ᠲᠣᠭᠲᠠᠬᠤ ᠰᠢᠶᠠᠨ ᠰᠡᠳᠬᠢᠯ ᠨᠢᠭᠡᠳᠬᠡᠨ ᠬᠦᠴᠦ ᠪᠠᠨ ᠬᠠᠮᠲᠤᠳᠬᠠᠵᠤ᠂ ᠠᠹᠷᠢᠺᠠ ᠲᠢᠪ ᠤᠨ ᠭᠠᠭ᠋ᠠᠶ ᠶᠢᠨ ᠮᠢᠯᠵᠠᠩ ᠢ ᠴᠢᠩᠭ᠎ᠠ ᠨᠢᠮᠪᠠᠶ ᠰᠡᠷᠭᠡᠶᠢᠯᠡᠨ ᠡᠵᠡᠮᠳᠡᠵᠦ ᠪᠠᠶᠢᠨ᠎ᠠ
ᠨᠡᠶᠢᠲᠡᠯᠡᠭᠰᠡᠨ ᠴᠠᠭ᠄
2018-10-09
     8 ᠰᠠᠷ᠎ᠠ ᠶᠢᠨ 3 ᠤ ᠡᠳᠦᠷ ᠯᠢᠶᠣᠤᠨᠢᠩ ᠮᠤᠵᠢ ᠶᠢᠨ ᠱᠧᠨᠶᠠᠩ ᠬᠤᠲᠠ ᠶᠢᠨ ᠱᠸᠡᠨ ᠪᠸᠢ ᠰᠢᠨ᠎ᠡ ᠲᠣᠭᠤᠷᠢᠭ ᠤᠨ ᠠᠩᠬᠠᠳᠠᠭᠴᠢ ᠠᠹᠷᠢᠺᠠ ᠲᠢᠪ ᠤᠨ ᠭᠠᠭ᠋ᠠᠶ ᠶᠢᠨ ᠮᠢᠯᠵᠠᠩ ᠬᠢᠵᠢᠭ ᠭᠠᠷᠤᠭᠰᠠᠨ ᠠᠴᠠ ᠨᠠᠭᠠᠰᠢ᠂ ᠲᠣᠭᠲᠠᠬᠤ ᠰᠢᠶᠠᠨ ᠪᠦᠬᠦ ᠰᠢᠶᠠᠨ ᠢᠶᠠᠷ ᠢᠶᠠᠨ ᠢᠳᠡᠪᠬᠢᠲᠡᠶ ᠬᠦᠳᠡᠯᠦᠯᠴᠡᠨ᠂ ᠰᠡᠳᠬᠢᠯ ᠨᠢᠭᠡᠳᠬᠡᠨ ᠬᠦᠴᠦ ᠪᠠᠨ ᠬᠠᠮᠲᠤᠳᠬᠠᠵᠤ᠂ ᠤᠯᠠᠨ ᠵᠦᠢᠯ ᠤᠨ ᠠᠷᠭ᠎ᠠ ᠬᠡᠮᠵᠢᠶ᠎ᠡ ᠠᠪᠴᠦ ᠠᠹᠷᠢᠺᠠ ᠲᠢᠪ ᠤᠨ ᠭᠠᠭ᠋ᠠᠶ ᠶᠢᠨ ᠮᠢᠯᠵᠠᠩ ᠬᠢᠵᠢᠭ ᠢ ᠴᠢᠩᠭ᠎ᠠ ᠨᠢᠮᠪᠠᠢ ᠰᠡᠷᠭᠡᠶᠢᠯᠡᠨ  ᠡᠵᠡᠮᠳᠡᠵᠦ ᠪᠠᠶᠢᠨ᠎ᠠ  ᠃      ᠨᠢᠭᠡ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠤᠳᠤᠷᠢᠳᠤᠯᠭ᠎ᠠ ᠠᠴᠠ ᠬᠦᠨᠳᠦᠳᠬᠡᠨ ᠪᠦᠬᠦ ᠶᠠᠪᠤᠴᠠ ᠳᠤ ᠪᠠᠶᠢᠷᠢᠯᠠᠭᠤᠯᠤᠯᠲᠠ ᠬᠢᠵᠤ᠂ ᠪᠦᠬᠦ ᠬᠦᠴᠦᠨ ᠢᠶᠠᠷ ᠬᠢᠵᠢᠭ ᠢ ᠰᠡᠷᠭᠡᠶᠢᠯᠡᠬᠦ ᠠᠵᠢᠯ ᠢ ᠰᠠᠶᠢᠲᠤᠷ ᠬᠢᠪᠡ᠃ 8 ᠰᠠᠷ᠎ᠠ ᠶᠢᠨ 3 ᠤ ᠡᠳᠦᠷ ᠠᠩᠬᠠᠳᠠᠭᠴᠢ ᠬᠢᠵᠢᠭ ᠡᠭᠦᠰᠦᠭᠰᠡᠨ ᠠᠴᠠ ᠨᠠᠭᠠᠰᠢ᠂ ᠲᠣᠭᠲᠠᠬᠤ ᠰᠢᠶᠠᠨ ᠪᠦᠬᠦ ᠤᠯᠤᠰ ᠤᠨ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠲᠧᠯᠸᠢᠰ ᠤᠲᠠᠰᠤ ᠲᠠᠮᠵᠢᠯᠭᠠᠲᠤ ᠬᠤᠷᠠᠯ ᠪᠣᠯᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ᠂ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠠᠹᠷᠢᠺᠠ ᠲᠢᠪ ᠤᠨ ᠭᠠᠭ᠋ᠠᠶ ᠶᠢᠨ ᠮᠢᠯᠵᠠᠩ ᠬᠢᠵᠢᠭ ᠰᠡᠷᠭᠡᠶᠢᠯᠡᠨ ᠵᠠᠰᠠᠬᠤ ᠠᠵᠢᠯ ᠤᠨ ᠬᠤᠷᠠᠯᠳᠤᠭᠠᠨ ᠤ ᠵᠣᠷᠢᠭ ᠰᠠᠨᠠᠭ᠎ᠠ ᠶᠢ ᠦᠨᠳᠦᠰᠦᠯᠡᠨ᠂ ᠪᠦᠬᠦ ᠰᠢᠶᠠᠨ ᠤ ᠠᠹᠷᠢᠺᠠ ᠲᠢᠪ ᠤᠨ ᠭᠠᠭ᠋ᠠᠶ ᠶᠢᠨ ᠮᠢᠯᠵᠠᠩ ᠬᠢᠵᠢᠭ ᠤᠨ ᠰᠡᠷᠭᠡᠶᠢᠯᠡᠨ ᠡᠵᠡᠮᠳᠡᠬᠦ ᠠᠵᠢᠯ ᠢ ᠴᠠᠭ ᠲᠤᠬᠠᠶ ᠳᠤᠨᠢ ᠪᠠᠶᠢᠷᠢᠯᠠᠭᠤᠯᠵᠠᠢ᠃ ᠰᠢᠶᠠᠨ ᠤ ᠠᠷᠠᠳ ᠤᠨ ᠵᠠᠰᠠᠭ ᠤᠨ ᠣᠷᠳᠣᠨ ᠠᠴᠠ ᠤᠷᠢᠳ ᠬᠤᠵᠢᠳ ᠳᠥᠷᠪᠡ ᠤᠳᠠᠭ᠎ᠠ ᠲᠤᠰᠬᠠᠶ ᠰᠡᠳᠦᠪᠲᠦ ᠬᠤᠷᠠᠯ ᠪᠣᠯᠤᠨ ᠪᠠᠴᠢᠮ ᠬᠤᠷᠠᠯ ᠬᠤᠷᠠᠯᠳᠤᠭᠤᠯᠵᠤ᠂ ᠬᠢᠵᠢᠭ ᠰᠡᠷᠭᠡᠶᠢᠯᠡᠨ ᠡᠵᠡᠮᠳᠡᠬᠦ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠠᠹᠷᠢᠺᠠ ᠲᠢᠪ ᠤᠨ ᠭᠠᠭ᠋ᠠᠶ ᠶᠢᠨ ᠬᠢᠵᠢᠭ ᠤᠨ ᠰᠡᠷᠭᠡᠶᠢᠯᠡᠨ ᠡᠵᠡᠮᠳᠡᠬᠦ ᠲᠣᠭᠲᠠᠬᠤ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠪᠠᠶᠢᠭᠤᠯᠵᠤ᠂ ᠰᠢᠶᠠᠨ ᠤ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠯᠢ ᠴᠦᠨ ᠶᠠᠨ ᠶᠡᠷᠦᠩᠬᠡᠶ ᠵᠢᠯᠤᠭᠤᠳᠤᠭᠴᠢ ᠶᠢᠨ ᠲᠤᠰᠢᠶᠠᠯ ᠢ ᠬᠠᠷᠢᠭᠤᠴᠠᠵᠤ᠂ ᠬᠤᠪᠢᠳᠠᠨ ᠬᠠᠮᠢᠶᠠᠷᠴᠤ ᠪᠠᠶᠢᠭ᠎ᠠ ᠰᠢᠶᠠᠨ ᠤ ᠳᠡᠳ᠋ ᠲᠠᠷᠤᠭ᠎ᠠ ᠪᠠᠶᠢᠩᠭᠤ ᠶᠢᠨ ᠶᠡᠷᠦᠩᠬᠡᠶ ᠵᠢᠯᠤᠭᠤᠳᠤᠭᠴᠢ ᠶᠢᠨ ᠲᠤᠰᠢᠶᠠᠯ ᠢ ᠬᠠᠷᠢᠭᠤᠴᠠᠵᠤ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶᠠᠨ ᠤ ᠳᠠᠷᠤᠭ᠎ᠠ ᠳᠡᠳ᠋ ᠶᠡᠷᠦᠩᠬᠡᠢ ᠵᠢᠯᠤᠭᠤᠳᠤᠭᠴᠢ ᠶᠢᠨ ᠲᠤᠰᠢᠶᠠᠯ ᠢ ᠬᠠᠷᠢᠭᠤᠴᠠᠵᠤ᠂ ᠡᠳ᠋ ᠤᠨ ᠵᠠᠰᠠᠭ᠂  ᠵᠠᠮ ᠬᠠᠷᠢᠯᠴᠠᠭ᠎ᠠ᠂ ᠳᠣᠲᠣᠭᠠᠳᠤ ᠶᠢ ᠬᠠᠮᠠᠭᠠᠯᠠᠬᠤ᠂ ᠢᠳᠡᠭᠡᠨ  ᠪᠠ ᠡᠮ ᠤᠨ ᠵᠦᠢᠯ ᠤᠨ ᠬᠢᠨᠠᠨ ᠬᠠᠮᠢᠶᠠᠷᠤᠯᠳᠠ ᠶᠢᠨ ᠲᠣᠪᠴᠢᠶ᠎ᠠ᠂ ᠬᠤᠳᠠ ᠶᠢᠨ ᠬᠠᠮᠢᠶᠠᠷᠤᠯᠲᠠ ᠶᠢᠨ ᠲᠥᠪ᠂ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠲᠣᠪᠴᠢᠶ᠎ᠠ ᠵᠡᠷᠭᠡ ᠪᠠᠶᠢᠭᠤᠯᠭ᠎ᠠ ᠨᠢᠭᠡᠴᠡ ᠪᠣᠯᠤᠨ ᠡᠯ᠎ᠡ ᠰᠤᠮᠤ ᠪᠠᠯᠭᠠᠰᠤ ᠪᠦᠷᠢᠯᠳᠦᠭᠦᠨ ᠭᠡᠰᠢᠭᠦᠨ ᠪᠤᠯᠵᠤ᠂ ᠲᠤᠰ ᠲᠤᠰ ᠤᠨ ᠠᠵᠢᠯ ᠤᠨ ᠡᠭᠦᠷᠭᠡ ᠬᠠᠷᠢᠭᠤᠴᠠᠯᠭ᠎ᠠ ᠪᠠᠨ‌‍ᠲ᠋ᠤᠳᠤᠳᠬᠠᠭᠰᠠᠨ ᠪᠠᠶᠢᠨ᠎ᠠ᠃ ︽ᠠᠹᠷᠢᠺᠠ ᠲᠢᠪ ᠤᠨ ᠭᠠᠭ᠋ᠠᠶ ᠶᠢᠨ ᠬᠢᠵᠢᠭ ᠤᠨ ᠪᠠᠴᠢᠮ ᠪᠠᠶᠢᠳᠠᠯ ᠢ ᠠᠷᠭᠠᠴᠠᠬᠤ ᠲᠣᠭᠲᠠᠬᠤ ᠰᠢᠶᠠᠨ ᠤ ᠪᠡᠯᠡᠳᠬᠡᠯ ᠲᠥᠰᠦᠯ︾ ᠢ ᠲᠣᠭᠲᠠᠭᠠᠨ ᠲᠡᠭᠦᠯᠳᠡᠷᠵᠢᠭᠦᠯᠵᠦ᠂ ︽ᠠᠹᠷᠢᠺᠠ ᠲᠢᠪ ᠤᠨ ᠭᠠᠭ᠋ᠠᠶ ᠶᠢᠨ ᠬᠢᠵᠢᠭ ᠰᠡᠷᠭᠡᠶᠢᠯᠡᠨ ᠵᠠᠰᠠᠬᠤ ᠲᠣᠭᠲᠠᠬᠤ ᠰᠢᠶᠠᠨ ᠤ ᠠᠵᠢᠯ ᠤᠨ ᠲᠥᠰᠦᠯ︾ ᠢ ᠨᠡᠶᠢᠲᠡᠯᠡᠪᠡ᠃ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠯᠢ ᠴᠦᠨ ᠶᠠᠨ᠂ ᠰᠢᠶᠠᠨ ᠤ ᠳᠡᠳ᠋ ᠲᠠᠷᠤᠭ᠎ᠠ ᠯᠢᠦ ᡁᠢ ᠴᠢᠶᠠᠩ ᠡᠯ᠎ᠡ ᠲᠦᠷ ᠴᠠᠭ ᠤᠨ ᠪᠠᠶᠢᠴᠠᠭᠠᠬᠤ ᠥᠷᠲᠡᠭᠡ ᠴᠢᠬ᠂ ᠬᠡᠪᠴᠢᠶᠠᠵᠢᠯᠳᠤ ᠭᠠᠭ᠋ᠠᠢ ᠲᠡᠵᠢᠭᠡᠬᠦ ᠲᠠᠯᠠᠪᠠᠢ ᠳᠤ ᠭᠠᠭ᠋ᠠᠶ ᠶᠢᠨ ᠬᠢᠵᠢᠭ ᠰᠡᠷᠭᠡᠶᠢᠯᠡᠨ ᠡᠵᠡᠮᠳᠡᠬᠦ ᠠᠵᠢᠯ ᠳᠤ ᠲᠤᠬᠠᠢ ᠶᠢᠨ ᠭᠠᠵᠠᠷ ᠲᠤᠨᠢ ᠵᠢᠯᠤᠭᠤᠳᠤᠯᠭ᠎ᠠ ᠬᠢᠪᠡ᠃ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠢᠳᠡᠭᠡᠨ ᠪᠠ ᠡᠮ ᠤᠨ ᠵᠦᠢᠯ ᠤᠨ ᠬᠢᠨᠠᠨ ᠬᠠᠮᠢᠶᠠᠷᠤᠯᠳᠠ ᠶᠢᠨ ᠲᠣᠪᠴᠢᠶ᠎ᠠ᠂ ᠬᠤᠲᠠ ᠶᠢᠨ ᠬᠠᠮᠢᠶᠠᠷᠤᠯᠲᠠ ᠶᠢᠨ ᠲᠥᠪ᠂ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠴᠠᠭᠳᠠᠭ᠎ᠠ ᠵᠡᠷᠭᠡ ᠰᠠᠯᠠᠭ᠎ᠠ ᠮᠥᠴᠢᠷ ᠤᠨ ᠭᠤᠣᠯ ᠤᠳᠤᠷᠢᠳᠤᠯᠭ᠎ᠠ ᠥᠪᠡᠷ ᠢᠶᠠᠨ ᠪᠦᠯᠬᠦᠮ ᠳᠠᠭᠠᠭᠤᠯᠤᠨ ᠪᠠᠶᠢᠴᠠᠭᠠᠵᠤ᠂ ᠡᠯ᠎ᠡ ᠰᠤᠮᠤ ᠪᠠᠯᠭᠠᠰᠤᠨ ᠤ ᠱᠦᠵᠢ᠂ ᠪᠠᠯᠭᠠᠰᠤᠨ ᠳᠠᠷᠤᠭ᠎ᠠ ᠴᠦ ᠠᠵᠢᠯ ᠤᠨ ᠪᠠᠶᠢᠷᠢ ᠪᠠᠨ ᠪᠠᠲᠤ ᠰᠠᠬᠢᠵᠤ ᠪᠠᠶᠢᠴᠠᠭᠠᠬᠤ ᠴᠡᠭ ᠤᠨ ᠡᠵᠡᠮᠰᠢᠯ ᠵᠠᠰᠠᠬᠤ ᠪᠠᠶᠢᠴᠠᠭᠠᠯᠲᠠ ᠬᠢᠪᠡ᠃ ᠪᠦᠬᠦ ᠰᠢᠶᠠᠨ ᠤ ᠲᠡᠭᠡᠳᠤ ᠲᠤᠤᠷᠠᠳᠤ ᠱᠠᠳᠤᠨ ᠤ ᠤᠳᠤᠷᠢᠳᠤᠯᠭ᠎ᠠ ᠲᠦᠷᠦᠭᠦᠯᠡᠨ ᠤᠯᠠᠨ ᠢᠶᠠᠷ ᠢᠶᠠᠨ ᠰᠡᠷᠭᠡᠶᠢᠯᠡᠵᠦ᠂ ᠤᠯᠠᠨ ᠢᠶᠠᠷ ᠢᠶᠠᠨ ᠵᠠᠰᠠᠵᠤ ᠰᠡᠷᠭᠡᠶᠢᠯᠡᠨ ᠡᠵᠡᠮᠳᠡᠬᠦ ᠪᠠᠶᠢᠳᠠᠯ ᠢ ᠪᠤᠢ ᠪᠤᠯᠤᠭᠰᠠᠨ ᠪᠠᠶᠢᠨ᠎ᠠ᠃      ᠬᠤᠶᠠᠷ ᠲᠤ᠂ ᠠᠷᠭ᠎ᠠ ᠬᠡᠮᠵᠢᠶ᠎ᠡ ᠲᠣᠭᠲᠠᠭᠠᠵᠤ᠂ ᠴᠢᠩᠭ᠎ᠠ ᠰᠠᠬᠢᠵᠤ᠂ ᠴᠢᠩᠭ᠎ᠠ ᠰᠡᠷᠭᠡᠶᠢᠯᠡᠪᠡ᠃ ᠪᠦᠬᠦ ᠰᠢᠶᠠᠨ ᠳᠤ 2.2 ᠲᠦᠮᠡᠨ ᠲᠣᠯᠣᠭᠠᠶ ᠲᠡᠵᠢᠭᠡᠪᠦᠷᠢ ᠭᠠᠭ᠋ᠠᠶ ᠪᠠᠶᠢᠵᠤ᠂ 100 ᠲᠣᠯᠣᠭᠠᠶ ᠠᠴᠠ ᠳᠡᠭᠡᠭᠰᠢ ᠬᠡᠪᠴᠢᠶ᠎ᠡ ᠪᠥᠬᠦᠶ ᠭᠠᠭ᠋ᠠᠢ ᠲᠡᠵᠢᠭᠡᠬᠦ ᠲᠠᠯᠠᠪᠠᠢ 8 ᠪᠠᠶᠢᠵᠤ᠂ ᠡᠭᠦᠨ ᠠᠴᠠ ᠭᠠᠳᠠᠨ᠎ᠠ 3041 ᠡᠷᠦᠬᠡ ᠠᠳᠠᠯᠢ ᠪᠤᠰᠤ ᠬᠡᠮᠵᠢᠶ᠎ᠡ ᠪᠠᠷ ᠭᠠᠭ᠋ᠠᠢ ᠲᠡᠵᠢᠭᠡᠵᠤ ᠪᠠᠶᠢᠨ᠎ᠠ᠃ ᠪᠦᠬᠦ ᠰᠢᠶᠠᠨ ᠳᠤ ᠨᠡᠶᠢᠲᠡ 2 ᠲᠡᠵᠢᠭᠡᠯ ᠪᠣᠷᠳᠤᠭ᠎ᠠ ᠵᠢᠨ‌ᠠᠵᠤ ᠠᠬᠤᠶᠢᠯᠠᠯ ᠪᠠᠶᠢᠵᠤ᠂ 13 ᠲᠡᠵᠢᠭᠡᠯ ᠪᠣᠷᠳᠤᠭ᠎ᠠ ᠶᠢᠨ ᠡᠵᠡᠩᠨᠡᠯᠲᠡ ᠶᠢᠨ ᠲᠡᠯᠭᠡᠭᠦᠷ ᠪᠠᠶᠢᠨ᠎ᠠ᠃ ᠲᠣᠭᠲᠠᠬᠤ ᠰᠢᠶᠠᠨ ᠪᠤᠯ ᠵᠡᠭᠦᠨᠭᠠᠷ ᠬᠤᠰᠢᠭᠤ᠂ ᠴᠢᠩ ᠱᠦᠶ ᠾᠧ᠂ ᠲᠦᠮᠡᠳ ᠵᠡᠭᠦᠨ᠂ ᠲᠦᠮᠡᠳ ᠪᠠᠷᠠᠭᠤᠨ ᠬᠤᠰᠢᠭᠤ ᠲᠠᠢ ᠬᠥᠷᠰᠢ ᠵᠡᠷᠭᠡᠯᠡᠳᠡᠭᠡ ᠪᠤᠯᠬᠤᠷ ᠬᠢᠵᠢᠭ ᠰᠡᠷᠭᠡᠶᠢᠯᠡᠨ ᠡᠵᠡᠮᠳᠡᠬᠦ ᠠᠵᠢᠯ ᠢ ᠴᠢᠩᠭᠠᠳᠬᠠᠬᠤ ᠶᠢᠨ ᠲᠥᠯᠥᠭᠡ᠂ ᠰᠢᠶᠠᠨ ᠤ ᠵᠠᠰᠠᠭ ᠤᠨ ᠣᠷᠳᠣᠨ ᠡᠯ᠎ᠡ ᠪᠦᠷᠢᠯᠳᠦᠬᠦᠨ ᠨᠢᠭᠡᠴᠡ ᠶᠢ ᠨᠢᠭᠡᠳᠦᠯᠲᠡᠶ ᠵᠢᠯᠣᠭᠤᠳᠤᠨ ᠪᠠᠶᠢᠷᠢᠰᠢᠭᠤᠯᠤᠯᠳᠠ ᠬᠢᠵᠤ᠂ 9 ᠰᠠᠷ᠎ᠠ ᠶᠢᠨ 23 ᠤ ᠡᠳᠦᠷ ᠪᠦᠬᠦ ᠰᠢᠶᠠᠨ ᠤ ᠣᠷᠣᠵᠤ ᠭᠠᠷᠬᠤ ᠬᠤᠳᠠ ᠶᠢᠨ ᠭᠤᠣᠯ ᠵᠠᠮ ᠤᠨ ᠠᠭᠤᠯᠵᠠᠷ ᠲᠤ ᠲᠦᠷ ᠴᠠᠭ ᠤᠨ ᠪᠠᠶᠢᠴᠠᠭᠠᠬᠤ ᠥᠷᠲᠡᠭᠡ 12 ᠪᠠᠶᠢᠭᠤᠯᠵᠤ᠂ ᠰᠢᠶᠠᠨ ᠳᠤ ᠤᠷᠤᠭᠤᠯᠵᠤ ᠭᠠᠷᠭᠠᠬᠤ ᠲᠡᠵᠢᠭᠡᠪᠦᠷᠢ ᠠᠮᠢᠳᠠᠨ ᠲᠡᠭᠡᠪᠦᠷᠢᠯᠡᠭᠰᠡᠨ ᠲᠡᠷᠭᠡ ᠳᠤ ᠴᠢᠩᠭ᠎ᠠ ᠪᠠᠶᠢᠴᠠᠭᠠᠨ ᠲᠡᠮᠳᠡᠭᠯᠡᠯ ᠬᠢᠵᠤ ᠠᠷᠢᠭᠤᠳᠬᠠᠯ ᠬᠢᠪᠡ᠃ ᠡᠯ᠎ᠡ ᠪᠠᠶᠢᠴᠠᠭᠠᠬᠤ ᠥᠷᠲᠡᠭᠡ ᠨᠢ ᠳᠣᠲᠣᠭᠠᠳᠤ ᠶᠢ ᠬᠠᠮᠠᠭᠠᠯᠠᠬᠤ ᠺᠠᠳ᠋ᠷ ᠴᠠᠭᠳᠠᠭ᠎ᠠ ᠨᠢᠭᠡ᠂ ᠵᠠᠮ ᠬᠠᠷᠢᠯᠴᠠᠭᠠᠨ ᠤ ᠴᠠᠭᠳᠠᠭ᠎ᠠ ᠨᠢᠭᠡ᠂ ᠪᠠᠯᠭᠠᠰᠤᠨ ᠤ ᠺᠠᠳ᠋ᠷ ᠢ ᠨᠢᠭᠡ᠂ ᠬᠢᠵᠢᠭ ᠰᠡᠷᠭᠡᠶᠢᠯᠡᠭᠴᠢ ᠬᠤᠶᠠᠷ ᠬᠥᠮᠦᠨ ᠢᠶᠠᠷ ᠪᠦᠷᠢᠯᠳᠦᠵᠤ 24 ᠴᠠᠭ ᠢᠶᠠᠷ ᠲᠣᠭᠤᠷᠢᠨ ᠪᠠᠶᠢᠴᠠᠭᠠᠯᠲᠠ ᠬᠢᠵᠤ ᠵᠢᠵᠢᠭᠦᠷᠯᠡᠬᠦ ᠲᠦᠷᠢᠮ ᠢ ᠬᠡᠷᠡᠭᠵᠢᠭᠦᠯᠪᠡ᠃ ᠰᠢᠶᠠᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ 6 ᠬᠢᠨᠠᠯᠲᠠ ᠬᠠᠮᠢᠶᠠᠷᠤᠯᠲᠠ ᠶᠢᠨ ᠵᠢᠭᠰᠠᠭᠠᠨ ᠪᠠᠶᠢᠴᠠᠭᠠᠬᠤ ᠳᠤᠭᠤᠶᠢᠯᠠᠩ ᠪᠠᠶᠢᠭᠤᠯᠵᠤ᠂ ᠡᠳᠦᠷ ᠪᠣᠯᠭᠠᠨ ᠪᠦᠬᠦ ᠰᠢᠶᠠᠨ ᠤ ᠡᠯ᠎ᠡ ᠪᠠᠯᠭᠠᠰᠤ ︵ᠬᠠᠮᠢᠶᠠᠷᠤᠯᠲᠠ ᠶᠢᠨ ᠵᠥᠪᠯᠡᠯ︶ ᠳᠤ ᠭᠦᠨᠵᠡᠭᠡᠶᠢᠷᠡᠨ ᠠᠹᠷᠢᠺᠠ ᠲᠢᠪ ᠤᠨ ᠭᠠᠭ᠋ᠠᠶ ᠶᠢᠨ ᠮᠢᠯᠵᠠᠩ ᠵᠢᠭᠰᠠᠭᠠᠨ ᠪᠠᠶᠢᠴᠠᠭᠠᠬᠤ ᠠᠵᠢᠯ ᠢ ᠦᠷᠨᠢᠭᠦᠯᠬᠦ ᠶᠢᠨ ᠬᠠᠮᠲᠤ ᠲᠣᠪᠴᠢᠶᠠᠨ ᠤ ᠤᠳᠤᠷᠢᠳᠤᠯᠭ᠎ᠠ ᠨᠠᠷ 24 ᠴᠠᠭ ᠢᠶᠠᠷ ᠵᠢᠵᠢᠭᠦᠷᠯᠡᠬᠦ᠂ ᠡᠳᠦᠷ ᠪᠦᠷᠢ ᠶᠢᠨ ᠠᠵᠢᠯ ᠤᠨ ᠠᠬᠢᠴᠠ ᠶᠢᠨ ᠪᠠᠶᠢᠳᠠᠯ ᠢᠶᠠᠨ ︽ᠮᠡᠳᠡᠭᠡ ᠵᠠᠩᠭᠢ ᠶᠢᠨ ᠲᠤᠰᠬᠠᠶ ᠰᠣᠨᠢᠨ︾ ᠢᠶᠠᠷ ᠴᠠᠭ ᠲᠤᠬᠠᠶ ᠳᠤᠨᠢ ᠰᠢᠶᠠᠨ ᠤ ᠵᠠᠰᠠᠭ ᠤᠨ ᠣᠷᠳᠣᠨ ᠪᠠ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ  ᠮᠡᠳᠡᠭᠦᠯᠦᠨ᠎ᠡ︔      ᠭᠤᠷᠪᠠ ᠳᠤ᠂ ᠡᠳ᠋ ᠪᠠᠷᠠᠭ᠎ᠠ ᠨᠦᠬᠡᠴᠡᠯᠡᠨ ᠪᠠᠲᠤᠯᠠᠭ᠎ᠠ ᠶᠢ ᠴᠢᠩᠭᠠᠳᠬᠠᠨ᠎ᠠ᠃ ᠰᠢᠶᠠᠨ ᠤ ᠵᠠᠰᠠᠭ ᠤᠨ ᠲᠤᠪᠴᠢᠶ᠎ᠠ 15 ᠲᠦᠮᠡᠨ ᠲᠥᠭᠦᠷᠢᠭ ᠤᠨ ᠪᠡᠯᠡ ᠮᠥᠩᠭᠦ ᠪᠠᠭᠤᠯᠭᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ  ᠵᠠᠷᠤᠳᠠᠯ ᠪᠤᠯᠭᠠᠨᠪᠠ᠂ ᠪᠦᠬᠦ ᠰᠢᠶᠠᠨ ᠨᠡᠶᠢᠲᠡ‌ᠠᠷᠢᠭᠤᠳᠬᠠᠬᠤ ᠨᠤᠨᠲᠠᠭ 13 ᠲᠣᠨ᠂ ᠲᠦᠭᠦᠬᠡᠶ ᠴᠤᠬᠤᠢ 30 ᠲᠣᠨ ᠪᠠᠶᠢᠵᠤ᠂ ᠠᠮᠠᠪᠴᠢ 7000 ᠭᠠᠷᠤᠢ᠂ ᠰᠦᠯᠢᠶᠣᠣ ᠭᠤᠮ ᠪᠡᠭᠡᠯᠡᠶ1000 ᠬᠤᠪᠢ᠂ ᠨᠢᠭᠡ ᠯᠡ ᠤᠳᠠᠭᠠᠨ ᠤ ᠴᠢᠨᠠᠷᠲᠠᠶ ᠪᠡᠭᠡᠯᠡᠶ7000᠂ ᠨᠢᠭᠡ ᠯᠡ ᠤᠳᠠᠭᠠᠨ ᠤ ᠴᠢᠨᠠᠷᠲᠠᠶ ᠬᠠᠮᠠᠭᠠᠯᠠᠯᠲᠠ ᠶᠢᠨ ᠬᠤᠪᠴᠠᠰᠤ᠂ ᠨᠢᠭᠡ ᠯᠡ ᠤᠳᠠᠭᠠᠨ ᠤ ᠱᠠᠬᠠᠶ ᠶᠢᠨ ᠳᠤᠭᠲᠤᠢ᠂ ᠨᠢᠭᠡ ᠯᠡ‌ᠤᠳᠠᠭᠠᠨ ᠤ ᠴᠢᠨᠠᠷᠲᠠᠶ ᠬᠠᠮᠠᠭᠠᠯᠠᠯᠲᠠ ᠶᠢᠨ ᠮᠠᠯᠠᠭᠠᠶ 5000᠂ ᠤᠷᠲᠤ ᠰᠠᠭᠤᠯᠠᠭ᠎ᠠ ᠵᠢᠶᠣᠣᠫᠢ ᠱᠠᠬᠠᠶ 200 ᠬᠤᠤᠰ᠂ ᠲᠤᠮᠤ ᠬᠡᠯᠪᠡᠷᠢ ᠶᠢᠨ ᠠᠯᠠᠬᠤ ᠪᠠᠭᠠᠵᠢ ᠮᠠᠰᠢᠨ 2᠂ ᠴᠠᠬᠢᠯᠭᠠᠨ ᠭᠠᠷᠭᠠᠭᠤᠷ 5 ᠰᠠᠤᠷᠢ᠂ ᠠᠷᠢᠭᠤᠳᠬᠠᠬᠤ ᠮᠠᠰᠢᠨ 7᠂ ᠰᠦᠷᠴᠢᠭᠦᠷ ᠨᠦᠬᠡᠴᠡᠯᠡᠵᠤ᠂ ᠰᠡᠷᠭᠡᠶᠢᠯᠡᠨ ᠡᠵᠡᠮᠳᠡᠬᠦ ᠠᠵᠢᠯ ᠳᠤ  ᠪᠦᠷᠢᠨ ᠭᠦᠢᠴᠡᠳ ᠡᠳ᠋ ᠪᠣᠳᠠᠰ ᠤᠨ ᠪᠠᠲᠤᠯᠠᠭ᠎ᠠ ᠬᠠᠩᠭᠠᠬᠤ ᠦᠭᠴᠡᠢ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1