ᠲᠣᠭᠲᠠᠬᠤ ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ ᠪᠦᠬᠦ ᠰᠢᠶᠠᠨ ᠤ ︽ᠬᠤᠶᠠᠷ ᠵᠥᠪᠯᠡᠯ︾ ᠤᠨ ᠺᠠᠳᠠᠷᠴᠤᠳ ᠤᠨ ᠦᠨᠳᠦᠰᠦᠨ ᠬᠠᠤᠯᠢ ᠰᠤᠷᠤᠯᠴᠠᠬᠤ ᠲᠤᠰᠬᠠᠶ ᠰᠡᠳᠦᠪᠲᠦ ᠲᠠᠶᠢᠯᠤᠮᠵᠢ ᠡᠷᠬᠢᠯᠡᠪᠡ
ᠨᠡᠶᠢᠲᠡᠯᠡᠭᠰᠡᠨ ᠴᠠᠭ᠄
2018-10-22
     ᠲᠣᠰᠬᠤᠨ᠂ ᠨᠡᠶᠢᠭᠡᠮ ᠲᠣᠭᠤᠷᠢᠭ ︽ᠬᠤᠶᠠᠷ ᠵᠥᠪᠯᠡᠯ︾ ᠤᠨ ᠬᠤᠭᠤᠴᠠᠭ᠎ᠠ ᠰᠣᠯᠢᠭᠰᠠᠨ ᠤ ᠳᠠᠷᠠᠭᠠᠬᠢ ᠺᠠᠳ᠋ᠷ ᠤᠨ ᠬᠠᠤᠯᠢ ᠴᠠᠭᠠᠵᠠ ᠶᠢᠨ ᠬᠡᠪ ᠴᠢᠨᠠᠷ ᠲᠡᠭᠡᠭᠰᠢᠯᠡᠭᠦᠯᠵᠦ᠂ ᠲᠡᠳᠡᠨᠠᠷ ᠤᠨ ᠬᠠᠤᠯᠢ ᠰᠤᠷᠤᠯᠴᠠᠵᠤ ᠬᠠᠤᠯᠢ ᠬᠡᠷᠡᠭᠵᠢᠭᠦᠯᠬᠦ ᠤᠬᠠᠮᠰᠠᠷ ᠢ ᠴᠢᠩᠭᠠᠳᠬᠠᠵᠤ᠂ ᠬᠠᠤᠯᠢ ᠶᠣᠰᠣᠭᠠᠷ ᠡᠭᠦᠷᠭᠡ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠶᠢ ᠨᠢ ᠨᠡᠮᠡᠭᠳᠡᠭᠦᠯᠵᠦ᠂ ᠦᠨᠳᠦᠰᠦᠨ ᠬᠠᠤᠯᠢ ᠶᠢᠨ ᠠᠭᠤᠯᠭ᠎ᠠ ᠬᠢᠭᠡᠳ ᠵᠣᠷᠢᠭ ᠰᠠᠨᠠᠭᠠᠨ ᠤ ᠮᠥᠨ ᠴᠢᠨᠠᠷ ᠢ ᠲᠠᠨᠢᠵᠤ ᠡᠵᠡᠮᠰᠢᠬᠦ ᠴᠢᠳᠠᠪᠦᠷᠢ ᠶᠢ ᠲᠡᠭᠡᠭᠰᠢᠯᠡᠭᠦᠯᠬᠦ ᠶᠢᠨ ᠲᠦᠯᠦᠭᠡ᠂ 2018 ᠤᠨ ᠤ 10 ᠰᠠᠷ᠎ᠠ ᠶᠢᠨ 16 ᠤ ᠡᠳᠤᠷ ᠲᠣᠭᠲᠠᠬᠤ ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ ᠱᠤᠸᠠᠩ ᠾᠧ ᠪᠠᠯᠭᠠᠰᠤ ᠶᠢᠨ ᠪᠦᠬᠦ ᠺᠠᠳ᠋ᠷ ᠠᠵᠢᠯᠲᠠᠳ᠂ ᠲᠣᠰᠬᠤᠨ ᠳᠤ ᠰᠠᠭᠤᠭ᠎ᠠ ᠨᠢᠭᠡᠴᠡ ᠶᠢᠨ ᠬᠠᠷᠢᠭᠤᠴᠠᠯᠭᠠᠲᠠᠨ᠂ ᠡᠯ᠎ᠡ ᠲᠤᠰᠬᠠᠨ ᠤ ︽ᠬᠤᠶᠠᠷ ᠵᠥᠪᠯᠡᠯ︾ ᠤᠨ ᠺᠠᠳᠠᠷᠴᠤᠳ ᠲᠤ ᠦᠨᠳᠦᠰᠦᠨ ᠬᠠᠤᠯᠢ ᠶᠢᠨ ᠲᠤᠬᠠᠶ ᠮᠡᠳᠡᠯᠭᠡ ᠶᠢᠨ ᠲᠠᠶᠢᠯᠤᠮᠵᠢ ᠪᠣᠯᠪᠠᠰᠤᠷᠠᠯ ᠠᠩᠭᠢ ᠡᠷᠬᠢᠯᠡᠪᠡ      ᠪᠣᠯᠪᠠᠰᠤᠷᠠᠯ ᠤᠨ ᠬᠤᠷᠠᠯ ᠳᠡᠭᠡᠷ᠎ᠡ᠂ ᠲᠣᠭᠲᠠᠬᠤ ᠰᠢᠶᠠᠨ ᠤ ᠬᠠᠤᠯᠢ ᠴᠠᠭᠠᠵᠠ ᠶᠢᠨ  ᠲᠤᠪᠴᠢᠶᠠᠨ ᠤ ᠬᠠᠤᠯᠢᠴᠢ ᠯᠢ ᠵᠢᠶᠠᠨ ᠹᠧᠩ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠨ ᠬᠠᠤᠯᠢ︾ ᠶᠢᠨ ᠰᠢᠨ᠎ᠡ ᠰᠣᠷᠭᠤᠭ ᠦᠵᠡᠯᠲᠡ᠂ ᠬᠦᠨᠳᠦ ᠶᠢ ᠨᠢ ᠬᠥᠩᠭᠡᠷᠡᠭᠦᠯᠵᠦ᠂ ᠬᠦᠴᠢᠷ ᠢ ᠨᠢ ᠬᠢᠯᠪᠠᠷᠴᠢᠯᠠᠬᠤ᠂ ᠡᠯᠪᠡᠭ ᠪᠠᠶᠠᠯᠢᠭ ᠠᠭᠤᠯᠭ᠎ᠠ ᠳᠤ ᠨᠠᠷᠢᠨ ᠲᠣᠳᠣᠷᠬᠠᠶ ᠲᠠᠶᠢᠯᠪᠤᠷᠢᠯᠠᠯᠲᠠ ᠬᠢᠵᠤ᠂ ᠬᠤᠷᠠᠯ ᠳᠤ ᠤᠷᠤᠯᠴᠠᠭᠰᠠᠳ ᠤᠨ ᠦᠨᠳᠤᠰᠤᠨ ᠬᠠᠤᠯᠢ ᠶᠢᠨ ᠲᠤᠬᠠᠢ ᠲᠠᠨᠢᠯᠳᠠ ᠶᠢ ᠤᠯᠠᠨ ᠨᠢᠭᠡ ᠠᠯᠬᠤᠮ ᠲᠡᠭᠡᠭᠰᠢᠯᠡᠭᠦᠯᠪᠡ᠃        ᠲᠣᠰ ᠤᠳᠠᠭᠠᠨ ᠤ ᠲᠤᠰᠬᠠᠶ ᠰᠡᠳᠦᠪᠲᠦ ᠪᠣᠯᠪᠠᠰᠤᠷᠠᠭᠤᠯᠤᠯ ᠨᠢ ᠪᠠᠯᠭᠠᠰᠤ ᠭᠠᠴᠠᠭ᠎ᠠ ᠬᠤᠶᠠᠷ ᠱᠠᠲᠤᠨ‌‍ᠤ ᠺᠠᠳ᠋ᠷᠴᠤᠳ ᠤᠨ ᠦᠨᠳᠦᠰᠦᠨ ᠬᠠᠤᠯᠢ ᠶᠢ ᠭᠦᠨᠵᠡᠭᠡᠶ ᠰᠤᠷᠤᠯᠴᠠᠨ᠂ ᠬᠠᠤᠯᠢ ᠰᠤᠷᠤᠯᠴᠠᠵᠤ ᠬᠠᠤᠯᠢ ᠬᠡᠷᠡᠭᠵᠢᠭᠦᠯᠬᠦ ᠤᠬᠠᠮᠰᠠᠷ ᠢ ᠴᠢᠩᠭᠠᠷᠠᠭᠤᠯᠬᠤ ᠳᠤ ᠬᠦᠴᠦᠲᠡᠶ ᠬᠠᠪᠰᠤᠷᠤᠯᠭ᠎ᠠ ᠬᠠᠩᠭᠠᠵᠤ ᠦᠭᠴᠡᠢ᠂ ᠪᠠᠯᠭᠠᠰᠤ ᠭᠠᠴᠠᠭ᠎ᠠ ᠬᠤᠶᠠᠷ ᠱᠠᠲᠤᠨ ᠤ ᠺᠠᠳᠠᠷᠴᠤᠳ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ ᠪᠠᠷ ᠶᠡᠷᠦᠩᠬᠡᠶᠢᠯᠡᠨ ᠵᠠᠬᠢᠷᠴᠦ᠂ ᠬᠤᠳᠡ ᠶᠢᠨ ᠨᠠᠮ ᠤᠨ ᠬᠤᠷᠢᠶ᠎ᠠ ᠪᠣᠯᠤᠨ ᠰᠢᠶᠠᠨ ᠤ ᠨᠠᠮ ᠤᠨ ᠬᠤᠷᠢᠶᠠᠨ ᠤ ᠪᠠᠶᠢᠷᠢᠯᠠᠭᠤᠯᠤᠯᠲᠠ‌‍ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠤᠰ ᠪᠡᠶ᠎ᠡ ᠶᠢᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠨᠠᠮ ᠤᠨ ᠬᠤᠷᠢᠶ᠎ᠠ᠂ ᠵᠠᠰᠠᠭ ᠤᠨ ᠣᠷᠳᠣᠨ ᠬᠢᠭᠡᠳ ᠠᠷᠠᠳ ᠤᠯᠠᠨ ᠤ ᠬᠤᠭᠤᠷᠣᠨᠳᠣᠬᠢ  ᠬᠢᠷᠢ ᠲᠡᠩᠴᠡᠭᠰᠡᠨ ︽ᠴᠢᠮᠡᠭᠡᠯᠡᠭᠴᠢ︾ ᠪᠤᠯᠬᠤ ᠪᠠᠷ ᠴᠢᠷᠮᠠᠶᠢᠬᠤ ᠬᠡᠷᠡᠭᠳᠡᠢ ᠭᠡᠵᠤ ᠬᠦᠰᠡᠯ ᠲᠡᠪᠰᠢᠭᠦᠯᠪᠡ᠃      ᠪᠠᠯᠭᠠᠰᠤ ᠭᠠᠴᠠᠭ᠎ᠠ ᠬᠤᠶᠠᠷ ᠱᠠᠲᠤᠨ ᠤ ᠺᠠᠳ᠋ᠷᠴᠤᠳ ᠲᠤᠰ ᠤᠳᠠᠭᠠᠨ ᠤ ᠪᠤᠯᠪᠠᠰᠤᠷᠠᠯ ᠢᠶᠠᠷ ᠲᠠᠮᠵᠢᠨ ︽ᠦᠨᠳᠦᠰᠦᠨ ᠬᠠᠤᠯᠢ︾ ᠶᠢᠨ ᠬᠠᠮᠢᠶ᠎ᠠ ᠪᠦᠬᠦᠢ ᠮᠡᠳᠡᠯᠭᠡ ᠶᠢ ᠤᠯᠠᠮ ᠨᠢᠭᠡ ᠠᠯᠬᠤᠮ ᠤᠶᠢᠯᠠᠭᠠᠨ ᠡᠵᠡᠮᠰᠢᠵᠦ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠡᠭᠦᠷᠭᠡ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠪᠠᠨ ᠴᠢᠩᠭᠠᠳᠬᠠᠵᠤ᠂ ᠦᠨᠳᠦᠰᠦᠨ ᠬᠠᠤᠯᠢ ᠪᠠ ᠬᠠᠤᠯᠢ ᠴᠠᠭᠠᠵᠠ ᠠᠴᠠ ᠣᠯᠭᠤᠭᠰᠠᠨ ᠡᠷᠬᠡ‌ᠡᠭᠦᠷᠭᠡ ᠪᠠᠨ ᠵᠥᠪ ᠬᠡᠷᠡᠭᠵᠢᠭᠦᠯᠬᠦ ᠪᠠᠷ ᠴᠢᠷᠠᠮᠠᠨ ᠠᠵᠢᠯᠯᠠᠨ᠎ᠠ ᠭᠡᠵᠤ ᠤᠪᠤᠷ ᠢᠶᠠᠨ ᠢᠯᠡᠳᠭᠡᠪᠡ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1