ᠲᠣᠭᠲᠠᠬᠤ ᠰᠢᠶᠠᠨ ᠦ᠋ ᠬᠠᠨ ᠳ᠋ᠢᠩ ᠨᠥᠬᠦᠷ ᠲᠤ ᠪᠦᠬᠦ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠰᠢᠪᠳᠤᠯᠤᠯᠳᠠ ᠶᠢᠨ ᠲᠠᠶᠢᠨ ᠤ ᠵᠢᠱᠢᠶᠡᠴᠢ ᠶᠢᠨ ᠢᠷᠠᠭᠤ ᠠᠯᠳᠠᠷ ᠤᠨ ᠴᠣᠯᠠ ᠣᠯᠭᠤᠬᠤ ᠶᠡᠭᠡ ᠬᠤᠷᠠᠯ ᠵᠢᠴᠢ ᠦ᠋ ᠬᠠᠨ ᠳ᠋ᠢᠩ ᠨᠥᠬᠦᠷ ᠤᠨ ᠲᠡᠷᠢᠭᠦᠨ ᠤ ᠦᠢᠯᠡ ᠠᠵᠢᠯᠯᠠᠭ᠎ᠠ ᠶᠢᠨ ᠮᠡᠳᠡᠭᠦᠯᠦᠯᠲᠡ ᠶᠢᠨ ᠬᠤᠷᠠᠯ ᠢ ᠰᠤᠨᠤᠰᠪᠠ
ᠨᠡᠶᠢᠲᠡᠯᠡᠭᠰᠡᠨ ᠴᠠᠭ᠄
2018-12-20
      12 ᠰᠠᠷ᠎ᠠ ᠶᠢᠨ 17 ᠤ ᠡᠳᠦᠷ᠂ ᠦ᠋ ᠬᠠᠨ ᠳ᠋ᠢᠩ ᠨᠥᠬᠦᠷ ᠲᠤ ᠪᠦᠬᠦ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠰᠢᠪᠳᠤᠯᠤᠯᠳᠠ ᠶᠢᠨ ᠲᠠᠶᠢᠨ ᠤ ᠵᠢᠱᠢᠶᠡᠴᠢ ᠶᠢᠨ ᠢᠷᠠᠭᠤ ᠠᠯᠳᠠᠷ ᠤᠨ ᠴᠣᠯᠠ ᠣᠯᠭᠤᠬᠤ ᠶᠡᠭᠡ ᠬᠤᠷᠠᠯ ᠵᠢᠴᠢ ᠦ᠋ ᠬᠠᠨ ᠳ᠋ᠢᠩ ᠨᠥᠬᠦᠷ ᠤᠨ ᠲᠡᠷᠢᠭᠦᠨ ᠤ ᠦᠢᠯᠡ ᠠᠵᠢᠯᠯᠠᠭ᠎ᠠ ᠶᠢᠨ ᠮᠡᠳᠡᠭᠦᠯᠦᠯᠲᠡ ᠶᠢᠨ ᠬᠤᠷᠠᠯ ᠬᠥᠬᠡᠬᠤᠲᠠ ᠳᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠦᠯᠦᠭᠡᠯᠡᠭᠴᠢᠳ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠯᠢ ᠵᠢᠢ ᠾᠧᠩ ᠬᠤᠷᠠᠯ ᠳᠤ ᠣᠷᠣᠯᠴᠠᠨ ᠶᠠᠷᠢᠶ᠎ᠠ ᠲᠠᠯᠪᠢᠪᠠ᠃
     ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠤᠷᠳᠤᠨ ᠤ ᠲᠡᠷᠢᠭᠦᠯᠡᠭᠴᠢ ᠪᠦ᠋ ᠰᠢᠶᠤᠤ ᠯᠢᠨ ᠬᠤᠷᠠᠯ ᠢ ᠡᠷᠬᠢᠯᠡᠪᠡ᠃ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠶᠠᠳᠠᠭᠤ ᠶᠢ ᠲᠡᠳᠬᠦᠬᠦ ᠠᠯᠪᠠᠨ ᠭᠡᠷ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠡᠷᠬᠢᠯᠡᠭᠴᠢ ᠰᠢᠶᠠ ᠭᠧᠩ ᠱᠧᠩ ᠦ᠋ ᠬᠠᠨ ᠳ᠋ᠢᠩ ᠨᠥᠬᠦᠷ ᠲᠤ ᠦᠨᠡᠮᠯᠡᠯ ᠭᠠᠷᠳᠠᠭᠤᠯᠵᠤ ᠶᠠᠷᠢᠶ᠎ᠠ ᠲᠠᠯᠪᠢᠪᠠ᠂ ᠤᠯᠤᠰ ᠤᠨ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠳᠤᠯᠠᠭ᠎ᠠ ᠶᠢᠨ ᠶᠠᠮᠤᠨ ᠤ ᠬᠤᠯᠪᠣᠭᠳᠠᠯ ᠪᠦᠬᠦᠢ ᠨᠥᠬᠦᠳ ᠬᠥᠬᠢᠭᠦᠯᠦᠨ ᠰᠠᠶᠢᠰᠢᠶᠠᠬᠤ ᠲᠣᠭᠲᠠᠭᠠᠯ ᠢ ᠨᠡᠶᠢᠳᠡᠯᠡᠨ ᠤᠩᠰᠢᠪᠠ᠃
     ᠭᠦᠸᠧ ᡁᠢ ᠭᠠᠩ᠂ ᠯᠢ ᠴᠦᠨ ᠶᠠᠨ᠂ ᠰᠦᠨ ᠰᠢᠶᠦ᠋ᠨ᠂ ᠭᠤᠤ ᠪᠠᠲᠤ ᠵᠡᠷᠭᠡ ᠲᠤᠭᠳᠠᠬᠤ ᠰᠢᠶᠠᠨ ᠤ ᠳᠡᠳ᠋ ᠭᠠᠵᠠᠷ ᠤᠨ ᠲᠠᠰ ᠠᠴᠠ ᠳᠡᠭᠡᠭᠰᠢᠬᠢ ᠤᠳᠤᠷᠢᠳᠤᠯᠭ᠎ᠠ᠂ ᠡᠯ᠎ᠡ ᠪᠠᠯᠭᠠᠰᠤ᠂ ᠾᠧ ᠺᠸᠤ ᠬᠠᠮᠢᠶᠠᠷᠤᠯᠲᠠ‌‍ᠶᠢᠨ ᠵᠥᠪᠯᠡᠯ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠲᠣᠭᠲᠠᠬᠤ ᠰᠢᠶᠠᠨ ᠤ ᠬᠤᠪᠢᠶᠠᠷᠢ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠵᠠᠶ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1