12 ᠰᠠᠷ᠎ᠠ ᠶᠢᠨ 4 ᠤ ᠡᠳᠦᠷ᠂ ᠰᠢᠨ᠎ᠡ ᠶᠢᠩᠽᠢ ᠪᠠᠯᠭᠠᠰᠤᠨ ᠤ ᠨᠠᠮ ᠤᠨ ᠬᠤᠷᠢᠶ᠎ᠠ ᠶᠢᠨ ᠤᠨᠤᠯ | ᠰᠤᠷᠤᠯᠴᠠᠬᠤ ᠭᠤᠣᠯ ᠳᠤᠭᠤᠶᠢᠯᠠᠩ ᠤᠨ ᠠᠷᠪᠠᠨ ᠭᠤᠷᠪᠠᠳᠤᠭᠠᠷ ᠤᠳᠠᠭᠠᠨ ᠤ ︵ᠥᠷᠭᠡᠳᠬᠡᠭᠰᠡᠨ︶ ᠰᠤᠷᠤᠯᠴᠠᠬᠤ | ᠬᠤᠷᠠᠯ ᠬᠤᠲᠠᠯᠳᠤᠭᠤᠯᠵᠤ᠂ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠱᠢ ᠵᠢᠶᠠᠨ ᠵᠦᠩ ᠬᠤᠷᠠᠯ ᠡᠷᠬᠢᠯᠡᠪᠡ᠃ | | ᠬᠤᠷᠠᠯ ᠳᠡᠭᠡᠷ᠎ᠡ᠂ ᠶᠡᠷᠦᠩᠬᠡᠶ ᠱᠦᠵᠢ ᠰᠢ ᠶᠢᠨ ᠫᠢᠩ ᠤᠨ ︽ᠤᠭ ᠰᠠᠨᠠᠭ᠎ᠠ ᠪᠠᠨ ᠦᠯᠦ ᠮᠠᠷᠳᠠᠬᠤ᠂ ᠯᠢᠶᠠᠩ | ᠵᠢᠶᠠ ᠾᠧ︾᠂ ︽ᠤᠭ ᠰᠠᠨᠠᠭ᠎ᠠ ᠪᠠᠨ ᠦᠯᠦ ᠮᠠᠷᠳᠠᠬᠤ᠂ ᠡᠶᠡᠷᠭᠦ ᠲᠣᠭᠲᠠᠮᠠᠯ︾᠂ ︽ᠤᠭ ᠰᠠᠨᠠᠭ᠎ᠠ ᠪᠠᠨ ᠦᠯᠦ | ᠮᠠᠷᠳᠠᠬᠤ᠂ ᠨᠢᠩᠳᠧ ︾ ᠵᠢᠴᠢ ︽ᠶᠡᠷᠦᠩᠬᠡᠢ ᠱᠦᠵᠢ ᠰᠢ ᠶᠢᠨ ᠫᠢᠩ ᠤᠨ ᠲᠥᠪ ᠬᠤᠷᠢᠶᠠᠨ ᠤ ᠤᠯᠤᠰ ᠲᠦᠷᠦ ᠶᠢᠨ | ᠲᠣᠪᠴᠢᠶᠠᠨ ᠤ ᠪᠠᠶᠢᠩᠭᠤ ᠶᠢᠨ ᠭᠡᠰᠢᠭᠦᠨ ᠢ ᠲᠠᠭᠠᠭᠤᠯᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ | ᠠᠩᠬᠠᠳᠤᠭᠠᠷ ᠶᠡᠭᠡ ᠬᠤᠷᠠᠯ ᠬᠤᠷᠠᠯᠳᠤᠭᠰᠠᠨ ᠬᠠᠭᠤᠴᠢᠨ ᠰᠠᠭᠤᠷᠢᠨ ᠭᠠᠵᠠᠷ ᠲᠤ ᠳᠠᠬᠢᠨᠲᠠ ᠨᠠᠮ ᠤᠨ ᠲᠠᠩᠭᠠᠷᠢᠭ | ᠡᠷᠭᠦᠭᠰᠡᠨ︾ ᠭᠤᠷᠪᠠᠨ ᠣᠬᠤᠷ ᠹᠢᠯᠢᠮ ᠢ ᠦᠵᠡᠵᠤ᠂ ᠶᠡᠷᠦᠩᠬᠡᠢ ᠱᠦᠵᠢ ᠰᠢ ᠶᠢᠨ ᠫᠢᠩ ᠤᠨ ᠬᠠᠮᠲᠤ ᠶᠢᠨ ᠠᠵᠤ | ᠠᠬᠤᠶ ᠶᠢᠨ ᠦᠵᠡᠯ ᠰᠠᠨᠠᠭ᠎ᠠ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠡᠭᠦᠷ ᠤᠨ ᠠᠵᠢᠯ ᠤᠨ ᠳᠦᠷᠢᠮ ︵ | ᠲᠤᠷᠰᠢᠨ ᠬᠡᠷᠡᠭᠵᠢᠭᠦᠯᠬᠦ︶︾᠂ ᠲᠥᠷᠥ ᠶᠢᠨ ᠶᠠᠪᠤᠳᠠᠯ ᠤᠨ ᠬᠤᠷᠢᠶᠠᠨ ᠤ ᠶᠠᠳᠠᠭᠤ ᠶᠢ ᠲᠡᠳᠬᠦᠬᠦ ᠠᠵᠢᠯ ᠤᠨ ᠠᠯᠪᠠᠨ | ᠬᠡᠷ ᠵᠡᠷᠭᠡ 13 ᠰᠠᠯᠠᠭ᠎ᠠ ᠮᠥᠴᠢᠷ ᠬᠠᠮᠲᠤᠷᠠᠨ ᠨᠡᠶᠢᠲᠡᠯᠡᠭᠰᠡᠨ ︽ᠶᠠᠳᠠᠭᠤ ᠶᠢ ᠲᠡᠳᠬᠦᠬᠦ ᠢᠲᠡᠭᠡᠯ ᠵᠣᠷᠢᠭ ᠢ | ᠲᠡᠳᠬᠦᠬᠦ ᠠᠵᠢᠯᠯᠠᠭ᠎ᠠ ᠶᠢ ᠥᠷᠨᠢᠭᠦᠯᠬᠦ ᠲᠤᠬᠠᠶ ᠰᠠᠨᠠᠯ︾ ᠪᠠ ︽ᠡᠷᠦᠭᠡ ᠶᠢᠨ ᠴᠡᠷᠢᠭ ᠤᠨ ᠠᠵᠢᠯ ᠤᠨ ᠲᠦᠷᠢᠮ︾ ᠢ | ᠰᠤᠷᠤᠯᠴᠠᠪᠠ᠃ | ᠬᠤᠷᠠᠯ ᠠᠴᠠ᠂ ᠮᠠᠨ ᠤ ᠤᠯᠤᠰ ᠤᠨ ᠥᠭᠡᠷᠡᠴᠢᠯᠡᠯᠲᠡ ᠨᠡᠭᠡᠭᠡᠯᠲᠡ ᠬᠢᠭᠰᠡᠨ 40 ᠵᠢᠯ ᠤᠨ ᠲᠤᠷᠰᠢ | ᠣᠯᠤᠭᠰᠠᠨ ᠡᠯᠪᠡᠭ ᠪᠠᠶᠠᠯᠢᠭ ᠲᠤᠷᠰᠢᠯᠭ᠎ᠠ ᠪᠠᠨ ᠳ᠋ᠦᠩᠨᠡᠵᠦ᠂ ᠨᠠᠮ ᠤᠨ ᠲᠡᠮᠡᠴᠡᠯ ᠤᠨ ᠲᠡᠦᠬᠡᠨ ᠶᠠᠪᠤᠴᠠ ᠶᠢ ᠪᠠᠲᠤ | ᠴᠡᠭᠡᠵᠢᠯᠡᠵᠦ᠂ ᠤᠬ ᠰᠠᠨᠠᠭ᠎ᠠ ᠪᠠᠨ ᠦᠯᠦ ᠮᠠᠷᠳᠠᠨ᠂ ᠢᠲᠡᠭᠡᠯ ᠵᠣᠷᠢᠭ ᠢᠶᠠᠨ ᠪᠠᠲᠤᠳᠬᠠᠵᠤ᠂ ᠥᠭᠡᠷᠡᠴᠢᠯᠡᠯᠲᠡ ᠶᠢ | ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠡᠯ᠎ᠡ ᠵᠦᠢᠯ ᠤᠨ ᠠᠵᠢᠯ ᠤᠨ ᠡᠭᠦᠷᠭᠡ ᠶᠢ ᠪᠡᠶᠡᠯᠡᠭᠦᠯᠬᠦ ᠬᠡᠷᠡᠭᠲᠡᠶ᠃ ᠶᠡᠷᠦᠩᠬᠡᠢ | ᠱᠦᠵᠢ ᠰᠢ ᠶᠢᠨ ᠫᠢᠩ ᠤᠨ ᠬᠠᠮᠲᠤ ᠶᠢᠨ ᠠᠵᠤ ᠠᠬᠤᠶ ᠶᠢᠨ ᠦᠵᠡᠯ ᠰᠠᠨᠠᠭ᠎ᠠ ᠶᠢᠨ ᠭᠦᠨ ᠭᠦᠨᠵᠡᠭᠡᠶ ᠳᠣᠲᠣᠭᠠᠳᠤ | ᠠᠭᠤᠯᠬᠤᠨ ᠢ ᠭᠦᠨᠵᠡᠭᠡᠢ ᠣᠶᠢᠯᠠᠭᠠᠵᠤ᠂ ᠰᠢ ᠶᠢᠨ ᠫᠢᠩ ᠤᠨ ᠬᠠᠮᠲᠤ ᠶᠢᠨ ᠠᠵᠤ ᠠᠬᠤᠶ ᠶᠢᠨ ᠦᠵᠡᠯ ᠰᠠᠨᠠᠭ᠎ᠠ ᠪᠠᠷ | ᠤᠳᠤᠷᠢᠳᠤᠮᠵᠢ ᠪᠣᠯᠭᠠᠵᠤ᠂ ᠲᠠᠰᠤᠷᠠᠯᠲᠠ ᠦᠭᠡᠶ ᠬᠠᠶᠢᠨ ᠰᠦᠪᠡᠭᠴᠢᠯᠡᠵᠦ᠂ ᠬᠠᠮᠲᠤ ᠶᠢᠨ ᠠᠵᠤ ᠠᠬᠤᠶ ᠶᠢ | ᠬᠥᠭᠵᠢᠭᠦᠯᠦᠨ ᠪᠤᠵᠠᠭᠠᠶᠢᠷᠠᠭᠤᠯᠤᠨ᠎ᠠ᠂ ᠲᠠᠷᠢᠶᠠᠴᠢᠨ ᠲᠠᠢ ᠬᠠᠮᠲᠤᠪᠠᠷ ᠪᠠᠶᠠᠵᠢᠨ ᠴᠢᠨᠡᠭᠡᠯᠢᠭᠵᠢᠬᠦ ᠶᠢ ᠪᠡᠶᠡᠯᠡᠭᠦᠯᠬᠦ | ᠰᠢᠨ᠎ᠡ ᠰᠡᠳᠬᠢᠴᠡ᠂ ᠰᠢᠨ᠎ᠡ ᠠᠷᠭ᠎ᠠ ᠠᠪᠴᠠᠯ ᠢ ᠰᠦᠪᠡᠭᠴᠢᠯᠡᠬᠦ ᠬᠡᠷᠡᠭᠳᠡᠢ ᠭᠡᠵᠤ ᠵᠢᠭᠠᠨ ᠭᠠᠷᠭᠠᠪᠠ᠃ | ᠬᠤᠷᠠᠯ ᠠᠴᠠ᠂ ᠶᠠᠳᠠᠭᠤ ᠶᠢ ᠲᠡᠳᠬᠦᠬᠦ ᠢᠲᠡᠭᠡᠯ ᠵᠣᠷᠢᠭ ᠢ ᠲᠡᠳᠬᠦᠬᠦ ᠠᠵᠢᠯ ᠢ ᠤᠯᠠᠮ ᠨᠢᠭᠡ ᠠᠯᠬᠤᠮ | ᠴᠢᠩᠭᠠᠳᠬᠠᠵᠤ᠂ ᠶᠠᠳᠠᠭᠤ ᠬᠦᠴᠢᠷᠳᠡᠯᠲᠡᠢ ᠤᠯᠠᠨ ᠲᠦᠮᠡᠨ ᠤ ᠪᠡᠶᠡᠴᠢ ᠴᠣᠭᠴᠠ ᠶᠢᠨ ᠤᠬᠠᠮᠰᠠᠷ ᠢ ᠬᠦᠮᠦᠵᠢᠭᠦᠯᠵᠤ᠂ | ᠶᠠᠳᠠᠭᠤ ᠬᠦᠴᠢᠷᠳᠡᠯᠲᠡᠢ ᠤᠯᠠᠨ ᠲᠦᠮᠡᠨ ᠤ ᠳᠣᠲᠣᠭᠠᠳᠤ ᠬᠥᠳᠡᠯᠭᠡᠬᠦ ᠬᠦᠴᠦᠨ ᠢ ᠪᠠᠳᠠᠷᠠᠭᠤᠯᠵᠤ᠂ ᠬᠠᠪᠰᠤᠷᠤᠨ | ᠲᠡᠳᠬᠦᠬᠦ ᠠᠷᠭ᠎ᠠ ᠬᠡᠯᠪᠡᠷᠢ ᠪᠠᠨ ᠰᠠᠶᠢᠵᠢᠷᠠᠭᠤᠯᠵᠤ᠂ ᠨᠡᠶᠢᠲᠡᠯᠢᠭ ᠵᠢᠱᠢᠶ᠎ᠡ ᠦᠵᠡᠭᠦᠯᠬᠦ ᠶᠢ ᠴᠢᠩᠭᠠᠳᠬᠠᠵᠤ᠂ ᠶᠠᠳᠠᠭᠤ | ᠬᠦᠴᠢᠷᠳᠡᠯᠲᠡᠢ ᠤᠯᠠᠨ ᠲᠦᠮᠡᠨ ᠤ ᠠᠵᠤ ᠦᠢᠯᠡᠰ ᠢᠶᠠᠷ ᠬᠥᠭᠵᠢᠭᠦᠯᠬᠦ ᠪᠠ ᠠᠵᠢᠯ ᠣᠯᠭᠤᠯᠲᠠ ᠪᠠᠷ ᠬᠥᠲᠥᠯᠥᠨ | ᠵᠢᠯᠣᠭᠤᠳᠴᠤ ᠪᠠᠶᠢᠭᠠᠳ ᠶᠠᠳᠠᠭᠤ ᠬᠦᠴᠢᠷᠳᠡᠯᠲᠡᠢ ᠤᠯᠠᠨ ᠲᠦᠮᠡᠨ ᠤ ᠶᠠᠳᠠᠭᠤ ᠠᠴᠠ ᠠᠩᠭᠢᠵᠢᠷᠠᠬᠤ ᠴᠢᠳᠠᠪᠤᠷᠢ ᠶᠢ | ᠯᠠᠪᠳᠠᠭᠤᠨ ᠢᠶᠠᠷ ᠳᠡᠭᠡᠭᠰᠢᠯᠡᠭᠦᠯᠬᠦ ᠬᠡᠷᠡᠭᠲᠡᠶ ᠭᠡᠵᠤ ᠴᠢᠬᠤᠯᠠᠴᠢᠯᠠᠪᠠ᠃ | ︽ᠡᠷᠦᠭᠡ ᠶᠢᠨ ᠴᠡᠷᠢᠭ ᠤᠨ ᠠᠵᠢᠯ ᠤᠨ ᠳᠦᠷᠢᠮ︾ ᠤᠨ ᠵᠣᠷᠢᠭ ᠰᠠᠨᠠᠭᠠᠨ ᠤ ᠮᠥᠨ ᠴᠢᠨᠠᠷ ᠢ ᠭᠦᠨᠵᠡᠭᠡᠶ | ᠣᠶᠢᠯᠠᠭᠠᠵᠤ᠂ ᠤᠯᠤᠰ ᠤᠨ ᠬᠠᠮᠠᠭᠠᠯᠠᠭᠳᠠ ᠶᠢᠨ ᠪᠡᠯᠡᠳᠭᠡᠯ ᠬᠦᠴᠦᠨ ᠤ ᠪᠦᠳᠦᠭᠡᠨ ᠪᠠᠶᠢᠭᠤᠯᠤᠯᠳᠠ ᠶᠢ ᠰᠠᠶᠢᠳᠤᠷ | ᠠᠳᠬᠤᠬᠤ ᠬᠡᠷᠡᠭᠳᠡᠢ᠃ |