ᠲᠣᠭᠲᠠᠬᠤ ᠰᠢᠶᠠᠨ ᠤ ᠡᠮᠨᠡᠯᠭᠡ ᠶᠢᠨ ᠬᠤᠷᠢᠶ᠎ᠠ ᠴᠠᠬᠢᠯᠭᠠᠨ ᠬᠠᠩᠭᠠᠬᠤ᠂ ᠢᠯᠴᠢ ᠬᠠᠩᠭᠠᠬᠤ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ  ᠶᠢᠨ ᠢᠵᠢ ᠪᠦᠷᠢᠳᠦᠭᠦᠯᠬᠦ ᠲᠥᠬᠦᠭᠡᠷᠦᠮᠵᠢ ᠶᠢ ᠲᠡᠭᠦᠯᠳᠡᠷᠵᠢᠭᠦᠯᠵᠦ᠂ ᠰᠢᠨ᠎ᠡ ᠪᠠᠷ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠬᠤᠭᠤᠴᠠᠭ᠎ᠠ ᠶᠣᠰᠣᠭᠠᠷ ᠠᠰᠢᠭᠯᠠᠯᠲᠠ ᠳᠤ ᠣᠷᠣᠭᠤᠯᠬᠤ ᠶᠢ ᠦᠨᠡᠨ ᠬᠦ  ᠪᠠᠳᠤᠯᠠᠪᠠ
ᠨᠡᠶᠢᠲᠡᠯᠡᠭᠰᠡᠨ ᠴᠠᠭ᠄
2018-11-05
      ᠲᠣᠭᠲᠠᠬᠤ ᠰᠢᠶᠠᠨ ᠤ ᠰᠢᠨ᠎ᠡ ᠪᠠᠷ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠬᠤᠭᠤᠴᠠᠭ᠎ᠠ ᠶᠣᠰᠣᠭᠠᠷ ᠠᠰᠢᠭᠯᠠᠯᠲᠠ ᠳᠤ ᠤᠷᠤᠬᠤ ᠶᠢ ᠪᠠᠲᠤᠯᠠᠬᠤ ᠶᠢᠨ ᠲᠥᠯᠥᠭᠡ᠂ ᠲᠦᠷᠦᠯ ᠵᠦᠢᠯ ᠤᠨ ᠡᠵᠡᠩᠨᠡᠯᠲᠡ ᠶᠢᠨ ᠶᠠᠪᠤᠴᠠ ᠳᠠᠬᠢ ᠲᠥᠬᠦᠭᠡᠷᠦᠮᠵᠢ ᠶᠢᠨ ᠴᠠᠬᠢᠯᠭᠠᠨ ᠬᠡᠷᠡᠭᠯᠡᠬᠦ ᠳᠠᠭᠠᠭᠠᠴᠠ ᠵᠢᠴᠢ ᠡᠮᠨᠡᠯᠭᠡ ᠶᠢᠨ ᠬᠤᠷᠢᠶᠠᠨ ᠤ ᠢᠯᠴᠢ ᠬᠠᠩᠭᠠᠬᠤ ᠬᠤᠭᠤᠴᠠᠭ᠎ᠠ ᠨᠢ ᠣᠷᠳᠣ᠂ ᠳᠤᠯᠠᠭᠠᠨ ᠤ ᠬᠡᠮᠵᠢᠶ᠎ᠡ ᠥᠨᠳᠥᠷ ᠱᠠᠭᠠᠷᠳᠠᠯᠭ᠎ᠠ ᠶᠢ ᠦᠨᠳᠦᠰᠦᠯᠡᠨ᠂ ᠰᠢᠨ᠎ᠡ ᠪᠠᠷ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠥᠪᠥᠷ ᠮᠣᠩᠭᠤᠯ ᠤᠨ ᠢ ᠹᠧᠩ ᠲᠥᠷᠥᠯ ᠵᠦᠢᠯ ᠤᠨ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ᠶᠢᠨ ᠢᠯᠡ ᠪᠠᠷ ᠳᠠᠭᠠᠭᠠᠴᠢᠯᠠᠯᠲᠠ ᠵᠠᠷᠯᠠᠬᠤ ᠠᠷᠭ᠎ᠠ ᠮᠠᠶ᠋ᠢᠭ ᠢᠶᠠᠷ 3 ᠰᠠᠤᠷᠢ ᠬᠦᠴᠦᠳᠡᠯ ᠥᠭᠡᠷᠡᠴᠢᠯᠡᠭᠴᠢ᠂ 12 ᠰᠠᠤᠷᠢ ᠥᠨᠳᠥᠷ ᠬᠦᠴᠦᠳᠡᠯᠲᠦ ᠴᠠᠬᠢᠯᠭᠠᠨ ᠲᠦᠭᠡᠭᠡᠬᠦ ᠬᠠᠶᠢᠷᠴᠠᠭ ᠪᠠ 2 ᠴᠢᠯᠠᠭᠤᠨ ᠲᠣᠰᠣ ᠰᠢᠳᠠᠮᠬᠠᠢ ᠬᠡᠶ ᠶᠢᠨ ᠬᠤᠶᠠᠷ ᠬᠡᠷᠡᠭᠴᠡᠭᠡᠲᠦ ᠭᠦᠸᠧᠯᠦ ᠬᠤᠳᠠᠯᠳᠤᠨ‌ᠠᠪᠤᠪᠠ᠃ ᠲᠤᠰ ᠲᠦᠷᠦᠯ ᠵᠦᠢᠯ ᠤᠨ ᠲᠥᠰᠦᠪ 485 ᠲᠦᠮᠡᠨ ᠲᠥᠭᠦᠷᠢᠭ ᠪᠣᠯᠤᠨ᠎ᠠ᠃      ᠲᠣᠭᠲᠠᠬᠤ ᠰᠢᠶᠠᠨ ᠤ ᠡᠮᠨᠡᠯᠭᠡ ᠶᠢᠨ ᠬᠤᠷᠢᠶ᠎ᠠ ᠰᠠᠭᠤᠷᠢ ᠪᠠᠨ ᠪᠠᠬᠢᠵᠢᠭᠦᠯᠬᠦ ᠶᠢ ᠲᠡᠷᠢᠭᠦᠨ ᠳᠤ ᠲᠠᠯᠪᠢᠬᠤ ᠵᠠᠷᠴᠢᠮ  ᠢ ᠪᠠᠷᠢᠮᠲᠠᠯᠠᠵᠤ᠂ ᠡᠮᠴᠢᠯᠡᠭᠡᠨ ᠤ ᠬᠢᠷᠢ ᠬᠡᠮᠵᠢᠶ᠎ᠡ᠂ ᠡᠮ ᠡᠮᠨᠡᠯᠭᠡ ᠶᠢᠨ ᠦᠢᠯᠡᠴᠢᠯᠡᠭᠡᠨ ᠢ ᠪᠠᠳᠤᠯᠠᠬᠤ ᠠᠴᠠ ᠭᠠᠳᠠᠨ᠎ᠠ᠂ ᠠᠷᠤ ᠲᠠᠯ᠎ᠠ ᠶᠢᠨ ᠦᠢᠯᠡᠴᠢᠯᠡᠭᠡᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠭᠤᠶᠣ ᠰᠠᠶᠢᠬᠠᠨ᠂ ᠲᠦᠬᠦᠮ ᠲᠦᠷᠭᠡᠨ᠂ ᠡᠶᠡᠪᠡᠷᠭᠦᠦ᠂ ᠡᠶ᠎ᠡ ᠵᠣᠬᠢᠴᠠᠯ ᠲᠠᠢ᠂ ᠡᠮᠨᠡᠯᠭᠡ ᠶᠢᠨ ᠣᠷᠴᠢᠨ ᠲᠣᠭᠤᠷᠢᠨ ᠢ ᠪᠤᠢ  ᠪᠤᠯᠭᠠᠬᠤ ᠪᠠᠷ ᠬᠦᠴᠦᠯᠡᠨ ᠴᠢᠷᠮᠠᠶᠢᠵᠤ ᠪᠠᠶᠢᠨ᠎ᠠ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1