ᠲᠣᠭᠲᠠᠬᠤ ᠰᠢᠶᠠᠨ ᠲᠣᠰᠬᠤᠨ ︵ᠨᠡᠶᠢᠭᠡᠮ ᠲᠣᠭᠤᠷᠢᠭ︶ ᠤ ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠢ ᠪᠦᠬᠦ ᠲᠠᠯ᠎ᠠ ᠪᠠᠷ ᠪᠡᠶᠡᠯᠡᠭᠦᠯᠪᠡ
ᠨᠡᠶᠢᠲᠡᠯᠡᠭᠰᠡᠨ ᠴᠠᠭ᠄
2018-10-08
     ᠡᠪᠯᠡᠯ ᠤᠨ ᠵᠣᠬᠢᠶᠠᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭ᠎ᠠ ᠵᠠᠰᠠᠬᠤ ᠱᠠᠭᠠᠷᠳᠠᠯᠭ᠎ᠠ ᠶᠢ  ᠨᠠᠶᠢᠳᠠᠪᠤᠷᠢᠵᠢᠭᠤᠯᠵᠤ᠂ ᠡᠪ ᠬᠠᠮᠲᠤ ᠵᠠᠯᠠᠭᠤᠴᠤᠳ ᠤᠨ ᠡᠪᠯᠡᠯ ᠤᠨ ᠦᠨᠳᠦᠰᠦᠨ ᠱᠠᠲᠤᠨ ᠤ ᠰᠠᠭᠤᠷᠢ ᠶᠢ ᠲᠠᠰᠤᠷᠠᠯᠲᠠ ᠦᠭᠡᠢ ᠪᠠᠬᠢᠵᠢᠭᠦᠯᠵᠦ᠂ ᠲᠤᠰᠬᠤᠨ ᠤ ᠱᠠᠲᠤᠨ ᠤ ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠠᠮᠢᠵᠢᠷᠠᠯ ᠤᠨ ᠬᠦᠴᠦᠨ ᠢ ᠤᠯᠠᠮ ᠨᠢᠭᠡ ᠠᠯᠬᠤᠮ ᠬᠦᠭᠵᠢᠭᠡᠬᠦ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠂ ᠬᠥᠬᠡᠬᠤᠲᠠ ᠬᠤᠶᠠᠷ ᠱᠠᠲᠤᠨ ᠤ ᠡᠪᠯᠡᠯ ᠤᠨ ᠬᠤᠷᠢᠶ᠎ᠠ ᠶᠢᠨ ᠦᠨᠳᠦᠰᠦᠨ ᠱᠠᠲᠤᠨ ᠤ ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠤᠨ ᠲᠤᠬᠠᠶ ᠬᠤᠯᠪᠣᠭᠳᠠᠯ ᠪᠥᠬᠦᠶ ᠱᠠᠭᠠᠷᠳᠠᠯᠭ᠎ᠠ ᠶᠤᠰᠤᠭᠠᠷ᠂ ᠰᠢᠶᠠᠨ ᠤ ᠡᠪᠯᠡᠯ ᠤᠨ  ᠬᠤᠷᠢᠶ᠎ᠠ ᠨᠢᠭᠡᠳᠦᠯᠲᠡᠢ ᠲᠦᠯᠦᠪᠵᠢᠭᠦᠯᠦᠯᠭᠡ᠂ ᠨᠠᠷᠢᠨ ᠨᠢᠮᠪᠠᠶ ᠵᠣᠬᠢᠶᠠᠨ ᠪᠠᠶᠢᠭᠤᠯᠤᠯᠳᠠ᠂ ᠵᠢᠷᠤᠮᠵᠢᠯ ᠢ ᠴᠢᠩᠭ᠎ᠠ ᠡᠵᠡᠮᠰᠢᠵᠦ᠂ ᠯᠠᠪᠳᠠᠭᠤᠨ ᠢᠶᠠᠷ ᠠᠬᠢᠭᠤᠯᠤᠨ 9 ᠰᠠᠷ᠎ᠠ ᠶᠢᠨ 27 ᠤ ᠡᠳᠦᠷ ᠪᠣᠯᠲᠠᠯ᠎ᠠ᠂ ᠪᠦᠬᠦ ᠰᠢᠶᠠᠨ ᠤ 120 ᠲᠣᠰᠬᠤᠨ᠂ 13 ᠨᠡᠶᠢᠭᠡᠮ ᠲᠣᠭᠤᠷᠢᠭ ᠤᠨ ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠢ ᠪᠦᠬᠦ ᠲᠠᠯ᠎ᠠ ᠪᠠᠷ ᠪᠡᠶᠡᠯᠡᠭᠦᠯᠪᠡ᠃      ᠵᠣᠬᠢᠶᠠᠨ ᠪᠠᠶᠢᠭᠤᠯᠤᠯᠲᠠ ᠶᠢᠨ ᠲᠠᠯ᠎ᠠ ᠪᠠᠷ ︽ᠤᠬᠢ︾ ᠳᠡᠭᠡᠷ᠎ᠡ ᠬᠦᠴᠦ ᠲᠠᠯᠪᠢᠪᠠ᠃ ᠨᠢᠭᠡ ᠳᠤ᠂ ᠵᠣᠬᠢᠶᠠᠨ ᠪᠠᠶᠢᠭᠤᠯᠤᠯᠲᠠ ᠶᠢᠨ ᠳᠡᠮᠵᠢᠯᠭᠡ ᠶᠢ ᠣᠯᠤᠭᠰᠠᠨ ᠪᠠᠶᠢᠨ᠎ᠠ᠃  ᠪᠦᠬᠦ ᠰᠢᠶᠠᠨ ᠤ ᠲᠣᠰᠬᠤᠨ᠂ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠤᠨ ᠤᠳᠤᠷᠢᠳᠬᠤ ᠳᠤᠭᠤᠶᠢᠯᠠᠩ ᠢᠶᠠᠷ ᠬᠢᠨᠠᠨ ᠲᠤᠭᠳᠠᠭᠠᠵᠤ ᠲᠠᠷᠤᠯᠮᠯᠠᠨ ᠲᠠᠷᠬᠠᠭᠠᠭᠰᠠᠨ ︽︿ᠪᠦᠬᠦ ᠬᠤᠲᠠ ᠶᠢᠨ ᠲᠤᠰᠬᠤᠨ᠂ ᠨᠡᠶᠢᠭᠡᠮ ᠲᠣᠭᠤᠷᠢᠭ ᠤᠨ ᠨᠠᠮ ᠤᠨ ᠡᠭᠦᠷ᠂  ᠲᠤᠰᠬᠤᠨ ᠤ ᠵᠥᠪᠯᠡᠯ ᠤᠨ ᠬᠤᠭᠤᠴᠠᠭ᠎ᠠ ᠰᠣᠯᠢᠬᠤ ᠰᠤᠩᠭᠤᠭᠤᠯᠢ ᠶᠢᠨ ᠳᠤᠮᠳᠠ ᠦᠨᠳᠦᠰᠦᠨ ᠱᠠᠲᠤᠨ ᠤ ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠬᠤᠭᠤᠴᠠᠭ᠎ᠠ ᠰᠣᠯᠢᠬᠤ ᠰᠤᠩᠭᠤᠭᠤᠯᠢ ᠶᠢᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠲᠤᠬᠠᠢ ᠮᠡᠳᠡᠭᠳᠡᠯ﹀ ᠤᠨ ᠲᠤᠬᠠᠶ ᠮᠡᠳᠡᠭᠳᠡᠯ︾ ︵ᠲᠤᠭᠳᠠᠬᠠᠤ ᠰᠣᠩᠭᠤᠬᠤ ᠲᠠᠷᠬᠠᠭᠠᠭᠰᠠᠨ ︹ 2018 ︺ 9 ᠳ᠋ᠤᠭᠡᠷ ᠲᠣᠭᠠᠲᠤ︶᠂ ᠪᠢᠴᠢᠭ ᠮᠠᠲ᠋ᠧᠷᠢᠶᠠᠯ ᠳᠤ ᠠᠵᠢᠯ ᠤᠨ ᠠᠭᠤᠯᠭ᠎ᠠ᠂ ᠠᠯᠬᠤᠮ ᠲᠠᠷᠠᠭ᠎ᠠ ᠵᠢᠴᠢ ᠬᠠᠮᠢᠶ᠎ᠠ ᠪᠦᠬᠦᠢ ᠱᠠᠭᠠᠷᠳᠠᠯᠭ᠎ᠠ ᠶᠢ ᠲᠤᠳᠤᠷᠬᠠᠶᠢᠯᠠᠭᠰᠠᠨ ᠪᠠᠶᠢᠨ᠎ᠠ᠃ ᠪᠦᠬᠦ ᠰᠢᠶᠠᠨ ᠤ ᠲᠣᠰᠬᠤᠨ ︵ᠨᠡᠶᠢᠭᠡᠮ ᠲᠣᠭᠤᠷᠢᠭ︶ ᠤ ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠬᠤᠭᠤᠴᠠᠭ᠎ᠠ ᠰᠣᠯᠢᠬᠤ ᠠᠵᠢᠯ ᠢ ︽ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ ᠰᠤᠩᠭᠤᠭᠤᠯᠢ ᠶᠢᠨ ᠠᠵᠢᠯ ᠲᠠᠢ ᠬᠠᠮᠳᠤ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ 2 ᠤᠳᠠᠭ᠎ᠠ ᠪᠦᠬᠦ ᠰᠢᠶᠠᠨ ᠤ ᠲᠣᠰᠬᠤᠨ ︵ᠨᠡᠶᠢᠭᠡᠮ ᠲᠣᠭᠤᠷᠢᠭ︶ ᠤ ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠬᠤᠭᠤᠴᠠᠭ᠎ᠠ ᠰᠣᠯᠢᠬᠤ ᠠᠵᠢᠯ ᠢ ᠳᠥᠯᠭᠢᠨ ᠠᠬᠢᠭᠤᠯᠬᠤ ᠬᠤᠷᠠᠯ ᠬᠤᠷᠠᠯᠳᠤᠭᠤᠯᠵᠤ᠂ 1 ᠤᠳᠠᠭ᠎ᠠ  ᠲᠠᠶᠢᠴᠢᠯᠠᠯᠳᠠ ᠶᠢᠨ ᠬᠤᠷᠠᠯ ᠬᠤᠷᠠᠯᠳᠤᠭᠤᠯᠪᠠ᠃ ᠬᠤᠶᠠᠷ ᠲᠤ᠂ ᠪᠣᠯᠪᠠᠰᠤᠷᠠᠭᠤᠯᠤᠯ ᠢ ᠰᠠᠶᠢᠲᠤᠷ ᠠᠳᠬᠤᠪᠠ᠃ ︽ᠲᠣᠭᠲᠠᠬᠤ ᠰᠢᠶᠠᠨ ᠤ ᠲᠣᠰᠬᠤᠨ ︵ᠨᠡᠶᠢᠭᠡᠮ ᠲᠣᠭᠤᠷᠢᠭ︶ ᠤ ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠤᠨ ᠵᠢᠯᠣᠭᠤᠳᠬᠤ ᠭᠠᠷ ᠳᠡᠪᠲᠡᠷ︾᠂ ︽ᠰᠢᠶᠠᠩ ᠪᠠᠯᠭᠠᠰᠤᠨ ᠤ ᠡᠪᠯᠡᠯ ᠤᠨ ᠬᠤᠷᠢᠶ᠎ᠠ ᠶᠢᠨ ᠠᠵᠢᠯ ᠤᠨ ᠪᠦᠯᠬᠦᠮ︾ ᠳᠤ᠂ ᠲᠣᠰᠬᠤᠨ ︵ᠨᠡᠶᠢᠭᠡᠮ ᠲᠣᠭᠤᠷᠢᠭ︶ ᠤ ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠬᠤᠭᠤᠴᠠᠭ᠎ᠠ ᠰᠣᠯᠢᠬᠤ ᠰᠤᠩᠭᠤᠭᠤᠯᠢ ᠶᠢᠨ ᠠᠵᠢᠯ ᠢ ᠪᠦᠬᠦ ᠶᠠᠪᠤᠴᠠ ᠶᠢᠨ ᠰᠢᠪᠠᠳᠤᠨ ᠵᠢᠯᠤᠭᠤᠳᠴᠤ᠂ ᠴᠢᠭᠯᠡᠯᠳᠦ ᠴᠢᠨᠠᠷ ᠲᠠᠢ ᠪᠠᠷ ᠬᠤᠯᠪᠣᠭᠳᠠᠯ ᠪᠦᠬᠦᠢ ᠲᠤᠬᠠᠶᠢᠯᠠᠭᠰᠠᠨ ᠠᠵᠢᠯ ᠤᠨ ᠮᠡᠳᠡᠯᠭᠡ ᠶᠢᠨ ᠪᠣᠯᠪᠠᠰᠤᠷᠠᠭᠤᠯᠤᠯ ᠬᠢᠪᠡ᠃ ᠭᠤᠷᠪᠠ ᠳᠤ᠂ ᠬᠠᠷᠢᠭᠤᠴᠠᠯᠭ᠎ᠠ ᠶᠢ ᠪᠤᠳᠠᠳᠠᠶᠢᠵᠢᠭᠤᠯᠪᠠ᠃ ᠡᠯ᠎ᠡ ᠰᠤᠮᠤ ᠪᠠᠯᠭᠠᠰᠤᠨ ᠤ ᠠᠵᠢᠯ ᠤᠨ ᠪᠦᠯᠬᠦᠮ ᠳᠤ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠪᠡᠶ᠎ᠡ ᠪᠠᠷ ᠢᠶᠠᠨ ᠣᠷᠣᠯᠴᠠᠵᠤ᠂ ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠬᠤᠭᠤᠴᠠᠭ᠎ᠠ ᠰᠣᠯᠢᠬᠤ ᠰᠤᠩᠭᠤᠭᠤᠯᠢ ᠶᠢᠨ ᠠᠵᠢᠯ ᠤᠨ ᠳᠤᠮᠳᠠ ᠲᠣᠬᠢᠶᠠᠯᠳᠤᠭᠰᠠᠨ ᠡᠯ᠎ᠡ ᠵᠦᠢᠯ ᠤᠨ ᠠᠰᠠᠭᠤᠳᠠᠯ ᠢ ᠴᠠᠭ ᠲᠤᠬᠠᠶ ᠳᠤᠨᠢ ᠰᠢᠢᠳᠪᠦᠷᠢᠯᠡᠪᠡ︔ ᠰᠢᠶᠠᠩ ᠪᠠᠯᠭᠠᠰᠤᠨ ᠤ ᠡᠪᠯᠡᠯ ᠤᠨ ᠬᠤᠷᠢᠶᠠᠨ ᠤ ᠱᠦᠵᠢ ᠬᠠᠷᠢᠭᠤᠴᠠᠨ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠤᠨ ᠡᠮᠬᠢ ᠳᠢᠭᠯᠢᠮ ᠲᠠᠢ ᠶᠠᠪᠤᠭᠳᠠᠬᠤ ᠶᠢ ᠦᠨᠡᠨ ᠬᠦ  ᠪᠠᠳᠤᠯᠠᠪᠠ᠃      9 ᠰᠠᠷ᠎ᠠ ᠶᠢᠨ ᠡᠬᠢ ᠪᠠᠷ᠂ ᠰᠢᠶᠠᠨ ᠤ ᠡᠪᠯᠡᠯ ᠤᠨ ᠬᠤᠷᠢᠶ᠎ᠠ ᠡᠯ᠎ᠡ ᠰᠤᠮᠤ ᠪᠠᠯᠭᠠᠰᠤᠨ ᠤ ᠡᠪᠯᠡᠯ ᠤᠨ ᠡᠭᠦᠷ ᠢ ᠵᠣᠬᠢᠶᠠᠨ ᠪᠠᠶᠢᠭᠤᠯᠤᠨ ᠤᠷᠢᠳᠤᠬᠢ ᠬᠤᠭᠤᠴᠠᠭᠠᠨ ᠤ ᠪᠠᠶᠢᠴᠠᠭᠠᠨ ᠰᠤᠳᠤᠯᠤᠯᠲᠠ ᠥᠷᠨᠢᠭᠦᠯᠵᠦ᠂ ᠲᠤᠬᠠᠶ ᠶᠢᠨ ᠭᠠᠵᠠᠷ ᠢᠶᠠᠷ ᠰᠤᠷᠪᠤᠯᠵᠢᠯᠠᠭ᠎ᠠ ᠬᠢᠬᠦ᠂ ᠳ᠋ᠢᠶᠠᠩᠬᠤᠸᠠ ᠪᠠᠷ ᠠᠰᠠᠭᠤᠨ ᠯᠠᠪᠯᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠨᠡᠶᠢᠭᠡᠮ ᠲᠣᠭᠤᠷᠢᠭ ᠲᠣᠰᠬᠤᠨ ᠳᠠᠷᠠᠭᠠᠯᠠᠨ ᠪᠠᠶᠢᠴᠠᠭᠠᠨ ᠲᠠᠩᠰᠠᠯᠠᠵᠤ᠂ ᠲᠣᠰᠬᠤᠨ ︵ᠨᠡᠶᠢᠭᠡᠮ ᠲᠣᠭᠤᠷᠢᠭ︶ ᠤ ᠪᠦᠯᠬᠦᠮ ᠨᠡᠶᠢᠲᠡ ᠶᠢᠨ ᠵᠣᠬᠢᠶᠠᠨ ᠪᠠᠶᠢᠭᠤᠯᠤᠯᠲᠠ ᠶᠢᠨ ᠦᠨᠳᠦᠰᠦᠨ ᠪᠠᠶᠢᠳᠠᠯ ᠢ ᠪᠦᠬᠦ ᠲᠠᠯ᠎ᠠ ᠪᠠᠷ  ᠡᠵᠡᠮᠰᠢᠪᠡ᠃ ᠪᠠᠶᠢᠳᠠᠯ ᠢ ᠣᠶᠢᠯᠠᠭᠠᠬᠤ ᠪᠠᠶᠢᠴᠠᠭᠠᠨ ᠰᠤᠳᠤᠯᠤᠯᠲᠠ ᠳᠠᠭᠤᠰᠤᠭᠰᠠᠨ ᠤ ᠳᠠᠷᠠᠭ᠎ᠠ᠂ ᠡᠯ᠎ᠡ ᠰᠤᠮᠤ ᠪᠠᠯᠭᠠᠰᠤᠨ ᠤ ᠡᠪᠯᠡᠯ ᠤᠨ ᠡᠭᠦᠷ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠡᠪᠯᠡᠯ ᠤᠨ ᠡᠭᠦᠷ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠵᠣᠬᠢᠶᠠᠨ ᠪᠠᠶᠢᠭᠤᠯᠬᠤ ᠠᠵᠢᠯ ᠤᠨ ᠬᠡᠷᠡᠭᠵᠢᠭᠦᠯᠬᠦ ᠲᠥᠰᠦᠯ ᠲᠣᠭᠲᠠᠭᠠᠵᠤ ᠂ ᠬᠠᠷᠢᠶᠠᠳᠤ ᠣᠷᠣᠨ ᠤ ᠲᠣᠰᠬᠤᠨ ︵ᠨᠡᠶᠢᠭᠡᠮ ᠲᠣᠭᠤᠷᠢᠭ︶ ᠤ ᠬᠤᠭᠤᠴᠠᠭ᠎ᠠ ᠰᠤᠯᠢᠬᠤ ᠰᠤᠩᠭᠤᠭᠤᠯᠢ ᠶᠢᠨ ᠠᠵᠢᠯ ᠤᠨ ᠬᠡᠷᠡᠭᠵᠢᠭᠦᠯᠬᠦ ᠪᠣᠳᠠᠲᠠᠶ ᠲᠥᠰᠦᠯ ᠲᠤᠭᠳᠠᠭᠠᠪᠠ᠃      ᠰᠢᠨ᠎ᠡ ᠪᠠᠷ ᠰᠣᠩᠭᠤᠭᠳᠠᠭᠰᠠᠨ 133 ᠨᠡᠷᠡᠰ ᠲᠣᠰᠬᠤᠨ ︵ᠨᠡᠶᠢᠭᠡᠮ ᠲᠣᠭᠤᠷᠢᠭ︶ ᠤ ᠡᠪᠯᠡᠯ ᠤᠨ ᠡᠭᠦᠷ ᠤᠨ ᠱᠦᠵᠢ ᠪᠦᠬᠦᠨ ᠢᠶᠠᠷ ᠢᠶᠠᠨ ︽ᠬᠤᠶᠠᠷ ᠵᠥᠪᠯᠡᠯ︾ ᠤᠨ ᠪᠠᠭ ᠳᠤ ᠰᠤᠩᠭᠤᠭᠳᠠᠨ ᠤᠷᠤᠪᠠ᠃ ᠬᠥᠳᠡᠭᠡ ᠲᠣᠰᠬᠤᠨ ᠤ ᠴᠢᠨᠡᠭᠡᠯᠢᠭᠵᠢᠯ ᠤᠨ ᠵᠠᠯᠠᠭᠤ ᠳᠠᠭᠠᠭᠤᠯᠤᠭᠴᠢ᠂ ᠲᠠᠷᠢᠶᠠᠯᠠᠩ ᠮᠠᠯ ᠠᠵᠤ ᠠᠬᠤᠶ ᠶᠢᠨ ᠲᠣᠮᠣ ᠡᠷᠦᠬᠡ᠂ ᠣᠶᠤᠲᠠᠨ ᠭᠠᠴᠠᠭᠠᠨ ᠳᠠᠷᠤᠭ᠎ᠠ᠂ ᠨᠤᠲᠤᠭ ᠲᠠᠭᠠᠨ ᠪᠤᠴᠠᠵᠤ ᠠᠳᠠᠯ ᠦᠢᠯᠡᠰ ᠴᠣᠭᠴᠠᠯᠠᠭᠰᠠᠨ ᠤᠶᠤᠲᠠᠳ ᠤᠨ ᠳᠣᠲᠣᠷᠠᠬᠢ ᠨᠠᠮ ᠤᠨ ᠭᠡᠰᠢᠭᠦᠨ᠂ ᠡᠪᠯᠡᠯ ᠤᠨ ᠭᠡᠰᠢᠭᠦᠨ ᠡᠴᠡ‌‍ᠰᠢᠯᠢᠳᠡᠭ ᠢ ᠰᠤᠩᠭᠤᠨ  ᠲᠣᠰᠬᠤᠨ ︵ᠨᠡᠶᠢᠭᠡᠮ ᠲᠣᠭᠤᠷᠢᠭ︶ ᠤ ᠪᠦᠯᠬᠦᠮ ᠨᠡᠶᠢᠲᠡ ᠶᠢᠨ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠪᠠᠭ ᠳᠤ ᠲᠤᠬᠢᠷᠠᠭᠤᠯᠪᠠ᠃ ᠲᠡᠷᠠᠭ᠎ᠠ ᠠᠯᠬᠤᠮ ᠳᠤ᠂ ᠰᠢᠶᠠᠨ ᠤ ᠡᠪᠯᠡᠯ ᠤᠨ ᠬᠤᠷᠢᠶ᠎ᠠ ᠲᠣᠰᠬᠤᠨ ︵ᠨᠡᠶᠢᠭᠡᠮ ᠲᠣᠭᠤᠷᠢᠭ︶  ᠤ ᠪᠦᠯᠬᠦᠮ ᠨᠡᠶᠢᠲᠡ ᠶᠢᠨ ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠨ ᠢ ᠲᠥᠪᠯᠡᠷᠡᠭᠦᠯᠦᠨ ᠪᠣᠯᠪᠠᠰᠤᠷᠠᠭᠤᠯᠬᠤ ᠠᠵᠢᠯ ᠢ ᠵᠠᠯᠭᠠᠭ᠎ᠠ ᠪᠠᠷ ᠥᠷᠨᠢᠭᠦᠯᠦᠨ᠂ ᠰᠢᠨ᠎ᠡ ᠪᠠᠷ ᠰᠤᠭᠤᠭᠳᠠᠭᠰᠠᠨ ᠲᠣᠰᠬᠤᠨ ︵ᠨᠡᠶᠢᠭᠡᠮ ᠲᠣᠭᠤᠷᠢᠭ︶ ᠤ ᠪᠦᠯᠬᠦᠮ ᠨᠡᠶᠢᠲᠡ ᠶᠢᠨ ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠨ ᠤ ᠤᠨᠤᠯ ᠤᠨ ᠬᠢᠷᠢ ᠬᠡᠮᠵᠢᠶ᠎ᠡ ᠪᠠ ᠡᠪ ᠬᠠᠮᠲᠤ ᠵᠠᠯᠠᠭᠤᠴᠤᠳ ᠤᠨ ᠡᠪᠯᠡᠯ ᠤᠨ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠬᠦ ᠶᠢ ᠠᠬᠢᠭᠤᠯᠵᠤ᠂ ᠬᠤᠶᠢᠰᠢᠳᠠ ᠶᠢᠨ ᠲᠣᠰᠬᠤᠨ ︵ᠨᠡᠶᠢᠭᠡᠮ ᠲᠣᠭᠤᠷᠢᠭ︶ ᠤ ᠵᠠᠯᠠᠭᠤᠴᠤᠳ ᠤᠨ ᠠᠵᠢᠯ ᠳᠤ ᠰᠠᠭᠤᠷᠢ ᠪᠠᠬᠢᠵᠢᠭᠦᠯᠵᠦ ᠦᠭᠴᠡᠢ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1