ᠥᠪᠡᠷᠲᠡᠭᠡᠨ ᠵᠠᠰᠠᠬᠤ ᠣᠷᠣᠨ ᠤ ᠨᠢᠭᠡᠳᠦᠭᠡᠷ ᠪᠠᠶᠢᠴᠠᠭᠠᠬᠤ ᠳᠤᠭᠤᠶᠢᠯᠠᠩ ᠲᠣᠭᠲᠠᠬᠤ ᠰᠢᠶᠠᠨ ᠳᠤ ᠮᠤᠷᠢᠯᠠᠨ ᠰᠠᠭᠠᠳᠠᠵᠤ ᠳᠣᠯᠣᠳᠤᠭᠠᠷ ᠲᠠᠪᠤᠨ ᠵᠢᠯ ᠤᠨ ᠬᠠᠤᠯᠢ ᠲᠦᠭᠡᠮᠡᠯᠵᠢᠭᠦᠯᠬᠦ ᠠᠵᠢᠯ ᠤᠨ ᠳᠤᠮᠳᠠ ᠬᠤᠭᠤᠴᠠᠭᠠᠨ ᠤ ᠠᠵᠢᠯ ᠳᠤ ᠪᠠᠶᠢᠴᠠᠭᠠᠨ ᠵᠢᠯᠤᠭᠤᠳᠪᠠ
ᠨᠡᠶᠢᠲᠡᠯᠡᠭᠰᠡᠨ ᠴᠠᠭ᠄
2018-10-15
      10 ᠰᠠᠷ᠎ᠠ ᠶᠢᠨ 10 ᠤ ᠡᠳᠦᠷ ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠣᠲᠣᠭᠠᠳᠤ ᠶᠠᠪᠤᠳᠠᠯ‌‍ᠤᠨ ᠬᠠᠤᠯᠢ ᠶᠢᠨ ᠺᠣᠮᠢᠰ ᠤᠨ ᠳᠡᠳ᠋ ᠡᠷᠬᠢᠯᠡᠭᠴᠢ ᠰᠠᠷᠠᠨ ᠨᠦᠬᠦᠷ ᠤᠨ ᠳᠠᠭᠠᠭᠤᠯᠤᠭᠰᠠᠨ ᠥᠪᠡᠷᠲᠡᠭᠡᠨ ᠵᠠᠰᠠᠬᠤ ᠣᠷᠣᠨ ᠤ ︽ᠳᠣᠯᠣᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠳᠤᠮᠳᠠ ᠬᠤᠭᠤᠴᠠᠭᠠᠨ ᠤ ᠠᠵᠢᠯ ᠤᠨ ᠪᠠᠶᠢᠴᠠᠭᠠᠬᠤ ᠳᠤᠭᠤᠶᠢᠯᠠᠩ ᠲᠣᠭᠲᠠᠬᠤ ᠰᠢᠶᠠᠨ ᠤ ᠳᠣᠯᠣᠳᠤᠭᠠᠷ ᠲᠠᠪᠤᠨ ᠵᠢᠯ ᠤᠨ ᠬᠠᠤᠯᠢ ᠲᠦᠭᠡᠮᠡᠯᠵᠢᠭᠦᠯᠬᠦ ᠠᠵᠢᠯ ᠳᠤ ᠪᠦᠬᠦ ᠲᠠᠯ᠎ᠠ ᠶᠢᠨ ᠪᠠᠶᠢᠴᠠᠭᠠᠯᠲᠠ ᠬᠢᠪᠡ᠃ ᠬᠤᠳᠠ ᠶᠢᠨ ᠵᠠᠰᠠᠭ ᠤᠨ ᠣᠷᠳᠣᠨ ᠤ ᠳᠡᠳ᠋ ᠨᠠᠷᠢᠨ ᠪᠢᠴᠢᠭ ᠤᠨ ᠳᠠᠷᠤᠭ᠎ᠠ ᠺᠠᠩ  ᠹᠧᠩ᠂ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ ᠶᠢᠨ ᠲᠣᠪᠴᠢᠶᠠᠨ ᠳᠠᠷᠤᠭ᠎ᠠ ᠵᠠᠩ ᠰᠢᠶᠤᠤ ᠬᠤᠸᠠ᠂ ᠲᠤᠭᠳᠠᠬᠤ ᠰᠢᠶᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ  ᠡᠷᠬᠢᠯᠡᠭᠴᠢ ᠰᠦᠨ ᠰᠢᠶᠦ᠋ᠨ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ ᠲᠢᠶᠠᠨ ᠸᠧᠨ ᠭᠧ ᠵᠡᠷᠭᠡ ᠤᠳᠤᠷᠢᠳᠤᠯᠭ᠎ᠠ ᠪᠠᠷ᠎ᠠ ᠪᠤᠯᠵᠥ ᠪᠠᠶᠢᠴᠠᠭᠠᠯᠳᠠ ᠳᠤ ᠤᠷᠤᠯᠴᠠᠵᠠᠢ᠃ ᠪᠠᠶᠢᠴᠠᠭᠠᠬᠤ ᠳᠤᠭᠤᠶᠢᠯᠠᠩ ᠤᠨ ᠬᠢᠨ ᠤᠷᠢᠳ ᠬᠤᠵᠢᠳ ᠲᠣᠭᠲᠠᠬᠤ ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ᠂ ᠲᠣᠭᠲᠠᠬᠤ ᠰᠢᠶᠠᠨ ᠤ ᠬᠥᠳᠡᠭᠡ ᠲᠣᠰᠬᠤᠨ ᠤ ᠬᠤᠳᠠᠯᠳᠤᠭᠠᠨ ᠤ ᠪᠠᠩᠬᠢ᠂ ᠱᠤᠸᠠᠩ ᠾᠧ ᠬᠠᠤᠯᠢ ᠴᠠᠭᠠᠵᠠ ᠶᠢᠨ ᠭᠠᠵᠠᠷ᠂ ᠲᠣᠭᠲᠠᠬᠤ ᠰᠢᠶᠠᠨ ᠤ ᠬᠤᠣᠷ᠎ᠠ ᠴᠠᠭᠠᠵᠠᠯᠠᠬᠤ ᠬᠥᠮᠦᠵᠢᠯ ᠤᠨ ᠰᠠᠭᠤᠷᠢᠨ ᠭᠠᠵᠠᠷ᠂ ᠬᠤᠤ ᠵᠢᠶᠠ ᠶᠣᠣ ᠲᠣᠰᠬᠤᠨ ᠵᠡᠷᠭᠡ ᠭᠠᠵᠠᠷ ᠲᠤ ᠬᠦᠷᠴᠦ ᠲᠤᠬᠠᠶ ᠵᠨ ᠭᠠᠵᠠᠷ ᠲᠤᠨᠢ ᠮᠠᠲ᠋ᠧᠷᠢᠶᠠᠯ ᠪᠠᠶᠢᠴᠠᠭᠠᠨ ᠦᠵᠡᠬᠦ᠂ ᠰᠠᠨᠠᠯ‌‍ᠢᠶ᠋ᠠᠨ ᠰᠣᠯᠢᠯᠴᠠᠵᠤ᠂ pp ᠦᠵᠡᠭᠦᠯᠦᠯᠭᠡ ᠶᠢ ᠦᠵᠡᠭᠦᠯᠬᠦ᠂ ᠬᠠᠷᠢᠭᠤ ᠮᠡᠳᠡᠭᠦᠯᠦᠯᠲᠡ ᠶᠢ ᠰᠣᠨᠣᠰᠬᠤ ᠵᠡᠷᠭᠡ ᠠᠷᠭ᠎ᠠ ᠮᠠᠶ᠋ᠢᠭ ᠢᠶᠠᠷ ᠲᠣᠭᠲᠠᠬᠤ ᠰᠢᠶᠠᠨ ᠤ ᠳᠣᠯᠣᠳᠤᠭᠠᠷ ᠲᠠᠪᠤᠨ ᠵᠢᠯ ᠤᠨ ᠲᠥᠯᠥᠪᠯᠡᠭᠡᠨ ᠤ ᠬᠠᠤᠯᠢ ᠲᠦᠭᠡᠮᠡᠯᠵᠢᠭᠦᠯᠬᠦ ᠳᠤᠮᠳᠠ ᠬᠤᠭᠤᠴᠠᠭᠠᠨ ᠤ ᠠᠵᠢᠯ ᠤᠨ ᠥᠷᠨᠢᠭᠦᠯᠵᠦ ᠪᠠᠶᠢᠭ᠎ᠠ ᠪᠠᠶᠢᠳᠠᠯ ᠵᠢᠴᠢ ᠪᠣᠳᠠᠲᠤ ᠦᠷ᠎ᠡ ᠪᠦᠲᠦᠮᠵᠢ ᠳᠤ ᠪᠦᠬᠦ ᠲᠠᠯ᠎ᠠ ᠪᠠᠷ ᠬᠢᠨᠠᠨ ᠪᠠᠶᠢᠴᠠᠭᠠᠵᠤ ᠵᠢᠯᠤᠭᠤᠳᠤᠯᠭ᠎ᠠ ᠬᠢᠪᠡ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ ᠲᠢᠶᠠᠨ  ᠸᠧᠨ ᠭᠧ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠢ ᠲᠦᠯᠦᠭᠡᠯᠡᠨ ᠪᠦᠬᠦ ᠰᠢᠶᠠᠨ ᠢᠶᠠᠷ ᠢᠶᠠᠨ ︽ᠳᠣᠯᠣᠳᠤᠭᠠᠷ ᠲᠠᠪᠤᠨ ᠵᠢᠯ︾ ᠤᠨ ᠲᠥᠯᠥᠪᠯᠡᠭᠡᠨ ᠤ ᠬᠠᠤᠯᠢ ᠲᠦᠭᠡᠮᠡᠯᠵᠢᠭᠦᠯᠬᠦ ᠠᠵᠢᠯ ᠢ ᠥᠷᠨᠢᠭᠦᠯᠦᠭᠰᠡᠨ ᠪᠠᠶᠢᠳᠠᠯ ᠂ ᠣᠷᠣᠰᠢᠵᠤ ᠪᠠᠶᠢᠭ᠎ᠠ ᠠᠰᠠᠭᠤᠳᠠᠯ ᠪᠣᠯᠤᠨ ᠬᠦᠷᠦᠯᠴᠡᠬᠦ ᠦᠭᠡᠢ ᠲᠠᠯ᠎ᠠ ᠵᠢᠴᠢ ᠬᠤᠶᠢᠰᠢᠳᠠ ᠶᠢᠨ ᠠᠵᠢᠯ ᠤᠨ ᠲᠣᠬᠢᠷᠠᠭᠤᠯᠤᠯᠲᠠ ᠶᠢ ᠲᠤᠬᠠᠢ ᠪᠠᠶᠢᠴᠠᠭᠠᠬᠤ ᠳᠤᠭᠤᠶᠢᠯᠠᠩ ᠳᠤ ᠬᠠᠷᠢᠭᠤ ᠮᠡᠳᠡᠭᠦᠯᠦᠯᠲᠡ ᠬᠢᠭᠰᠡᠨ ᠶᠤᠮ᠃      ᠪᠠᠶᠢᠴᠠᠭᠠᠬᠤ ᠳᠤᠭᠤᠶᠢᠯᠠᠩ ᠤᠨ ᠬᠢᠨ ᠲᠣᠭᠲᠠᠬᠤ ᠰᠢᠶᠠᠨ ᠤ ᠳᠣᠯᠣᠳᠤᠭᠠᠷ ᠲᠠᠪᠤᠨ ᠵᠢᠯ ᠤᠨ ᠬᠠᠤᠯᠢ ᠲᠦᠭᠡᠮᠡᠯᠵᠢᠭᠦᠯᠬᠦ ᠠᠵᠢᠯ ᠤᠨ ᠦᠷ᠎ᠡ ᠪᠦᠲᠦᠮᠵᠢ ᠶᠢ ᠭᠦᠢᠴᠡᠳ ᠨᠤᠲᠠᠯᠠᠵᠤ᠂ ᠲᠣᠭᠲᠠᠬᠤ ᠰᠢᠶᠠᠨ ᠤ ᠨᠠᠮ‌‍ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠨ ᠲᠤᠭᠤᠰᠢᠯᠠᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠲᠥᠪ᠂ ᠥᠪᠡᠷᠲᠡᠭᠡᠨ ᠵᠠᠰᠠᠬᠤ ᠣᠷᠣᠨ᠂ ᠬᠥᠬᠡᠬᠤᠲᠠ ᠶᠢᠨ ᠬᠠᠤᠯᠢ ᠴᠠᠭᠠᠵᠠ ᠲᠦᠭᠡᠮᠡᠯᠵᠢᠭᠦᠯᠬᠦ ᠠᠵᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶ ᠨᠠᠶᠢᠳᠠᠪᠤᠷᠢᠵᠢᠭᠤᠯᠵᠤ᠂ ᠠᠷᠠᠳ ᠨᠡᠶᠢᠲᠡ ᠶᠢᠨ ᠬᠠᠤᠯᠢ ᠪᠠᠷ ᠵᠠᠰᠠᠬᠤ ᠬᠡᠪ ᠪᠣᠯᠪᠠᠰᠤᠷᠠᠯ ᠢ ᠳᠡᠭᠡᠭᠰᠢᠯᠡᠭᠦᠯᠬᠦ ᠪᠠᠷ ᠭᠤᠣᠯ ᠬᠠᠷᠠᠯᠲᠠ ᠪᠤᠯᠭᠠᠨ᠂ ᠳᠣᠯᠣᠳᠤᠭᠠᠷ ᠲᠠᠪᠤᠨ ᠵᠢᠯ ᠤᠨ ᠬᠠᠤᠯᠢ ᠲᠦᠭᠡᠮᠡᠯᠵᠢᠭᠦᠯᠬᠦ ᠲᠥᠯᠥᠪᠵᠢᠭᠦᠯᠭᠡ ᠶᠢ ᠨᠠᠷᠢᠨ ᠬᠢᠨᠠᠮᠠᠭᠠᠶ ᠬᠡᠷᠡᠭᠵᠢᠭᠦᠯᠬᠦ ᠭᠤᠣᠯᠳᠠᠯᠭ᠎ᠠ ᠲᠠᠢ ᠡᠭᠦᠷᠭᠡ ᠶᠢ ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠵᠤ᠂ ︽ᠬᠡᠨ ᠬᠠᠤᠯᠢ ᠬᠡᠷᠡᠭᠵᠢᠭᠦᠯᠪᠡᠯ ᠬᠡᠨ ᠬᠠᠤᠯᠢ ᠲᠦᠭᠡᠮᠡᠯᠵᠢᠭᠦᠯᠬᠦ︾ ᠬᠠᠷᠢᠭᠤᠴᠠᠯᠭ᠎ᠠ ᠶᠢᠨ ᠲᠦᠷᠢᠮ ᠶᠢ ᠪᠠᠷᠢᠮᠳᠠᠯᠠᠬᠤ ᠪᠠ ᠬᠠᠷᠢᠭᠤᠴᠠᠯᠭ᠎ᠠ ᠪᠠᠨ ᠲᠤᠳᠤᠷᠬᠠᠶᠢᠯᠠᠬᠤ ᠪᠠᠷ ᠭᠠᠷᠳᠠᠴᠠ ᠪᠣᠯᠭᠠᠵᠤ᠂ ᠰᠢᠨ᠎ᠡ ᠶᠢ ᠡᠭᠦᠳᠬᠦ ᠶᠢ ᠴᠢᠬᠤᠯᠴᠴᠢᠯᠠᠭᠰᠠᠨ ᠨᠢ ᠲᠤᠭᠳᠠᠬᠤ ᠰᠢᠶᠠᠨ‌‍ᠤ ᠬᠠᠤᠯᠢ ᠲᠦᠭᠡᠮᠡᠯᠵᠢᠭᠦᠯᠬᠦ ᠠᠵᠢᠯ ᠤᠨ ᠮᠠᠭᠳᠠᠭᠤᠰᠢᠳᠠᠢ ᠪᠦᠭᠡᠳ ᠪᠦᠳᠦᠮᠵᠢᠳᠡᠢ ᠠᠷᠭ᠎ᠠ ᠬᠡᠮᠵᠢᠶ᠎ᠡ  ᠪᠤᠯᠤᠭᠰᠠᠨ ᠮᠦᠷᠳᠡᠭᠡᠨ ᠲᠤᠭᠳᠠᠬᠤ ᠰᠢᠶᠠᠨ ᠤ ᠳᠣᠯᠣᠳᠤᠭᠠᠷ ᠲᠠᠪᠤᠨ ᠵᠢᠯ ᠤᠨ ᠲᠥᠯᠥᠪᠯᠡᠭᠡᠨ ᠤ ᠬᠠᠤᠯᠢ ᠲᠦᠭᠡᠮᠡᠯᠵᠢᠭᠦᠯᠬᠦ ᠠᠵᠢᠯ ᠳᠤ ᠪᠠᠳᠤ ᠪᠠᠬᠢ ᠰᠠᠭᠤᠷᠢ ᠶᠢ ᠲᠠᠯᠪᠢᠵᠤ ᠥᠭᠭᠦᠭᠰᠡᠨ ᠶᠤᠮ᠃       ᠬᠠᠮᠤᠭ ᠡᠴᠤᠰ ᠲᠤ᠂ ᠪᠠᠶᠢᠴᠠᠭᠠᠯᠳᠠ ᠶᠢᠨ ᠪᠦᠯᠬᠦᠮ ᠠᠴᠠ ᠪᠦᠬᠦ ᠬᠦᠴᠦᠨ ᠢᠶᠠᠷ ᠢᠶᠠᠨ ᠳᠣᠯᠣᠳᠤᠭᠠᠷ ᠲᠠᠪᠤᠨ ᠵᠢᠯ ᠤᠨ ᠲᠥᠯᠥᠪᠯᠡᠭᠡᠨ ᠤ ᠬᠠᠤᠯᠢ ᠲᠦᠭᠡᠮᠡᠯᠵᠢᠭᠦᠯᠬᠦ ᠠᠵᠢᠯ ᠤᠨ ᠳᠤᠮᠳᠠ ᠬᠤᠭᠤᠴᠠᠭᠠᠨ ᠤ ᠠᠵᠢᠯ ᠤᠨ ᠦᠷ᠎ᠡ ᠪᠦᠲᠦᠮᠵᠢ ᠶᠢ ᠪᠠᠬᠢᠵᠢᠭᠦᠯᠦᠨ ᠥᠷᠭᠡᠳᠬᠡᠵᠦ᠂ ᠪᠦᠬᠦ ᠰᠢᠶᠠᠨ ᠤ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠦᠬᠦ ᠰᠢᠶᠠᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠬᠠᠤᠯᠢ ᠪᠠᠷ ᠵᠠᠰᠠᠬᠤ ᠰᠠᠶᠢᠨ ᠰᠠᠶᠢᠬᠠᠨ ᠣᠷᠴᠢᠨ ᠨᠥᠬᠦᠴᠡᠯ ᠢ ᠪᠤᠢ ᠪᠤᠯᠭᠠᠬᠤ ᠬᠡᠷᠡᠭᠳᠡᠢ ᠭᠡᠵᠤ ᠬᠦᠰᠡᠯ ᠨᠠᠶᠢᠳᠠᠯᠭ᠎ᠠ ᠪᠠᠨ ᠲᠡᠪᠰᠢᠭᠦᠯᠪᠡ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1