ᠲᠣᠭᠲᠠᠬᠤ ᠰᠢᠶᠠᠨ ︽ᠡᠷᠡᠭᠦᠯ ᠮᠡᠨᠳᠦ  ᠪᠠᠷ ᠰᠢᠶᠠᠩ ᠪᠠᠯᠭᠠᠰᠤᠨ ᠤ ᠬᠦᠭᠵᠢᠯᠳᠡ ᠶᠢ ᠠᠬᠢᠭᠤᠯᠵᠤ᠂ ᠪᠦᠬᠦ ᠠᠷᠠᠳ ᠤᠨ ᠡᠷᠡᠭᠦᠯ ᠮᠡᠨᠳᠦ ᠶᠢᠨ ᠬᠢᠷᠢ ᠲᠦᠪᠰᠢᠨ ᠢ ᠲᠡᠭᠡᠭᠰᠢᠯᠡᠭᠦᠯᠦᠶ᠎ᠡ︾ ᠭᠡᠬᠦ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠶᠠᠪᠤᠭᠳᠠᠭᠤᠯᠪᠠ
ᠨᠡᠶᠢᠲᠡᠯᠡᠭᠰᠡᠨ ᠴᠠᠭ᠄
2018-10-12
     ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠡᠩ ᠰᠠᠶᠢᠲᠤᠷ ᠲᠤᠭᠤᠰᠢᠯᠠᠭᠤᠯᠵᠤ᠂ ᠡᠷᠡᠭᠦᠯ ᠮᠠᠨᠲᠤ ᠪᠠᠷ ᠰᠢᠶᠠᠩ ᠪᠠᠯᠭᠠᠰᠤᠨ ᠤ ᠬᠦᠭᠵᠢᠯᠳᠡ ᠶᠢ ᠠᠬᠢᠭᠤᠯᠬᠤ ᠶᠢ ᠪᠣᠳᠠᠲᠠᠶ ᠬᠡᠷᠡᠭᠵᠢᠭᠦᠯᠵᠦ᠂ ᠮᠠᠨ ᠤ ᠪᠠᠯᠭᠠᠰᠤᠨ ᠤ ᠠᠷᠠᠳ ᠤᠯᠠᠨ ᠤ ᠡᠷᠡᠭᠦᠯ ᠴᠢᠭᠢᠷᠠᠭ ᠤᠨ ᠬᠥᠮᠦᠵᠢᠯ ᠤᠨ ᠬᠢᠷᠢ ᠬᠡᠮᠵᠢᠶ᠎ᠡ ᠪᠣᠯᠤᠨ ᠡᠷᠡᠭᠦᠯ ᠮᠡᠨᠳᠤ ᠶᠢᠨ ᠦᠵᠡᠯ ᠤᠬᠠᠮᠰᠠᠷ ᠶᠢ ᠲᠡᠭᠡᠭᠰᠢᠯᠡᠭᠦᠯᠬᠦ ᠶᠢᠨ ᠲᠦᠯᠦᠭᠡ᠂ ᠰᠢᠨ᠎ᠡ ᠶᠢᠩᠽᠢ ᠪᠠᠯᠭᠠᠰᠤ ᠶᠢᠨ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠠᠯᠪᠠᠨ ᠭᠡᠷ ᠰᠢᠨ᠎ᠡ ᠶᠢᠩᠽᠢ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠲᠠᠢ ᠬᠠᠮᠲᠤᠷᠠᠨ ︽ᠡᠷᠡᠭᠦᠯ ᠮᠡᠨᠳᠦ  ᠪᠠᠷ ᠰᠢᠶᠠᠩ ᠪᠠᠯᠭᠠᠰᠤᠨ ᠤ ᠬᠦᠭᠵᠢᠯᠳᠡ ᠶᠢ ᠠᠬᠢᠭᠤᠯᠵᠤ᠂ ᠪᠦᠬᠦ ᠠᠷᠠᠳ ᠤᠨ ᠡᠷᠡᠭᠦᠯ ᠮᠡᠨᠳᠦ ᠶᠢᠨ ᠬᠢᠷᠢ ᠲᠦᠪᠰᠢᠨ ᠢ ᠲᠡᠭᠡᠭᠰᠢᠯᠡᠭᠦᠯᠦᠶ᠎ᠡ︾ ᠭᠡᠬᠦ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠶᠠᠪᠤᠭᠳᠠᠭᠤᠯᠪᠠ᠃ ᠲᠤᠰ ᠤᠳᠠᠭᠠᠨ ᠤ ᠠᠵᠢᠯᠯᠠᠭ᠎ᠠ ᠳᠤ ᠰᠢᠨ᠎ᠡ ᠶᠢᠩᠽᠢ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠯᠢᠦ ᠶᠦᠩ ᠹᠧᠩ᠂ ᠰᠢᠨ᠎ᠡ ᠶᠢᠩᠽᠢ ᠡᠷᠡᠭᠦᠯ ᠬᠠᠮᠠᠭᠠᠯᠠᠯ ᠤᠨ ᠬᠤᠷᠢᠶᠠᠨ ᠤ ᠳᠠᠷᠤᠭ᠎ᠠ ᠯᠢᠦ ᠶᠦᠩ ᠾᠧ ᠪᠤᠯᠤᠨ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠠᠵᠢᠯᠲᠠᠨ 13 ᠬᠥᠮᠦᠨ ᠤᠷᠤᠯᠴᠠᠵᠠᠢ᠃      ᠠᠵᠢᠯᠯᠠᠭᠠᠨ ᠤ ᠠᠬᠤᠢ ᠲᠠᠯᠠᠪᠠᠢ ᠳᠤ᠂ ᠰᠢᠨ᠎ᠡ ᠶᠢᠩᠽᠢ ᠡᠷᠡᠭᠦᠯ ᠬᠠᠮᠠᠭᠠᠯᠠᠯ ᠤᠨ ᠬᠤᠷᠢᠶᠠᠨ ᠤ ᠡᠮᠴᠢ ᠨᠠᠷ ᠠᠮᠢᠳᠤᠯᠢᠭ ᠰᠣᠨᠢᠷᠬᠠᠯᠲᠠᠢ ᠡᠷᠡᠭᠦᠯ ᠮᠡᠨᠳᠦ ᠶᠢᠨ ᠮᠡᠳᠡᠯᠭᠡ ᠶᠢ ᠠᠰᠠᠭᠤᠯᠲᠠ ᠬᠠᠷᠢᠭᠤᠯᠲᠠ ᠪᠠ ᠠᠬᠤᠢ ᠲᠠᠯᠠᠪᠠᠢ ᠶᠢᠨ ᠤᠯᠠᠨ ᠲᠦᠮᠡᠨ ᠲᠠᠢ ᠰᠠᠨᠠᠯ ᠢᠶᠠᠨ ᠰᠤᠯᠢᠯᠴᠠᠬᠤ ᠬᠡᠯᠪᠡᠷᠢ ᠪᠠᠷ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠤᠬᠠᠭᠤᠯᠭ᠎ᠠ ᠬᠢᠵᠤ᠂ ᠦᠷᠭᠡᠨ ᠤᠯᠠᠨ ᠲᠦᠮᠡᠨ ᠤ ᠬᠠᠯᠠᠭᠤᠨ ᠲᠠᠭᠠᠰᠢᠶᠠᠯ ᠢ ᠤᠯᠵᠤ ᠦᠷ᠎ᠡ ᠪᠦᠳᠦᠮᠵᠢ ᠦᠯᠡᠮᠵᠢ ᠪᠠᠶᠢᠯ᠎ᠠ︔ ᠡᠭᠦᠨ ᠤ ᠬᠠᠮᠲᠤ᠂ ᠪᠠᠯᠭᠠᠰᠤᠨ ᠤ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠭᠠᠵᠠᠷ ᠤᠨ ᠠᠵᠢᠯᠲᠠᠨ ᠲᠣᠰᠬᠤᠨ ᠤ ᠠᠷᠠᠳ ᠲᠤ ᠡᠷᠡᠭᠦᠯ ᠮᠡᠨᠳᠦ ᠶᠢᠨ ᠲᠦᠷᠦ ᠶᠢᠨ ᠪᠤᠳᠤᠯᠭ᠎ᠠ ᠪᠣᠯᠤᠨ ᠬᠠᠤᠯᠢ ᠴᠠᠭᠠᠵᠠ ᠶᠢᠨ ᠵᠥᠪᠯᠡᠯᠭᠡ ᠬᠠᠩᠭᠠᠨ ᠦᠭᠭᠦᠭᠰᠡᠨ ᠪᠥᠭᠡᠳ ᠰᠦᠢᠳᠬᠡᠯ ᠠᠪᠬᠤ ᠦᠬᠡᠢ ᠪᠠᠷ ︽ᠤᠯᠤᠰ ᠤᠨ ᠵᠢᠷᠮᠦᠰᠦᠯᠡᠬᠦ ᠠᠴᠠ ᠡᠮᠦᠨᠡᠬᠢ ᠴᠢᠭᠢᠷᠠᠭ ᠬᠦᠩᠭᠦᠵᠢᠬᠦ ᠡᠷᠡᠭᠦᠯ ᠮᠡᠨᠳᠤ ᠶᠢᠨ ᠪᠠᠶᠢᠴᠠᠭᠠᠯᠲᠠ ᠮᠡᠳᠡᠯᠭᠡ ᠶᠢᠨ ᠭᠠᠷ ᠳᠡᠪᠲᠡᠷ︾᠂ ︽ᠬᠡᠷ ᠪᠦᠯᠢ ᠶᠢᠨ ᠡᠷᠡᠭᠦᠯ ᠬᠠᠮᠠᠭᠠᠯᠠᠯ ᠪᠠ ᠡᠷᠡᠭᠦᠯ ᠮᠡᠨᠳᠦ ᠶᠢᠨ ᠠᠮᠢᠳᠤᠷᠠᠯ︾᠂ ︽ᠨᠠᠰᠤᠲᠠᠶᠢᠴᠤᠳ ᠤᠨ ᠡᠷᠡᠭᠦᠯ ᠮᠡᠨᠳᠦ ᠶᠢ ᠬᠠᠮᠠᠭᠠᠯᠠᠬᠤ︾᠂ ︽ᠠᠷᠠᠳ ᠢᠷᠭᠡᠳ ᠤᠨ ᠡᠷᠡᠭᠦᠯ ᠮᠡᠨᠳᠦ ᠶᠢᠨ ᠪᠣᠯᠪᠠᠰᠤᠷᠠᠯ ᠤᠨ 66 ᠵᠦᠢᠯ︾ ᠵᠡᠷᠭᠡ ᠤᠬᠠᠭᠤᠯᠬᠤ ᠮᠠᠲ᠋ᠧᠷᠢᠶᠠᠯ 1000 ᠭᠠᠷᠤᠶ ᠬᠤᠪᠢ ᠲᠠᠷᠬᠠᠭᠠᠵᠤ᠂ ᠠᠬᠤᠢ ᠲᠠᠯᠠᠪᠠᠢ ᠳᠤ 60 ᠬᠥᠮᠦᠨ ᠤ ᠡᠷᠡᠭᠦᠯ ᠮᠡᠨᠳᠤ ᠶᠢᠨ ᠠᠰᠠᠭᠤᠯᠳᠠ ᠳᠤ ᠬᠠᠷᠢᠭᠤᠯᠲᠠ ᠦᠭᠴᠡᠢ᠃        ᠠᠵᠢᠯᠯᠠᠭ᠎ᠠ ᠶᠢᠨ ᠡᠴᠦᠰ ᠲᠤ᠂ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠯᠢᠦ ᠶᠦᠩ ᠹᠧᠩ᠂ ᠲᠤᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠪᠣᠯ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠢᠳᠡᠪᠬᠢᠲᠡᠶ ᠲᠤᠭᠤᠰᠢᠯᠠᠭᠤᠯᠵᠤ᠂ ᠡᠷᠡᠭᠦᠯ ᠪᠣᠯᠪᠠᠰᠤᠨ ᠠᠮᠢᠳᠤᠷᠠᠯ ᠤᠨ ᠠᠷᠭ᠎ᠠ ᠮᠠᠶ᠋ᠢᠭ ᠢ ᠰᠠᠨᠠᠭᠠᠴᠢᠯᠠᠬᠤ ᠴᠢᠬᠤᠯᠠ ᠠᠷᠭ᠎ᠠ ᠬᠡᠮᠵᠢᠶ᠎ᠡ ᠪᠤᠯᠬᠤ ᠮᠦᠷᠳᠡᠭᠡᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠠᠵᠢᠯ ᠢᠶᠠᠷ ᠣᠳᠣᠬᠠᠨ ᠤ ᠤᠯᠠᠨ ᠲᠦᠮᠡᠨ ᠤ ᠠᠵᠢᠯ ᠤᠨ ᠴᠢᠬᠤᠯᠠ ᠴᠢᠨᠠᠷ ᠤᠨ ᠭᠠᠷᠳᠠᠴᠠ ᠪᠣᠯᠭᠠᠵᠤ᠂ ᠠᠷᠠᠳ ᠤᠨ ᠠᠮᠢᠳᠤᠷᠠᠯ ᠳᠤ ᠪᠦᠬᠦ ᠲᠠᠯ᠎ᠠ ᠪᠠᠷ ᠰᠠᠶᠢᠳᠤᠷ ᠦᠢᠯᠡᠴᠢᠯᠡᠭᠡ ᠬᠠᠩᠭᠠᠬᠤ ᠬᠡᠷᠡᠭᠲᠡᠶ ᠭᠡᠵᠤ ᠵᠢᠭᠠᠨ ᠭᠠᠷᠭᠠᠪᠠ᠃ ᠡᠭᠦᠨ ᠤ ᠬᠠᠮᠳᠤ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠠᠵᠢᠯᠲᠠᠨ ᠡᠨᠡ ᠤᠳᠠᠭᠠᠨ ᠤ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠮᠠᠨ ᠤ ᠪᠠᠯᠭᠠᠰᠤᠨ ᠤ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠡᠷᠡᠭᠦᠯ ᠮᠡᠨᠳᠦ ᠶᠢᠨ ᠠᠵᠢᠯ ᠢ ᠦᠷᠭᠦᠯᠵᠢᠯᠡᠨ ᠲᠦᠯᠬᠢᠨ ᠠᠬᠢᠭᠤᠯᠵᠤ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠬᠥᠮᠦᠵᠢᠯ ᠢ ᠴᠢᠩᠭᠠᠳᠬᠠᠵᠤ᠂ ᠡᠯ᠎ᠡ ᠵᠦᠢᠯ ᠤᠨ ᠠᠵᠢᠯ ᠤᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ ᠪᠣᠯᠤᠨ ᠵᠤᠯ ᠵᠢᠷᠭᠠᠯᠲᠤ ᠲᠦᠷᠦᠭᠳᠡᠯ‌ᠢ ᠨᠡᠮᠡᠭᠳᠡᠭᠦᠯᠬᠦ ᠪᠠᠷ ᠴᠢᠷᠮᠠᠶᠢᠬᠤ ᠬᠡᠷᠡᠭᠳᠡᠢ ᠭᠡᠵᠤ ᠱᠠᠭᠠᠷᠳᠠᠪᠠ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1