠᠰᠢᠭᠯᠠᠨ᠂ | ᠦᠵᠦᠮ ᠤᠨ ᠲᠠᠷᠢᠮᠠᠯ ᠪᠣᠯᠤᠨ ᠤᠰᠤᠨ ᠭᠠᠷᠤᠯᠲᠠ ᠶᠢᠨ ᠲᠡᠵᠢᠭᠡᠨ ᠦᠷᠡᠵᠢᠭᠦᠯᠬᠦ ᠪᠠᠷ ᠭᠤᠣᠯ ᠪᠣᠯᠭᠠᠭᠰᠠᠨ ᠲᠠᠷᠢᠬᠤ | ᠲᠡᠵᠢᠭᠡᠨ ᠦᠷᠡᠵᠢᠭᠦᠯᠬᠦ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠲᠤᠬᠠᠶ ᠶᠢᠨ ᠭᠠᠵᠠᠷ ᠤᠨ ᠭᠠᠴᠠᠭ᠎ᠠ | ᠲᠤᠰᠬᠤᠨ ᠤ ᠠᠷᠠᠳ ᠤᠨ ᠬᠥᠮᠦᠨ ᠪᠦᠷᠢ ᠶᠢᠨ ᠳᠤᠮᠳᠠᠴᠢ ᠶᠢᠨ ᠣᠷᠣᠯᠭ᠎ᠠ 2 ᠲᠦᠮᠡᠨ ᠲᠥᠭᠦᠷᠢᠭ ᠠᠴᠠ ᠳᠠᠪᠠᠵᠤ | ᠪᠣᠶ᠃ ᠡᠭᠦᠨ ᠤ ᠬᠠᠮᠲᠤ᠂ ᠵᠤᠭᠠᠴᠠᠨ ᠲᠣᠭᠤᠷᠢᠬᠤ᠂ ᠦᠵᠦᠮ ᠲᠡᠷᠢᠮᠡᠯ᠂ ᠦᠵᠦᠮ ᠤᠨ ᠠᠷᠢᠬᠢ ᠨᠡᠷᠡᠬᠦ ᠪᠠᠷ ᠨᠢᠭᠡ | ᠴᠣᠭᠴᠠ ᠪᠣᠯᠭᠠᠭᠰᠠᠨ ᠷᠦᠢ ᠸᠧ ᠦᠵᠦᠮ ᠤᠨ ᠠᠷᠢᠬᠢᠨ ᠬᠦᠷᠢᠶᠡᠯᠡᠩ᠂ ᠬᠥᠳᠡᠭᠡ ᠨᠤᠲᠤᠭ ᠤᠨ ᠲᠠᠷᠢᠶᠠᠯᠠᠩ᠂ | ᠰᠡᠯᠡᠭᠦᠴᠡᠯ᠂ ᠪᠣᠬᠢᠷᠲᠤᠯ ᠦᠭᠡᠢ ᠢᠳᠡᠭᠡᠨ ᠤ ᠦᠢᠯᠡᠳᠪᠦᠷᠢᠯᠡᠯ ᠢᠶᠠᠷ ᠨᠢᠭᠡ ᠴᠣᠭᠴᠠ ᠪᠣᠯᠭᠠᠭᠰᠠᠨ ᠶᠦᠨ ᠵᠦᠩ | ᠲᠠᠷᠢᠶᠠᠯᠠᠩ ᠤᠨ ᠶᠡᠷᠦᠩᠬᠡᠶᠢᠯᠡᠭᠰᠡᠨ ᠴᠤᠭᠴᠠ ᠨᠢ ᠵᠤᠭᠠᠴᠠᠯ ᠬᠢᠭᠡᠳ ᠤᠳᠤ ᠦᠶ᠎ᠡ ᠶᠢᠨ ᠲᠠᠷᠢᠶᠠᠯᠠᠩ ᠮᠠᠯ ᠠᠵᠤ | ᠠᠬᠤᠶ ᠶᠢᠨ ᠠᠭᠤᠰᠤᠯᠴᠠᠨ ᠬᠥᠭᠵᠢᠬᠦ ᠰᠢᠨ᠎ᠡ ᠵᠠᠮ ᠢ ᠨᠡᠭᠡᠭᠡᠭᠰᠡᠨ ᠪᠠᠶᠢᠨ᠎ᠠ᠃ | ︽ᠵᠤᠭᠠᠴᠠᠯ + ᠠᠷᠠᠯᠵᠢᠶ᠎ᠠ︾ ᠶᠢᠨ ᠲᠠᠯ᠎ᠠ ᠪᠠᠷ᠂ ᠲᠣᠮᠣ ᠳ᠋ᠠᠶᠢᠲ᠋ᠠ᠂ ᠡᠯᠧᠺᠲᠷᠣᠨ ᠬᠤᠳᠠᠯᠳᠤᠭᠠᠨ ᠤ | ᠶᠠᠪᠤᠳᠠᠯ ᠤᠨ ᠵᠤᠭᠠᠴᠠᠯ ᠤᠨ ᠠᠵᠤ ᠦᠢᠯᠡᠰ ᠤᠨ ᠬᠥᠭᠵᠢᠯᠲᠡ ᠶᠢᠨ ᠳᠤᠮᠳᠠᠬᠢ ᠦᠢᠯᠡᠳᠦᠯ ᠢ ᠭᠦᠢᠴᠡᠳ | ᠪᠠᠳᠠᠷᠠᠭᠤᠯᠵᠤ᠂ ᠦᠵᠡᠰᠬᠦᠯᠡᠩᠲᠦ ᠰᠠᠶᠢᠬᠠᠨ ᠲᠣᠭᠲᠠᠬᠤ ᠬᠥᠳᠡᠭᠡ ᠲᠣᠰᠬᠤᠨ᠂ ᠵᠢᠶᠠ ᠹᠧᠩ ᠡᠯᠧᠺᠲᠷᠣᠨ | ᠬᠤᠳᠠᠯᠳᠤᠭᠠᠨ ᠤ ᠶᠠᠪᠤᠳᠠᠯ ᠵᠡᠷᠭᠡ ᠡᠯᠧᠺᠲᠷᠣᠨ ᠬᠤᠳᠠᠯᠳᠤᠭᠠᠨ ᠤ ᠦᠢᠯᠡᠴᠢᠯᠡᠭᠡᠨ ᠤ ᠲᠠᠪᠴᠠᠩ ᠢ ᠪᠠᠶᠢᠭᠤᠯᠵᠤ᠂ | ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠦᠵᠡᠮᠵᠢ ᠶᠢᠨ ᠤᠬᠠᠭᠤᠯᠭ᠎ᠠ᠂ ᠣᠨᠴᠠᠯᠢᠭ ᠪᠦᠬᠦᠢ ᠲᠠᠷᠢᠶᠠᠯᠠᠩ | ᠠᠵᠤ ᠠᠬᠤᠶ ᠶᠢᠨ ᠪᠦᠲᠦᠭᠡᠭᠳᠡᠬᠦᠨ ᠤ ᠪᠣᠷᠣᠯᠠᠭᠤᠯᠬᠤ᠂ ᠥᠪᠡᠷᠮᠢᠴᠡ ᠣᠨᠴᠠᠯᠢᠭ ᠲᠠᠢ ᠵᠤᠭᠠᠴᠠᠯ ᠤᠨ ᠱᠤᠭᠤᠮ ᠢ | ᠲᠠᠨᠢᠯᠴᠠᠭᠤᠯᠵᠤ ᠵᠡᠷᠭᠡ ᠳᠠᠪᠠᠭᠤᠯᠢᠭ ᠡᠬᠢ ᠪᠠᠶᠠᠯᠢᠭ ᠤᠨ ᠵᠠᠭᠤᠴᠢᠯᠠᠭᠤᠷ ᠤᠨ ᠦᠢᠯᠡᠳᠤᠯ ᠬᠠᠩᠭᠠᠭᠰᠠᠨ ᠪᠠᠶᠢᠨ᠎ᠠ᠂ | ᠡᠨᠡ ᠨᠢ ᠮᠠᠨ ᠤ ᠰᠢᠶᠠᠨ ᠤ ᠭᠠᠳᠠᠭᠠᠳᠤ ᠤᠷᠤᠨ ᠳᠠᠬᠢ ᠨᠡᠷ᠎ᠡ ᠠᠯᠳᠠᠷ ᠢ ᠳᠡᠭᠡᠭᠰᠢᠯᠡᠭᠦᠯᠦᠭᠰᠡᠨ ᠢᠶᠠᠷ ᠪᠠᠷᠠᠬᠤ ᠦᠭᠡᠢ | ᠬᠥᠳᠡᠭᠡ ᠲᠣᠰᠬᠤᠨ ᠤ ᠣᠨᠴᠠᠯᠢᠭ ᠪᠦᠬᠦᠢ ᠲᠠᠷᠢᠶᠠᠯᠠᠩ ᠠᠵᠤ ᠠᠬᠤᠶ ᠶᠢᠨ ᠪᠦᠲᠦᠭᠡᠭᠳᠡᠬᠦᠨ ᠤ ᠪᠤᠷᠤᠯᠠᠭᠤᠯᠤᠯᠳᠠ | ᠬᠦᠴᠢᠷ ᠠᠰᠠᠭᠤᠳᠠᠯ ᠢ ᠰᠢᠢᠳᠪᠦᠷᠢᠯᠡᠭᠰᠡᠨ ᠪᠠᠶᠢᠨ᠎ᠠ᠃ | ︽ᠶᠠᠳᠠᠭᠤ ᠶᠢ ᠲᠡᠳᠬᠦᠬᠦ + ᠵᠤᠭᠠᠴᠠᠯ︾ ᠤᠨ ᠲᠠᠯ᠎ᠠ ᠪᠠᠷ᠂ ᠱᠸᠡᠨ ᠴᠢᠦᠸᠠᠨ ᠠᠮᠢ ᠠᠬᠤᠢ ᠶᠢᠨ | ᠵᠤᠭᠠᠴᠠᠯ ᠤᠨ ᠦᠵᠡᠮᠵᠢ ᠶᠢᠨ ᠣᠷᠣᠨ᠂ ᠢ ᠯᠢᠦ ᠸᠠᠨ ᠲᠠᠷᠢᠶᠠᠯᠠᠩ ᠠᠵᠤ ᠠᠬᠤᠢ ᠶᠢᠨ ᠵᠤᠭᠠᠴᠠᠯ ᠤᠨ ᠪᠦᠰᠡ᠂ | ᠿᠦᠢ ᠸᠧ ᠦᠵᠦᠮ ᠤᠨ ᠠᠷᠢᠬᠢᠨ ᠬᠦᠷᠢᠶᠡᠯᠡᠩ ᠵᠡᠷᠭᠡ ᠵᠤᠭᠠᠴᠠᠯ ᠤᠨ ᠦᠵᠡᠮᠵᠢ ᠶᠢᠨ ᠤᠷᠤᠨ ᠤ ᠲᠠᠶᠢᠴᠢᠯᠠᠯᠳᠠ | ᠲᠤᠤᠷ᠎ᠠ᠂ ᠬᠠᠳᠤᠨ ᠭᠤᠣᠯ ᠳᠠᠭᠠᠤ ᠣᠷᠣᠨ ᠳᠤ ᠬᠥᠳᠡᠭᠡ ᠲᠣᠰᠬᠤᠨ ᠤ ᠵᠤᠭᠠᠴᠠᠯ ᠤᠨ ᠦᠢᠯᠡᠰ ᠢ ᠬᠦᠴᠦᠯᠡᠨ | ᠬᠥᠭᠵᠢᠭᠦᠯᠵᠦ᠂ ᠲᠠᠷᠢᠶᠠᠴᠢᠨ ᠡᠷᠦᠬᠡ ᠶᠢᠨ ᠠᠰᠢᠭᠯᠠᠭᠠᠳᠤᠢ ᠡᠳ᠋ ᠬᠦᠷᠦᠩᠭᠡ ᠶᠢ ᠠᠮᠢᠳᠤᠯᠢᠭ ᠪᠣᠯᠭᠠᠵᠤ᠂ | ᠲᠠᠷᠢᠶᠠᠴᠢᠳ ᠤᠨ ᠲᠠᠷᠢᠶᠠᠯᠠᠩ ᠤᠨ ᠪᠤᠰᠤ ᠠᠵᠤ ᠦᠢᠯᠡᠰ ᠤᠨ ᠠᠵᠢᠯ ᠣᠯᠭᠤᠯᠲᠠ ᠶᠢᠨ ᠪᠣᠱᠤᠭ᠎ᠠ ᠶᠢ ᠪᠠᠭᠤᠷᠠᠭᠤᠯᠵᠤ | ᠂ ᠲᠠᠷᠢᠶᠠᠴᠢᠳ ᠤᠨᠲ᠋ᠤᠬᠠᠶ ᠶᠢᠨ ᠭᠠᠵᠠᠷ ᠲᠠᠭᠠᠨ ᠰᠢᠯᠵᠢᠬᠦ ᠶᠢ ᠠᠬᠢᠭᠤᠯᠵᠤ᠂ ᠲᠠᠷᠢᠶᠠᠴᠢᠳ ᠤᠨ ᠠᠵᠢᠯ | ᠤᠯᠭᠤᠯᠳᠠ ᠶᠢ ᠪᠡᠶᠡᠯᠡᠭᠦᠯᠵᠦ ᠲᠠᠷᠢᠶᠠᠴᠢᠳ ᠲᠤ ᠶᠠᠳᠠᠭᠤ ᠠᠴᠠ ᠠᠩᠵᠢᠷᠠᠬᠤ ᠰᠢᠨ᠎ᠡ ᠠᠷᠭ᠎ᠠ ᠵᠠᠮ ᠤᠯᠭᠤᠵᠤ | ᠦᠭᠭᠦᠭᠰᠡᠨ ᠪᠠᠶᠢᠨ᠎ᠠ᠃ ᠪᠦᠬᠦ ᠰᠢᠶᠠᠨ ᠳᠤ ︽ᠲᠠᠷᠢᠶᠠᠴᠢᠨ ᠠᠶᠢᠯ ᠤᠨ ᠪᠠᠶᠠᠰᠤᠯ︾ ᠬᠥᠳᠡᠭᠡ ᠲᠣᠰᠬᠤᠨ ᠤ | ᠵᠤᠭᠠᠴᠠᠯ ᠤᠨ ᠦᠢᠯᠡᠴᠢᠯᠡᠭᠡᠨ ᠤ ᠠᠵᠢᠯᠳᠠᠨ 2600 ᠭᠠᠷᠤᠶ ᠬᠥᠮᠦᠨ ᠪᠠᠶᠢᠵᠤ᠂ ᠣᠷᠣᠯᠭ᠎ᠠ ᠨᠢ 5000 ᠲᠦᠮᠡᠨ | ᠲᠥᠭᠦᠷᠢᠭ ᠠᠴᠠ ᠲᠡᠭᠡᠭᠡᠰᠢ ᠬᠦᠷᠴᠡᠢ᠃ | ︽ᠵᠤᠭᠠᠴᠠᠯ + ᠠᠮᠢ ᠠᠬᠤᠶ︾ ᠶᠢᠨ ᠲᠠᠯ᠎ᠠ ᠪᠠᠷ᠂ ᠶᠡᠷᠦᠩᠬᠡᠢ ᠱᠦᠵᠢ ᠰᠢ ᠶᠢᠨ ᠫᠢᠩ ᠤᠨ ︽ᠬᠦᠬᠡ ᠤᠰᠤ | ᠬᠥᠬᠡᠮᠳᠦᠭ ᠠᠭᠤᠯᠠ ᠪᠣᠯ ᠳᠠᠷᠤᠢ ᠠᠯᠳᠠ ᠮᠥᠩᠭᠦᠨ ᠠᠭᠤᠯᠠ ᠮᠦᠨ︾ ᠬᠡᠬᠦ ᠴᠢᠬᠤᠯᠠ ᠥᠭᠦᠯᠡᠯᠲᠡᠶᠢᠨ ᠵᠣᠷᠢᠭ | ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠬᠡᠷᠡᠭᠵᠢᠭᠦᠯᠵᠦ᠂ ᠠᠮᠢ ᠠᠬᠤᠶ ᠶᠢ ᠵᠠᠰᠠᠵᠤ ᠬᠠᠮᠠᠭᠠᠯᠠᠬᠤ ᠠᠵᠢᠯ ᠢ | ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠵᠢᠯ ᠪᠦᠷᠢ ᠪᠦᠬᠦ ᠠᠷᠠᠳ ᠤᠨ ᠠᠯᠪᠠᠨ ᠵᠢᠷᠤᠮ ᠤᠨ ᠮᠣᠳᠣ ᠲᠠᠷᠢᠬᠤ | ᠠᠵᠢᠯᠯᠠᠭ᠎ᠠ ᠵᠣᠬᠢᠶᠠᠨ ᠪᠠᠶᠢᠭᠤᠯᠤᠨ ᠥᠷᠨᠢᠭᠦᠯᠵᠦ᠂ ᠣᠯᠠᠨ ᠵᠦᠢᠯ ᠤᠨ ᠨᠣᠭᠤᠭᠠᠷᠠᠭᠤᠯᠵᠤ ᠣᠶᠢᠵᠢᠭᠤᠯᠬᠤ | ᠭᠤᠣᠯᠳᠠᠯᠭ᠎ᠠ ᠲᠠᠢ ᠲᠦᠷᠦᠯ ᠵᠦᠢᠯ ᠢ ᠶᠡᠬᠡᠪᠡᠷ ᠬᠡᠷᠡᠭᠵᠢᠭᠦᠯᠦᠭᠰᠡᠨ ᠮᠦᠷᠳᠡᠭᠡᠨ ᠡᠨᠡ ᠵᠢᠯ ᠬᠥᠬᠡᠬᠤᠲᠠ ᠪᠤᠭᠤᠲᠤ | ᠤᠷᠳᠤᠰ ᠤᠨ ᠬᠠᠳᠤᠨ ᠭᠤᠣᠯ ᠠᠮᠢ ᠠᠬᠤᠢ ᠶᠢᠨ ᠬᠤᠩᠬᠢᠯ ᠤᠨ ᠪᠦᠳᠦᠬᠡᠨ ᠪᠠᠶᠢᠭᠤᠯᠤᠯᠲᠠ ᠶᠢᠨ ᠢᠨᠵᠧᠨᠧᠷᠢᠩ ᠶᠢ | ᠡᠬᠢᠯᠡᠭᠦᠯᠪᠡ᠃ ᠨᠢᠭᠡ ᠲᠠᠯ᠎ᠠ ᠪᠠᠷ᠂ ᠣᠷᠣᠨ ᠪᠦᠰᠡ ᠶᠢᠨ ᠠᠮᠢ ᠠᠬᠤᠶ ᠶᠢᠨ ᠣᠷᠴᠢᠨ ᠨᠥᠬᠦᠴᠡᠯ ᠢ ᠦᠨᠡᠨ ᠬᠦ | ᠰᠠᠶᠢᠵᠢᠷᠠᠭᠤᠯᠬᠤ᠂ ᠬᠥᠷᠥᠰᠥ ᠰᠢᠷᠣᠶ ᠶᠢᠨ ᠢᠳᠡᠭᠳᠡᠯ ᠢ ᠪᠦᠲᠦᠮᠵᠢᠲᠡᠶ ᠪᠠᠭᠤᠷᠠᠭᠤᠯᠵᠤ᠂ ᠬᠠᠳᠤᠨ ᠭᠤᠤᠯ ᠤᠨ | ᠬᠠᠮᠠᠭᠠᠯᠠᠯᠳᠠ ᠶᠢ ᠪᠠᠳᠤᠯᠠᠪᠠ︔ ᠨᠦᠬᠦᠭᠡ ᠲᠠᠯ᠎ᠠ ᠪᠠᠷ᠂ ᠠᠮᠢ ᠠᠬᠤᠶ ᠶᠢᠨ ᠦᠷ᠎ᠡ ᠠᠰᠢᠭ ᠬᠢᠭᠡᠳ ᠠᠵᠤ | ᠠᠬᠤᠶ ᠶᠢᠨ ᠦᠷ᠎ᠡ ᠠᠰᠢᠭ ᠤᠨ ᠬᠠᠮᠲᠤᠪᠠᠷ ᠠᠰᠢᠭ ᠬᠦᠷᠳᠡᠬᠦ᠋ᠢ ᠪᠡᠶᠡᠯᠡᠭᠦᠯᠬᠦ᠂ ᠵᠠᠮ ᠳᠠᠭᠠᠤ ᠭᠠᠵᠠᠷ ᠤᠨ ᠦᠵᠡᠮᠵᠢ | ᠤᠷᠤᠨ ᠤ ᠨᠣᠭᠤᠭᠠᠷᠠᠭᠤᠯᠤᠯᠲᠠ ᠶᠢᠨ ᠲᠠᠯᠠᠪᠠᠢ ᠶᠢ ᠳᠡᠭᠡᠭᠰᠢᠯᠡᠭᠦᠯᠵᠦ᠂ ᠬᠠᠳᠤᠨ ᠭᠤᠣᠯ ᠳᠠᠭᠠᠤ ᠵᠤᠭᠠᠴᠠᠯ ᠤᠨ ᠠᠵᠤ | ᠠᠬᠤᠶ ᠶᠢᠨ ᠪᠦᠰᠡ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠪᠦᠬᠦ ᠣᠷᠣᠨ ᠪᠦᠰᠡ ᠶᠢᠨ ᠠᠮᠢ | ᠠᠬᠤᠶ ᠶᠢᠨ ᠬᠠᠮᠠᠭᠠᠯᠠᠯᠲᠠ ᠶᠢᠨ ᠦᠷᠭᠦᠯᠵᠢᠯᠡᠨ ᠬᠥᠭᠵᠢᠯᠲᠡ ᠶᠢ ᠪᠠᠳᠤᠯᠠᠪᠠ᠃ | ᠬᠠᠮᠢᠶᠠᠷᠤᠭᠴᠢ | ᠬᠥᠬᠡᠬᠤᠲᠠ ᠶᠢᠨ ᠲᠣᠭᠲᠠᠬᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠲᠢᠶᠠᠨ ᠯᠢ | ᠵᠢᠶᠦ᠋ᠨ ᠨᠦᠬᠦᠷ ᠲᠤ ᠪᠠᠶᠠᠷᠯᠠᠯ᠎ᠠ᠂ ᠰᠦᠯᠵᠢᠶᠡᠨ ᠠᠨᠳᠠ ᠨᠠᠷ ᠤᠨ ᠠᠩᠬᠠᠷᠤᠯ ᠢᠶᠠᠨ ᠬᠠᠨᠳᠤᠭᠤᠯᠵᠤ ᠢᠳᠡᠪᠬᠢᠳᠡᠢ | ᠤᠷᠤᠯᠴᠠᠭᠰᠠᠨ ᠳᠤ ᠲᠠᠯᠠᠷᠬᠠᠵᠤ ᠪᠠᠶᠢᠨ᠎ᠠ᠂ ᠲᠣᠰ ᠬᠤᠭᠤᠴᠠᠭᠠᠨ ᠤ ᠰᠤᠷᠪᠤᠯᠵᠢᠯᠠᠭ᠎ᠠ ᠠᠳᠡ ᠭᠦᠷᠦᠭᠡᠳ ᠲᠡᠭᠦᠰᠦᠯ᠎ᠡ | ᠂ ᠪᠠᠶᠠᠷᠯᠠᠯ᠎ᠠ ︕. |