ᠲᠣᠭᠲᠠᠬᠤ ᠰᠢᠶᠠᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ 2018 ᠣᠨ ᠤ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠳᠤ ᠨᠥᠬᠦᠪᠥᠷᠢ ᠥᠭᠬᠦ ᠠᠵᠢᠯ ᠢ ᠲᠡᠭᠦᠰ ᠠᠮᠵᠢᠯᠲᠠ ᠲᠠᠢ  ᠪᠡᠶᠡᠯᠡᠭᠦᠯᠪᠡ
ᠨᠡᠶᠢᠲᠡᠯᠡᠭᠰᠡᠨ ᠴᠠᠭ᠄
2018-11-08
     ᠡᠨᠡ ᠵᠢᠯ ᠪᠤᠯ ᠥᠪᠡᠷᠲᠡᠭᠡᠨ ᠵᠠᠰᠠᠬᠤ ᠣᠷᠣᠨ ᠠᠴᠠ ᠲᠣᠭᠲᠠᠭᠠᠭᠰᠠᠨ 2018 - 2020 ᠣᠨ‌‍ᠤ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠳᠤ ᠨᠥᠬᠦᠪᠥᠷᠢ ᠥᠭᠬᠦ ᠠᠵᠢᠯ ᠤᠨ ᠡᠬᠢᠯᠡᠯᠲᠡ ᠶᠢᠨ ᠵᠢᠯ ᠪᠤᠯᠤᠨ᠎ᠠ᠃ ᠲᠣᠭᠲᠠᠬᠤ ᠰᠢᠶᠠᠨ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠨᠥᠬᠦᠪᠥᠷᠢ ᠪᠡᠯᠡ ᠮᠥᠩᠭᠦ 1120 ᠲᠦᠮᠡᠨ ᠲᠥᠭᠦᠷᠢᠭ ᠲᠡᠮᠡᠴᠡᠨ ᠤᠯᠵᠤ᠂ ᠨᠥᠬᠦᠪᠥᠷᠢ ᠥᠭᠬᠦ ᠮᠧᠬᠠᠨᠢᠭ ᠪᠠᠭᠠᠵᠢ 285 ᠰᠠᠤᠷᠢ ᠬᠤᠳᠠᠯᠳᠤᠨ ᠣᠷᠣᠭᠤᠯᠬᠤ᠂ 233 ᠲᠠᠷᠢᠶᠠᠴᠢᠨ ᠡᠷᠦᠬᠡ ᠲᠤ ᠠᠰᠢᠭ ᠬᠦᠷᠳᠡᠭᠡᠵᠤ᠂ ᠬᠤᠶᠠᠷ ᠪᠦᠯᠦᠭ ᠬᠤᠪᠢᠶᠠᠨ ᠨᠥᠬᠦᠪᠥᠷᠢ ᠤᠯᠭᠤᠨ᠎ᠠ᠂ ᠡᠭᠦᠨ ᠤ ᠳᠣᠲᠣᠷ᠎ᠠ ᠨᠢᠭᠡᠳᠦᠭᠡᠷ ᠪᠦᠯᠦᠭ ᠨᠥᠬᠦᠪᠥᠷᠢ ᠥᠭᠬᠦ ᠮᠧᠬᠠᠨᠢᠭ ᠪᠠᠭᠠᠵᠢ 237 ᠰᠠᠤᠷᠢ᠂ 186 ᠲᠠᠷᠢᠶᠠᠴᠢᠨ ᠡᠷᠦᠬᠡ ᠲᠤ ᠠᠰᠢᠭ ᠬᠦᠷᠳᠡᠭᠡᠵᠤ᠂ ᠨᠥᠬᠦᠪᠥᠷᠢ ᠪᠡᠯᠡ ᠮᠥᠩᠭᠦ 900 ᠲᠦᠮᠡᠨ ᠲᠥᠭᠦᠷᠢᠭ︔ ᠬᠤᠶᠠᠳᠤᠭᠠᠷ ᠪᠦᠯᠦᠭ ᠨᠥᠬᠦᠪᠥᠷᠢ ᠥᠭᠬᠦ ᠮᠧᠬᠠᠨᠢᠭ ᠪᠠᠭᠠᠵᠢ 48 ᠰᠠᠤᠷᠢ᠂ 47 ᠲᠠᠷᠢᠶᠠᠴᠢᠨ ᠡᠷᠦᠬᠡ ᠲᠤ ᠠᠰᠢᠭ ᠬᠦᠷᠳᠡᠭᠡᠵᠤ᠂ ᠨᠥᠬᠦᠪᠥᠷᠢ ᠪᠡᠯᠡ ᠮᠥᠩᠭᠦ  220 ᠲᠦᠮᠡᠨ ᠲᠥᠭᠦᠷᠢᠭ ᠪᠣᠯᠤᠨ᠎ᠠ᠃      ᠲᠣᠭᠲᠠᠬᠤ ᠰᠢᠶᠠᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠲᠠᠷᠢᠶᠠᠯᠠᠩ ᠤᠨ ᠮᠧᠬᠠᠨᠢᠭ ᠬᠤᠳᠠᠯᠳᠤᠨ ᠠᠪᠬᠤ ᠳᠤ ᠨᠥᠬᠦᠪᠥᠷᠢ ᠥᠭᠬᠦ ᠠᠵᠢᠯ ᠤᠨ ᠬᠤᠷᠠᠯᠳᠤᠭᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽2018 - 2020 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠳᠤ ᠨᠥᠬᠦᠪᠥᠷᠢ ᠥᠭᠬᠦ ᠬᠡᠷᠡᠭᠵᠢᠭᠦᠯᠬᠦ ᠲᠥᠰᠦᠯ︾ ᠤᠨ ᠱᠠᠭᠠᠷᠳᠠᠯᠭ᠎ᠠ ᠶᠣᠰᠣᠭᠠᠷ᠂ ︽ᠲᠣᠭᠲᠠᠬᠤ ᠰᠢᠶᠠᠨ ᠤ 2018 ᠣᠨ ᠤ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠳᠤ ᠨᠥᠬᠦᠪᠥᠷᠢ ᠥᠭᠬᠦ ᠬᠡᠷᠡᠭᠵᠢᠭᠦᠯᠬᠦ ᠲᠥᠰᠦᠯ︾ ᠢ ᠲᠤᠭᠳᠠᠭᠠᠨ᠂ ᠤᠳᠤᠷᠢᠳᠤᠯᠭ᠎ᠠ ᠪᠠᠨ ᠴᠢᠩᠭᠠᠳᠬᠠᠵᠤ᠂ ᠡᠭᠦᠷᠭᠡ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠳᠤ ᠨᠥᠬᠦᠪᠥᠷᠢ ᠥᠭᠬᠦ ᠠᠵᠢᠯ ᠢ ᠢᠳᠡᠪᠬᠢᠲᠡᠶ ᠪᠥᠭᠡᠳ ᠯᠠᠪᠳᠠᠭᠤᠨ ᠢᠶᠠᠷ ᠲᠦᠯᠬᠢᠨ ᠠᠬᠢᠭᠤᠯᠵᠤ᠂ ᠨᠥᠬᠦᠪᠥᠷᠢ ᠥᠭᠬᠦ ᠮᠧᠬᠠᠨᠢᠭ ᠪᠠᠭᠠᠵᠢ ᠶᠢᠨ ᠬᠢᠨᠠᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠤᠨ᠂ ᠬᠤᠳᠠᠯᠳᠤᠨ ᠠᠪᠤᠭᠰᠠᠨ ᠮᠠᠰᠢᠨ᠂ ᠭᠡᠷᠡᠴᠢ ᠪᠠᠷᠢᠮᠳᠠ᠂ ᠬᠦᠮᠦᠨ᠂ ᠲᠡᠷᠭᠡ ᠶᠢ ᠡᠷᠦᠬᠡ ᠳᠠᠷᠠᠭᠠᠯᠠᠨ ᠬᠢᠨᠠᠨ ᠪᠠᠶᠢᠴᠠᠭᠠᠵᠤ᠂ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠳᠤ ᠨᠥᠬᠦᠪᠥᠷᠢ ᠥᠭᠬᠦ ᠠᠵᠢᠯ ᠤᠨ ᠡᠭᠦᠷᠭᠡ ᠪᠠᠨ ᠲᠡᠭᠦᠰ ᠠᠮᠵᠢᠯᠲᠠ ᠲᠠᠢ ᠪᠠᠷ ᠪᠡᠶᠡᠯᠡᠭᠦᠯᠪᠡ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1