| | | ᠣᠶᠢᠷ᠎ᠠ ᠳᠤ᠂ ᠰᠤᠷᠪᠤᠯᠵᠢᠯᠠᠭᠴᠢ ᠰᠢᠶᠠᠨ ᠤ ᠰᠦᠩ ᠬᠠᠯᠢᠶ᠎ᠠ ᠦᠶᠡᠷ ᠢ ᠰᠡᠷᠭᠡᠶᠢᠯᠡᠬᠦ ᠠᠵᠢᠯ ᠤᠨ | ᠵᠢᠯᠣᠭᠤᠳᠬᠤ ᠭᠠᠵᠠᠷ ᠠᠴᠠ ᠤᠶᠢᠯᠠᠭᠠᠭᠰᠠᠨ ᠢᠶᠠᠷ᠂ 12 ᠰᠠᠷ᠎ᠠ ᠶᠢᠨ 4 ᠤ ᠡᠳᠦᠷ ᠠᠴᠠ ᠡᠬᠢᠯᠡᠵᠦ᠂ ᠬᠠᠲᠤᠨ | ᠭᠤᠣᠯ ᠤᠨ ᠲᠣᠭᠲᠠᠬᠤ ᠰᠢᠶᠠᠨ ᠤ ᠬᠡᠰᠡᠭ ᠲᠤ ᠰᠦᠩ ᠬᠠᠯᠢᠶ᠎ᠠ ᠶᠢᠨ ᠤᠷᠤᠰᠬᠠᠯ ᠤᠨ ᠦᠵᠡᠭᠳᠡᠯ ᠡᠭᠦᠰᠴᠦ᠂ ᠲᠤᠰ | ᠡᠳᠤᠷ ᠤᠨ ᠤᠷᠤᠰᠬᠠᠯ ᠤᠨ ᠨᠢᠭᠲᠠᠴᠠ ᠨᠢ 20% ᠬᠦᠷᠴᠦ᠂ ᠤᠰᠤᠨ ᠲᠦᠪᠰᠢᠨ 987.50 ᠮᠧᠲᠷ ᠪᠠᠶᠢᠵᠤ᠂ | ᠤᠷᠤᠰᠬᠠᠯ ᠤᠨ ᠬᠡᠮᠵᠢᠶ᠎ᠡ ᠰᠧᠺᠦ᠋ᠨ᠋ᠳ᠋ ᠪᠦᠷᠢ 346 ᠪᠤᠰᠤᠭ᠎ᠠ ᠲᠡᠭᠰᠢ ᠲᠦᠷᠪᠡᠯᠵᠢᠨ ᠮᠧᠲᠷ ᠪᠣᠯᠤᠨ᠎ᠠ᠃ 12 | ᠰᠠᠷ᠎ᠠ ᠶᠢᠨ 9 ᠤ ᠡᠳᠦᠷ ᠤᠨ ᠤᠰᠤᠨ ᠲᠦᠪᠰᠢᠨ 987.47 ᠮᠧᠲᠷ ᠲᠤ ᠬᠦᠷᠴᠦ᠂ ᠤᠷᠤᠰᠬᠠᠯ ᠤᠨ | ᠬᠡᠮᠵᠢᠶ᠎ᠡ ᠰᠧᠺᠦ᠋ᠨ᠋ᠳ᠋ ᠪᠦᠷᠢ 346 ᠪᠤᠰᠤᠭ᠎ᠠ ᠲᠡᠭᠰᠢ ᠲᠦᠷᠪᠡᠯᠵᠢᠨ ᠮᠧᠲᠷ ᠬᠦᠷᠴᠦ᠂ ᠰᠦᠩ ᠬᠠᠯᠢᠶ᠎ᠠ | ᠤᠷᠤᠰᠬᠠᠯ ᠤᠨ ᠨᠢᠭᠲᠠᠴᠠ ᠨᠢ 80-90%ᠪᠠᠶᠢᠵᠤ᠂ ᠭᠤᠣᠯ ᠮᠥᠷᠡᠨᠤ ᠤᠰᠤ ᠬᠦᠯᠳᠡᠵᠤ ᠪᠢᠲᠡᠭᠦᠮᠵᠢᠯᠡᠬᠦ | ᠬᠤᠭᠤᠴᠠᠭᠠᠨ ᠳᠤ ᠮᠥᠰᠥ ᠤᠰᠤ ᠬᠤᠷᠢᠭᠳᠠᠬᠤ ᠲᠦᠭᠰᠢᠭᠦᠷᠢᠲᠦ ᠪᠠᠶᠢᠳᠠᠯ ᠭᠠᠷᠬᠤ ᠦᠭᠡᠢ᠃ 12 ᠰᠠᠷ᠎ᠠ ᠶᠢᠨ | 11 ᠤ ᠦᠳᠡ ᠶᠢᠨ ᠡᠮᠦᠨᠡᠬᠢ 8 ᠴᠠᠭ ᠲᠤ᠂ ᠬᠠᠲᠤᠨ ᠭᠤᠣᠯ ᠤᠨ ᠲᠣᠭᠲᠠᠬᠤ ᠰᠢᠶᠠᠨ ᠤ ᠬᠡᠰᠡᠭ ᠤᠨ ᠭᠤᠤᠯ ᠤᠨ | ᠤᠰᠤ ᠬᠦᠯᠳᠡᠵᠤ ᠪᠢᠳᠡᠭᠦᠮᠵᠢᠯᠡᠪᠡ᠃ | | | |