ᠲᠣᠭᠲᠠᠬᠤ ᠰᠢᠶᠠᠨ ᠤ ᠬᠤᠭ ᠨᠣᠪᠰᠢ ᠴᠡᠪᠡᠷᠯᠡᠨ ᠴᠡᠭᠴᠡᠯᠡᠵᠦ ᠵᠠᠰᠠᠬᠤ ᠠᠵᠢᠯ ᠢᠯᠡᠳᠲᠡ ᠦᠷ᠎ᠡ ᠪᠦᠲᠦᠮᠵᠢ ᠣᠯᠵᠠᠶ
ᠨᠡᠶᠢᠲᠡᠯᠡᠭᠰᠡᠨ ᠴᠠᠭ᠄
2018-11-15
      ᠣᠳᠣᠬᠠᠨ ᠪᠣᠯᠲᠠᠯ᠎ᠠ᠂ ᠪᠦᠬᠦ ᠰᠢᠶᠠᠨ ᠢᠶᠠᠷ ᠢᠶᠠᠨ ᠬᠤᠭ ᠨᠣᠪᠰᠢ ᠴᠡᠪᠡᠷᠯᠡᠨ ᠴᠡᠭᠴᠡᠯᠡᠵᠦ ᠵᠠᠰᠠᠬᠤ ᠠᠵᠢᠯ ᠳᠤ ᠪᠠᠷᠤᠭ 180 ᠲᠦᠮᠡᠨ ᠲᠥᠭᠦᠷᠢᠭ ᠤᠨ ᠪᠡᠯᠡ ᠣᠷᠣᠭᠤᠯᠤᠯᠲᠠ ᠤᠷᠤᠭᠤᠯᠵᠤ᠂ ᠡᠯ᠎ᠡ ᠲᠦᠷᠦᠯ ᠤᠨ ᠬᠤᠭ ᠨᠣᠪᠰᠢ 16.1 ᠲᠦᠮᠡᠨ ᠲᠣᠨ᠂ ᠬᠠᠤᠯᠢ ᠠᠴᠠ ᠵᠥᠷᠢᠴᠡᠭᠰᠡᠨ ᠵᠠᠷ ᠮᠡᠳᠡᠭᠡ ᠨᠡᠶᠢᠲᠡ 4 ᠲᠦᠮᠡ ᠭᠠᠷᠤᠶ ᠵᠤᠷᠪᠤᠰ ᠴᠡᠪᠡᠷᠯᠡᠨ ᠠᠷᠢᠯᠭᠠᠵᠤ᠂ ᠵᠠᠮ ᠢ ᠡᠵᠡᠯᠡᠨ ᠡᠵᠡᠩᠨᠡᠯᠲᠡ ᠬᠢᠬᠦ᠂ ᠳᠤᠷ᠎ᠠ ᠪᠠᠷ ᠢᠶᠠᠨ ᠳᠡᠯᠭᠡᠭᠡ ᠮᠠᠶᠢᠮᠠᠢ ᠬᠢᠬᠦ᠂ ᠳᠤᠷ᠎ᠠ ᠪᠠᠷ ᠲᠡᠷᠭᠡ ᠵᠣᠭᠰᠣᠭᠠᠵᠤ ᠵᠡᠷᠭᠡ ᠦᠵᠡᠭᠳᠡᠯ ᠢ 4 ᠲᠦᠮᠡ ᠭᠠᠷᠤᠶ ᠤᠳᠠᠭ᠎ᠠ ᠴᠡᠭᠴᠡᠯᠡᠨ ᠵᠠᠰᠠᠬᠤ ᠶᠢᠨ ᠬᠠᠮᠲᠤ᠂ ᠬᠤᠲᠠ ᠶᠢᠨ ᠡᠯ᠎ᠡ ᠳᠤᠮᠳᠠ ᠠᠩᠭᠢ ᠤᠷᠤᠢ ᠪᠦᠷᠢ ᠵᠢᠵᠢᠭᠦᠷᠯᠡᠵᠦ ᠲᠣᠭᠤᠷᠢᠨ ᠪᠠᠶᠢᠴᠠᠭᠠᠵᠤ ᠭᠡᠷ ᠤᠨ ᠭᠠᠳᠠᠨ᠎ᠠ ᠢᠯᠡ ᠪᠠᠷ ᠰᠢᠷᠠᠯᠠᠭ᠎ᠠ ᠢᠳᠡᠭᠡᠨ ᠤ ᠡᠵᠡᠩᠨᠡᠭᠴᠢ ᠶᠢ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠵᠦ᠂ ᠲᠤᠰᠤᠨ ᠤᠳᠤᠭ᠎ᠠ ᠴᠡᠪᠡᠷᠰᠢᠭᠦᠯᠬᠦ ᠶᠢ ᠪᠠᠶᠢᠴᠠᠭᠠᠨ ᠰᠢᠳᠪᠦᠷᠢᠯᠡᠵᠤ᠂ ᠵᠢᠷᠤᠮᠵᠢᠯ ᠦᠭᠡᠢ᠂ ᠭᠡᠷ ᠤᠨ ᠭᠠᠳᠠᠨ᠎ᠠ ᠢᠯᠡ ᠪᠠᠷ ᠰᠢᠷᠠᠯᠠᠭ᠎ᠠ ᠢᠳᠡᠭᠡᠨ ᠤ ᠡᠵᠡᠩᠨᠡᠭᠴᠢ ᠶᠢ 14 ᠡᠷᠤᠬᠡ ᠪᠠᠶᠢᠴᠠᠭᠠᠨ ᠭᠠᠷᠭᠠᠵᠤ᠂ ᠡᠳᠦᠭᠡ ᠨᠢᠭᠡᠨᠲᠡ ᠪᠦᠬᠦᠨ ᠢ ᠴᠡᠭᠴᠡᠯᠡᠨ‌ᠥᠭᠡᠷᠡᠴᠢᠯᠡᠵᠦ ᠲᠭᠤᠰᠬᠠᠪᠠ᠃ ᠬᠤᠳᠠ ᠶᠢᠨ ᠬᠠᠮᠢᠶᠠᠷᠤᠯᠲᠠ ᠠᠴᠠ ᠬᠤᠲᠠ ᠲᠣᠭᠤᠷᠢᠭ ᠤᠨ ᠭᠡᠷᠡᠯᠲᠦᠭᠦᠯᠭᠡ ᠶᠢᠨ ᠠᠵᠢᠯ ᠢ ᠦᠷᠭᠦᠯᠵᠢᠯᠡᠨ ᠠᠬᠢᠭᠤᠯᠵᠤ᠂ ᠬᠤᠲᠠ ᠶᠢᠨ ᠰᠠᠶᠢᠨ ᠰᠠᠶᠢᠬᠠᠨ ᠳᠦᠷᠢ ᠲᠥᠷᠬᠦ ᠶᠢ ᠴᠤᠭᠴᠠᠯᠠᠬᠤ ᠶᠢᠨ ᠲᠦᠯᠦᠭᠡ᠂ ᠡᠨᠡ ᠵᠢᠯ ᠰᠢᠩ ᠲᠦᠸᠧ ᠵᠠᠮ ᠤᠨ ᠭᠡᠷᠡᠯᠲᠦᠭᠦᠯᠭᠡ ᠶᠢᠨ ᠠᠵᠢᠯ ᠢ ᠪᠦᠷᠢᠨᠰᠢᠭᠦᠯᠵᠦ᠂ ᠬᠤᠲᠠ ᠲᠣᠭᠤᠷᠢᠭ ᠤᠨ ᠵᠡᠭᠡᠯᠢ ᠭᠤᠳᠤᠮᠵᠢ ᠶᠢᠨ ᠰᠥᠨᠢ ᠤᠷᠤᠢ ᠶᠢᠨ ᠦᠵᠡᠮᠵᠢ ᠶᠢ ᠦᠨᠳᠦᠰᠦᠨ ᠳᠡᠭᠡᠨ ᠪᠡᠶᠡᠯᠡᠭᠦᠯᠵᠡᠢ᠃ ᠨᠡᠩ ᠰᠠᠶᠢᠨ ᠢᠶᠠᠷ ᠠᠷᠠᠳ ᠲᠦᠮᠡᠨ ᠳᠤ ᠦᠢᠯᠡᠴᠢᠯᠡᠨ᠂ ᠬᠥᠮᠦᠰ ᠤᠨ ᠵᠤᠷᠯᠤᠩ ᠬᠡᠷᠡᠭᠯᠡᠬᠦ ᠬᠡᠷᠡᠭᠴᠡᠭᠡ ᠶᠢ ᠬᠠᠩᠭᠠᠬᠤ ᠶᠢᠨ ᠲᠦᠯᠦᠭᠡ᠂ ᠬᠤᠲᠠ ᠶᠢᠨ ᠣᠷᠴᠢᠨ ᠲᠣᠭᠤᠷᠢᠨ ᠤ ᠬᠠᠮᠠᠭᠠᠯᠠᠯᠳᠠ ᠶᠢᠨ ᠲᠣᠪᠴᠢᠶ᠎ᠠ ᠠᠴᠠ ᠣᠷᠴᠢᠨ ᠲᠣᠭᠤᠷᠢᠨ ᠢ ᠬᠠᠮᠠᠭᠠᠯᠠᠬᠤ ᠨᠡᠶᠢᠲᠡ ᠶᠢᠨ ᠵᠣᠷᠯᠣᠩ ᠬᠤᠶᠠᠷ ᠰᠠᠭᠤᠷᠢ ᠪᠠᠷ ᠲᠤᠰᠠᠯᠠᠮᠵᠢ ᠦᠵᠡᠭᠦᠯᠵᠦ᠂ ᠤᠯᠠᠨ ᠲᠦᠮᠡᠨ ᠳᠤ ᠳᠦᠭᠦᠮ ᠦᠵᠡᠭᠦᠯᠬᠦ ᠳᠤ ᠬᠡᠷᠡᠭᠯᠡᠨ᠎ᠡ᠃  ᠡᠨᠡ ᠬᠤᠶᠠᠷ ᠵᠤᠷᠯᠤᠩ ᠢ ᠲᠤᠰ ᠲᠤᠰ ᠬᠤᠳᠠ ᠶᠢᠨ ᠡᠮᠦᠨ᠎ᠡ ᠵᠠᠮ ᠤᠨ ᠢᠳᠡᠰᠢᠨ ᠨᠣᠭᠤᠭ᠎ᠠ ᠶᠢᠨ ᠳᠡᠯᠭᠡᠭᠦᠷ ᠤᠨ ᠡᠭᠦᠳᠡ ᠪᠠ ᠫᠢᠩ ᠠᠨ ᠵᠠᠮ ᠪᠤᠯᠤᠨ ᠲᠤᠭᠳᠠᠬᠤ ᠶᠡᠭᠡ ᠵᠡᠭᠡᠯᠢ ᠶᠢᠨ ᠵᠡᠭᠦᠨ ᠡᠮᠦᠨ᠎ᠡ ᠳᠤ ᠤᠭᠰᠠᠷᠠᠵᠠᠢ᠃      ᠶᠡᠷᠦᠩᠬᠡᠶ ᠱᠦᠵᠢ ᠰᠢ ᠶᠢᠨ ᠫᠢᠩ ᠤᠨ ᠳᠤᠷᠠᠳᠤᠭᠰᠠᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠥᠳᠡᠭᠡ ᠲᠣᠰᠬᠤᠨ‌‍ᠤ ᠰᠠᠭᠤᠭᠠᠯᠢ ᠠᠷᠠᠳ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠬᠥᠳᠡᠭᠡ ᠲᠣᠰᠬᠤᠨ ᠤ ᠰᠠᠭᠤᠭᠠᠯᠢ ᠠᠷᠠᠳ ᠤᠨ ᠣᠷᠣᠰᠢᠨ ᠰᠠᠭᠤᠬᠤ ᠣᠷᠴᠢᠨ ᠲᠣᠭᠤᠷᠢᠨ ᠤ ᠨᠦᠬᠦᠴᠡᠯ ᠢ ᠪᠦᠬᠦ ᠲᠠᠯ᠎ᠠ ᠪᠠᠷ ᠳᠡᠭᠡᠭᠰᠢᠯᠡᠭᠦᠯᠵᠦ ᠶᠢᠨ ᠲᠦᠯᠦᠭᠡ᠂ 800 ᠭᠠᠷᠤᠶ ᠲᠦᠮᠡᠨ ᠲᠥᠭᠦᠷᠢᠭ ᠤᠨ ᠪᠡᠯᠡ ᠣᠷᠣᠭᠤᠯᠤᠯᠲᠠ ᠤᠷᠤᠭᠤᠯᠵᠤ᠂ ᠲᠠᠪᠤᠨ ᠪᠠᠯᠭᠠᠰᠤ᠂ ᠾᠧ ᠺᠸᠤ ᠬᠠᠮᠢᠶᠠᠷᠤᠯᠲᠠ ᠶᠢᠨ ᠵᠥᠪᠯᠡᠯ ᠳᠤ ᠡᠯ᠎ᠡ ᠲᠦᠷᠦᠯ ᠤᠨ ᠬᠤᠭ ᠨᠣᠪᠰᠢ ᠴᠡᠪᠡᠷᠯᠡᠨ ᠲᠡᠭᠡᠭᠡᠪᠦᠷᠢᠯᠡᠬᠦ ᠲᠡᠷᠭᠡ ᠬᠥᠰᠬᠡ 18 ᠰᠠᠭᠤᠷᠢ ᠬᠤᠳᠠᠯᠳᠤᠨ‌ᠠᠪᠴᠦ᠂ ᠬᠤᠭ ᠨᠤᠪᠴᠢ‌‍ᠤᠨ ᠬᠠᠶᠢᠷᠴᠠᠭ 600᠂ ᠬᠤᠭ ᠨᠤᠪᠴᠢ ᠶᠢᠨ ᠲᠦᠷ ᠬᠠᠳᠠᠭᠠᠯᠠᠬᠤ ᠠᠪᠳᠠᠷ᠎ᠠ 90 ᠬᠢᠵᠦ᠂ ᠤᠳᠤ ᠪᠠᠷᠤᠭ ᠪᠦᠬᠦᠨ ᠢᠶᠠᠷ ᠢᠶᠠᠨ ᠠᠰᠢᠭᠯᠠᠯᠲᠠ ᠳᠤ  ᠤᠷᠤᠭᠰᠠᠨ ᠪᠠᠶᠢᠨ᠎ᠠ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1