ᠹᠧᠩ ᠢᠦᠶ ᠵᠧᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠪᠠᠶᠢᠴᠠᠭᠠᠨ ᠰᠤᠳᠤᠯᠤᠯᠲᠠ ᠬᠢᠬᠦ ᠳᠤ ᠬᠥᠳᠡᠭᠡ ᠠᠵᠤ ᠠᠬᠤᠢ ᠶᠢᠨ ᠠᠵᠤ ᠦᠢᠯᠡᠰ ᠤᠨ ᠦᠢᠯᠡᠴᠢᠯᠡᠭᠡᠨ ᠤ ᠲᠠᠯ᠎ᠠ ᠪᠠᠷ ᠬᠦᠴᠦ ᠲᠠᠯᠪᠢᠨ᠂ ᠶᠠᠳᠠᠭᠤ ᠬᠦᠴᠢᠷᠳᠡᠯᠲᠡᠢ ᠲᠠᠷᠢᠶᠠᠴᠢᠨ ᠲᠤ ᠠᠵᠤ ᠦᠢᠯᠡᠰ ᠤᠨ ᠬᠡᠯᠬᠢᠶ᠎ᠡ ᠪᠠᠷ ᠠᠰᠢᠭ ᠬᠦᠷᠳᠡᠭᠡᠬᠦ ᠬᠡᠷᠡᠭᠳᠡᠢ ᠭᠡᠵᠤ ᠴᠢᠬᠤᠯᠠᠴᠢᠯᠠᠪᠠ
ᠨᠡᠶᠢᠲᠡᠯᠡᠭᠰᠡᠨ ᠴᠠᠭ᠄
2018-10-18
     10 ᠰᠠᠷ᠎ᠠ ᠶᠢᠨ 13 ᠤ ᠡᠳᠤᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ ᠹᠧᠩ ᠢᠦᠶ ᠵᠧᠨ᠂ ᠲᠦᠮᠡᠳ ᠵᠡᠭᠦᠨ ᠬᠤᠰᠢᠭᠤ᠂ ᠲᠣᠭᠲᠠᠬᠤ ᠰᠢᠶᠠᠨ᠂ ᠬᠤᠷᠢᠨᠭᠡᠷ ᠰᠢᠶᠠᠨ᠂ ᠴᠢᠩ ᠱᠦᠢ ᠾᠧ ᠰᠢᠶᠠᠨ ᠳᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠪᠠᠶᠢᠴᠠᠭᠠᠨ ᠰᠤᠳᠤᠯᠤᠯᠲᠠ ᠬᠢᠬᠦ ᠳᠡᠭᠡᠨ ᠴᠢᠬᠤᠯᠠᠴᠢᠯᠠᠭᠰᠠᠨ ᠨᠢ᠂ ᠬᠥᠳᠡᠭᠡ ᠠᠵᠤ ᠠᠬᠤᠢ ᠶᠢᠨ ᠠᠵᠤ ᠦᠢᠯᠡᠰ‌‍ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠴᠢᠩᠬᠠᠳᠬᠠᠬᠤ ᠪᠤᠯ ᠬᠥᠳᠡᠭᠡ ᠠᠵᠤ ᠠᠬᠤᠶ ᠶᠢᠨ ᠦᠷ᠎ᠡ ᠠᠰᠢᠭ ᠢ ᠨᠡᠮᠡᠭᠳᠡᠭᠦᠯᠵᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠳᠤ ᠠᠯᠤᠰ ᠬᠡᠳᠦ ᠶᠢᠨ ᠠᠴᠢ ᠬᠤᠯᠪᠣᠭᠳᠠᠯ ᠲᠠᠢ ᠶᠤᠮ᠃ ᠡᠯ᠎ᠡ ᠱᠠᠳᠤ ᠡᠯ᠎ᠡ ᠰᠠᠯᠠᠭ᠎ᠠ ᠮᠥᠴᠢᠷ ᠤᠳᠤᠬᠢ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠠᠮᠵᠢᠯᠳᠠ ᠶᠢᠨ ᠰᠠᠭᠤᠷᠢᠨ ᠳᠡᠭᠡᠷ᠎ᠡ᠂ ᠠᠵᠢᠯ ᠤᠨ ᠰᠡᠳᠬᠢᠮᠵᠢ ᠪᠠᠨ ᠰᠢᠨᠡᠳᠭᠡᠨ᠂ ᠬᠥᠳᠡᠭᠡ ᠠᠵᠤ ᠠᠬᠤᠢ ᠶᠢᠨ ᠠᠵᠤ ᠦᠢᠯᠡᠰ ᠤᠨ ᠦᠢᠯᠡᠴᠢᠯᠡᠭᠡᠨ ᠤ ᠠᠵᠢᠯ ᠢ ᠰᠠᠶᠢᠲᠤᠷ ᠬᠢᠬᠦ ᠲᠠᠯ᠎ᠠ ᠪᠠᠷ ᠬᠦᠴᠦ ᠲᠠᠯᠪᠢᠨ᠂ ᠲᠠᠷᠢᠶᠠᠴᠢᠳ ᠤᠨ ᠠᠰᠢᠭ ᠲᠤᠰᠠ ᠳᠤ ᠬᠤᠯᠪᠤᠭᠳᠠᠬᠤ ᠲᠣᠭᠲᠠᠴᠠ ᠶᠢ ᠤᠯᠠᠮ ᠨᠢᠭᠡ ᠠᠯᠬᠤᠮ ᠪᠦᠷᠢᠨᠰᠢᠬᠦᠯᠦᠨ ᠲᠡᠭᠦᠯᠳᠡᠷᠵᠢᠭᠦᠯᠵᠦ᠂ ᠨᠠᠩ ᠣᠯᠠᠨ ᠶᠠᠳᠠᠭᠤ ᠬᠦᠴᠢᠷᠳᠡᠯ ᠲᠠᠢ ᠲᠠᠷᠢᠶᠠᠴᠢᠨ ᠲᠤ ᠠᠵᠤ ᠦᠢᠯᠡᠰ ᠤᠨ ᠬᠡᠯᠬᠢᠶ᠎ᠡ ᠪᠠᠷ ᠰᠠᠭᠤᠷᠢᠯᠠᠭᠤᠯᠵᠤ ᠠᠰᠢᠭ ᠬᠦᠷᠲᠡᠭᠡᠬᠦ ᠬᠡᠷᠡᠭᠲᠡᠶ ᠭᠡᠪᠡ᠃     ᠹᠧᠩ ᠢᠦᠢ ᠵᠧᠨ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠵᠦ ᠢᠯᠠᠯᠲᠠ‌ᠤᠯᠬᠤ ᠪᠤᠯ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠪᠤᠯᠤᠨ᠎ᠠ᠂ ᠶᠠᠳᠠᠭᠤ ᠬᠦᠴᠢᠷᠳᠡᠯᠲᠡᠢ ᠤᠯᠠᠨ ᠲᠦᠮᠡᠨ ᠤ ᠠᠮᠢ ᠪᠡᠶ᠎ᠡ ᠶᠢᠨ ᠠᠰᠢᠭ ᠲᠤᠰᠠ ᠳᠤ ᠬᠤᠯᠪᠣᠭᠳᠠᠵᠤ᠂ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠴᠢᠬᠤᠯᠠ ᠶᠡᠭᠡ ᠠᠴᠢ ᠬᠤᠯᠪᠣᠭᠳᠠᠯ ᠢ ᠭᠦᠢᠴᠡᠳ ᠲᠠᠨᠢᠵᠤ᠂ ᠲᠤᠰ ᠭᠠᠵᠠᠷ ᠣᠷᠣᠨ ᠤ ᠪᠠᠨ ᠡᠬᠢ ᠪᠠᠶᠠᠯᠢᠭ ᠤᠨ ᠳᠠᠪᠠᠭᠤᠯᠢᠭ ᠪᠣᠯᠤᠨ ᠠᠵᠤ ᠦᠢᠯᠡᠰ ᠤᠨ ᠳᠠᠪᠠᠭᠤᠯᠢᠭ ᠲᠠᠢ ᠪᠠᠨ ᠤᠶᠠᠯᠳᠤᠭᠤᠯᠤᠨ᠂ ︽ᠵᠠᠭᠤᠨ ᠠᠵᠤ ᠠᠬᠤᠶᠢᠯᠠᠯ ᠵᠠᠭᠤᠨ ᠲᠣᠰᠬᠤᠨ ᠲᠠᠢ ᠬᠤᠯᠪᠤᠭᠠᠯᠠᠬᠤ︾ ᠤᠨᠢᠨ ᠳᠡᠭᠡᠷ᠎ᠡ ᠨᠢ ᠶᠠᠳᠠᠭᠤ ᠶᠢ ᠲᠡᠳᠬᠦᠬᠦ ᠠᠵᠢᠯᠯᠠᠭ᠎ᠠ ᠪᠠᠷ ᠭᠠᠷᠳᠠᠴᠠ ᠪᠣᠯᠭᠠᠵᠤ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠰᠠᠶᠢᠲᠤᠷ ᠠᠵᠢᠯᠯᠠᠬᠤ ᠬᠡᠷᠡᠭᠳᠡᠢ ᠭᠡᠵᠤ ᠵᠢᠭᠠᠨ ᠭᠠᠷᠭᠠᠪᠠ᠃      ᠹᠧᠩ ᠢᠦᠢ ᠢᠦᠢ᠂ ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠲᠦᠷᠭᠡᠳᠬᠡᠬᠦ ᠴᠢᠬᠤᠯᠠ ᠴᠢᠨᠠᠷ ᠤᠨ ᠲᠠᠨᠢᠯᠲᠠ ᠪᠠᠨ ᠦᠨᠡᠨᠬᠦ ᠴᠢᠩᠭᠠᠳᠬᠠᠬᠤ ᠶᠢ ᠠᠬᠢᠭᠤᠯᠵᠤ᠂ ᠪᠣᠳᠠᠲᠤ ᠪᠠᠶᠢᠳᠠᠯ ᠠᠴᠠ ᠡᠭᠦᠰᠦᠨ᠂ ᠲᠠᠷᠢᠶᠠᠯᠠᠩ ᠤᠨ ᠲᠤᠯᠤᠭᠠᠶᠢᠯᠠᠭᠴᠢ ᠠᠵᠤ ᠠᠬᠤᠶᠢᠯᠠᠯ ᠤᠨ ᠲᠠᠭᠠᠭᠤᠯᠤᠭᠴᠢ ᠦᠢᠯᠡᠳᠤᠯ ᠢ ᠪᠤᠶᠢᠵᠢᠭᠤᠯᠤᠨ ᠪᠤᠵᠠᠭᠠᠶᠢᠷᠠᠭᠤᠯᠵᠤ᠂ ᠲᠠᠷᠢᠶᠠᠴᠢᠨ ᠳᠤ ᠦᠢᠯᠡᠴᠢᠯᠡᠬᠦ ᠴᠢᠳᠠᠮᠵᠢ ᠶᠢ ᠲᠠᠰᠤᠷᠠᠯᠲᠠ ᠦᠭᠡᠢ ᠥᠷᠭᠡᠳᠬᠡᠵᠦ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠬᠥᠳᠡᠭᠡ ᠠᠵᠤ ᠠᠬᠤᠶ ᠶᠢᠨ ᠣᠨᠴᠠᠯᠢᠭ ᠪᠥᠬᠦᠶ ᠠᠵᠤ ᠦᠢᠯᠡᠰ ᠤᠨ ᠬᠥᠭᠵᠢᠯᠲᠡ ᠶᠢ ᠤᠯᠠᠮ ᠨᠢᠭᠡ ᠠᠯᠬᠤᠮ ᠲᠦᠷᠭᠡᠳᠬᠡᠬᠦ ᠬᠡᠷᠡᠭᠲᠡᠶ᠃ ᠲᠠᠷᠢᠶᠠᠯᠠᠩ ᠤᠨ ᠲᠣᠯᠣᠭᠠᠶᠢᠯᠠᠭᠴᠢ ᠠᠵᠤ ᠠᠬᠤᠶᠢᠯᠠᠯ ᠢ ᠲᠡᠳᠬᠦᠨ ᠳᠡᠮᠵᠢᠬᠦ ᠡᠷᠴᠢᠮ ᠢᠶᠠᠨ ᠤᠯᠠᠮ ᠨᠢᠭᠡ ᠠᠯᠬᠤᠮ ᠨᠡᠮᠡᠭᠳᠡᠭᠦᠯᠵᠦ᠂ ᠤᠳᠤ ᠦᠶ᠎ᠡ ᠶᠢᠨ ᠲᠠᠷᠢᠶᠠᠯᠠᠩ ᠤᠨ ᠬᠥᠭᠵᠢᠯᠲᠡ ᠶᠢᠨ ᠳᠤᠮᠳᠠᠬᠢ ᠳᠠᠶᠢᠴᠢᠯᠠᠬᠤ ᠰᠠᠴᠤᠷᠡᠬᠯᠠᠨ ᠨᠥᠯᠥᠭᠡᠯᠡᠬᠦ ᠦᠢᠯᠡᠳᠦᠯ ᠢ ᠭᠦᠢᠴᠡᠳ ᠪᠠᠳᠠᠷᠠᠭᠤᠯᠵᠤ᠂ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠪᠦᠲᠦᠮᠵᠢᠲᠡᠶ ᠪᠠᠷ ᠳᠡᠭᠡᠭᠰᠢᠯᠡᠭᠦᠯᠵᠦ᠂ ᠬᠥᠳᠡᠭᠡ ᠠᠵᠤ ᠠᠬᠤᠶ ᠶᠢᠨ ᠬᠥᠭᠵᠢᠯᠲᠡ ᠶᠢᠨ ᠶᠠᠰᠤ ᠴᠢᠨᠠᠷ᠂ ᠦᠷ᠎ᠡ ᠠᠰᠢᠭ ᠪᠠ ᠥᠷᠢᠰᠥᠯᠳᠦᠬᠦ ᠬᠦᠴᠦᠨ ᠢ ᠪᠦᠳᠦᠮᠵᠢᠳᠡᠢ ᠳᠡᠭᠡᠭᠰᠢᠯᠡᠭᠦᠯᠬᠦ ᠬᠡᠷᠡᠭᠲᠡᠶ᠃ ᠲᠠᠷᠢᠶᠠᠴᠢᠳ ᠤᠨ ᠠᠰᠢᠭ ᠲᠤᠰᠠ ᠳᠤ ᠬᠤᠯᠪᠤᠭᠳᠠᠬᠤ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ ᠰᠠᠶᠢᠵᠢᠷᠠᠭᠤᠯᠵᠤ᠂ ᠶᠠᠳᠠᠭᠤ ᠬᠦᠴᠢᠷᠳᠡᠯᠲᠡᠢ ᠤᠯᠠᠨ ᠲᠦᠮᠡᠨ ᠤ ᠦᠢᠯᠡᠳᠪᠦᠷᠢᠯᠡᠯ ᠳᠤ ᠣᠷᠣᠯᠴᠠᠬᠤ ᠢᠳᠡᠪᠬᠢᠵᠢᠯ ᠢ ᠭᠦᠢᠴᠡᠳ ᠳᠠᠶᠢᠴᠢᠯᠠᠬᠤ᠂ ᠤᠯᠠᠨ ᠲᠦᠮᠡᠨ ᠢ ᠵᠤᠷᠢᠭᠵᠢᠭᠤᠯᠤᠨ ᠠᠵᠢᠯᠴᠢ ᠬᠥᠳᠡᠯᠮᠦᠷᠢᠴᠢ ᠬᠤᠶᠠᠷ ᠭᠠᠷ ᠢᠶᠠᠷ ᠵᠶ᠋ᠡᠨ‌ᠠᠵᠤ ᠦᠢᠯᠡᠰ ᠤᠨ ᠬᠡᠯᠬᠢᠶ᠎ᠡ‌‍ᠲ᠋ᠠᠬᠢ ᠣᠷᠣᠯᠭ᠎ᠠ ᠶᠢ ᠨᠡᠮᠡᠭᠳᠡᠭᠦᠯᠵᠦ ᠡᠷᠲᠡᠬᠡᠨ ᠶᠠᠳᠠᠭᠤ ᠠᠴᠠ ᠠᠩᠵᠢᠷᠠᠭᠤᠯᠬᠤ ᠪᠠᠷ ᠴᠢᠷᠮᠠᠶᠢᠬᠤ ᠬᠡᠷᠡᠭᠳᠡᠢ ᠭᠡᠵᠤ ᠴᠢᠬᠤᠯᠠᠴᠢᠯᠠᠪᠠ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1