ᠬᠥᠬᠡᠬᠤᠲᠠ ᠵᠢᠨ‌ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠶᠦᠨ ᠵᠢᠶᠠᠨ ᠳ᠋ᠦᠩ ᠲᠤᠭᠳᠠᠬᠤ ᠴᠢᠩ ᠱᠦᠢ ᠾᠧ ᠠᠵᠤ ᠠᠬᠤᠶ ᠶᠢᠨ ᠨᠡᠭᠡᠭᠡᠨ ᠬᠦᠭᠵᠢᠭᠦᠯᠦᠯᠳᠡ ᠶᠢᠨ ᠣᠷᠣᠨ ᠳᠤ ᠪᠠᠶᠢᠴᠠᠭᠠᠨ ᠰᠤᠳᠤᠯᠤᠯᠲᠠ  ᠬᠢᠪᠡ
ᠨᠡᠶᠢᠲᠡᠯᠡᠭᠰᠡᠨ ᠴᠠᠭ᠄
2018-12-11
     12 ᠰᠠᠷ᠎ᠠ ᠶᠢᠨ 5 ᠤ ᠡᠳᠦᠷ᠂ ᠬᠥᠬᠡᠬᠤᠲᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ  ᠬᠤᠷᠢᠶ᠎ᠠ ᠶᠢᠨ ᠡᠷᠬᠢᠯᠡᠭᠴᠢ᠂ ᠲᠤᠭᠳᠠᠬᠤ ᠴᠢᠩ ᠱᠦᠢ ᠾᠧ ᠠᠵᠤ ᠠᠬᠤᠶ ᠶᠢᠨ ᠨᠡᠭᠡᠭᠡᠨ ᠬᠦᠭᠵᠢᠭᠦᠯᠦᠯᠳᠡ ᠶᠢᠨ ᠣᠷᠣᠨ ᠤ ᠪᠥᠲᠥᠭᠡᠨ ᠪᠠᠶᠢᠭᠤᠯᠤᠯᠲᠠ ᠶᠢ ᠵᠣᠬᠢᠴᠠᠭᠤᠯᠤᠨ ᠤᠳᠤᠷᠢᠳᠬᠤ ᠳᠤᠭᠤᠶᠢᠯᠠᠩ ‍ᠤᠨ‌‍ᠲ᠋ᠠᠷᠤᠭ᠎ᠠ ᠶᠦᠨ ᠵᠢᠶᠠᠨ ᠳ᠋ᠦᠩ ᠲᠣᠭᠲᠠᠬᠤ ᠰᠢᠶᠠᠨ ᠳᠤ ᠬᠦᠷᠴᠦ᠂ ᠲᠤᠭᠳᠠᠬᠤ ᠴᠢᠩ ᠱᠦᠢ ᠾᠧ ᠠᠵᠤ ᠠᠬᠤᠶ ᠶᠢᠨ ᠨᠡᠭᠡᠭᠡᠨ ᠬᠦᠭᠵᠢᠭᠦᠯᠦᠯᠳᠡ ᠶᠢᠨ ᠣᠷᠣᠨ ᠤ ᠭᠤᠣᠯᠳᠠᠯᠭ᠎ᠠ ᠲᠠᠢ ᠠᠵᠤ ᠠᠬᠤᠶᠢᠯᠠᠯ᠂ ᠲᠦᠷᠦᠯ ᠵᠦᠢᠯ ᠪᠣᠯᠤᠨ ᠬᠦᠷᠢᠶᠡᠯᠡᠩ ᠲᠣᠭᠤᠷᠢᠭ ᠤᠨ ᠪᠦᠬᠦᠯᠢ ᠴᠣᠭᠴᠠ ᠶᠢᠨ ᠠᠵᠢᠯᠯᠠᠭᠠᠨ ᠤ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠡ᠃      
           ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ ᠯᠢᠦ ᠮᠢᠨ᠂ ᠬᠤᠲᠠ ᠶᠢᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠲᠣᠭᠲᠠᠬᠤ ᠰᠢᠶᠠᠨ ᠤ ᠤᠳᠤᠷᠢᠳᠤᠯᠭ᠎ᠠ ᠭᠦᠸᠧ ᡁᠢ ᠭᠠᠩ᠂ ᠯᠢ ᠴᠦᠨ ᠶᠠᠨ᠂ ᠰᠦᠨ ᠰᠢᠶᠦ᠋ᠨ᠂ ᠸᠧᠢ ᠰᠢᠶᠤᠤ ᠳ᠋ᠦᠩ᠂ ᠠᠵᠤ ᠦᠢᠯᠡᠳᠪᠦᠷᠢ ᠶᠢᠨ ᠬᠦᠷᠢᠶᠡᠯᠡᠩ ᠤᠨ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠰᠠᠶᠤᠤ ᠸᠧᠨ ᠸᠧᠢ᠂ ᠳᠡᠳ᠋ ᠡᠷᠬᠢᠯᠡᠭᠴᠢ ᠸᠠᠩ ᠶᠢᠩ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃      
           ᠰᠠᠭᠤᠳᠠᠯ ᠤᠨ ᠬᠤᠷᠠᠯ ᠲᠡᠭᠡᠷ᠎ᠡ᠂ ᠰᠢᠶᠠᠨ ᠤ ᠨᠠᠮ ᠤᠨ ᠬᠤᠷᠢᠶ᠎ᠠ ᠶᠢᠨ ᠱᠦᠵᠢ ᠭᠦᠸᠧ ᡁᠢ ᠭᠠᠩ ᠲᠤᠭᠳᠠᠬᠤ ᠴᠢᠩ ᠱᠦᠢ ᠾᠧ ᠠᠵᠤ ᠠᠬᠤᠶ ᠶᠢ ᠨᠡᠭᠡᠭᠡᠨ ᠬᠦᠭᠵᠢᠭᠦᠯᠦᠯᠳᠡ ᠶᠢᠨ ᠣᠷᠣᠨ ᠤ ᠳᠣᠲᠣᠷᠠᠬᠢ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠠᠬᠢᠴᠠ ᠶᠢᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠳᠡ ᠬᠢᠪᠡ᠃ ᠲᠠᠨᠢᠯᠴᠠᠭᠤᠯᠤᠭᠰᠠᠨ ᠢᠶᠠᠷ᠂ ᠲᠤᠭᠳᠠᠬᠤ ᠴᠢᠩ ᠱᠦᠢ ᠾᠧ ᠠᠵᠤ ᠠᠬᠤᠶ‌‍ᠶᠢᠨ ᠨᠡᠭᠡᠭᠡᠯᠲᠡ ᠶᠢᠨ ᠲᠣᠭᠤᠷᠢᠭ ᠤᠨ ᠨᠢᠭᠡ ᠴᠤᠭᠴᠠᠵᠢᠭᠤᠯᠤᠨ ᠬᠥᠭᠵᠢᠭᠦᠯᠬᠦ ᠳᠤᠮᠳᠠ᠂ ᠲᠤᠭᠳᠠᠬᠤ᠂ ᠴᠢᠩ ᠱᠦᠢ ᠾᠧ ᠬᠤᠶᠠᠷ ᠭᠠᠵᠠᠷ ᠤᠨ ᠠᠵᠤ ᠠᠬᠤᠶ ᠲᠤᠪᠤᠶᠢᠮ᠎ᠠ ᠠᠮᠵᠢᠯᠲᠠ ᠣᠯᠤᠭᠰᠠᠨ ᠪᠠᠶᠢᠨ᠎ᠠ᠃ ᠴᠢᠬᠤᠯᠠ ᠶᠡᠭᠡ ᠲᠦᠷᠦᠯ ᠵᠦᠢᠯ ᠢᠶᠠᠷ ᠤᠳᠤᠷᠢᠳᠤᠮᠵᠢ ᠪᠣᠯᠭᠠᠨ᠂ ᠲᠣᠭᠲᠠᠬᠤ ᠰᠢᠶᠠᠨ ᠤ ᠠᠵᠤ ᠦᠢᠯᠡᠳᠪᠦᠷᠢ ᠶᠢᠨ ᠬᠦᠷᠢᠶᠡᠯᠡᠩ ᠤᠨ 2018 ᠣᠨ ᠤ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠶ ᠦᠷᠳᠡᠭ ᠵᠢᠱᠢᠯᠲᠡ ᠪᠠᠷ 210 ᠳ᠋ᠦᠡᠭᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 12 . 5% ᠪᠠᠷ ᠨᠡᠮᠡᠭᠳᠡᠵᠡᠶ︔ ᠠᠵᠤ ᠦᠢᠯᠡᠳᠪᠦᠷᠢ ᠶᠢᠨ ᠨᠡᠮᠡᠭᠳᠡᠯ ᠦᠷᠲᠡᠭ 56.5 ᠳ᠋ᠦᠩᠰᠢᠭᠤᠷ ᠲᠥᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 10 . 5 % ᠪᠠᠷ ᠨᠡᠮᠡᠭᠳᠡᠵᠦ᠂ 12.9 ᠳ᠋ᠦᠩᠰᠢᠭᠤᠷ ᠲᠥᠭᠦᠷᠢᠭ ᠭᠠᠶᠢᠯᠢ ᠬᠤᠷᠢᠶᠠᠵᠤ᠂ ᠠᠳᠠᠯᠢ ᠬᠤᠭᠤᠴᠠᠭᠠᠨ ᠤ ᠬᠢ ᠠᠴᠠ 32% ᠢᠶᠠᠷ ᠨᠡᠮᠡᠭᠳᠡᠬᠦ ᠪᠤᠯᠤᠨ᠎ᠠ᠃ ᠴᠢᠩ ᠱᠦᠢ ᠡᡁᠧ ᠰᠢᠶᠠᠨ ᠤ ᠠᠵᠤ ᠦᠢᠯᠡᠳᠪᠦᠷᠢ ᠶᠢᠨ ᠬᠦᠷᠢᠶᠡᠯᠡᠩ 11 ᠰᠠᠷ᠎ᠠ ᠶᠢᠨ ᠰᠡᠭᠦᠯᠴᠢ ᠪᠣᠯᠲᠠᠯ᠎ᠠ᠂ ᠠᠵᠤ ᠦᠢᠯᠡᠳᠪᠦᠷᠢ ᠶᠢᠨ ᠤᠢᠢᠯᠡᠳᠭᠡᠭᠦᠨ ᠤ ᠶᠡᠷᠦᠩᠬᠡᠢ ᠦᠷᠳᠡᠭ 6.2 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 44. 5% ᠪᠠᠷ ᠨᠡᠮᠡᠭᠳᠡᠪᠡ︔ ᠠᠵᠤ ᠦᠢᠯᠡᠳᠪᠦᠷᠢ ᠶᠢᠨ ᠨᠡᠮᠡᠭᠳᠡᠯ ᠦᠷᠳᠡᠭ 1. 4 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 20. 7 %  ᠪᠠᠷ ᠨᠡᠮᠡᠭᠳᠡᠵᠦ᠂ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ 5000 ᠲᠦᠮᠡᠨ ᠲᠥᠭᠦᠷᠢᠭ ᠪᠡᠶᠡᠯᠡᠭᠦᠯᠵᠦ᠂ 4932 ᠲᠦᠮᠡᠨ ᠲᠥᠭᠦᠷᠢᠭ ᠭᠠᠶᠢᠯᠢ ᠬᠤᠷᠢᠶᠠᠵᠤ᠂ ᠠᠳᠠᠯᠢ ᠬᠤᠭᠤᠴᠠᠭᠠᠨ ᠤ ᠬᠢ ᠠᠴᠠ 45 % ᠨᠡᠮᠡᠭᠳᠡᠵᠡᠢ᠃     
   
            ᠭᠦᠸᠧ ᡁᠢ ᠭᠠᠩ ᠨᠦᠬᠦᠷ ᠤᠨ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ᠂ ᠶᠦᠨ ᠵᠢᠶᠠᠨ ᠳ᠋ᠦᠩ ᠠᠴᠠ ᠲᠤᠭᠳᠠᠬᠤ ᠴᠢᠩ ᠱᠦᠢ ᠾᠧ ᠬᠤᠶᠠᠷ ᠭᠠᠵᠠᠷ ᠤᠨ ᠬᠢᠨ ᠴᠢᠬᠤᠯᠠ ᠶᠡᠭᠡ ᠲᠥᠷᠥᠯ ᠵᠦᠢᠯ ᠢ ᠠᠬᠢᠭᠤᠯᠬᠤ ᠠᠵᠢᠯ ᠳᠤᠮᠳᠠ ᠪᠥᠬᠦ ᠬᠤᠲᠠ ᠶᠢᠨ ᠲᠡᠷᠢᠭᠦᠨ ᠡᠩᠨᠡᠭᠡᠨ ᠳᠤ ᠶᠠᠪᠤᠵᠤ ᠪᠠᠶᠢᠨ᠎ᠠ᠂ ᠢᠯᠠᠩᠭᠤᠶ᠎ᠠ ᠲᠥᠷᠥᠯ ᠵᠦᠢᠯ ᠢ ᠨᠠᠶᠢᠳᠠᠪᠤᠷᠢᠵᠢᠭᠤᠯᠬᠤ ᠲᠠᠯ᠎ᠠ ᠪᠠᠷ ᠪᠦᠬᠦ ᠬᠤᠳᠠ ᠳᠤ ᠲᠤᠯᠤᠭᠠᠶᠢᠯᠠᠭᠴᠢ ᠶᠢᠨ ᠦᠢᠯᠡᠳᠤᠯ ᠦᠵᠡᠭᠦᠯᠵᠦ ᠪᠠᠶᠢᠨ᠎ᠠ ᠬᠡᠮᠡᠨ ᠵᠢᠭᠠᠨ ᠭᠠᠷᠭᠠᠬᠤ ᠶᠢᠨ ᠬᠠᠮᠳᠤ ᠲᠤᠭᠳᠠᠬᠤ ᠴᠢᠩ ᠱᠦᠢ ᠾᠧ ᠠᠵᠤ ᠠᠬᠤᠢ‌‍ᠶᠢᠨ ᠨᠡᠬᠡᠬᠡᠯᠳᠡ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠥᠨᠳᠥᠷ ᠪᠦᠲᠦᠮᠵᠢᠲᠡᠶ  ᠠᠬᠢᠭᠤᠯᠬᠤ ᠪᠤᠯ ᠲᠦᠪ ᠬᠤᠳᠠ ᠶᠢᠨ ᠠᠵᠤ ᠦᠢᠯᠡᠳᠪᠦᠷᠢ ᠶᠢᠨ ᠠᠵᠤ ᠠᠬᠤᠶ ᠶᠢᠨ ᠲᠤᠳᠠᠭᠳᠠᠯ‌ᠢ ᠨᠦᠬᠦᠪᠦᠷᠢᠯᠡᠬᠦ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠳᠠᠷᠠᠭᠠᠴᠢ ᠶᠢᠨ ᠠᠯᠬᠤᠮ ᠳᠤ᠂ ᠪᠣᠳᠠᠲᠤ ᠴᠣᠭᠴᠠ ᠶᠢᠨ ᠠᠵᠤ ᠠᠬᠤᠢ ᠶᠢ ᠰᠢᠨ᠎ᠡ  ᠬᠡᠯᠪᠡᠷᠢ ᠶᠢᠨ ᠬᠥᠳᠡᠯᠭᠡᠭᠴᠢ ᠡᠨᠧᠷᠭᠢ ᠪᠤᠯᠭᠠᠨ ᠬᠤᠪᠢᠷᠠᠭᠤᠯᠬᠤ ᠶᠢ ᠦᠷᠭᠦᠯᠵᠢᠯᠡᠨ ᠠᠬᠢᠭᠤᠯᠵᠤ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠬᠤᠳᠠ ᠶᠢᠨ ᠨᠠᠮ ᠤᠨ ᠬᠤᠷᠢᠶ᠎ᠠ ᠶᠢᠨ ᠱᠠᠭᠠᠷᠳᠠᠯᠭ᠎ᠠ ᠶᠣᠰᠣᠭᠠᠷ᠂ ᠦᠷᠭᠦᠯᠵᠢᠯᠡᠨ ᠰᠢᠷᠭᠠᠭᠤ ᠬᠠᠲᠠᠭᠤᠵᠢᠯᠲᠠᠢ ᠦᠨᠡᠨ ᠪᠣᠳᠠᠲᠠᠢ ᠠᠵᠢᠯᠯᠠᠵᠤ᠂ ᠴᠥᠬᠦᠷᠡᠰᠢ ᠦᠬᠡᠢ ᠲᠡᠮᠡᠴᠡᠵᠦ᠂ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠲᠦᠪ ᠬᠤᠳᠠ ᠶᠢᠨ ᠠᠵᠤ ᠦᠢᠯᠡᠳᠪᠦᠷᠢ ᠶᠢᠨ ᠠᠵᠤ ᠠᠬᠤᠶ ᠶᠢ ᠰᠢᠨ᠎ᠡ ᠳᠡᠭᠲᠡᠷ ᠲᠤ ᠬᠦᠷᠭᠡᠬᠦ ᠪᠠᠷ ᠲᠠᠰᠤᠷᠠᠯᠳᠠ ᠦᠭᠡᠢ ᠴᠢᠷᠮᠠᠶᠢᠨ ᠠᠵᠢᠯᠯᠠᠬᠤ ᠬᠡᠷᠡᠭᠳᠡᠢ ᠭᠡᠵᠤ ᠴᠢᠬᠤᠯᠠᠴᠢᠯᠠᠪᠠ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1