ᠲᠣᠭᠲᠠᠬᠤ ᠰᠢᠶᠠᠨ ᠤ ᠬᠠᠳᠤᠨ ᠭᠤᠤᠯ ᠤᠨ ᠤᠰᠤᠯᠠᠯᠳᠠ ᠶᠢᠨ ᠶᠡᠷᠦᠩᠬᠡᠶ ᠺᠣᠮᠫᠠᠨᠢ ᠨᠠᠮᠤᠷ ᠡᠪᠦᠯ ᠤᠨ ᠤᠯᠠᠷᠢᠯ ᠤᠨ  ᠤᠰᠤᠯᠠᠯᠳᠠ ᠶᠢᠨ ᠠᠵᠢᠯ ᠢ ᠪᠦᠬᠦ ᠲᠠᠯ᠎ᠠ ᠪᠠᠷ ᠦᠷᠨᠢᠭᠦᠯᠵᠦ ᠪᠠᠶᠢᠨ᠎ᠠ
ᠨᠡᠶᠢᠲᠡᠯᠡᠭᠰᠡᠨ ᠴᠠᠭ᠄
2018-11-19
      ᠢᠷᠡᠬᠦ ᠵᠢᠯ ᠤᠨ ᠬᠠᠪᠤᠷ ‍ᠤᠨ‌‍ᠲ᠋ᠠᠷᠢᠶᠠᠯᠠᠭ᠎ᠠ ᠶᠢᠨ ᠠᠵᠢᠯ ᠢ ᠰᠠᠶᠢᠲᠤᠷ ᠬᠢᠵᠤ ᠂ ᠲᠠᠷᠢᠶᠠᠯᠠᠩ ᠤᠨ ᠡᠷᠲᠡ ᠡᠬᠢᠯᠡᠭᠦᠯᠵᠤ᠂ ᠡᠯᠪᠡᠭ ᠬᠤᠷᠢᠶᠠᠯᠲᠠ ᠤᠯᠬᠤ ᠶᠢ  ᠪᠠᠳᠤᠯᠠᠬᠤ ᠶᠢᠨ ᠲᠥᠯᠥᠭᠡ  ᠂ ᠬᠠᠳᠤᠨ ᠭᠤᠤᠯ ᠤᠨ ᠤᠰᠤᠯᠠᠯᠳᠠ ᠶᠢᠨ ᠶᠡᠷᠦᠩᠬᠡᠶ ᠺᠣᠮᠫᠠᠨᠢ ᠡᠷᠲᠡ ᠭᠠᠷ ᠬᠥᠳᠡᠯᠵᠦ᠂ ᠡᠷᠳ᠋ᠨ ᠪᠠᠶᠢᠷᠢᠯᠠᠭᠤᠯᠵᠤ᠂ ᠨᠠᠮᠤᠷ ᠤᠨ ᠬᠠᠭᠠᠯᠪᠤᠷᠢᠯᠠᠭ᠎ᠠ ᠡᠪᠦᠯ ᠤᠰᠤᠯᠠᠬᠤ ᠠᠵᠢᠯ ᠢ ᠬᠦᠴᠦ ᠲᠠᠯᠪᠢᠨ ᠰᠠᠶᠢᠲᠤᠷ  ᠬᠢᠵᠤ ᠪᠠᠶᠢᠨ᠎ᠠ᠃ ᠥᠨᠥ᠂ ᠡᠪᠦᠯ ᠤᠨ  ᠤᠰᠤᠯᠠᠯᠳᠠ ᠶᠢᠨ ᠠᠵᠢᠯ ᠢ ᠪᠦᠬᠦ ᠲᠠᠯ᠎ᠠ ᠪᠠᠷ ᠥᠷᠨᠢᠭᠦᠯᠪᠡ᠃      ᠬᠤᠶᠠᠷ ᠰᠠᠷ᠎ᠠ ᠭᠠᠷᠤᠶ ᠶᠢᠨ ᠪᠡᠯᠡᠳᠬᠡᠯ‌ᠠᠵᠢᠯ ᠢᠶᠠᠷ ᠲᠠᠮᠵᠢᠨ᠂ 10 ᠰᠠᠷ᠎ᠠ ᠶᠢᠨ 20 ᠤ ᠡᠳᠦᠷ ᠡᠪᠦᠯ ᠤᠨ  ᠤᠰᠤᠯᠠᠯᠳᠠ ᠶᠢᠨ ᠠᠵᠢᠯ ᠵᠢᠩᠬᠢᠨᠢ ᠪᠠᠷ ᠡᠬᠢᠯᠡᠪᠡ᠃ ᠣᠳᠣᠬᠠᠨ ᠪᠣᠯᠲᠠᠯ᠎ᠠ᠂ ᠮᠠ ᠳ᠋ᠢ ᠬᠤᠤ ᠤᠰᠤᠯᠠᠯᠲᠠ ᠶᠢᠨ ᠪᠦᠰᠡ ᠳᠤ 1392 ᠪᠣᠰᠤᠭ᠎ᠠ ᠳᠥᠷᠪᠡᠯᠵᠢᠨ ᠮᠧᠲᠷ ᠤᠰᠤ ᠲᠠᠳᠠᠵᠤ᠂  ᠾᠧ ᠺᠸᠤ ᠬᠠᠮᠢᠶᠠᠷᠤᠯᠲᠠ ᠶᠢᠨ ᠵᠥᠪᠯᠡᠯ᠂ ᠦᠱᠧᠨ ᠪᠠᠯᠭᠠᠰᠤ᠂ ᠳᠠᠪᠢᠨ ᠭᠡᠷ ᠪᠠᠯᠭᠠᠰᠤ ᠶᠢᠨ 7.5 ᠲᠦᠮᠡᠨ ᠮᠦ ᠲᠠᠷᠢᠶᠠᠨ ᠭᠠᠵᠠᠷ ᠲᠤ ᠤᠰᠤᠯᠠᠯᠳᠠ ᠲᠠᠭᠤᠰᠴᠤ ᠂ ᠵᠢᠱᠢᠯᠲᠡ ᠪᠠᠷ 11 ᠰᠠᠷ᠎ᠠ ᠶᠢᠨ 15 ᠤ ᠡᠳᠦᠷ ᠤᠰᠤᠯᠠᠯᠳᠠ ᠶᠢᠨ ᠠᠵᠢᠯ ᠪᠦᠷᠢᠮᠦᠰᠦᠨ ᠳᠠᠭᠤᠰᠬᠤ ᠪᠣᠯᠤᠨ᠎ᠠ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1