ᠲᠣᠭᠲᠠᠬᠤ ᠰᠢᠶᠠᠨ ᠪᠦᠬᠦ ᠰᠢᠶᠠᠨ ᠤ ᠦᠵᠡᠯ ᠰᠠᠨᠠᠭ᠎ᠠ ᠰᠤᠷᠲᠠᠯ ᠤᠬᠠᠭᠤᠯᠭ᠎ᠠ ᠶᠢᠨ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2018-11-16
     11 ᠰᠠᠷ᠎ᠠ ᠶᠢᠨ 13 ᠤ ᠡᠳᠦᠷ᠂ ᠲᠣᠭᠲᠠᠬᠤ ᠰᠢᠶᠠᠨ ᠪᠦᠬᠦ ᠰᠢᠶᠠᠨ ᠤ ᠦᠵᠡᠯ ᠰᠠᠨᠠᠭ᠎ᠠ ᠰᠤᠷᠲᠠᠯ ᠤᠬᠠᠭᠤᠯᠭ᠎ᠠ ᠶᠢᠨ ᠠᠵᠢᠯ ᠤᠨ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠦᠵᠡᠯ ᠰᠠᠨᠠᠭ᠎ᠠ ᠰᠤᠷᠲᠠᠯ ᠤᠬᠠᠭᠤᠯᠭ᠎ᠠ ᠶᠢᠨ ᠠᠵᠢᠯ ᠤᠨ ᠲᠤᠬᠠᠶ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠪᠦᠬᠦ ᠤᠯᠤᠰ᠂ ᠪᠦᠬᠦ ᠣᠷᠣᠨ᠂ ᠪᠦᠬᠦ ᠬᠤᠳᠠ ᠶᠢᠨ ᠦᠵᠡᠯ ᠰᠠᠨᠠᠭ᠎ᠠ ᠰᠤᠷᠲᠠᠯ ᠤᠬᠠᠭᠤᠯᠭ᠎ᠠ ᠶᠢᠨ ᠠᠵᠢᠯ ᠤᠨ ᠬᠤᠷᠠᠯᠳᠤᠭᠠᠨ ᠤ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠰᠤᠷᠤᠯᠴᠠᠵᠤ᠂ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠳᠠᠬᠢ ᠦᠵᠡᠯ ᠰᠠᠨᠠᠭ᠎ᠠ ᠰᠤᠷᠲᠠᠯ ᠤᠬᠠᠭᠤᠯᠭ᠎ᠠ ᠶᠢᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠪᠦᠬᠦ ᠤᠯᠤᠰ ᠤᠨ ᠦᠵᠡᠯ ᠰᠠᠨᠠᠭ᠎ᠠ ᠰᠤᠷᠲᠠᠯ ᠤᠬᠠᠭᠤᠯᠭ᠎ᠠ ᠶᠢᠨ ᠠᠵᠢᠯ ᠤᠨ ᠬᠤᠷᠠᠯᠳᠤᠭᠠᠨ ᠲᠡᠭᠡᠷᠡᠬᠢ ᠴᠢᠬᠤᠯᠠ ᠶᠠᠷᠢᠶ᠎ᠠ ᠪᠤᠯ ᠪᠦᠬᠦ ᠲᠠᠯ᠎ᠠ ᠶᠢᠨ ᠪᠠ ᠪᠠᠶᠢᠯᠳᠤᠬᠤ ᠪᠤᠳᠤᠯᠭ᠎ᠠ ᠶᠢᠨ ᠳᠡᠭᠡᠳᠦ  ᠲᠦᠪᠰᠢᠨ ᠳᠤ ᠵᠤᠭᠰᠤᠵᠤ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢᠬᠢ ᠦᠵᠡᠯ ᠰᠠᠨᠠᠭ᠎ᠠ ᠰᠤᠷᠲᠠᠯ ᠤᠬᠠᠭᠤᠯᠭ᠎ᠠ ᠶᠢᠨ ᠠᠵᠢᠯ ᠤᠨ ᠤᠨ ᠲᠡᠦᠬᠡᠲᠦ ᠴᠢᠨᠠᠷᠲᠠᠢ ᠠᠮᠵᠢᠯᠲᠠ ᠪᠠ ᠲᠡᠦᠬᠡᠲᠦ ᠴᠢᠨᠠᠷᠲᠠᠢ ᠬᠤᠪᠢᠰᠤᠯ ᠢ ᠭᠦᠨᠵᠡᠭᠡᠶ ᠳ᠋ᠦᠩᠨᠡᠨ᠂ ᠰᠢᠨ᠎ᠡ ᠪᠠᠶᠢᠳᠠᠯ ᠲᠤᠤᠷᠠᠬᠢ ᠦᠵᠡᠯ ᠰᠠᠨᠠᠭ᠎ᠠ ᠰᠤᠷᠲᠠᠯ ᠤᠬᠠᠭᠤᠯᠭ᠎ᠠ ᠶᠢᠨ ᠠᠵᠢᠯ ᠤᠨ ᠬᠠᠷᠢᠭᠤᠴᠠᠯᠭᠠᠳᠤ ᠡᠭᠦᠷᠭᠡ ᠬᠢᠭᠡᠳ ᠭᠤᠣᠯᠳᠠᠯᠭ᠎ᠠ   ᠲᠠᠢ ᠠᠵᠢᠯ ᠢ ᠰᠢᠨᠵᠢᠯᠡᠬᠦ ᠤᠬᠠᠭᠠᠨᠴᠢ ᠪᠠᠷ ᠲᠣᠳᠣᠷᠬᠠᠶᠢᠯᠠᠨ ᠥᠭᠦᠯᠡᠵᠦ᠂ ᠪᠦᠬᠦ ᠲᠠᠯ᠎ᠠ ᠶᠢᠨ ᠪᠠ ᠠᠯᠤᠰ ᠬᠡᠳᠤ ᠳᠤ ᠬᠤᠯᠪᠣᠭᠳᠠᠬᠤ ᠠᠯᠢ ᠤᠯᠠᠨ ᠴᠢᠬᠤᠯᠠ ᠶᠡᠭᠡ ᠠᠰᠠᠭᠤᠳᠠᠯ ᠳᠤ ᠭᠦᠨᠵᠡᠭᠡᠶ ᠬᠠᠷᠢᠭᠤᠯᠲᠠ ᠥᠭᠴᠦ᠂ ᠰᠢᠨ᠎ᠡ ᠪᠠᠶᠢᠳᠠᠯ ᠤᠨ ᠳᠣᠣᠷ᠎ᠠ ᠨᠠᠮ ᠤᠨ ᠰᠤᠷᠲᠠᠯ ᠤᠬᠠᠭᠤᠯᠭ᠎ᠠ ᠶᠢᠨ ᠠᠵᠢᠯ ᠤᠨ ᠵᠢᠯᠣᠭᠤᠳᠬᠤ ᠬᠥᠲᠥᠯᠪᠦᠷᠢ ᠶᠢᠨ ᠴᠢᠨᠠᠷᠲᠠᠶ ᠲᠤᠯᠭᠤᠷ ᠪᠢᠴᠢᠭ ᠮᠥᠨ᠃ ᠪᠦᠬᠦ ᠣᠷᠣᠨ᠂ ᠪᠦᠬᠦ ᠬᠤᠲᠠ ᠵᠢᠨ‌ᠦᠵᠡᠯ ᠰᠠᠨᠠᠭ᠎ᠠ ᠰᠤᠷᠲᠠᠯ ᠤᠬᠠᠭᠤᠯᠭ᠎ᠠ ᠶᠢᠨ ᠠᠵᠢᠯ ᠤᠨ ᠬᠤᠷᠠᠯᠳᠤᠭᠠᠨ ᠠᠴᠠ ᠪᠦᠬᠦ ᠣᠷᠣᠨ᠂ ᠪᠦᠬᠦ ᠬᠤᠳᠠ ᠵᠢᠨ‌ᠦᠵᠡᠯ ᠰᠠᠨᠠᠭ᠎ᠠ ᠰᠤᠷᠲᠠᠯ ᠤᠬᠠᠭᠤᠯᠭ᠎ᠠ ᠶᠢᠨ ᠠᠵᠢᠯ ᠳᠤ ᠲᠤᠯᠭᠠᠷᠠᠵᠤ ᠪᠠᠶᠢᠭ᠎ᠠ ᠪᠠᠶᠢᠳᠠᠯ ᠢ ᠪᠦᠬᠦ ᠲᠠᠯ᠎ᠠ ᠪᠠᠷ ᠭᠦᠨ ᠭᠦᠨᠵᠡᠭᠡᠶ ᠵᠠᠳᠠᠯᠤᠨ ᠰᠢᠨᠵᠢᠯᠡᠵᠦ᠂ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠠᠵᠢᠯ ᠤᠨ ᠭᠤᠣᠯ ᠡᠭᠦᠷᠭᠡ ᠶᠢ ᠬᠢᠨᠠᠨ ᠵᠥᠪᠯᠡᠵᠦ ᠪᠠᠳᠤᠯᠠᠪᠠ᠃ ᠪᠦᠬᠦ ᠰᠢᠶᠠᠨ ᠤ ᠡᠯ᠎ᠡ ᠱᠠᠳᠤ ᠡᠯ᠎ᠡ ᠰᠠᠯᠠᠭ᠎ᠠ ᠮᠥᠴᠢᠷ ᠪᠣᠯᠤᠨ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠵᠠᠪᠠᠯ ᠭᠦᠨᠵᠡᠭᠡᠶ ᠰᠤᠷᠤᠯᠴᠠᠨ ᠣᠶᠢᠯᠠᠭᠠᠵᠤ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠬᠤᠳᠠ ᠶᠢᠨ ᠨᠠᠮ ᠤᠨ ᠬᠤᠷᠢᠶ᠎ᠠ ᠶᠢᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠳᠡᠭᠡᠷ᠎ᠡ ᠲᠠᠢ ᠦᠨᠡᠨᠬᠦ ᠨᠢᠭᠡᠳᠬᠡᠬᠦ ᠬᠡᠷᠡᠭᠲᠡᠶ ᠭᠡᠵᠤ ᠵᠢᠭᠠᠨ ᠭᠠᠷᠭᠠᠪᠠ᠃      ᠬᠤᠷᠠᠯ ᠠᠴᠠ᠂ ᠪᠦᠬᠦ ᠰᠢᠶᠠᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠶᠡᠷᠦᠩᠬᠡᠢ ᠱᠦᠵᠢ ᠰᠢ ᠶᠢᠨ ᠫᠢᠩ ‍ᠤᠨ‌ᠦᠵᠡᠯ ᠰᠠᠨᠠᠭ᠎ᠠ ᠰᠤᠷᠲᠠᠯ ᠤᠬᠠᠭᠤᠯᠭ᠎ᠠ ᠶᠢᠨ ᠠᠵᠢᠯ ᠤᠨ ᠲᠤᠬᠠᠶ ᠴᠢᠬᠤᠯᠠ ᠶᠠᠷᠢᠶᠠᠨ ᠤ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ︽ᠲᠦᠷᠪᠡᠨ ᠤᠬᠠᠮᠰᠠᠷ︾ ᠪᠠᠨ ᠲᠡᠭᠡᠭᠰᠢᠯᠡᠭᠦᠯᠵᠦ᠂ ︽ᠲᠦᠷᠪᠡᠨ ᠢᠲᠡᠭᠡᠯ︾ ᠢᠶᠠᠨ ᠪᠠᠲᠤᠳᠬᠠᠵᠤ᠂ ᠪᠦᠬᠦ ᠲᠠᠯ᠎ᠠ ᠪᠠᠷ ᠨᠠᠮ ᠤᠨ ᠤᠬᠠᠭᠤᠯᠭ᠎ᠠ ᠶᠢᠨ ᠠᠵᠢᠯ ᠤᠨ ᠤᠳᠤᠷᠢᠳᠤᠯᠭ᠎ᠠ ᠶᠢ ᠴᠢᠩᠭᠠᠳᠬᠠᠵᠤ᠂ ᠢᠮᠠᠭᠲᠠ ᠵᠥᠪ ᠤᠯᠤᠰ ᠲᠦᠷᠦ ᠶᠢᠨ ᠴᠢᠭᠯᠡᠯ ᠢ ᠪᠠᠷᠢᠮᠲᠠᠯᠠᠵᠤ᠂ ᠦᠵᠡᠯ ᠰᠠᠨᠠᠭ᠎ᠠ ᠰᠤᠷᠲᠠᠯ ᠤᠬᠠᠭᠤᠯᠭ᠎ᠠ ᠶᠢᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠪᠦᠬᠦ ᠰᠢᠶᠠᠨ ᠤ ᠦᠵᠡᠯ ᠰᠠᠨᠠᠭ᠎ᠠ ᠰᠤᠷᠲᠠᠯ ᠤᠬᠠᠭᠤᠯᠭ᠎ᠠ ᠶᠢᠨ ᠠᠵᠢᠯ ᠤᠨ ᠡᠯ᠎ᠡ ᠵᠦᠢᠯ ᠤᠨ ᠡᠭᠦᠷᠭᠡ ᠶᠢ ᠰᠠᠶᠢᠳᠤᠷ ᠨᠠᠶᠢᠳᠠᠪᠤᠷᠢᠵᠢᠭᠤᠯᠵᠤ᠂  ᠪᠦᠬᠦ ᠰᠢᠶᠠᠨ ᠤ ᠦᠵᠡᠯ ᠰᠠᠨᠠᠭ᠎ᠠ ᠰᠤᠷᠲᠠᠯ ᠤᠬᠠᠭᠤᠯᠭ᠎ᠠ ᠶᠢᠨ ᠠᠵᠢᠯ ᠤᠨ ᠰᠢᠨ᠎ᠡ ᠬᠡᠪ ᠲᠦᠷᠢ ᠶᠢ ᠴᠢᠷᠮᠠᠶᠢᠨ  ᠪᠤᠢ ᠪᠤᠯᠭᠠᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠢᠳᠪᠦᠷᠢᠲᠦ ᠢᠯᠠᠯᠲᠠ ᠶᠢ ᠲᠡᠮᠡᠴᠡᠨ ᠣᠯᠵᠤ᠂ ᠠᠭᠤᠤ ᠶᠡᠭᠡ ᠳᠤᠮᠳᠠᠳᠤ ᠶᠢᠨ ᠬᠦᠰᠡᠯᠡᠩ ᠶᠢ ᠲᠡᠷᠭᠡᠯᠰᠢᠭᠦᠯᠬᠦ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠶ ᠭᠡᠵᠤ ᠱᠠᠭᠠᠷᠳᠠᠪᠠ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1