ᠲᠣᠭᠲᠠᠬᠤ ᠰᠢᠶᠠᠨ ᠵᠦᠪ ᠬᠥᠭᠵᠢᠯᠲᠡ ᠶᠢᠨ ᠦᠵᠡᠯᠲᠡ᠂ ᠠᠮᠵᠢᠯᠲᠠ ᠶᠢᠨ ᠦᠵᠡᠯᠲᠡ ᠶᠢ ᠪᠤᠢ ᠪᠤᠯᠭᠠᠬᠤ ᠲᠤᠰᠬᠠᠶ ᠰᠡᠳᠦᠪᠲᠦ ᠬᠥᠮᠦᠵᠢᠯ ᠵᠢᠴᠢ ᠰᠠᠯᠠᠭᠠᠨ ᠳᠡᠰ ᠤᠨ ᠺᠠᠳᠠᠷᠴᠤᠳ ᠤᠨ ᠲᠥᠪᠯᠡᠷᠡᠭᠦᠯᠦᠨ ᠰᠤᠷᠤᠯᠴᠠᠬᠤ ᠪᠣᠯᠪᠠᠰᠤᠷᠠᠯ ᠤᠨ ᠠᠩᠭᠢ ᠡᠷᠬᠢᠯᠡᠪᠡ
ᠨᠡᠶᠢᠲᠡᠯᠡᠭᠰᠡᠨ ᠴᠠᠭ᠄
2018-10-17
     10 ᠰᠠᠷ᠎ᠠ ᠶᠢᠨ 11 ᠤ ᠡᠳᠦᠷ ᠲᠣᠭᠲᠠᠬᠤ ᠰᠢᠶᠠᠨ ᠵᠦᠪ ᠬᠥᠭᠵᠢᠯᠲᠡ ᠶᠢᠨ ᠦᠵᠡᠯᠲᠡ᠂ ᠠᠮᠵᠢᠯᠲᠠ ᠶᠢᠨ ᠦᠵᠡᠯᠲᠡ ᠶᠢ ᠪᠤᠢ ᠪᠤᠯᠭᠠᠬᠤ ᠲᠤᠰᠬᠠᠶ ᠰᠡᠳᠦᠪᠲᠦ ᠬᠥᠮᠦᠵᠢᠯ ᠵᠢᠴᠢ ᠰᠠᠯᠠᠭᠠᠨ ᠳᠡᠰ ᠤᠨ ᠺᠠᠳᠠᠷᠴᠤᠳ ᠤᠨ ᠲᠥᠪᠯᠡᠷᠡᠭᠦᠯᠦᠨ‌‍ᠰᠤᠷᠤᠯᠴᠠᠬᠤ ᠪᠣᠯᠪᠠᠰᠤᠷᠠᠯ ᠤᠨ ᠠᠩᠭᠢ ᠲᠣᠭᠲᠠᠬᠤ ᠰᠢᠶᠠᠨ ᠤ ᠰᠣᠶᠣᠯ ᠤᠨ ᠣᠷᠳᠣᠨ ᠤ ᠨᠢᠭᠡᠳᠦᠭᠡᠷ ᠳᠠᠪᠬᠤᠷᠯᠢᠭ ᠤᠨ ᠬᠤᠷᠠᠯ ᠤᠨ ᠭᠡᠷ ᠲᠤ ᠰᠤᠷᠤᠯᠭ᠎ᠠ ᠡᠬᠢᠯᠡᠪᠡ᠂ ᠰᠢᠶᠠᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠳᠡᠳ᠋ ᠳᠠᠷᠤᠭ᠎ᠠ ᠰᠢᠦᠢ ᡁᠢ ᠭᠠᠩ ᠬᠤᠷᠠᠯ ᠡᠷᠬᠢᠯᠡᠵᠦ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠯᠢ ᠹᠧᠩ ᠠᠩᠭᠢ ᠡᠬᠢᠯᠡᠬᠦ ᠶᠣᠰᠣᠯᠠᠯ ᠳᠤ ᠣᠷᠣᠯᠴᠠᠵᠤ ᠶᠠᠷᠢᠶ᠎ᠠ ᠲᠠᠯᠪᠢᠵᠠᠢ᠃       ᠲᠤᠰ ᠤᠳᠠᠭᠠᠨ ᠤ ᠪᠤᠯᠪᠠᠰᠤᠷᠠᠯ ᠤᠨ ᠠᠩᠭᠢ ᠳᠤ ᠪᠦᠬᠦ ᠰᠢᠶᠠᠨ ᠤ 376 ᠨᠡᠷᠡᠰ ᠰᠠᠯᠠᠭᠠᠨ ᠳᠡᠰ ᠤᠨ ᠤᠳᠤᠷᠢᠳᠬᠤ ᠺᠠᠳ᠋ᠷ ᠤᠷᠤᠯᠴᠠᠵᠤ᠂ ᠵᠥᠪ ᠬᠥᠭᠵᠢᠯᠲᠡ ᠶᠢᠨ ᠦᠵᠡᠯᠲᠡ᠂ ᠠᠮᠵᠢᠯᠲᠠ ᠶᠢᠨ ᠦᠵᠡᠯᠲᠡ ᠶᠢ ᠪᠠᠲᠤ ᠪᠠᠬᠢ ᠪᠤᠢ ᠪᠤᠯᠭᠠᠬᠤ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠬᠡᠯ ᠥᠭᠬᠦ ᠲᠦᠷᠢᠮ︾ ᠤᠨ ᠲᠤᠬᠠᠶ ᠲᠠᠶᠢᠯᠤᠮᠵᠢ᠂ ᠦᠵᠡᠯ ᠤᠬᠠᠮᠰᠠᠷ ᠤᠨ ᠬᠡᠯᠪᠡᠷᠢ ︵ᠰᠦᠯᠵᠢᠶᠡᠨ ᠤ ᠦᠵᠡᠯ ᠤᠬᠠᠮᠰᠠᠷ ᠤᠨ ᠬᠡᠯᠪᠡᠷᠢ︶᠂ ᠨᠢᠭᠤᠴᠠ ᠶᠢ ᠬᠠᠮᠠᠭᠠᠯᠠᠬᠤ ᠠᠵᠢᠯ᠂ ᠤᠨᠢᠨ ᠳᠡᠭᠡᠷ᠎ᠡ ᠨᠢ ᠶᠠᠳᠠᠭᠤ ᠶᠢ ᠲᠡᠳᠬᠦᠬᠦ ᠲᠥᠷᠥ ᠶᠢᠨ ᠪᠣᠳᠣᠯᠭ᠎ᠠ ᠶᠢᠨ ᠲᠠᠶᠢᠯᠪᠦᠷᠢ᠂ ᠠᠶᠤᠯᠭᠦᠶ ᠶᠢᠨ ᠦᠢᠯᠡᠳᠪᠦᠷᠢᠯᠡᠯ᠂ ᠣᠷᠴᠢᠨ ᠠᠬᠤᠶ ᠶᠢᠨ ᠬᠠᠮᠠᠭᠠᠯᠠᠯᠲᠠ᠂ ᠲᠦᠯᠦᠪᠯᠡᠯᠭᠡᠳᠦ ᠦᠷᠡᠵᠢᠯ ᠤᠨ ᠲᠦᠷᠦ ᠶᠢᠨ ᠪᠤᠳᠤᠯᠭ᠎ᠠ ᠵᠡᠷᠭᠡ ᠲᠠᠯ᠎ᠠ ᠶᠢᠨ ᠠᠭᠤᠯᠭ᠎ᠠ ᠪᠠᠭᠳᠠᠭᠠᠵᠤ᠂  ᠪᠤᠯᠪᠠᠰᠤᠷᠠᠯ ᠤᠨ ᠠᠩᠭᠢ ᠨᠡᠶᠢᠳᠡ ᠭᠤᠷᠪᠠᠨ ᠡᠳᠤᠷ ᠶᠠᠪᠤᠭᠳᠠᠨ᠎ᠠ᠃       ᠪᠤᠯᠪᠠᠰᠤᠷᠠᠯ ᠤᠨ ᠬᠤᠷᠠᠯ ᠳᠤ᠂ ᠪᠦᠬᠦ ᠰᠢᠶᠠᠨ ᠤ ᠰᠠᠯᠠᠭᠠᠨ ᠳᠡᠰ ᠤᠨ ᠤᠳᠤᠷᠢᠳᠬᠤ  ᠺᠠᠳᠠᠷᠴᠤᠳ ︽ᠨᠠᠮ ᠤᠨ ᠪᠠᠶᠢᠭᠤᠯᠤᠯᠲᠠ ᠶᠢ ᠰᠠᠶᠢᠲᠤᠷ ᠠᠳᠬᠤᠬᠤ ᠪᠣᠯ ᠬᠠᠮᠤᠭ ᠤᠨ ᠶᠡᠭᠡ ᠠᠵᠢᠯ ᠤᠨ ᠠᠮᠵᠢᠯᠲᠠ ᠪᠤᠯᠤᠨ᠎ᠠ︾ ᠭᠡᠬᠦ ᠴᠠᠭ ᠦᠶ᠎ᠡ ᠶᠢᠨ ᠠᠭᠤᠯᠬᠤᠨ ᠢ ᠪᠠᠲᠤ ᠡᠵᠡᠮᠳᠡᠵᠦ᠂ ᠵᠥᠪ ᠠᠮᠵᠢᠯᠳᠠ ᠶᠢᠨ ᠦᠵᠡᠯᠲᠡ ᠶᠢ ᠪᠤᠢ ᠪᠣᠯᠭᠠᠵᠤ᠂ ᠨᠠᠮ ᠤᠨ ᠪᠠᠶᠢᠭᠤᠯᠤᠯᠲᠠ ᠶᠢ ᠰᠠᠶᠢᠲᠤᠷ ᠠᠳᠬᠤᠬᠤ ᠪᠠᠷ ᠬᠠᠮᠤᠭ ᠤᠨ ᠶᠡᠭᠡ ᠠᠵᠢᠯ ᠤᠨ ᠠᠮᠵᠢᠯᠲᠠ ᠪᠣᠯᠭᠠᠬᠤ ᠬᠡᠷᠡᠭᠲᠡᠶ᠂ ᠨᠠᠮ ᠢ ᠴᠢᠩᠭ᠎ᠠ ᠵᠠᠰᠠᠬᠤ ᠬᠠᠷᠢᠭᠤᠴᠠᠯᠭ᠎ᠠ ᠶᠢ ᠰᠠᠶᠢᠲᠤᠷ ᠡᠭᠦᠷᠭᠡᠯᠡᠵᠦ᠂ ᠰᠠᠶᠢᠲᠤᠷ ᠨᠠᠶᠢᠳᠠᠪᠤᠷᠢᠵᠢᠭᠤᠯᠵᠤ᠂ ᠭᠤᠭᠴᠤᠭ᠎ᠠ ᠨᠢᠭᠡᠪᠦᠷᠢ ᠳᠤ ᠨᠠᠮ ᠤᠨ ᠪᠠᠶᠢᠭᠤᠯᠤᠯᠲᠠ ᠶᠢᠨ ᠠᠵᠢᠯ ᠢ ᠪᠣᠳᠠᠲᠠᠶ ᠠᠳᠬᠤᠵᠤ ᠭᠦᠨᠵᠡᠭᠡᠶᠢᠷᠡᠭᠦᠯᠬᠦ ᠬᠡᠷᠡᠭᠳᠡᠢ᠃ ︽ᠠᠯᠢᠪᠠ ᠪᠦᠬᠦᠨ ᠳᠤ ᠪᠣᠳᠠᠲᠤ ᠪᠠᠶᠢᠳᠠᠯ ᠢ ᠦᠨᠳᠦᠰᠦᠯᠡᠬᠦ ᠦᠨᠳᠦᠰᠦᠨ ᠵᠠᠷᠴᠢᠮ ᠢ ᠪᠠᠲᠤ ᠡᠵᠡᠮᠳᠡᠵᠦ᠂ ᠵᠥᠪ ᠬᠥᠭᠵᠢᠯᠲᠡ ᠶᠢᠨ ᠦᠵᠡᠯᠲᠡ ᠶᠢ ᠪᠤᠢ ᠪᠤᠯᠭᠠᠨ᠂ ᠪᠠᠶᠢᠴᠠᠭᠠᠨ ᠰᠤᠳᠤᠯᠤᠯᠲᠠ ᠪᠠᠨ ᠴᠢᠩᠭᠠᠳᠬᠠᠵᠤ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠬᠦ᠂ ᠠᠰᠠᠭᠤᠳᠠᠯ ᠢ ᠰᠢᠢᠳᠪᠦᠷᠢᠯᠡᠬᠦ ᠪᠣᠳᠠᠲᠠᠶ ᠰᠡᠳᠬᠢᠴᠡ ᠪᠠ ᠠᠷᠭ᠎ᠠ ᠪᠠᠷᠢᠯ ᠢᠶᠠᠨ ᠲᠤᠳᠤᠳᠬᠠᠵᠤ᠂  ᠠᠵᠢᠯ ᠲᠠᠪᠳᠠᠬᠤ ᠠᠴᠠ ᠵᠠᠶᠢᠯᠠᠰᠬᠢᠵᠦ᠂ ᠬᠡᠯᠪᠡᠷᠢ ᠶᠢᠨ ᠦᠵᠡᠯ ᠢ ᠡᠷᠡᠰ ᠲᠡᠪᠴᠢᠵᠦ᠂ ᠦᠡᠭᠭᠡᠨ ᠲᠠᠯ᠎ᠠ ᠶᠢ ᠬᠥᠭᠡᠭᠡᠴᠡᠯᠳᠦᠬᠦ᠂ ᠠᠷᠠᠳ‌ᠢ ᠵᠦᠳᠡᠭᠡᠵᠦ ᠡᠳ᠋ ᠢ ᠰᠦᠢᠳᠬᠡᠬᠦ ︽ᠲᠦᠷᠢ ᠲᠥᠷᠬᠦ ᠶᠢᠨ ᠢᠨᠵᠧᠨᠧᠷᠢᠩ︾᠂ ︽ᠵᠠᠰᠠᠭ ᠤᠨ ᠠᠵᠢᠯ ᠤᠨ ᠪᠦᠲᠦᠮᠵᠢ ᠶᠢᠨ ᠢᠨᠵᠧᠨᠧᠷᠢᠩ︾ ᠶᠢ ᠬᠦᠭᠡᠭᠡᠴᠡᠯᠳᠤᠬᠦ ᠶᠢ ᠰᠡᠷᠭᠡᠶᠢᠯᠡᠬᠦ ᠬᠡᠷᠡᠭᠳᠡᠢ᠃ ︽ᠠᠷᠠᠳ ᠲᠦᠮᠡᠨ ᠢᠶᠠᠷ ᠭᠤᠣᠯ ᠪᠣᠯᠭᠠᠬᠤ︾ ᠬᠥᠭᠵᠢᠯᠲᠡ ᠶᠢᠨ ᠰᠡᠳᠭᠡᠮᠵᠢ ᠶᠢ ᠪᠠᠲᠤ ᠡᠵᠡᠮᠳᠡᠵᠦ᠂ ᠬᠠᠷᠢᠭᠤᠴᠠᠯᠭ᠎ᠠ ᠡᠭᠦᠷᠭᠡᠯᠡᠬᠦ ᠪᠣᠳᠠᠲᠤ ᠠᠵᠢᠯᠯᠠᠭ᠎ᠠ ᠶᠢ ᠡᠷᠬᠢᠮᠯᠡᠬᠦ ᠵᠣᠷᠢᠭ ᠰᠠᠨᠠᠭ᠎ᠠ ᠶᠢ ᠪᠠᠳᠠᠷᠠᠭᠤᠯᠵᠤ᠂ ︽ᠭᠠᠪᠢᠶ᠎ᠠ  ᠪᠤᠯ ᠤᠯᠠᠨ ᠤ ᠴᠢᠷᠮᠠᠶᠢᠭ᠎ᠠ ᠮᠦᠨ︾ ᠭᠡᠰᠡᠨ  ᠦᠵᠡᠯᠳᠡ ᠶᠢ ᠪᠠᠷᠢᠮᠳᠠᠯᠠᠵᠤ᠂ ᠵᠠᠮ ᠲᠡᠪᠢᠰᠦᠨ ᠰᠠᠭᠤᠷᠢ ᠲᠠᠯᠪᠢᠬᠤ ᠠᠵᠢᠯ ᠢ ᠢᠯᠡᠭᠦᠬᠡᠨ ᠬᠢᠵᠦ᠂ ᠨᠥᠭᠡᠴᠡ ᠬᠦᠴᠦᠨ ᠢᠶᠠᠨ ᠨᠡᠮᠡᠭᠳᠡᠭᠦᠯᠦᠨ᠂ ᠰᠠᠨᠠᠭᠠᠴᠢᠯᠠᠭ᠎ᠠ ᠠᠴᠠ ᠪᠠᠨ ᠲᠤᠰᠢᠶᠠᠯ ᠬᠠᠷᠢᠭᠤᠴᠠᠯᠭ᠎ᠠ‌ᠡᠭᠦᠷᠭᠡᠯᠡᠵᠦ᠂ ᠡᠯ᠎ᠡ ᠵᠦᠢᠯ ᠤᠨ ᠠᠵᠢᠯ ᠢᠶᠠᠨ ᠳᠠᠬᠢᠨ ᠰᠢᠨ᠎ᠡ ᠨᠢᠭᠡ ᠳᠡᠭᠲᠡᠷ ᠲᠤ ᠭᠠᠷᠭᠠᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠨ ᠭᠠᠷᠭᠠᠪᠠ᠃       ᠪᠤᠯᠪᠠᠰᠤᠷᠠᠯ ᠤᠨ ᠬᠤᠷᠠᠯ ᠠᠴᠠ᠂ ᠪᠦᠬᠦ ᠰᠢᠶᠠᠨ ᠤ ᠰᠠᠯᠠᠭᠠᠨ ᠳᠡᠰ ᠤᠨ ᠤᠳᠤᠷᠢᠳᠬᠤ ᠺᠠᠳᠠᠷᠴᠤᠳ ᠰᠤᠷᠤᠯᠴᠠᠬᠤ ᠣᠪᠣᠷ ᠢᠶᠠᠨ ᠲᠥᠪ ᠪᠤᠯᠭᠠᠵᠤ᠂ ᠪᠣᠯᠪᠠᠰᠤᠷᠠᠭᠤᠯᠤᠯ ᠪᠠ ᠠᠵᠢᠯ ᠤᠨ ᠬᠠᠷᠢᠴᠠᠭ᠎ᠠ ᠶᠢ ᠵᠥᠪ ᠢᠶᠠᠷ ᠰᠢᠢᠳᠪᠦᠷᠢᠯᠡᠬᠦ ᠬᠡᠷᠡᠭᠲᠡᠶ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠴᠢᠷᠮᠠᠶᠢᠨ ᠰᠤᠷᠤᠯᠴᠠᠵᠤ᠂ ᠳᠠᠷᠤᠤ ᠬᠢᠴᠢᠶᠡᠩᠭᠦᠶ ᠪᠠᠷ ᠰᠤᠷᠭᠠᠨ ᠬᠥᠮᠦᠵᠢᠯ ᠬᠦᠷᠳᠡᠨ᠂ ᠰᠠᠬᠢᠯᠭ᠎ᠠ ᠪᠠᠲᠤ ᠶᠢ ᠴᠢᠩᠭ᠎ᠠ ᠵᠢᠷᠤᠮᠯᠠᠨ ᠰᠠᠬᠢᠬᠤ ᠬᠡᠷᠡᠭᠲᠡᠶ᠃ ᠤᠬᠠᠮᠰᠠᠷ ᠠᠴᠠ ᠪᠠᠨ ᠬᠠᠮᠢᠶᠠᠷᠤᠯᠲᠠ ᠶᠢ ᠲᠡᠭᠠᠵᠦ᠂ ᠠᠩᠭᠢ ᠶᠢᠨ ᠰᠠᠬᠢᠯᠭ᠎ᠠ ᠪᠠᠲᠤ ᠶᠢ ᠴᠢᠩᠭ᠎ᠠ ᠰᠠᠬᠢᠵᠤ᠂ ᠴᠠᠭ ᠠᠴᠠ ᠦᠯᠦ ᠬᠤᠵᠢᠮᠳᠠᠬᠤ᠂ ᠡᠷᠲᠡ ᠪᠤᠴᠠᠬᠤ ᠤᠢᠭᠡᠢ᠂ ᠬᠢᠴᠢᠶᠡᠯ ᠰᠠᠭᠠᠲᠠᠬᠤ ᠦᠭᠡᠢ ᠪᠠᠶᠢᠵᠤ᠂ ᠤᠳᠤᠷᠢᠳᠬᠤ ᠺᠠᠳ᠋ᠷ ᠤᠨ ᠰᠠᠶᠢᠨ ᠰᠠᠶᠢᠬᠠᠨ ᠬᠡᠪ ᠪᠣᠯᠪᠠᠰᠤᠷᠠᠯ ᠪᠠ ᠳᠦᠷᠢ ᠲᠥᠷᠬᠦ  ᠶᠢ ᠭᠦᠢᠴᠡᠳ ᠢᠯᠡᠷᠡᠭᠦᠯᠬᠦ ᠬᠡᠷᠡᠭᠳᠡᠢ᠃ ᠪᠣᠳᠠᠲᠤ ᠪᠠᠶᠢᠳᠠᠯ ᠲᠠᠢ ᠤᠶᠠᠯᠳᠤᠭᠤᠯᠬᠤ ᠶᠢ ᠴᠢᠬᠤᠯᠠᠴᠢᠯᠠᠵᠤ  ᠂ ᠰᠤᠷᠦᠯᠴᠡᠯᠭ᠎ᠠ ᠶᠢᠨ ᠳᠤᠮᠳᠠ ᠪᠠᠨ ᠢᠯᠡᠭᠦᠤ ᠰᠡᠳᠬᠢᠬᠦ  ᠂ ᠴᠠᠭ ᠲᠤᠬᠠᠢ ᠲᠤᠨᠢ ᠳ᠋ᠦᠩᠨᠡᠯᠳᠡ ᠬᠢᠵᠤ᠂ ᠬᠢᠴᠢᠶᠡᠯ ᠤᠨ ᠳᠠᠷᠠᠭ᠎ᠠ ᠢᠯᠡᠭᠦᠬᠡᠨ ᠰᠠᠨᠠᠯ ᠰᠣᠯᠢᠯᠴᠠᠵᠤ᠂ ᠥᠪᠡᠷ ᠤᠨ ᠳᠠᠪᠠᠭᠤᠯᠢᠭ ᠲᠠᠯ᠎ᠠ ᠪᠠ ᠳᠤᠯᠢᠮᠠᠭ ᠲᠠᠯ᠎ᠠ ᠪᠠᠨ ᠤᠬᠠᠭᠠᠷᠠᠵᠤ᠂ ᠰᠡᠶᠢᠠ ᠢ ᠨᠢ ᠠᠪᠴᠤ ᠰᠢᠭᠠᠷᠤ ᠲᠠᠯ᠎ᠠ ᠪᠠᠨ ᠨᠦᠬᠦᠵᠤ᠂ ᠥᠪᠡᠷ ᠢ ᠪᠠᠨ ᠳᠡᠭᠡᠭᠰᠢᠯᠡᠭᠦᠯᠦᠨ᠂ ᠲᠦᠪᠯᠡᠷᠡᠭᠦᠯᠦᠨ‌‍ᠰᠤᠷᠤᠯᠴᠠᠬᠤ ᠪᠣᠯᠪᠠᠰᠤᠷᠠᠭᠤᠯᠤᠯ ᠤᠨ ᠦᠷ᠎ᠡ ᠪᠦᠲᠦᠮᠵᠢ ᠪᠠᠨ ᠬᠠᠮᠤᠭ ᠶᠡᠭᠡ ᠪᠣᠯᠭᠠᠬᠤ ᠪᠠᠷ ᠴᠢᠷᠮᠠᠶᠢᠬᠤ ᠬᠡᠷᠡᠭᠲᠡᠶ ᠭᠡᠵᠤ ᠱᠠᠭᠠᠷᠳᠠᠪᠠ᠃
 
ᠢᠷᠡᠯᠲᠡ᠄ ᠬᠦᠬᠡᠬᠤᠳᠠ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1