ᠲᠣᠭᠲᠠᠬᠤ ᠰᠢᠶᠠᠨ ᠤ ᠰᠢᠶᠠᠨ ᠤ ᠳᠠᠷᠤᠭ᠎ᠠ ᠯᠢ ᠴᠦᠨ ᠶᠠᠨ ᠱᠤᠸᠠᠩ ᠾᠧ ᠪᠠᠯᠭᠠᠰᠤᠨ ᠤ ᠠᠷᠢᠭᠤᠨ ᠴᠡᠪᠡᠷ ᠵᠤᠤᠬ᠎ᠠ ᠰᠣᠯᠢᠬᠤ ᠠᠵᠢᠯ ᠳᠤ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2018-11-14
      2018 ᠤᠨ ᠤ 11 ᠰᠠᠷ᠎ᠠ ᠶᠢᠨ 12 ᠤ ᠡᠳᠤᠷ ᠤᠨ ᠦᠳᠡ ᠶᠢᠨ ᠬᠤᠶᠢᠨ᠎ᠠ᠂ ᠲᠣᠭᠲᠠᠬᠤ ᠰᠢᠶᠠᠨ ᠤ ᠰᠢᠶᠠᠨ ᠤ ᠳᠠᠷᠤᠭ᠎ᠠ ᠯᠢ ᠴᠦᠨ ᠶᠠᠨ ᠱᠤᠸᠠᠩ ᠾᠧ ᠪᠠᠯᠭᠠᠰᠤᠨ ᠤ ᠠᠷᠢᠭᠤᠨ ᠴᠡᠪᠡᠷ ᠵᠤᠤᠬ᠎ᠠ ᠰᠣᠯᠢᠬᠤ ᠠᠵᠢᠯ ᠳᠤ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠵᠦ᠂ ᠰᠢᠶᠠᠨ ᠤ ᠳᠡᠳ᠋ ᠳᠠᠷᠤᠭ᠎ᠠ ᠯᠦ ᠢᠦᠢ ᠵᠦᠩ᠂ ᠰᠢᠶᠠᠨ ᠤ ᠣᠷᠴᠢᠨ ᠲᠤᠭᠤᠷᠢᠨ ᠤ ᠬᠠᠮᠠᠭᠠᠯᠠᠯᠲᠠ ᠶᠢᠨ ᠲᠣᠪᠴᠢᠶᠠᠨ ᠳᠠᠷᠤᠭ᠎ᠠ ᠼᠤᠤ ᠬᠤᠢ᠂ ᠰᠢᠶᠠᠨ ᠤ ᠵᠠᠰᠠᠭ ᠤᠨ ᠣᠷᠳᠣᠨ ᠤ ᠠᠯᠪᠠᠨ ᠭᠡᠷ ᠤᠨ ᠡᠷᠬᠢᠯᠡᠭᠴᠢ ᠸᠧᠨ ᠵᠢᠶᠠᠩ ᠬᠠᠶ᠂ ᠱᠤᠸᠠᠩ ᠾᠧ ᠪᠠᠯᠭᠠᠰᠤ ᠶᠢᠨ ᠪᠠᠯᠭᠠᠰᠤᠨ ᠤ ᠳᠠᠷᠤᠭ᠎ᠠ ᠵᠢᠶᠠᠩ ᠱᠤᠸᠠᠩ ᠡᠾᠸᠦ ᠵᠡᠷᠭᠡ ᠬᠤᠯᠪᠣᠭᠳᠠᠯ ᠪᠦᠬᠦᠢ ᠤᠳᠤᠷᠢᠳᠤᠯᠭ᠎ᠠ ᠪᠠᠷ᠎ᠠ ᠪᠤᠯᠤᠨ ᠪᠠᠶᠢᠴᠠᠭᠠᠨ ᠰᠤᠳᠤᠯᠤᠯᠳᠠ ᠳᠤ ᠤᠷᠤᠯᠴᠠᠪᠠ᠃ ᠰᠢᠶᠠᠨ ᠤ ᠳᠠᠷᠤᠭ᠎ᠠ ᠯᠢ ᠴᠦᠨ ᠶᠠᠨ ᠨᠡᠷ ᠬᠤᠳᠠ ᠶᠢᠨ ᠡᠮᠦᠨ᠎ᠡ ᠵᠡᠮ ᠤᠨ ᠢᠳᠡᠰᠢᠨ ᠨᠣᠭᠤᠭ᠎ᠠ ᠶᠢᠨ ᠵᠠᠬ᠎ᠠ ᠳᠡᠯᠭᠡᠭᠦᠷ᠂ ᠰᠠᠭᠤᠭᠠᠯᠢ ᠠᠷᠠᠳ‌‍ᠤᠨ ᠭᠡᠷ ᠲᠤ ᠲᠤᠬᠠᠶ ᠶᠢᠨ ᠭᠠᠵᠠᠷ ᠲᠤᠨᠢ ᠪᠠᠶᠢᠴᠠᠭᠠᠯᠲᠠ ᠬᠢᠵᠤ᠂ ᠰᠢᠨ᠎ᠡ ᠮᠠᠶ᠋ᠢᠭ ᠤᠨ ᠠᠷᠢᠭᠤᠨ ᠴᠡᠪᠡᠷ ᠵᠤᠤᠬ᠎ᠠ ᠰᠤᠯᠢᠭᠰᠠᠨ ᠤ ᠲᠠᠷᠠᠭᠠᠬᠢ ᠭᠡᠷ ᠳᠣᠲᠣᠷᠠᠬᠢ ᠳᠤᠯᠠᠭᠠᠨ ᠤ ᠬᠡᠮᠵᠢᠶ᠎ᠡ ᠬᠡᠳᠦᠶ ᠬᠦᠷᠴᠦ ᠪᠠᠶᠢᠬᠤ᠂  ᠬᠡᠷᠡᠭᠯᠡᠭᠰᠡᠨ ᠤ ᠲᠠᠷᠠᠭᠠᠬᠢ ᠲᠦᠷᠦᠭᠳᠡᠯ᠂ ᠠᠶᠤᠯᠭᠦᠶ ᠴᠢᠨᠠᠷ ᠨᠢ ᠬᠢᠷᠢ ᠵᠡᠷᠭᠡ ᠪᠠᠶᠢᠬᠤ ᠵᠡᠷᠭᠡ ᠪᠠᠶᠢᠳᠠᠯ ᠢ ᠨᠠᠷᠢᠨ ᠬᠢᠨᠠᠮᠠᠭᠠᠢ ᠯᠠᠪᠯᠠᠨ ᠠᠰᠠᠭᠤᠪᠠ᠃ ᠬᠡᠷᠡᠭᠯᠡᠭᠴᠢᠳ ᠠᠴᠠ ᠲᠥᠬᠦᠮ ᠮᠥᠷᠲᠡᠭᠡᠨ ᠠᠷᠢᠭᠤᠨ ᠴᠡᠪᠡᠷ᠂ ᠠᠶᠤᠯᠭᠦᠢ᠂ ᠲᠣᠭᠲᠠᠮᠠᠯ ᠳᠤᠯᠠᠭᠠᠨ ᠲᠠᠢ᠂ ᠡᠨᠧᠷᠭᠢ ᠠᠷᠪᠢᠯᠠᠵᠤ ᠣᠷᠴᠢᠨ ᠲᠤᠭᠤᠷᠢᠨ  ᠢ ᠬᠠᠮᠠᠭᠠᠯᠠᠨ᠎ᠠ᠂ ᠥᠩᠭᠡᠷᠡᠭᠰᠡᠨ ᠤ ᠵᠤᠤᠬ᠎ᠠ ᠠᠴᠠ ᠬᠡᠷᠡᠭᠯᠡᠬᠦ ᠳᠤ ᠰᠠᠶᠢᠨ ᠭᠡᠵᠤ ᠰᠠᠨᠠᠯ ᠨᠢᠭᠡᠳᠡᠢ ᠢᠯᠡᠷᠬᠡᠶᠢᠯᠡᠵᠤ ᠪᠠᠶᠢᠯ᠎ᠠ᠃      10 ᠰᠠᠷ᠎ᠠ ᠶᠢᠨ ᠡᠬᠢ ᠪᠤᠯᠳᠠᠯ᠎ᠠ ᠱᠤᠸᠠᠩ ᠾᠧ ᠪᠠᠯᠭᠠᠰᠤ ᠶᠢᠨ ᠬᠠᠷᠢᠶᠠᠲᠤ ᠣᠷᠣᠨ ᠤ ᠳᠣᠲᠣᠷᠠᠬᠢ ᠬᠤᠳᠠ ᠶᠢᠨ ᠲᠥᠯᠥᠪᠵᠢᠭᠦᠯᠭᠡ ᠶᠢᠨ ᠬᠡᠪᠴᠢᠶᠡᠨ ᠳᠠᠬᠢ ᠠᠷᠢᠭᠤᠨ ᠴᠡᠪᠡᠷ ᠵᠤᠤᠬ᠎ᠠ ᠰᠣᠯᠢᠬᠤ ᠠᠵᠢᠯ ᠨᠢᠭᠡᠨᠳᠡ 30% ᠪᠠᠷ ᠪᠡᠶᠡᠯᠡᠭᠳᠡᠵᠦ᠂ ᠵᠢᠱᠢᠯᠲᠡ ᠪᠠᠷ 11 ᠰᠠᠷ᠎ᠠ ᠶᠢᠨ ᠰᠡᠭᠦᠯᠴᠢ ᠪᠤᠯᠳᠠᠯ᠎ᠠ ᠲᠦᠯᠦᠪᠵᠢᠭᠦᠯᠦᠯᠭᠡ ᠶᠤᠰᠤᠭᠠᠷ 15132 ᠡᠷᠤᠬᠡ ᠳᠤ ᠪᠦᠬᠦᠨ ᠢ ᠪᠡᠶᠡᠯᠡᠭᠦᠯᠬᠦ ᠪᠤᠯᠤᠨ᠎ᠠ᠃ ᠡᠨᠡ ᠨᠢ ᠮᠠᠨ ᠤ ᠪᠠᠯᠭᠠᠰᠤ ᠶᠢᠨ ᠠᠭᠠᠷ ᠤᠨ ᠴᠢᠨᠠᠷ ᠴᠢᠨᠰᠠᠭ᠎ᠠ ᠶᠢᠨ ᠳᠠᠷᠤᠯᠲᠠ ᠬᠥᠩᠭᠡᠯᠡᠬᠦ ᠤᠷᠢᠲᠠᠯ ᠳᠣᠣᠷ᠎ᠠ᠂ ᠤᠯᠠᠨ ᠲᠦᠮᠡᠨ ᠤ ᠳᠤᠯᠠᠭᠠᠨ ᠪᠦᠯᠢᠶᠡᠨ ᠡᠪᠦᠯᠵᠢᠬᠦ ᠬᠡᠷᠡᠭᠴᠡᠭᠡ ᠶᠢ ᠪᠠᠳᠤᠯᠠᠵᠤ ᠴᠢᠳᠠᠭᠰᠠᠨ ᠠᠴᠠ ᠥᠷᠭᠡᠨ ᠳᠡᠯᠭᠡᠷ ᠠᠷᠠᠳ ᠲᠦᠮᠡᠨ‌‍ᠤ ᠬᠠᠯᠠᠭᠤᠨ ᠬᠦᠷᠢᠶᠡᠯᠡᠯ ᠢ ᠣᠯᠵᠤ ᠪᠠᠶᠢᠨ᠎ᠠ᠃ ᠥᠨᠥ᠂ ᠠᠷᠢᠭᠤᠨ ᠴᠡᠪᠡᠷ ᠲᠤᠯᠠᠭᠠᠴᠠᠯᠭ᠎ᠠ ᠶᠢᠨ ᠲᠦᠭᠦᠷᠦᠮᠵᠢ ᠰᠣᠯᠢᠬᠤ ᠠᠵᠢᠯ ᠢ ᠡᠮᠬᠢ ᠵᠢᠷᠤᠮ ᠲᠠᠢ ᠳᠥᠯᠭᠢᠨ ᠠᠬᠢᠭᠤᠯᠵᠤ ᠪᠣᠶ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1