ᠲᠣᠭᠲᠠᠬᠤ ᠰᠢᠶᠠᠨ ᠤ ᠰᠢᠨ᠎ᠡ  ᠶᠢᠩᠽᠢ ᠪᠠᠯᠭᠠᠰᠤ ᠶᠢᠨ ᠨᠠᠶᠢᠳᠠᠨ ᠠᠶᠢᠯ ᠭᠠᠴᠠᠭ᠎ᠠ ᠶᠢᠨ 25 ᠡᠷᠦᠬᠡ ᠰᠠᠭᠤᠭᠠᠯᠢ ᠠᠷᠠᠳ ᠰᠢᠨ᠎ᠡ ᠭᠡᠷ ᠮᠢᠯᠢᠶᠠᠬᠤ ᠶᠤᠰᠤᠯᠠᠯ ᠬᠢᠪᠡ
ᠨᠡᠶᠢᠲᠡᠯᠡᠭᠰᠡᠨ ᠴᠠᠭ᠄
2018-11-19
     
     11 ᠰᠠᠷ᠎ᠠ ᠶᠢᠨ 15 ᠤ ᠡᠳᠦᠷ ᠲᠣᠭᠲᠠᠬᠤ ᠰᠢᠶᠠᠨ  ᠤ ᠰᠢᠨ᠎ᠡ  ᠶᠢᠩᠽᠢ ᠪᠠᠯᠭᠠᠰᠤ ᠶᠢᠨ ᠨᠠᠶᠢᠳᠠᠨ ᠠᠶᠢᠯ ᠭᠠᠴᠠᠭ᠎ᠠ ᠶᠢᠨ 25 ᠡᠷᠦᠬᠡ ᠰᠠᠭᠤᠭᠠᠯᠢ ᠠᠷᠠᠳ ᠰᠢᠨ᠎ᠡ ᠭᠡᠷ ᠨᠡᠭᠦᠯᠭᠡᠬᠦ ᠶᠣᠰᠣᠯᠠᠯ ᠬᠢᠪᠡ᠃ ᠤᠶᠢᠯᠠᠭᠠᠭᠰᠠᠨ ᠢᠶᠠᠷ 2016 ᠣᠨ ᠠᠴᠠ ᠨᠠᠰᠢ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠨᠠᠶᠢᠳᠠᠨ ᠭᠠᠴᠠᠭᠠᠨ ᠤ ᠯᠢ ᠳ᠋ᠢᠩ ᠶᠣᠣ᠂ ᠯᠢᠦ ᠺᠦᠸᠠᠨ ᠶᠣᠣ᠂ ᠰᠢ ᠾᠧ ᠶᠣᠣ ᠭᠤᠷᠪᠠᠨ ᠲᠣᠰᠬᠤᠨ ᠳᠤ ᠪᠦᠬᠦ᠋ᠢᠯᠡ ᠲᠣᠰᠬᠤᠨ ᠢᠶᠠᠷ ᠨᠢ ᠨᠡᠭᠦᠯᠭᠡᠬᠦ ᠢᠨᠵᠧᠨᠧᠷᠢᠩ ᠢ ᠡᠬᠢᠯᠡᠭᠦᠯᠵᠦ᠂ ᠤᠷᠢᠳ ᠬᠤᠵᠢᠳ 1400 ᠲᠦᠮᠡᠨ ᠲᠥᠭᠦᠷᠢᠭ ᠤᠨ ᠪᠡᠯᠡ ᠮᠥᠩᠭᠦ ᠣᠷᠣᠭᠤᠯᠵᠤ᠂ 360 ᠲᠡᠭᠰᠢ ᠳᠥᠷᠪᠡᠯᠵᠢᠨ ᠮᠧᠲᠷ ᠲᠠᠯᠠᠪᠠᠶ ᠪᠦᠬᠦᠢ ᠬᠦᠷᠢᠶ᠎ᠡ ᠲᠠᠢ ᠰᠢᠨ᠎ᠡ ᠭᠡᠷ ᠪᠠᠶᠢᠰᠢᠩ 25 ᠢᠵᠢ᠂ 25 ᠮᠡᠯ ᠤᠨ ᠬᠠᠰᠢᠶ᠎ᠠ᠂ ᠦᠢᠯᠡᠴᠢᠯᠡᠭᠡᠨ ᠤ ᠪᠡᠯᠡᠳᠬᠡᠮᠵᠢ ᠪᠦᠷᠢᠨ ᠲᠡᠭᠦᠯᠳᠡᠷᠵᠢᠭᠰᠡᠨ ᠰᠠᠭᠤᠭᠠᠯᠢ ᠠᠷᠠᠳ ᠤᠨ ᠤᠷᠤᠨ ᠰᠠᠭᠤᠴᠠ ᠶᠢ ᠪᠦᠳᠦᠭᠡᠨ ᠪᠠᠶᠢᠭᠤᠯᠵᠤ᠂ ᠦᠷᠭᠡᠨ ᠤᠯᠠᠨ ᠲᠦᠮᠡᠨ ᠤ ᠠᠮᠢᠳᠤᠷᠠᠯ ᠤᠨ ᠪᠠᠲᠤᠯᠠᠭ᠎ᠠ ᠢ ᠬᠠᠩᠭᠠᠵᠤ᠂ ᠬᠥᠭᠵᠢᠯᠲᠡ ᠶᠢᠨ ᠰᠠᠭᠤᠷᠢ ᠶᠢ ᠪᠠᠳᠤᠵᠢᠭᠤᠯᠵᠤ ᠪᠠᠶᠢᠨ᠎ᠠ᠃
           ᠶᠤᠰᠤᠯᠠᠯ ᠳᠤ ᠤᠷᠤᠯᠴᠠᠭᠰᠠᠨ ᠤᠳᠤᠷᠢᠳᠤᠯᠭ᠎ᠠ
          ᠰᠢᠨ᠎ᠡ ᠪᠠᠶᠢᠰᠢᠩ ᠬᠤᠪᠢᠶᠠᠵᠤ ᠪᠠᠶᠢᠭ᠎ᠠ ᠨᠢ
          ᠵᠤᠯ ᠵᠢᠷᠭᠠᠯ ᠤᠨ ᠢᠨᠢᠶᠡᠳᠦ ᠪᠢᠯᠬᠠᠭᠰᠠᠨ ᠲᠤᠰᠬᠤᠨ ᠤ ᠠᠷᠠᠳ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1