ᠲᠣᠭᠲᠠᠬᠤ ᠰᠢᠶᠠᠨ ᠤ ᠲᠠᠷᠢᠶᠠᠯᠠᠩ ᠤᠨ ᠮᠠᠰᠢᠨ ᠤ ᠶᠡᠷᠦᠩᠬᠡᠶ ᠦᠷᠳᠡᠭᠡ ᠦᠱᠧᠨ ᠪᠠᠯᠭᠠᠰᠤ ᠶᠢᠨ ᠨᠠᠶᠢᠵᠠ ᠭᠡᠷ ᠲᠣᠰᠬᠤᠨ ᠳᠤ ᠬᠦᠷᠴᠦ᠂ ᠶᠠᠳᠠᠭᠤ ᠬᠦᠴᠢᠷᠳᠡᠯᠲᠡᠶ ᠡᠷᠦᠬᠡ ᠶᠢ ᠪᠣᠯᠭᠤᠭᠠᠨ ᠲᠤᠬᠤᠨᠢᠭᠤᠯᠪᠠ
ᠨᠡᠶᠢᠲᠡᠯᠡᠭᠰᠡᠨ ᠴᠠᠭ᠄
2018-11-06
       10 ᠰᠠᠷ᠎ᠠ ᠶᠢᠨ 31 ᠤ ᠡᠳᠦᠷ ᠤᠨ ᠦᠳᠡ ᠶᠢᠨ ᠡᠮᠦᠨ᠎ᠡ᠂ ᠰᠢᠶᠠᠨ ᠤ ᠲᠠᠷᠢᠶᠠᠯᠠᠩ ᠤᠨ ᠮᠠᠰᠢᠨ ᠤ ᠶᠡᠷᠦᠩᠬᠡᠶ ᠥᠷᠲᠡᠭᠡᠨ ᠤ ᠲᠠᠷᠤᠭ᠎ᠠ ᠰᠢᠤᠸᠠᠢ ᡁᠢ ᠭᠠᠩ ᠤᠳᠤᠷᠢᠳᠬᠤ ᠪᠠᠭ ᠤᠨ ᠪᠦᠷᠢᠯᠳᠦᠬᠦᠨ ᠨᠦᠬᠦᠳ ᠢᠶᠠᠨ ᠳᠠᠭᠠᠭᠤᠯᠤᠨ ᠨᠠᠶᠢᠵᠠ ᠲᠣᠰᠬᠤᠨ ᠳᠤ ᠭᠦᠨᠵᠡᠭᠡᠶᠢᠷᠠᠨ᠂ ᠬᠤᠤᠰᠯᠠᠨ ᠬᠤᠯᠪᠣᠭᠠᠯᠠᠵᠤ ᠬᠠᠪᠰᠤᠷᠤᠨ ᠲᠡᠳᠬᠦᠬᠦ ᠠᠵᠢᠯᠯᠠᠭ᠎ᠠ ᠥᠷᠨᠢᠭᠦᠯᠵᠦ᠂ ᠶᠠᠳᠠᠭᠤ ᠬᠦᠴᠢᠷᠳᠡᠯᠲᠡᠶ ᠡᠷᠦᠬᠡ ᠶᠢ ᠪᠣᠯᠭᠤᠭᠠᠨ ᠲᠤᠬᠤᠨᠢᠭᠤᠯᠪᠠ᠃ ᠰᠤᠷᠪᠤᠯᠵᠢᠯᠠᠨ‌‍ᠲ᠋ᠣᠬᠤᠨᠢᠭᠤᠯᠬᠤ ᠶᠠᠪᠤᠴᠠ ᠳᠤ᠂ ᠰᠢᠶᠠᠨ ᠤ ᠲᠠᠷᠢᠶᠠᠯᠠᠩ ᠤᠨ ᠮᠠᠰᠢᠨ ᠤ ᠶᠡᠷᠦᠩᠬᠡᠶ ᠥᠷᠲᠡᠭᠡᠨ ᠤ ᠤᠳᠤᠷᠢᠳᠤᠯᠭ᠎ᠠ ᠪᠣᠯᠤᠨ ᠶᠠᠳᠠᠭᠤ ᠬᠦᠴᠢᠷᠳᠡᠯᠲᠡᠢ ᠡᠷᠤᠬᠡ ᠯᠦᠭᠡ ᠳᠣᠲᠣᠨᠣ ᠶᠠᠷᠢᠯᠴᠠᠵᠤ᠂ ᠶᠠᠳᠠᠭᠤ ᠬᠦᠴᠢᠷᠳᠡᠯᠲᠡᠶ ᠡᠷᠦᠬᠡ ᠶᠢᠨ ᠠᠮᠢᠳᠤᠷᠠᠯ ᠪᠣᠯᠤᠨ ᠪᠡᠶ᠎ᠡ ᠮᠠᠬᠠᠪᠣᠳ ᠤᠨ ᠪᠠᠶᠢᠳᠠᠯ ᠢ ᠨᠠᠷᠢᠨ ᠯᠠᠪᠯᠠᠨ᠂ ᠶᠠᠳᠠᠭᠤ ᠬᠦᠴᠢᠷᠳᠡᠯᠲᠡᠶ ᠡᠷᠦᠬᠡ ᠶᠢᠨ ᠠᠮᠢᠳᠤᠷᠠᠯ ᠳᠤᠮᠳᠠ ᠲᠤᠯᠭᠠᠷᠠᠭᠰᠠᠨ ᠬᠦᠴᠢᠷᠳᠡᠯ ᠪᠣᠯᠤᠨ ᠪᠡᠷᠬᠡ ᠠᠰᠠᠭᠤᠳᠠᠯ ᠢ ᠤᠶᠢᠯᠠᠭᠠᠵᠤ᠂ ᠶᠠᠳᠠᠭᠤ ᠬᠦᠴᠢᠷᠳᠡᠯᠲᠡᠶ ᠡᠷᠦᠬᠡ ᠳᠤ ᠨᠠᠮ ᠪᠠ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠭᠦᠨ ᠭᠦᠨᠵᠡᠭᠡᠶ ᠤᠶᠢᠯᠠᠭᠠᠨ ᠮᠡᠳᠡᠭᠦᠯᠬᠦ ᠶᠢᠨ ᠬᠠᠮᠲᠤ᠂ ᠲᠠᠷᠢᠶᠠᠯᠠᠩ ᠤᠨ ᠮᠠᠰᠢᠨ ᠤ ᠶᠡᠷᠦᠩᠬᠡᠶ ᠦᠷᠳᠡᠭᠡ ᠶᠢᠨ ᠤᠳᠤᠷᠢᠳᠤᠯᠭ᠎ᠠ ᠠᠴᠠ ᠳᠠᠷᠠᠭᠠᠴᠢ ᠶᠢᠨ ᠠᠯᠬᠤᠮ ᠤᠨ ᠠᠵᠢᠯ ᠤᠨ ᠳᠤᠮᠳᠠ ᠶᠠᠳᠠᠭᠤ ᠬᠦᠴᠢᠷᠳᠡᠯᠳᠡᠢ ᠡᠷᠤᠬᠡ ᠳᠤ ᠬᠠᠪᠰᠤᠷᠤᠨ ᠲᠡᠳᠬᠦᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠰᠢᠨ᠎ᠡ ᠨᠢᠭᠡ ᠵᠢᠯ ᠤᠨ ᠬᠠᠪᠰᠤᠷᠴᠤ ᠲᠡᠳᠬᠦᠬᠦ ᠲᠥᠯᠥᠪᠵᠢᠭᠦᠯᠭᠡ ᠪᠠ ᠠᠷᠭ᠎ᠠ ᠬᠡᠮᠵᠢᠶ᠎ᠡ ᠲᠣᠭᠲᠠᠭᠠᠵᠤ᠂ ᠶᠠᠳᠠᠭᠤ ᠬᠦᠴᠢᠷᠳᠡᠯᠲᠡᠶ ᠡᠷᠦᠬᠡ ᠶᠢ ᠡᠷᠲᠡᠬᠡᠨ ᠶᠠᠳᠠᠭᠤ ᠠᠴᠠ ᠠᠩᠭᠢᠵᠢᠷᠠᠨ ᠪᠠᠶᠠᠵᠢᠭᠤᠯᠬᠤ ᠪᠠᠷ ᠴᠢᠷᠮᠠᠶᠢᠨ᠎ᠠ ᠭᠡᠵᠤ ᠵᠤᠷᠢᠭ ᠢᠶᠠᠨ ᠢᠯᠡᠷᠬᠡᠶᠢᠯᠡᠪᠡ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1