ᠡᠪᠦᠯ ᠤᠨ ᠤᠯᠠᠷᠢᠯ ᠪᠣᠯᠬᠤ ᠳᠤ᠂ ᠤᠢ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠤᠨ ᠲᠠᠯᠳᠠ | ᠭᠡᠮ ᠢ ᠴᠡᠭᠴᠡᠯᠡᠨ ᠵᠠᠰᠠᠵᠤ᠂ ᠭᠠᠯ ᠤᠨ ᠡ᠊ᠨᠳᠡᠯ ᠭᠠᠷᠬᠤ ᠶᠢ ᠰᠡᠷᠭᠡᠶᠢᠯᠡᠨ᠂ ᠪᠦᠬᠦ ᠪᠠᠯᠭᠠᠰᠤ ᠶᠢᠨ ᠣᠶ ᠰᠢᠭᠤᠶ | ᠨᠤᠲᠤᠭ ᠪᠡᠯᠴᠢᠭᠡᠷ ᠤᠨ ᠡᠬᠢ ᠪᠠᠶᠠᠯᠢᠭ ᠢ ᠬᠠᠮᠠᠭᠠᠯᠠᠬᠤ ᠠᠵᠢᠯ ᠤᠨ ᠦᠷᠨᠢᠯᠳᠡ ᠶᠢ ᠲᠦᠯᠬᠢᠨ ᠠᠬᠢᠭᠤᠯᠬᠤ ᠶᠢᠨ | ᠲᠦᠯᠦᠭᠡ᠂ ᠳᠠᠪᠢᠨ ᠭᠡᠷ ᠪᠠᠯᠭᠠᠰᠤ ᠶᠢᠨ ᠵᠠᠰᠠᠭ ᠤᠨ ᠣᠷᠳᠣᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ | ᠰᠡᠷᠭᠡᠶᠢᠯᠡᠬᠦ ᠠᠵᠢᠯ ᠤᠨ ᠤᠳᠤᠷᠢᠳᠬᠤ ᠳᠤᠭᠤᠶᠢᠯᠠᠩ ᠪᠠᠶᠢᠭᠤᠯᠤᠭᠳᠠᠵᠤ᠂ ᠪᠠᠯᠭᠠᠰᠤᠨ ᠤ ᠨᠠᠮ ᠤᠨ ᠬᠤᠷᠢᠶᠠᠨ ᠤ | ᠳᠡᠳ᠋ ᠱᠦᠵᠢ᠂ ᠪᠠᠯᠭᠠᠰᠤᠨ ᠤ ᠵᠠᠰᠠᠭ ᠤᠨ ᠣᠷᠳᠣᠨ ᠤ ᠪᠠᠯᠭᠠᠰᠤᠨ ᠳᠠᠷᠤᠭ᠎ᠠ ᠭᠤᠤ ᠵᠤᠤ ᠰᠢᠩ ᠳᠤᠭᠤᠶᠢᠯᠠᠩ ᠤᠨ | ᠳᠠᠷᠤᠭ᠎ᠠ ᠶᠢᠨ ᠲᠤᠰᠢᠶᠠᠯ ᠢ ᠡᠭᠦᠷᠭᠡᠯᠡᠵᠦ᠂ ᠪᠠᠯᠭᠠᠰᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠬᠠᠨ ᠮᠢᠨ᠂ | ᠲᠠᠷᠢᠶᠠᠯᠠᠩ ᠮᠠᠯ ᠠᠵᠤ ᠠᠬᠤᠶ ᠤᠰᠤᠨ ᠦᠢᠯᠡᠴᠢᠯᠡᠭᠡᠨ ᠤ ᠲᠥᠪ ᠤᠨ ᠡᠷᠬᠢᠯᠡᠭᠴᠢ ᠹᠠᠨ ᠰᠢ ᠵᠢᠶᠦ᠋ᠨ | ᠳᠤᠭᠤᠶᠢᠯᠠᠩ ᠤᠨ ᠳᠡᠳ᠋ ᠳᠠᠷᠤᠭ᠎ᠠ ᠶᠢᠨ ᠲᠤᠰᠢᠶᠠᠯ ᠢ ᠡᠭᠦᠷᠭᠡᠯᠡᠵᠦ᠂ ᠡᠯ᠎ᠡ ᠥᠷᠲᠡᠭᠡ ᠭᠠᠵᠠᠷ᠂ ᠵᠠᠰᠠᠭ ᠵᠠᠬᠢᠷᠭᠠᠨ ᠤ | ᠭᠠᠴᠠᠭ᠎ᠠ ᠲᠤᠰᠬᠤᠨ ᠤ ᠨᠠᠮ ᠤᠨ ᠡᠭᠦᠷ ᠤᠨ ᠱᠦᠵᠢ᠂ ᠤᠢ ᠰᠢᠭᠤᠶ ᠶᠢᠨ ᠬᠠᠮᠠᠭᠠᠯᠠᠭᠴᠢ ᠪᠠᠷ ᠪᠦᠷᠢᠯᠳᠦᠭᠰᠡᠨ ᠣᠶ | ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠤᠳᠤᠷᠢᠳᠬᠤ ᠲᠤᠭᠤᠶᠢᠯᠠᠩ ᠪᠦᠷᠢᠯᠳᠦᠵᠤ᠂ ᠣᠶ | ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠢ ᠨᠢᠭᠡᠳᠦᠯᠲᠡᠶ ᠲᠥᠯᠥᠪᠯᠡᠨ ᠵᠣᠬᠢᠶᠠᠨ ᠪᠠᠶᠢᠭᠤᠯᠵᠤ | ᠵᠤᠬᠢᠴᠠᠭᠤᠯᠪᠠ᠃ ︽ᠳᠠᠪᠢᠨ ᠭᠡᠷ ᠪᠠᠯᠭᠠᠰᠤ ᠶᠢᠨ ᠤᠢ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ | ᠠᠵᠢᠯ ᠤᠨ ᠬᠡᠷᠡᠭᠵᠢᠭᠦᠯᠬᠦ ᠲᠥᠰᠦᠯ︾ ᠲᠠᠷᠤᠮᠠᠯᠯᠠᠨ ᠲᠠᠷᠬᠠᠭᠠᠵᠤ᠂ ︽ᠤᠢ ᠰᠢᠭᠤᠶ ᠨᠤᠲᠤᠭ ᠪᠡᠯᠴᠢᠭᠡᠷ ᠤᠨ | ᠬᠦᠨᠳᠦ ᠬᠡᠴᠡᠭᠦᠦ ᠭᠠᠯ ᠤᠨ ᠠᠶᠤᠯ︾ ᠭᠠᠷᠴᠤ ᠬᠥᠮᠦᠨ ᠥᠬᠦᠵᠤ ᠰᠢᠷᠬᠠᠲᠤᠬᠤ ᠶᠢ ᠰᠡᠷᠭᠡᠶᠢᠯᠡᠨ ᠪᠠᠳᠤᠯᠠᠵᠤ᠂ ᠤᠢ | ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠤᠨ ᠡ᠊ᠨᠳᠡᠯ ᠭᠠᠷᠬᠤ ᠶᠢ ᠴᠢᠩᠭ᠎ᠠ ᠰᠡᠷᠭᠡᠶᠢᠯᠡᠭᠰᠡᠨ ᠪᠠᠶᠢᠨ᠎ᠠ᠃ | ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠣᠶ ᠰᠢᠭᠤᠶ ᠨᠤᠲᠤᠭ ᠪᠡᠯᠴᠢᠭᠡᠷ ᠤᠨ ᠭᠠᠯ | ᠰᠡᠷᠭᠡᠶᠢᠯᠡᠬᠦ ᠠᠵᠢᠯ ᠳᠤ ᠳᠣᠣᠷᠠᠬᠢ ᠲᠠᠪᠤᠨ ᠲᠠᠯ᠎ᠠ ᠶᠢᠨ ᠱᠠᠭᠠᠷᠳᠠᠯᠭ᠎ᠠ ᠳᠤᠷᠠᠳᠪᠠ᠄ ᠨᠢᠭᠡ ᠳᠤ᠂ ᠦᠵᠡᠯ ᠰᠠᠨᠠᠭ᠎ᠠ | ᠲᠠᠨᠢᠯᠲᠠ ᠪᠠᠨ ᠳᠡᠭᠡᠭᠰᠢᠯᠡᠭᠦᠯᠵᠦ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠬᠤ ᠬᠡᠷᠡᠭᠳᠡᠢ᠃ | ᠬᠤᠶᠠᠷ ᠲᠤ᠂ ᠰᠤᠷᠳᠠᠯ ᠤᠬᠠᠭᠤᠯᠭ᠎ᠠ ᠪᠠᠨ ᠴᠢᠩᠭᠠᠳᠬᠠᠨ᠂ ᠭᠠᠯ ᠰᠡᠷᠭᠡᠶᠢᠯᠡᠬᠦ ᠦᠵᠡᠯ ᠤᠬᠠᠮᠰᠠᠷ ᠢᠶᠠᠨ | ᠲᠡᠭᠡᠭᠰᠢᠯᠡᠭᠦᠯᠬᠦ ᠬᠡᠷᠡᠭᠳᠡᠢ᠃ ᠭᠤᠷᠪᠠ ᠳᠤ᠂ ᠭᠠᠯ ᠤᠨ ᠡᠬᠢ ᠢᠷᠡᠯᠲᠡ ᠶᠢ ᠬᠠᠮᠢᠶᠠᠷᠤᠨ ᠡᠵᠡᠮᠳᠡᠬᠦ᠂ ᠭᠠᠯ ᠤᠨ | ᠠᠶᠤᠯ ᠢ ᠰᠡᠷᠭᠡᠶᠢᠯᠡᠬᠦ ᠬᠡᠷᠡᠭᠳᠡᠢ᠃ ᠲᠦᠷᠪᠡ ᠳᠤ᠂ ᠵᠢᠵᠢᠭᠦᠷᠯᠡᠬᠦ ᠲᠦᠷᠢᠮ ᠢ ᠴᠢᠩᠭᠠᠳᠬᠠᠨ᠂ ᠮᠡᠳᠡᠭᠡ ᠵᠠᠩᠭᠢ | ᠰᠠᠭᠠᠳ ᠤᠢᠭᠡᠢ ᠨᠡᠪᠲᠡᠷᠡᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠲᠠᠪᠤᠳᠤ᠂ ᠬᠠᠷᠢᠭᠤᠴᠠᠯᠭ᠎ᠠ ᠨᠡᠬᠡᠮᠵᠢᠯᠡᠬᠦ ᠶᠢ | ᠴᠢᠩᠭᠠᠳᠬᠠᠵᠤ᠂ ᠭᠠᠯ ᠰᠡᠷᠭᠡᠶᠢᠯᠡᠬᠦ ᠠᠵᠢᠯ ᠤᠨ ᠬᠠᠤᠯᠢ ᠶᠣᠰᠣᠭᠠᠷ ᠶᠠᠪᠤᠭᠳᠠᠭᠤᠯᠬᠤ ᠡᠷᠴᠢᠮ ᠢᠶᠠᠨ | ᠴᠢᠩᠭᠠᠷᠠᠭᠤᠯᠤᠨ᠎ᠠ᠃ | ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠬᠤ ᠪᠠᠷ ᠳᠠᠮᠵᠢᠭᠤᠯᠤᠨ᠂ ᠡᠯ᠎ᠡ ᠰᠠᠯᠠᠭ᠎ᠠ | ᠮᠥᠴᠢᠷ ᠭᠠᠴᠠᠭ᠎ᠠ ᠲᠤᠰᠬᠤᠨ ᠤ ᠬᠠᠷᠢᠭᠤᠴᠠᠯᠭᠠᠲᠠᠨ ᠨᠠᠷ ᠬᠠᠷᠢᠭᠤᠴᠠᠯᠭ᠎ᠠ ᠶᠢᠨ ᠤᠬᠠᠮᠰᠠᠷ᠂ ᠲᠣᠭᠤᠷᠢᠨ | ᠪᠠᠶᠢᠴᠠᠭᠠᠬᠤ ᠪᠠ ᠬᠢᠨᠠᠨ ᠡᠵᠡᠮᠳᠡᠬᠦ ᠢᠶᠠᠨ ᠴᠢᠩᠭᠠᠳᠬᠠᠵᠤ᠂ ᠳᠠᠪᠢᠨ ᠭᠡᠷ ᠪᠠᠯᠭᠠᠰᠤ ᠶᠢᠨ ᠣᠶ ᠰᠢᠭᠤᠶ ᠨᠤᠲᠤᠭ | ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠢ ᠬᠢᠨᠠᠮᠠᠭᠠᠶ ᠰᠠᠶᠢᠲᠤᠷ ᠬᠢᠵᠦ᠂ ᠤᠢ ᠰᠢᠭᠤᠶ ᠨᠤᠲᠤᠭ ᠪᠡᠯᠴᠢᠭᠡᠷ ᠤᠨ | ᠬᠦᠨᠳᠦ ᠬᠡᠴᠡᠭᠦᠦ ᠭᠠᠯ ᠤᠨ ᠠᠶᠤᠯ ᠭᠠᠷᠬᠤ ᠬᠥᠮᠦᠨ ᠥᠬᠦᠵᠤ ᠰᠢᠷᠬᠠᠲᠤᠬᠤ ᠡ᠊ᠨᠳᠡᠯ ᠭᠠᠷᠬᠤ ᠦᠭᠡᠢ ᠶᠢ ᠪᠠᠳᠤᠯᠠᠵᠤ | ᠂ ᠤᠢ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠤᠨ ᠡ᠊ᠨᠳᠡᠯ ᠭᠠᠷᠬᠤ ᠶᠢ ᠴᠢᠩᠭ᠎ᠠ ᠰᠡᠷᠭᠡᠶᠢᠯᠡᠵᠤ ᠪᠠᠶᠢᠨ᠎ᠠ᠃ | |