ᠵᠣᠴᠢᠨ᠄ ᠬᠥᠬᠡᠬᠤᠲᠠ ᠶᠢᠨ ᠠᠵᠤ ᠦᠢᠯᠡᠳᠪᠦᠷᠢ ᠬᠤᠳᠠᠯᠳᠤᠭ᠎ᠠ ᠶᠢᠨ ᠲᠣᠪᠴᠢᠶ᠎ᠠ ᠶᠢᠨ ᠳᠡᠳ᠋ ᠲᠣᠪᠴᠢᠶᠠᠨ | ᠳᠠᠷᠤᠭ᠎ᠠ ᠰᠦᠨ ᠲᠣᠣ᠂ ᠲᠥᠷᠥ ᠶᠢᠨ ᠪᠣᠳᠣᠯᠭ᠎ᠠ ᠶᠢᠨ ᠰᠤᠳᠤᠯᠤᠯᠲᠠ ᠪᠣᠯᠣᠨ ᠥᠭᠡᠷᠡᠴᠢᠯᠡᠯᠲᠡ ᠶᠢᠨ ᠠᠯᠪᠠᠨ | ᠭᠡᠷ ᠤᠨ ᠬᠠᠷᠢᠭᠤᠴᠠᠯᠭᠠᠲᠠᠨ ᠯᠢ ᠭᠦᠢ ᠰᠢᠶᠠᠨ | | | | | | ﹇ᠬᠠᠮᠢᠶᠠᠷᠤᠭᠴᠢ﹈ ᠲᠤᠰ ᠤᠳᠠᠭᠠᠨ ᠤ ᠰᠤᠷᠪᠤᠯᠵᠢᠯᠠᠭ᠎ᠠ ᠶᠢ ᠬᠥᠬᠡᠬᠤᠲᠠ ᠶᠢᠨ ᠵᠠᠰᠠᠭ ᠤᠨ ᠣᠷᠳᠣᠨ ᠤ | ᠰᠥᠯᠵᠢᠶ᠎ᠡ ᠪᠠ ᠬᠥᠬᠡᠬᠤᠲᠠ ᠶᠢᠨ ᠷᠠᠳᠢᠣ᠋ ᠨᠡᠪᠲᠡᠷᠡᠭᠦᠯᠭᠡ ᠲᠧᠯᠸᠢᠰ ᠬᠤᠷᠢᠶᠠᠨ ᠤ ᠤᠳᠬ᠎ᠠ ᠤᠷᠠᠯᠢᠭ ᠤᠨ | ᠨᠡᠪᠲᠡᠷᠡᠭᠦᠯᠭᠡ ᠠᠴᠠ ᠬᠠᠮᠲᠤᠷᠠᠭᠰᠠᠨ ᠡᠷᠬᠢᠯᠡᠪᠡ᠃ ᠰᠦᠯᠵᠢᠶᠡᠨ ᠤ ᠨᠥᠬᠦᠳ ᠰᠦᠯᠵᠢᠶᠡᠨ ᠳᠡᠭᠡᠷ᠎ᠡ ᠦᠭᠡ | ᠦᠯᠡᠳᠡᠭᠡᠵᠦ ᠮᠠᠨ ᠤ ᠰᠡᠳᠦᠪ ᠲᠤ ᠢᠳᠡᠪᠬᠢᠲᠡᠶ ᠣᠷᠣᠯᠴᠠᠬᠤ ᠶᠢ ᠪᠠᠶᠠᠷᠯᠠᠨ ᠤᠭᠲᠤᠵᠤ ᠪᠠᠶᠢᠨ᠎ᠠ ᠃ | ﹇ᠬᠥᠲᠥᠯᠥᠭᠴᠢ﹈ ᠶᠡᠷᠦᠩᠬᠡᠢ ᠱᠦᠵᠢ ᠰᠢ ᠶᠢᠨ ᠫᠢᠩ ᠨᠡᠶᠢᠲᠡ ᠶᠢᠨ ᠪᠤᠰᠤ ᠥᠮᠴᠢᠯᠡᠯ ᠤᠨ ᠠᠵᠤ | ᠠᠬᠤᠢ ᠶᠢᠨ ᠬᠥᠭᠵᠢᠯᠲᠡ ᠶᠢ ᠲᠦᠷᠭᠡᠳᠬᠡᠬᠦ ᠲᠤᠬᠠᠢ ᠴᠢᠬᠤᠯᠠ ᠶᠠᠷᠢᠶ᠎ᠠ ᠬᠢᠭᠰᠡᠨ ᠤ ᠳᠠᠷᠠᠭᠠᠬᠠᠨ᠂ ᠬᠥᠬᠡᠬᠤᠲᠠ ᠶᠢᠨ | ᠠᠵᠤ ᠦᠢᠯᠡᠳᠪᠦᠷᠢ ᠬᠤᠳᠠᠯᠳᠤᠭ᠎ᠠ ᠶᠢᠨ ᠲᠣᠪᠴᠢᠶ᠎ᠠ ᠲᠡᠷᠡ ᠳᠠᠷᠤᠶᠢᠬᠠᠨ ᠬᠠᠷᠢᠭᠤ ᠲᠤᠰᠬᠠᠵᠤ᠂ ᠮᠠᠨ ᠤ | ᠬᠤᠲᠠ ᠶᠢᠨ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠬᠥᠭᠵᠢᠯᠲᠡ ᠶᠢ ᠲᠦᠷᠭᠡᠳᠬᠡᠬᠦ 16 ᠠᠷᠭ᠎ᠠ | ᠬᠡᠮᠵᠢᠶ᠎ᠡ ᠶᠢ ᠨᠡᠶᠢᠲᠡᠯᠡᠪᠡ᠃ ᠣᠷᠴᠢᠮ ᠤᠨ ᠵᠢᠯ ᠠᠴᠠ ᠨᠠᠭᠠᠰᠢ᠂ ᠠᠵᠤ ᠦᠢᠯᠡᠳᠪᠦᠷᠢ ᠬᠤᠳᠠᠯᠳᠤᠭ᠎ᠠ ᠶᠢᠨ | ᠲᠣᠪᠴᠢᠶ᠎ᠠ ᠨᠢ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠵᠥᠪ ᠣᠨᠣᠪᠴᠢᠲᠠᠢ ᠤᠳᠤᠷᠢᠳᠤᠯᠭ᠎ᠠ | ᠳᠣᠣᠷ᠎ᠠ᠂ ᠬᠤᠳᠠᠯᠳᠤᠭᠠᠨ ᠤ ᠶᠠᠪᠤᠳᠠᠯ ᠤᠨ ᠳᠦᠷᠢᠮ ᠤᠨ ᠥᠭᠡᠷᠡᠴᠢᠯᠡᠯᠲᠡ ᠶᠢ ᠢᠳᠡᠪᠬᠢᠯᠡᠨ ᠲᠦᠷᠭᠡᠳᠬᠡᠵᠦ᠂ | ᠶᠠᠪᠤᠳᠠᠯ ᠤᠨ ᠳᠤᠮᠳᠠ ᠶᠠᠪᠤᠳᠠᠯ ᠤᠨ ᠬᠤᠶᠢᠨᠠᠬᠢ ᠬᠢᠨᠠᠨ ᠬᠠᠮᠢᠶᠠᠷᠤᠯᠲᠠ ᠪᠠᠨ ᠴᠢᠩᠭᠠᠳᠬᠠᠵᠣ᠂ ᠬᠠᠤᠯᠢ ᠬᠡᠷᠡᠭᠵᠢᠭᠦᠯᠬᠦ | ᠠᠷᠭ᠎ᠠ ᠪᠠᠷᠢᠯ ᠳᠤ ᠪᠠᠨ ᠰᠢᠨ᠎ᠡ ᠶᠢ ᠡᠭᠦᠳᠴᠦ᠂ ᠥᠭᠡᠷᠡᠴᠢᠯᠡᠯᠲᠡ ᠶᠢᠨ ᠡᠯ᠎ᠡ ᠲᠥᠷᠥᠯ ᠤᠨ ᠠᠵᠢᠯ ᠳᠤ ᠢᠯᠡᠷᠬᠡᠢ | ᠠᠮᠵᠢᠯᠲᠠ ᠣᠯᠪᠠ᠃ | ﹇ᠬᠥᠲᠥᠯᠥᠭᠴᠢ﹈ ᠠᠵᠤ ᠦᠢᠯᠡᠳᠪᠦᠷᠢ ᠬᠤᠳᠠᠯᠳᠤᠭ᠎ᠠ ᠶᠢᠨ ᠲᠣᠪᠴᠢᠶ᠎ᠠ ᠶᠢᠨ ᠠᠷᠠᠳ ᠠᠴᠠ ᠡᠵᠡᠩᠨᠡᠭᠰᠡᠨ | ᠠᠵᠤ ᠠᠬᠤᠢ ᠶᠢ ᠬᠥᠭᠵᠢᠭᠦᠯᠦᠨ ᠬᠦᠴᠦᠷᠬᠡᠭᠵᠢᠭᠦᠯᠬᠦ ᠡᠨᠡ 16 ᠵᠤᠷᠪᠤᠰ ᠰᠠᠨᠠᠯ ᠶᠢ ᠬᠡᠵᠢᠶ᠎ᠡ ᠨᠡᠶᠢᠲᠡᠯᠡᠭᠰᠡᠨ ᠪᠤᠢ︖ | | ﹇ᠬᠥᠬᠡᠬᠤᠲᠠ ᠶᠢᠨ ᠠᠵᠤ ᠦᠢᠯᠡᠳᠪᠦᠷᠢ ᠬᠤᠳᠠᠯᠳᠤᠭ᠎ᠠ ᠶᠢᠨ ᠲᠣᠪᠴᠢᠶ᠎ᠠ ᠶᠢᠨ ᠳᠡᠳ᠋ ᠲᠣᠪᠴᠢᠶᠠᠨ | ᠳᠠᠷᠤᠭ᠎ᠠ ᠰᠦᠨ ᠲᠣᠣ﹈ ᠶᠡᠷᠦᠩᠬᠡᠢ ᠱᠦᠵᠢ ᠰᠢ ᠶᠢᠨ ᠫᠢᠩ ᠨᠡᠶᠢᠲᠡ ᠶᠢᠨ ᠪᠤᠰᠤ ᠥᠮᠴᠢᠯᠡᠯ ᠤᠨ ᠠᠵᠤ ᠠᠬᠤᠢ ᠶᠢᠨ | ᠬᠥᠭᠵᠢᠯᠲᠡ ᠶᠢ ᠲᠦᠷᠭᠡᠳᠬᠡᠬᠦ ᠲᠤᠬᠠᠢ ᠴᠢᠬᠤᠯᠠ ᠶᠠᠷᠢᠶ᠎ᠠ ᠬᠢᠭᠰᠡᠨ ᠤ ᠳᠠᠷᠠᠭᠠᠬᠠᠨ᠂ ᠬᠥᠬᠡᠬᠤᠲᠠ ᠶᠢᠨ ᠠᠵᠤ | ᠦᠢᠯᠡᠳᠪᠦᠷᠢ ᠬᠤᠳᠠᠯᠳᠤᠭ᠎ᠠ ᠶᠢᠨ ᠲᠣᠪᠴᠢᠶ᠎ᠠ ᠲᠡᠷᠡ ᠳᠠᠷᠤᠶᠢᠬᠠᠨ ᠬᠠᠷᠢᠭᠤ ᠲᠤᠰᠬᠠᠵᠤ᠂ 11 ᠳ᠋ᠦ᠋ᠭᠡᠷ ᠰᠠᠷ᠎ᠠ ᠶᠢᠨ | 21 ᠤ ᠡᠳᠦᠷ ᠬᠥᠬᠡᠬᠤᠲᠠ ᠶᠢᠨ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠬᠥᠭᠵᠢᠨ ᠬᠦᠴᠦᠷᠬᠡᠭᠵᠢᠬᠦ ᠶᠢ | ᠳᠡᠮᠵᠢᠬᠦ ᠰᠠᠨᠠᠯ ᠤᠳ ᠢ ᠨᠡᠶᠢᠲᠡᠯᠡᠵᠦ᠂ ᠳᠠᠷᠠᠭ᠎ᠠ ᠪᠠᠷ ᠣᠯᠠᠨ ᠵᠦᠢᠯ ᠤᠨ ᠠᠷᠭ᠎ᠠ ᠬᠡᠮᠵᠢᠶ᠎ᠡ ᠠᠪᠴᠤ᠂ ᠮᠠᠨ ᠤ | ᠬᠤᠲᠠ ᠶᠢᠨ ᠡᠵᠡᠩᠨᠡᠯᠲᠡ ᠬᠤᠳᠠᠯᠳᠤᠭᠠᠨ ᠤ ᠣᠷᠴᠢᠨ ᠲᠣᠭᠤᠷᠢᠨ ᠢ ᠰᠠᠶᠢᠵᠢᠷᠠᠭᠤᠯᠤᠨ᠂ ᠮᠠᠨ ᠤ ᠬᠤᠲᠠ ᠶᠢᠨ | ᠠᠷᠠᠳ ᠠᠴᠠ ᠡᠷᠬᠢᠯᠡᠭᠰᠡᠨ ᠠᠵᠤ ᠠᠬᠤᠶᠢᠯᠠᠯ ᠤᠨ ᠡᠵᠡᠩᠨᠡᠬᠦ ᠢᠲᠡᠭᠡᠯ ᠵᠣᠷᠢᠭ ᠢ ᠬᠥᠪᠴᠢᠯᠡᠵᠦ᠂ ᠲᠡᠳᠡᠨ ᠤ | ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠡᠷᠴᠢᠮᠯᠡᠵᠦ᠂ ᠪᠦᠬᠦ ᠬᠤᠲᠠ ᠶᠢᠨ ᠠᠷᠠᠳ ᠠᠴᠠ ᠡᠷᠬᠢᠯᠡᠭᠰᠡᠨ ᠠᠵᠤ | ᠠᠬᠤᠢ ᠲᠠᠰᠤᠷᠠᠯᠲᠠ ᠦᠭᠡᠢ ᠬᠥᠭᠵᠢᠨ ᠬᠦᠴᠦᠷᠬᠡᠭᠵᠢᠬᠦ ᠶᠢ ᠪᠠᠲᠤᠯᠠᠨ᠎ᠠ᠃ | ﹇ᠬᠥᠲᠥᠯᠥᠭᠴᠢ﹈ ᠡᠳᠡᠭᠡᠷ ᠰᠠᠨᠠᠯ ᠨᠢ ᠮᠠᠨ ᠤ ᠬᠤᠲᠠ ᠶᠢᠨ ᠠᠷᠠᠳ ᠠᠴᠠ ᠡᠷᠬᠢᠯᠡᠭᠰᠡᠨ ᠠᠵᠤ ᠠᠬᠤᠢ ᠶᠢᠨ | ᠬᠥᠭᠵᠢᠯᠲᠡ ᠳᠤ ᠲᠦᠷᠭᠡᠳᠬᠡᠬᠦ ᠦᠢᠯᠡᠳᠦᠯ ᠦᠵᠡᠭᠦᠯᠬᠦ ᠨᠢ ᠳᠠᠮᠵᠢᠭ ᠦᠭᠡᠢ᠂ ᠡᠨᠡ 16 ᠵᠤᠷᠪᠤᠰ ᠰᠠᠨᠠᠯ ᠳᠤ ᠶᠠᠮᠠᠷ | ᠶᠠᠮᠠᠷ ᠪᠣᠳᠠᠲᠤ ᠠᠭᠤᠯᠭ᠎ᠠ ᠪᠠᠶᠢᠬᠤ ᠶᠢ ᠶᠠᠷᠢᠵᠤ ᠥᠭᠭᠦᠨ᠎ᠡ ᠦᠦ︖ | ﹇ᠲᠥᠷᠥ ᠶᠢᠨ ᠪᠣᠳᠣᠯᠭ᠎ᠠ ᠶᠢᠨ ᠰᠤᠳᠤᠯᠤᠯᠲᠠ ᠪᠣᠯᠣᠨ ᠥᠭᠡᠷᠡᠴᠢᠯᠡᠯᠲᠡ ᠶᠢᠨ ᠠᠯᠪᠠᠨ ᠭᠡᠷ ᠤᠨ | ᠬᠠᠷᠢᠭᠤᠴᠠᠯᠭᠠᠲᠠᠨ ᠯᠢ ᠭᠦᠢ ᠰᠢᠶᠠᠨ﹈ ︽ᠰᠠᠨᠠᠯ︾ ᠤᠨ ᠪᠦᠬᠦᠯᠢ ᠨᠡᠷ᠎ᠡ ᠨᠢ ︽ᠬᠥᠬᠡᠬᠤᠲᠠ ᠶᠢᠨ ᠠᠵᠤ | ᠦᠢᠯᠡᠳᠪᠦᠷᠢ ᠬᠤᠳᠠᠯᠳᠤᠭ᠎ᠠ ᠶᠢᠨ ᠲᠣᠪᠴᠢᠶ᠎ᠠ ᠠᠴᠠ ᠬᠥᠬᠡᠬᠤᠲᠠ ᠶᠢᠨ ᠠᠷᠠᠳ ᠠᠴᠠ ᠡᠵᠡᠩᠨᠡᠭᠰᠡᠨ ᠠᠵᠤ | ᠠᠬᠤᠢ ᠶᠢᠨ ᠬᠥᠭᠵᠢᠨ ᠬᠦᠴᠦᠷᠬᠡᠭᠵᠢᠬᠦ ᠶᠢ ᠳᠡᠮᠵᠢᠬᠦ ᠰᠠᠨᠠᠯ ᠤᠳ︾ ᠪᠣᠯᠣᠨ᠎ᠠ᠃ ᠰᠠᠨᠠᠯ ᠨᠢ ᠪᠣᠳᠠᠲᠠᠢ ᠳᠤ ﹇ | ᠣᠷᠣᠬᠤ ᠶᠢ ᠵᠥᠪᠰᠢᠶᠡᠷᠡᠬᠦ᠂ ᠬᠢᠨᠠᠨ ᠬᠠᠮᠢᠶᠠᠷᠬᠤ᠂ ᠦᠢᠯᠡᠴᠢᠯᠡᠬᠦ﹈ ᠭᠤᠷᠪᠠᠨ ᠲᠠᠯ᠎ᠠ ᠪᠠᠷ ᠠᠷᠠᠳ ᠤᠨ ᠡᠷᠬᠢᠯᠡᠭᠰᠡᠨ | ᠰᠢᠯᠢᠳᠡᠭ ᠰᠠᠶᠢᠨ ᠠᠵᠤ ᠠᠬᠤᠶᠢᠯᠠᠯ ᠤᠨ ᠣᠷᠣᠬᠤ ᠶᠢ ᠵᠥᠪᠰᠢᠶᠡᠷᠡᠵᠦ᠂ ᠲᠥᠪ ᠭᠤᠣᠯᠴᠢ ᠥᠷᠢᠰᠦᠯᠳᠦᠭᠡᠨ ᠤ | ᠵᠠᠬ᠎ᠠ ᠳᠡᠯᠭᠡᠭᠦᠷ ᠢ ᠴᠣᠭᠴᠠᠯᠠᠵᠤ᠂ ᠦᠰᠦᠨ ᠪᠣᠶᠢᠵᠢᠬᠤ ᠶᠢ ᠨᠡᠶᠢᠳᠡᠮ ᠬᠠᠷᠠᠭᠠᠯᠵᠠᠭᠰᠠᠨ ᠦᠢᠯᠡᠰ ᠪᠦᠲᠦᠭᠡᠵᠦ | ᠰᠢᠨ᠎ᠡ ᠶᠢ ᠡᠭᠦᠳᠬᠦ ᠣᠷᠴᠢᠨ ᠲᠣᠭᠤᠷᠢᠨ ᠢ ᠴᠣᠭᠴᠠᠯᠠᠨ᠎ᠠ᠃ | ᠰᠠᠨᠠᠯ ᠤᠨ ᠨᠢᠭᠡᠳᠦᠭᠡᠷ ᠬᠡᠰᠡᠭ ᠲᠤ ᠭᠤᠣᠯᠳᠠᠭᠤ ᠬᠤᠳᠠᠯᠳᠤᠭᠠᠨ ᠤ ᠶᠠᠪᠤᠳᠠᠯ ᠤᠨ ᠳᠦᠷᠢᠮ ᠲᠣᠭᠲᠠᠭᠠᠯ ᠤᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠳᠠᠩᠰᠠᠯᠠᠭᠤᠯᠵᠤ ᠪᠦᠷᠢᠳᠬᠡᠭᠦᠯᠬᠦ ᠶᠢ ᠠᠬᠢᠭᠤᠯᠵᠤ᠂ ᠠᠷᠠᠳ ᠠᠴᠠ | ᠡᠷᠬᠢᠯᠡᠭᠰᠡᠨ ᠠᠵᠤ ᠠᠬᠤᠶᠢᠯᠠᠯ ᠤᠨ ᠣᠷᠣᠬᠤ ᠵᠥᠪᠰᠢᠶᠡᠷᠡᠯ ᠤᠨ ᠣᠷᠴᠢᠨ ᠲᠣᠭᠤᠷᠢᠨ ᠢ ᠰᠢᠯᠢᠳᠡᠭᠵᠢᠭᠦᠯᠦᠨ ᠲᠥᠪ | ᠭᠤᠣᠯᠴᠢ ᠥᠷᠢᠰᠦᠯᠳᠦᠭᠡᠨ ᠤ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠤ ᠲᠠᠯ᠎ᠠ ᠪᠠᠷ᠂ ᠠᠵᠤ ᠠᠬᠤᠶᠢᠯᠠᠯ ᠳᠤ | ᠨᠡᠩ ᠳᠥᠭᠦᠮ ᠲᠥᠳᠡ ᠣᠷᠣᠬᠤ ᠵᠥᠪᠰᠢᠶᠡᠷᠡᠯ ᠤᠨ ᠣᠷᠴᠢᠨ ᠲᠣᠭᠤᠷᠢᠨ ᠢ ᠬᠠᠩᠭᠠᠨ᠎ᠠ᠂ ᠪᠢᠳᠠᠨ ᠤ ᠠᠪᠤᠭᠰᠠᠨ | ᠪᠣᠳᠠᠲᠠᠢ ᠠᠷᠭ᠎ᠠ ᠬᠡᠮᠵᠢᠶ᠎ᠡ᠄ | ᠨᠢᠭᠡ᠂ ﹇ᠭᠡᠷᠡᠴᠢ ᠪᠠᠲᠤᠯᠠᠪᠤᠷᠢ ᠶᠢ ᠰᠠᠯᠭᠠᠬᠤ﹈ ᠥᠭᠡᠷᠡᠴᠢᠯᠡᠯᠲᠡ᠃ ᠲᠥᠷᠥ ᠶᠢᠨ ᠶᠠᠪᠤᠳᠠᠯ ᠤᠨ | ᠬᠤᠷᠢᠶ᠎ᠠ ᠶᠢᠨ ᠰᠢᠢᠳᠪᠦᠷᠢᠲᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠣᠰᠣᠭᠠᠢ᠂ ᠪᠦᠬᠦ ᠬᠤᠲᠠ ᠶᠢᠨ ᠬᠡᠪᠴᠢᠶᠡᠨ ᠳᠤ | ᠠᠵᠤ ᠠᠬᠤᠶᠢᠯᠠᠯ ᠲᠠᠢ ᠬᠤᠯᠪᠣᠭᠳᠠᠬᠤ ᠨᠢᠭᠡᠳᠦᠭᠡᠷ ᠪᠦᠯᠦᠭ 106 ᠵᠦᠢᠯ ᠤᠨ ᠵᠠᠰᠠᠭ ᠵᠠᠬᠢᠷᠭᠠᠨ ᠤ | ᠵᠥᠪᠰᠢᠶᠡᠷᠡᠯ ᠤᠨ ᠲᠥᠷᠥᠯ ᠳᠤ ᠬᠢᠨᠠᠨ ᠵᠥᠪᠰᠢᠶᠡᠷᠡᠬᠦ ᠶᠢ ᠰᠢᠭᠤᠳ ᠦᠭᠡᠶᠢᠰᠬᠡᠬᠦ᠂ ᠬᠢᠨᠠᠨ ᠵᠥᠪᠰᠢᠶᠡᠷᠡᠬᠦ ᠶᠢ | ᠳᠠᠩᠰᠠᠯᠠᠬᠤ ᠪᠠᠷ ᠥᠭᠡᠷᠡᠴᠢᠯᠡᠬᠦ᠂ ᠮᠡᠳᠡᠭᠳᠡᠵᠦ ᠠᠮᠠᠯᠠᠬᠤ᠂ ᠣᠷᠣᠬᠤ ᠶᠢ ᠵᠥᠪᠰᠢᠶᠡᠷᠡᠬᠦ ᠶᠢ ᠰᠠᠶᠢᠵᠢᠷᠠᠭᠤᠯᠬᠤ | ᠦᠢᠯᠡᠴᠢᠯᠡᠭᠡ ᠵᠡᠷᠭᠡ 4 ᠠᠷᠭ᠎ᠠ ᠪᠠᠷᠢᠯ ᠢᠶᠠᠷ ﹇ᠭᠡᠷᠡᠴᠢ ᠪᠠᠲᠤᠯᠠᠪᠤᠷᠢ ᠶᠢ ᠰᠠᠯᠭᠠᠬᠤ﹈ ᠥᠭᠡᠷᠡᠴᠢᠯᠡᠯᠲᠡ ᠶᠢ | ᠬᠡᠷᠡᠭᠵᠢᠭᠦᠯᠪᠡ᠃ | ᠬᠤᠶᠠᠷ᠂ ᠠᠵᠤ ᠠᠬᠤᠶᠢᠯᠠᠯ ᠢ ᠨᠡᠭᠡᠭᠡᠨ ᠡᠷᠬᠢᠯᠡᠬᠦ ᠠᠰᠢᠭᠯᠠᠮᠵᠢ ᠶᠢ ᠶᠡᠬᠡᠪᠡᠷ ᠳᠡᠭᠡᠭᠰᠢᠯᠡᠭᠦᠯᠪᠡ᠃ ᠲᠥᠷᠥ ᠶᠢᠨ | ᠶᠠᠪᠤᠳᠠᠯ ᠤᠨ ᠬᠤᠷᠢᠶ᠎ᠠ ᠠᠴᠠ ᠲᠣᠳᠣᠷᠬᠠᠶᠢᠯᠠᠭᠰᠠᠨ ᠠᠵᠤ ᠠᠬᠤᠶᠢᠯᠠᠯ ᠨᠡᠭᠡᠭᠡᠨ ᠡᠷᠬᠢᠯᠡᠬᠦ ᠬᠤᠭᠤᠴᠠᠭ᠎ᠠ ᠶᠢ 8.5 | ᠠᠵᠢᠯ ᠤᠨ ᠡᠳᠦᠷ ᠪᠣᠯᠲᠠᠯ᠎ᠠ ᠪᠠᠭᠠᠰᠬᠠᠬᠤ ᠱᠠᠭᠠᠷᠳᠠᠯᠭ᠎ᠠ ᠶᠢᠨ ᠰᠠᠭᠤᠷᠢᠨ ᠳᠡᠭᠡᠷ᠎ᠡ᠂ ᠠᠵᠢᠯ ᠤᠨ ᠠᠰᠢᠭᠯᠠᠮᠵᠢ ᠶᠢ | ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠵᠤ ᠠᠬᠤᠶᠢᠯᠠᠯ ᠢ ᠰᠢᠨ᠎ᠡ ᠪᠠᠷ ᠳᠠᠩᠰᠠᠯᠠᠬᠤ ᠬᠤᠭᠤᠴᠠᠭ᠎ᠠ ᠶᠢ 5 | ᠠᠵᠢᠯ ᠤᠨ ᠡᠳᠦᠷ ᠤᠨ ᠳᠣᠲᠣᠷ᠎ᠠ ᠪᠣᠯᠲᠠᠯ᠎ᠠ ᠪᠠᠭᠠᠰᠬᠠᠵᠤ᠂ ᠡᠭᠦᠨ ᠤ ᠳᠣᠲᠣᠷ᠎ᠠ ᠠᠵᠤ ᠦᠢᠯᠡᠳᠪᠦᠷᠢ | ᠬᠤᠳᠠᠯᠳᠤᠭᠠᠨ ᠤ ᠳᠠᠩᠰᠠᠯᠠᠯᠲᠠ ᠶᠢᠨ ᠲᠥᠷᠥᠯ ᠵᠦᠢᠯ ᠢ ᠭᠦᠢᠴᠡᠳᠬᠡᠬᠦ ᠳᠤ 3 ᠠᠵᠢᠯ ᠤᠨ ᠡᠳᠦᠷ ᠢ ᠬᠡᠲᠦᠷᠡᠭᠦᠯᠵᠦ | ᠪᠣᠯᠬᠤ ᠦᠭᠡᠢ᠂ ᠲᠠᠮᠠᠭ᠎ᠠ ᠰᠡᠶᠢᠯᠦᠬᠦ ᠳᠤ 1 ᠠᠵᠢᠯ ᠤᠨ ᠡᠳᠦᠷ ᠢ ᠬᠡᠲᠦᠷᠡᠭᠦᠯᠵᠦ ᠪᠣᠯᠬᠤ ᠦᠭᠡᠢ᠂ ᠪᠠᠷᠢᠮᠲᠠ ᠶᠢᠨ | ᠬᠠᠭᠤᠳᠠᠰᠤ ᠭᠤᠶᠣᠴᠢᠯᠠᠵᠤ ᠠᠪᠬᠤ ᠳᠤ 1 ᠠᠵᠢᠯ ᠤᠨ ᠡᠳᠦᠷ ᠢ ᠬᠡᠲᠦᠷᠡᠭᠦᠯᠵᠦ ᠪᠣᠯᠬᠤ ᠦᠭᠡᠢ ᠪᠠᠷ ᠲᠣᠭᠲᠠᠭᠠᠵᠤ᠂ | ᠠᠵᠤ ᠠᠬᠤᠶᠢᠯᠠᠯ ᠢ ᠨᠡᠭᠡᠭᠡᠨ ᠡᠷᠬᠢᠯᠡᠬᠦ ﹇ᠬᠤᠷᠳᠤᠳᠬᠠᠯ﹈ ᠤᠨ ᠪᠠᠶᠢᠷᠢᠰᠢᠭᠤᠯᠤᠯᠲᠠ ᠶᠢ ᠪᠤᠢ ᠪᠣᠯᠭᠠᠪᠠ᠃ | ᠭᠤᠷᠪᠠ᠂ ᠠᠵᠤ ᠠᠬᠤᠶᠢᠯᠠᠯ ᠥᠪᠡᠷ ᠢᠶᠠᠨ ᠨᠡᠷᠡᠶᠢᠳᠦᠯ ᠰᠣᠩᠭᠤᠨ ᠵᠥᠪᠰᠢᠶᠡᠷᠡᠭᠦᠯᠬᠦ ᠳᠦᠷᠢᠮ ᠢ | ᠬᠡᠷᠡᠭᠵᠢᠭᠦᠯᠪᠡ᠃ ᠪᠦᠬᠦ ᠬᠤᠲᠠ ᠶᠢᠨ ᠠᠵᠤ ᠠᠬᠤᠶᠢᠯᠠᠯ ᠤᠨ ᠨᠡᠷᠡᠰ ᠤᠨ ᠬᠥᠮᠥᠷᠭᠡ ᠶᠢ ᠨᠡᠶᠢᠭᠡᠮ ᠨᠡᠶᠢᠲᠡ ᠳᠤ ᠪᠦᠬᠦ | ᠲᠠᠯ᠎ᠠ ᠪᠠᠷ ᠨᠡᠶᠢᠲᠡᠯᠡᠵᠦ᠂ ᠠᠵᠤ ᠠᠬᠤᠶᠢᠯᠠᠯ ᠤᠨ ᠨᠡᠷᠡᠶᠢᠳᠦᠯ ᠤᠨ ᠡᠬᠢ ᠪᠠᠶᠠᠯᠢᠭ ᠢ ᠴᠢᠯᠦᠭᠡᠲᠡᠢ ᠲᠠᠯᠪᠢᠵᠤ᠂ ᠠᠵᠤ | ᠠᠬᠤᠶᠢᠯᠠᠯ ᠤᠨ ᠨᠡᠷᠡᠶᠢᠳᠦᠯ ᠢ ᠳᠠᠩᠰᠠᠯᠠᠵᠤ ᠬᠠᠮᠢᠶᠠᠷᠬᠤ ᠥᠭᠡᠷᠡᠴᠢᠯᠡᠯᠲᠡ ᠶᠢ ᠠᠬᠢᠭᠤᠯᠪᠠ᠃ | ᠳᠥᠷᠪᠡ᠂ ᠠᠵᠤ ᠠᠬᠤᠶᠢᠯᠠᠯ ᠤ ᠡᠵᠡᠩᠨᠡᠯᠲᠡ ᠶᠢᠨ ᠬᠢᠵᠠᠭᠠᠷᠯᠠᠯ ᠢ ᠪᠠᠭᠠᠰᠬᠠᠪᠠ᠃ ᠠᠵᠤ | ᠠᠬᠤᠶᠢᠯᠠᠯ ᠡᠵᠡᠩᠨᠡᠯᠲᠡ ᠶᠢᠨ ᠬᠦᠷᠢᠶ᠎ᠡ ᠬᠡᠪᠴᠢᠶ᠎ᠡ ᠪᠠᠨ ᠰᠢᠨ᠎ᠡ ᠪᠠᠷ ᠪᠣᠢ ᠪᠣᠯᠣᠭᠰᠠᠨ ᠠᠵᠢᠯ ᠲᠥᠷᠥᠯ ᠢ | ᠲᠣᠳᠣᠳᠬᠠᠬᠤ ᠦᠭᠡ ᠪᠠᠷ ᠲᠣᠳᠣᠷᠬᠠᠶᠢᠯᠠᠬᠤ ᠶᠢ ᠳᠡᠮᠵᠢᠪᠡ᠃ | ᠲᠠᠪᠤ᠂ ᠠᠵᠤ ᠠᠬᠤᠶᠢᠯᠠᠯ ᠤᠨ ᠪᠠᠶᠢᠭ᠎ᠠ ᠭᠠᠵᠠᠷ ︵ᠡᠵᠡᠩᠨᠡᠯᠲᠡ ᠶᠢᠨ ᠭᠠᠵᠠᠷ︶ ᠢᠶᠠᠨ ᠠᠮᠠᠯᠠᠨ ᠮᠡᠳᠡᠭᠦᠯᠬᠦ | ᠳᠦᠷᠢᠮ ᠢ ᠲᠤᠷᠰᠢᠨ ᠬᠡᠷᠡᠭᠵᠢᠭᠦᠯᠪᠡ᠃ ᠭᠤᠶᠤᠴᠢᠯᠠᠭᠴᠢ ᠠᠴᠠ ﹇ᠪᠠᠶᠢᠭ᠎ᠠ ᠭᠠᠵᠠᠷ ︵ᠡᠵᠡᠩᠨᠡᠯᠲᠡ ᠶᠢᠨ ᠭᠠᠵᠠᠷ︶ | ᠤᠨ ᠰᠤᠷᠠᠭ ᠵᠠᠩᠭᠢ ᠶᠢ ᠮᠡᠳᠡᠭᠦᠯᠬᠦ ᠬᠦᠰᠦᠨᠦᠭᠲᠦ﹈ ᠪᠠᠨ ᠲᠤᠰᠢᠶᠠᠵᠤ᠂ ᠦᠨᠡᠨ ᠪᠣᠳᠠᠲᠤ ᠴᠢᠨᠠᠷ ᠲᠤ ᠠᠮᠠᠯᠠᠯᠲᠠ | ᠬᠢᠭᠰᠡᠨ ᠪᠠᠶᠢᠳᠠᠯ ᠳᠣᠣᠷ᠎ᠠ᠂ ᠲᠦᠷᠢᠶᠡᠰᠦᠨ ᠭᠡᠷᠡᠴᠢ ᠪᠠᠷᠢᠮᠲᠠ ᠵᠡᠷᠭᠡ ᠬᠡᠷᠡᠭᠯᠡᠬᠦ ᠡᠷᠬᠡ ᠶᠢᠨ ᠭᠡᠷᠡᠴᠢ ᠮᠠᠲ᠋ᠧᠷᠢᠶᠠᠯ ᠢ | ᠲᠤᠰᠢᠶᠠᠬᠤ ᠦᠭᠡᠢ ᠪᠠᠶᠢᠵᠤ ᠪᠣᠯᠬᠤ ᠶᠢ ᠲᠤᠷᠰᠢᠨ ᠬᠡᠷᠡᠭᠵᠢᠭᠦᠯᠦᠨ᠎ᠡ᠃ ᠲᠤᠷᠰᠢᠯᠭ᠎ᠠ ᠪᠣᠯᠪᠠᠰᠤᠷᠠᠩᠭᠤᠢ ᠪᠣᠯᠣᠭᠰᠠᠨ ᠤ | ᠰᠡᠭᠦᠯᠡᠷ ᠪᠦᠬᠦ ᠬᠤᠲᠠ ᠶᠢᠨ ᠬᠡᠪᠴᠢᠶᠡᠨ ᠳᠤ ᠬᠡᠷᠡᠭᠵᠢᠭᠦᠯᠦᠨ᠎ᠡ᠃ | ᠵᠢᠷᠭᠤᠭ᠎ᠠ᠂ ᠳᠠᠩᠰᠠᠯᠠᠵᠤ ᠪᠦᠷᠢᠳᠬᠡᠭᠦᠯᠬᠦ ᠶᠠᠪᠤᠴᠠ ᠶᠢ ᠨᠡᠩ ᠳᠥᠭᠦᠮ ᠲᠥᠳᠡ ᠪᠣᠯᠭᠠᠪᠠ᠃ ﹇ᠬᠢᠨᠠᠵᠤ | ᠬᠠᠷᠭᠤᠭᠤᠯᠬᠤ ᠶᠢ ᠨᠢᠭᠡᠳᠬᠡᠬᠦ﹈ ᠳᠠᠩᠰᠠᠯᠠᠬᠤ ᠳᠦᠷᠢᠮ ᠢ ᠬᠡᠷᠡᠭᠵᠢᠭᠦᠯᠵᠦ᠂ ﹇ᠨᠢᠭᠡ ᠶᠠᠪᠤᠴᠠ ᠶᠢ ᠨᠢᠭᠡ ᠬᠥᠮᠥᠨ | ᠭᠦᠢᠴᠡᠳᠬᠡᠬᠦ﹈ ᠶᠢ ᠪᠡᠶᠡᠯᠡᠭᠦᠯᠪᠡ᠃ | ᠰᠠᠨᠠᠯ ᠤᠨ ᠬᠤᠶᠠᠳᠤᠭᠠᠷ ᠬᠡᠰᠡᠭ ᠲᠤ᠂ ᠭᠤᠣᠯᠳᠠᠭᠤ ﹇ᠢᠨᠲ᠋ᠧᠷ ᠰᠦᠯᠵᠢᠶ᠎ᠡ + ᠵᠠᠬ᠎ᠠ ᠳᠡᠯᠭᠡᠭᠦᠷ ᠤᠨ | ᠬᠢᠨᠠᠨ ᠬᠠᠮᠢᠶᠠᠷᠤᠯᠲᠠ﹈ ᠶᠢ ᠢᠳᠡᠪᠬᠢᠯᠡᠨ ᠠᠬᠢᠭᠤᠯᠵᠤ᠂ ᠬᠢᠨᠠᠨ ᠬᠠᠮᠢᠶᠠᠷᠤᠯᠲᠠ ᠶᠢᠨ ᠴᠢᠮᠡᠭᠡ ᠵᠠᠩᠭᠢᠴᠢᠯᠠᠯᠲᠠ ᠪᠣᠯᠣᠨ | ᠢᠯᠡ ᠲᠣᠳᠣ ᠪᠠᠶᠢᠬᠤ ᠶᠢ ᠪᠡᠶᠡᠯᠡᠭᠦᠯᠵᠦ᠂ ᠲᠥᠪ ᠭᠤᠣᠯᠴᠢ ᠥᠷᠢᠰᠦᠯᠳᠦᠭᠡᠨ ᠤ ᠵᠠᠬ᠎ᠠ ᠳᠡᠯᠭᠡᠭᠦᠷ ᠤᠨ ᠣᠷᠴᠢᠨ | ᠲᠣᠭᠤᠷᠢᠨ ᠢ ᠪᠣᠢ ᠪᠣᠯᠭᠠᠬᠤ ᠪᠠᠷ ᠳᠣᠣᠷᠠᠬᠢ ᠠᠵᠢᠯ ᠤᠳ ᠢ ᠰᠠᠶᠢᠲᠤᠷ ᠬᠢᠪᠡ᠄ | ᠲᠥᠪ ᠭᠤᠣᠯᠴᠢ ᠥᠷᠢᠰᠦᠯᠳᠦᠭᠡᠨ ᠤ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠪᠣᠢ ᠪᠣᠯᠭᠠᠬᠤ | ᠲᠠᠯ᠎ᠠ ᠪᠠᠷ᠂ ︽ᠬᠥᠬᠡᠬᠤᠲᠠ ᠶᠢᠨ ﹇ᠠᠷᠪᠠᠨ ᠭᠤᠷᠪᠠᠳᠤᠭᠠᠷ ᠲᠠᠪᠤᠨ ᠵᠢᠯ﹈ ᠤᠨ ᠵᠠᠬ᠎ᠠ ᠳᠡᠯᠭᠡᠭᠦᠷ ᠤᠨ ᠬᠢᠨᠠᠨ | ᠬᠠᠮᠢᠶᠠᠷᠤᠯᠲᠠ ᠶᠢᠨ ᠲᠥᠯᠥᠪᠵᠢᠭᠦᠯᠭᠡ︾ ᠶᠢ ᠤᠬᠠᠭᠤᠯᠤᠨ ᠲᠤᠭᠤᠰᠢᠯᠠᠭᠤᠯᠵᠤ᠂ ᠠᠷᠠᠳ ᠠᠴᠠ ᠡᠷᠬᠢᠯᠡᠭᠰᠡᠨ ᠠᠵᠤ | ᠠᠬᠤᠶᠢᠯᠠᠯ ᠤᠨ ᠨᠡᠷᠡᠲᠦ ᠲᠡᠮᠲᠡᠭᠲᠦ ᠶᠢᠨ ᠮᠡᠳᠡᠯᠭᠡ ᠶᠢᠨ ᠪᠦᠲᠦᠭᠡᠭᠳᠡᠬᠦᠨ ᠤ ᠡᠷᠬᠡ ᠶᠢ ᠬᠠᠮᠠᠭᠠᠯᠠᠬᠤ ᠲᠤᠰᠬᠠᠢ | ᠬᠠᠤᠯᠢ ᠶᠢᠨ ᠪᠠᠶᠢᠴᠠᠭᠠᠯᠲᠠ ᠬᠢᠵᠦ᠂ ᠬᠠᠤᠯᠢ ᠪᠤᠰᠤ ᠠᠵᠢᠯᠯᠠᠭ᠎ᠠ ᠳᠤ ᠬᠦᠨᠳᠦ ᠴᠣᠬᠢᠯᠲᠠ ᠥᠭᠪᠡ᠃ ᠠᠷᠠᠳ ᠠᠴᠠ | ᠡᠷᠬᠢᠯᠡᠭᠰᠡᠨ ᠠᠵᠤ ᠠᠬᠤᠶᠢᠯᠠᠯ ᠤᠨ ᠲᠥᠪ ᠭᠤᠣᠯᠴᠢ ᠥᠷᠢᠰᠦᠯᠳᠦᠭᠡᠨ ᠳᠤ ᠣᠷᠣᠯᠴᠠᠬᠤ ᠶᠢ ᠬᠠᠷᠰᠢᠯᠠᠭᠰᠠᠨ ᠡᠯ᠎ᠡ | ᠳᠦᠷᠢᠮ ᠲᠣᠭᠲᠠᠭᠠᠯ ᠢ ᠬᠠᠤᠯᠢ ᠶᠣᠰᠣᠭᠠᠷ ᠴᠡᠭᠴᠡᠯᠡᠵᠦ᠂ ᠲᠥᠪ ᠪᠤᠰᠤ ᠥᠷᠢᠰᠦᠯᠳᠦᠭᠡᠨ ᠳᠤ ᠴᠣᠬᠢᠯᠲᠠ ᠥᠭᠪᠡ᠃ | ᠬᠢᠨᠠᠨ ᠬᠠᠮᠢᠶᠠᠷᠤᠯᠲᠠ ᠶᠢᠨ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠬᠦ ᠲᠠᠯ᠎ᠠ ᠪᠠᠷ᠂ ﹇ᠬᠤᠶᠠᠷ ᠢ | ᠰᠤᠭᠤᠴᠢᠵᠤ ᠨᠢᠭᠡ ᠶᠢ ᠢᠯᠡ ᠪᠤᠯᠭᠠᠬᠤ﹈ ᠬᠢᠨᠠᠨ ᠬᠠᠮᠢᠶᠠᠷᠤᠯᠲᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠰᠣᠩᠭᠤᠨ | ᠬᠠᠤᠯᠢ ᠬᠡᠷᠡᠭᠵᠢᠭᠦᠯᠬᠦ ᠶᠢ ᠡᠷᠡᠰ ᠲᠡᠪᠴᠢᠵᠦ᠂ ᠡᠳᠦᠷ ᠲᠣᠲᠤᠮ ᠤᠨ ᠪᠠᠶᠢᠴᠠᠭᠠᠯᠲᠠ ᠳᠤ ﹇ᠬᠤᠶᠠᠷ ᠢ ᠰᠤᠭᠤᠴᠢᠬᠤ | ﹈ ᠮᠠᠶ᠋ᠢᠭ ᠪᠠᠷ ᠪᠦᠬᠦᠨ ᠢ ᠪᠦᠷᠬᠦᠭᠦᠯᠦᠨ᠎ᠡ᠃ | ᠰᠢᠨ᠎ᠡ ᠪᠠᠷ ᠬᠥᠭᠵᠢᠭᠰᠡᠨ ᠠᠵᠤ ᠠᠬᠤᠢ ᠶᠢᠨ ᠬᠥᠭᠵᠢᠯᠲᠡ ᠳᠤ ᠦᠢᠯᠡᠴᠢᠯᠡᠬᠦ ᠲᠠᠯ᠎ᠠ ᠪᠠᠷ᠂ ᠰᠢᠨ᠎ᠡ | ᠪᠠᠶᠢᠭᠤᠯᠤᠭᠳᠠᠭᠰᠠᠨ ᠠᠷᠠᠳ ᠠᠴᠠ ᠡᠷᠬᠢᠯᠡᠭᠰᠡᠨ ᠠᠵᠤ ᠠᠬᠤᠶᠢᠯᠠᠯ ᠰᠢᠨ᠎ᠡ ᠠᠵᠤ ᠠᠬᠤᠢ ᠳᠤ ᠠᠭᠤᠴᠢᠯᠠᠨ ᠬᠢᠨᠠᠨ | ᠬᠠᠮᠢᠶᠠᠷᠬᠤ ᠶᠢ ᠬᠡᠷᠡᠭᠵᠢᠭᠦᠯᠵᠦ᠂ 1—2 ᠵᠢᠯ ᠤᠨ ᠠᠭᠤᠴᠢᠯᠠᠬᠤ ᠬᠤᠭᠤᠴᠠᠭ᠎ᠠ ᠣᠯᠭᠤᠨ᠎ᠠ᠃ | ᠲᠣᠣᠷ ᠰᠦᠯᠵᠢᠶᠡᠨ ᠳᠡᠭᠡᠷᠡᠬᠢ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠴᠡᠪᠡᠷᠰᠢᠭᠦᠯᠬᠦ ᠲᠠᠯ᠎ᠠ ᠪᠠᠷ᠂ | ︽ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠠᠤᠯᠢ︾ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠬᠡᠷᠡᠭᠵᠢᠭᠦᠯᠵᠦ᠂ | ᠰᠦᠯᠵᠢᠶᠡᠨ ᠳᠡᠭᠡᠷ᠎ᠡ ᠬᠤᠳᠠᠯ ᠬᠠᠭᠤᠷᠮᠠᠭ ᠶᠠᠭᠤᠮ᠎ᠠ ᠬᠤᠳᠠᠯᠳᠤᠬᠤ᠂ ᠮᠡᠳᠡᠯᠭᠡ ᠶᠢᠨ ᠪᠦᠲᠦᠭᠡᠭᠳᠡᠬᠦᠨ ᠤ ᠡᠷᠬᠡ ᠳᠤ | ᠬᠠᠯᠳᠠᠬᠤ᠂ ᠬᠤᠳᠠᠯ ᠬᠠᠭᠤᠷᠮᠠᠭ ᠤᠬᠠᠭᠤᠯᠭ᠎ᠠ᠂ ᠬᠡᠷᠡᠭᠯᠡᠭᠴᠢᠳ ᠢ ᠬᠠᠭᠤᠷᠴᠤ ᠮᠡᠬᠡᠯᠡᠬᠦ ᠵᠡᠷᠭᠡ ᠬᠠᠤᠯᠢ ᠪᠤᠰᠤ | ᠠᠵᠢᠯᠯᠠᠭ᠎ᠠ ᠳᠤ ᠬᠦᠨᠳᠦ ᠴᠣᠬᠢᠯᠲᠠ ᠥᠭᠴᠦ᠂ ᠰᠦᠯᠵᠢᠶᠡᠨ ᠳᠡᠭᠡᠷᠡᠬᠢ ᠡᠵᠡᠩᠨᠡᠭᠴᠢ ᠪᠣᠯᠣᠨ ᠬᠡᠷᠡᠭᠯᠡᠭᠴᠢᠳ ᠤᠨ | ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ᠃ | ᠰᠠᠨᠠᠯ ᠤᠨ ᠭᠤᠷᠪᠠᠳᠤᠭᠠᠷ ᠬᠡᠰᠡᠭ ᠲᠤ ᠭᠤᠣᠯᠳᠠᠭᠤ ᠠᠷᠠᠳ ᠠᠴᠠ ᠡᠷᠬᠢᠯᠡᠭᠰᠡᠨ ᠠᠵᠤ ᠠᠬᠤᠢ ᠶᠢᠨ | ᠬᠡᠯᠪᠡᠷᠢ ᠪᠠᠷ ᠬᠤᠪᠢᠷᠠᠭᠠᠵᠤ ᠲᠡᠰ ᠳᠡᠪᠰᠢᠬᠦ ᠳᠤ ᠦᠢᠯᠡᠴᠢᠯᠡᠵᠦ᠂ ᠠᠷᠠᠳ ᠠᠴᠠ ᠡᠷᠬᠢᠯᠡᠭᠰᠡᠨ ᠠᠵᠤ ᠠᠬᠤᠶᠢᠯᠠᠯ ᠤᠨ | ᠬᠦᠴᠦᠷᠬᠡᠭᠵᠢᠵᠦ ᠰᠢᠯᠢᠳᠡᠭᠵᠢᠬᠦ ᠶᠢ ᠵᠣᠷᠢᠭᠵᠢᠭᠤᠯᠵᠤ᠂ ᠠᠳᠠᠯ ᠪᠣᠰᠬᠠᠵᠤ ᠰᠢᠨ᠎ᠡ ᠶᠢ ᠡᠭᠦᠳᠬᠦ ᠰᠠᠶᠢᠨ ᠰᠠᠶᠢᠬᠠᠨ | ᠣᠷᠴᠢᠨ ᠲᠣᠭᠤᠷᠢᠨ ᠢ ᠪᠣᠢ ᠪᠣᠯᠭᠠᠬᠤ ᠲᠠᠯ᠎ᠠ ᠳᠤ ᠬᠦᠴᠦ ᠲᠠᠯᠪᠢᠪᠠ᠃ | ﹇ᠬᠥᠲᠥᠯᠥᠭᠴᠢ﹈ ᠬᠥᠬᠡᠬᠤᠲᠠ ᠶᠢᠨ ᠦᠢᠯᠡᠳᠪᠦᠷᠢ ᠬᠤᠳᠠᠯᠳᠤᠭᠠᠨ ᠤ ᠲᠣᠪᠴᠢᠶ᠎ᠠ ᠶᠢᠨ ᠡᠨᠡ 16 ᠵᠤᠷᠪᠤᠰ | ᠰᠠᠨᠠᠯ ᠨᠢ ᠮᠠᠨ ᠤ ᠬᠤᠲᠠ ᠶᠢᠨ ᠠᠷᠠᠳ ᠠᠴᠠ ᠡᠷᠬᠢᠯᠡᠭᠰᠡᠨ ᠠᠵᠤ ᠠᠬᠤᠢ ᠶᠢᠨ ᠤᠷᠤᠭᠰᠢ ᠬᠥᠭᠵᠢᠬᠦ ᠶᠢ | ᠲᠦᠷᠭᠡᠳᠬᠡᠨ ᠬᠦᠴᠦᠷᠬᠡᠭᠵᠢᠭᠦᠯᠬᠦ ᠨᠢ ᠳᠠᠮᠵᠢᠭ ᠦᠭᠡᠢ᠂ ᠳᠠᠷᠠᠭᠠᠴᠢ ᠶᠢᠨ ᠠᠯᠬᠤᠮ ᠳᠤ ᠶᠠᠮᠠᠷᠬᠠᠨ ᠣᠪᠣᠷ | ᠬᠠᠷᠢᠭᠤᠴᠠᠯᠭ᠎ᠠ ᠪᠠᠷ ᠮᠠᠨ ᠤ ᠬᠤᠲᠠ ᠶᠢᠨ ᠠᠷᠠᠳ ᠠᠴᠠ ᠡᠷᠬᠢᠯᠡᠭᠰᠡᠨ ᠠᠵᠤ ᠠᠬᠤᠶᠢᠯᠠᠯ ᠤᠨ ᠬᠥᠭᠵᠢᠨ | ᠬᠦᠴᠦᠷᠬᠡᠭᠵᠢᠬᠦ ᠶᠢ ᠠᠬᠢᠭᠤᠯᠬᠤ ᠪᠣᠢ︖ | ﹇ᠬᠥᠬᠡᠬᠤᠲᠠ ᠶᠢᠨ ᠠᠵᠤ ᠦᠢᠯᠡᠳᠪᠦᠷᠢ ᠬᠤᠳᠠᠯᠳᠤᠭ᠎ᠠ ᠶᠢᠨ ᠲᠣᠪᠴᠢᠶ᠎ᠠ ᠶᠢᠨ ᠳᠡᠳ᠋ ᠲᠣᠪᠴᠢᠶᠠᠨ | ᠳᠠᠷᠤᠭ᠎ᠠ ᠰᠦᠨ ᠲᠣᠣ﹈ ᠰᠠᠨᠠᠯ ᠢ ᠨᠡᠶᠢᠲᠡᠯᠡᠬᠦ ᠶᠢᠨ ᠡᠮᠦᠨ᠎ᠡ ᠬᠤᠶᠢᠨ᠎ᠠ᠂ ᠬᠤᠲᠠ ᠶᠢᠨ ᠦᠢᠯᠡᠳᠪᠦᠷᠢ | ᠬᠤᠳᠠᠯᠳᠤᠭᠠᠨ ᠤ ᠲᠣᠪᠴᠢᠶ᠎ᠠ ᠬᠤᠷᠠᠯ ᠡᠷᠬᠢᠯᠡᠬᠦ ᠮᠠᠶ᠋ᠢᠭ ᠢᠶᠠᠷ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠠᠴᠠ | ᠡᠷᠬᠢᠯᠡᠭᠰᠡᠨ ᠠᠵᠤ ᠠᠬᠤᠶᠢᠯᠠᠯ ᠤᠨ ᠰᠠᠭᠤᠳᠠᠯ ᠤᠨ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠵᠤ | ᠂ ᠠᠵᠤ ᠠᠬᠤᠶᠢᠯᠠᠯ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠪᠣᠯᠣᠨ ᠠᠵᠤ ᠠᠬᠤᠶᠢᠯᠠᠯ ᠤᠨ | ᠬᠥᠭᠵᠢᠯᠲᠡ ᠶᠢᠨ ᠪᠣᠳᠠᠲᠤ ᠪᠠᠶᠢᠳᠠᠯ ᠤᠨ ᠲᠣᠭᠤᠷᠢᠨ ᠳᠤ ᠢᠳᠡᠪᠬᠢᠲᠡᠢ ᠶᠠᠷᠢᠶ᠎ᠠ ᠢᠯᠡᠳᠬᠡᠵᠦ᠂ ᠠᠷᠠᠳ ᠠᠴᠠ | ᠡᠷᠬᠢᠯᠡᠭᠰᠡᠨ ᠠᠵᠤ ᠠᠬᠤᠢ ᠶᠢᠨ ᠬᠥᠭᠵᠢᠯᠲᠡ ᠳᠤ ᠰᠠᠨᠠᠯ ᠵᠥᠪᠯᠡᠯᠭᠡ ᠥᠭᠪᠡ᠃ ᠠᠷᠠᠳ ᠠᠴᠠ ᠡᠷᠬᠢᠯᠡᠭᠰᠡᠨ ᠠᠵᠤ | ᠠᠬᠤᠶᠢᠯᠠᠯ ᠤᠨ ᠬᠥᠭᠵᠢᠯᠲᠡ ᠳᠤᠮᠳᠠ ᠤᠴᠠᠷᠠᠭᠰᠠᠨ ᠵᠠᠷᠢᠮ ᠠᠰᠠᠭᠤᠳᠠᠯ ᠤᠨ ᠲᠤᠬᠠᠢ ᠳᠤ ᠠᠵᠤ ᠠᠬᠤᠶᠢᠯᠠᠯᠲᠠᠳ | ᠲᠠᠢ ᠭᠦᠨ ᠶᠠᠷᠢᠯᠴᠠᠯᠭ᠎ᠠ ᠬᠢᠵᠦ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠨᠠᠷᠢᠨ ᠬᠢᠨᠠᠮᠠᠭᠠᠢ ᠰᠤᠳᠤᠯᠤᠨ | ᠰᠢᠩᠭᠡᠭᠡᠵᠦ ᠨᠢᠭᠡᠳ ᠨᠢᠭᠡ ᠪᠠᠷ ᠰᠢᠮᠳᠠᠭᠤᠯᠤᠨ ᠰᠢᠢᠳᠪᠦᠷᠢᠯᠡᠬᠦ ᠶᠢ ᠱᠠᠭᠠᠷᠳᠠᠪᠠ᠃ ᠳᠠᠷᠠᠭᠠᠴᠢ ᠶᠢᠨ ᠠᠯᠬᠤᠮ ᠳᠤ᠂ | ᠬᠤᠲᠠ ᠶᠢᠨ ᠠᠵᠤ ᠦᠢᠯᠡᠳᠪᠦᠷᠢ ᠬᠤᠳᠠᠯᠳᠤᠭᠠᠨ ᠤ ᠲᠣᠪᠴᠢᠶ᠎ᠠ ᠨᠢᠭᠡ ᠳᠤ᠂ ᠤᠯᠤᠰ ᠲᠥᠷᠥ ᠶᠢᠨ ᠲᠠᠨᠢᠯᠲᠠ ᠪᠠᠨ | ᠴᠢᠩᠭᠠᠳᠬᠠᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠤᠳᠬ᠎ᠠ ᠠᠭᠤᠯᠭ᠎ᠠ ᠪᠣᠯᠣᠨ ᠵᠣᠷᠢᠭ | ᠰᠠᠨᠠᠭ᠎ᠠ ᠶᠢ ᠪᠦᠷᠢᠨ ᠣᠶᠢᠯᠭᠠᠵᠤ᠂ ᠠᠷᠠᠳ ᠠᠴᠠ ᠡᠷᠬᠢᠯᠡᠭᠰᠡᠨ ᠠᠵᠤ ᠠᠬᠤᠢ ᠶᠢᠨ ᠬᠥᠭᠵᠢᠯᠲᠡ ᠶᠢᠨ | ᠬᠠᠷᠢᠭᠤᠴᠠᠯᠭᠠᠲᠤ ᠰᠡᠳᠬᠢᠯᠭᠡ᠂ ᠲᠤᠯᠭᠠᠮ᠎ᠠ ᠰᠡᠳᠬᠢᠯᠭᠡ ᠪᠣᠯᠣᠨ ᠡᠭᠦᠷᠭᠡ ᠬᠠᠷᠢᠭᠤᠴᠠᠯᠭ᠎ᠠ ᠶᠢᠨ ᠤᠬᠠᠮᠰᠠᠷ ᠢᠶᠠᠨ | ᠦᠨᠡᠨᠬᠦ ᠴᠢᠩᠭᠠᠳᠬᠠᠵᠤ᠂ ᠠᠷᠠᠳ ᠠᠴᠠ ᠡᠷᠬᠢᠯᠡᠭᠰᠡᠨ ᠠᠵᠤ ᠠᠬᠤᠢ ᠶᠢᠨ ᠬᠥᠭᠵᠢᠯᠲᠡ ᠶᠢᠨ ᠤᠯᠤᠰ ᠲᠥᠷᠥ ᠶᠢᠨ | ᠣᠷᠴᠢᠨ ᠲᠣᠭᠤᠷᠢᠨ᠂ ᠨᠡᠶᠢᠭᠡᠮ ᠤᠨ ᠣᠷᠴᠢᠨ ᠲᠣᠭᠤᠷᠢᠨ ᠪᠣᠯᠣᠨ ᠶᠠᠷᠢᠶ᠎ᠠ ᠬᠡᠯᠡᠯᠴᠡᠭᠡᠨ ᠤ ᠣᠷᠴᠢᠨ ᠲᠣᠭᠤᠷᠢᠨ ᠢ | ᠤᠯᠠᠮ ᠨᠢᠭᠡ ᠠᠯᠬᠤᠮ ᠪᠣᠢ ᠪᠣᠯᠭᠠᠨ᠎ᠠ᠃ ᠬᠤᠶᠠᠷ ᠲᠤ᠂ ᠦᠵᠡᠯ ᠲᠠᠨᠢᠯᠲᠠ ᠪᠠᠨ ᠳᠡᠭᠡᠭᠰᠢᠯᠡᠭᠦᠯᠵᠦ᠂ ᠠᠷᠠᠳ ᠠᠴᠠ | ᠡᠷᠬᠢᠯᠡᠭᠰᠡᠨ ᠠᠵᠤ ᠠᠬᠤᠢ ᠶᠢᠨ ᠮᠠᠨ ᠤ ᠬᠤᠲᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠬᠢ ᠪᠠᠶᠢᠷᠢ | ᠰᠠᠭᠤᠷᠢ ᠪᠣᠯᠣᠨ ᠦᠢᠯᠡᠳᠦᠯ ᠢ ᠭᠦᠢᠴᠡᠳ ᠲᠠᠨᠢᠨ᠎ᠠ᠃ ᠭᠤᠷᠪᠠ ᠳᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳ | ᠪᠠᠳᠠᠷᠠᠭᠤᠯᠵᠤ᠂ ᠠᠷᠠᠳ ᠠᠴᠠ ᠡᠷᠬᠢᠯᠡᠭᠰᠡᠨ ᠠᠵᠤ ᠠᠬᠤᠶᠢᠯᠠᠯ ᠳᠤ ᠬᠢ ᠲᠡᠳᠬᠦᠨ ᠳᠡᠮᠵᠢᠬᠦ ᠬᠦᠴᠦᠨ ᠢᠶᠠᠨ | ᠦᠷᠭᠦᠯᠵᠢᠯᠡᠨ ᠴᠢᠩᠭᠠᠳᠬᠠᠵᠤ᠂ ᠠᠷᠠᠳ ᠠᠴᠠ ᠡᠷᠬᠢᠯᠡᠭᠰᠡᠨ ᠠᠵᠤ ᠠᠬᠤᠶᠢᠯᠠᠯ ᠳᠤ ᠨᠡᠩ ᠰᠠᠶᠢᠨ ᠵᠠᠬ᠎ᠠ | ᠳᠡᠯᠭᠡᠭᠦᠷ ᠤᠨ ᠣᠷᠴᠢᠨ ᠲᠣᠭᠤᠷᠢᠨ ᠬᠠᠩᠭᠠᠨ᠎ᠠ᠃ ᠡᠭᠦᠨ ᠤ ᠬᠠᠮᠲᠤ᠂ ᠥᠷᠭᠡᠨ ᠣᠯᠠᠨ ᠠᠷᠠᠳ ᠠᠴᠠ ᠡᠷᠬᠢᠯᠡᠭᠰᠡᠨ | ᠠᠵᠤ ᠠᠬᠤᠶᠢᠯᠠᠯ ᠢ ᠬᠦᠰᠡᠬᠦ ᠨᠢ᠂ ᠶᠡᠷᠦᠩᠬᠡᠢ ᠱᠦᠵᠢ ᠶᠢᠨ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠨᠢᠳᠦᠨ ᠡᠮᠦᠨᠡᠬᠢ | ᠠᠵᠤ ᠠᠬᠤᠢ ᠶᠢᠨ ᠬᠥᠭᠵᠢᠯᠲᠡ ᠳᠤ ᠲᠤᠯᠭᠠᠷᠠᠵᠤ ᠪᠠᠶᠢᠭ᠎ᠠ ᠪᠠᠶᠢᠳᠠᠯ ᠢ ᠭᠦᠢᠴᠡᠳ ᠲᠠᠨᠢᠵᠤ᠂ ᠠᠷᠠᠳ ᠠᠴᠠ | ᠡᠷᠬᠢᠯᠡᠭᠰᠡᠨ ᠠᠵᠤ ᠠᠬᠤᠢ ᠶᠢ ᠬᠥᠭᠵᠢᠭᠦᠯᠦᠨ ᠬᠦᠴᠦᠷᠬᠡᠭᠵᠢᠭᠦᠯᠬᠦ ᠤᠷᠢᠳ ᠭᠠᠷᠤᠭ᠎ᠠ ᠦᠭᠡᠢ ᠠᠵᠠ ᠲᠣᠬᠢᠶᠠᠯ | ᠪᠣᠯᠣᠨ ᠳᠠᠪᠠᠭᠤᠯᠢᠭ ᠢ ᠭᠦᠢᠴᠡᠳ ᠠᠰᠢᠭᠯᠠᠵᠤ᠂ ᠭᠤᠣᠯ ᠠᠵᠢᠯ ᠢᠶᠠᠨ ᠰᠠᠨᠠᠭᠠᠴᠢᠯᠠᠨ ᠬᠢᠵᠦ᠂ ᠰᠢᠨ᠎ᠡ ᠶᠢ | ᠡᠭᠦᠳᠬᠦ ᠳᠤ ᠪᠦᠬᠦ ᠰᠡᠳᠬᠢᠯ ᠪᠦᠬᠦ ᠬᠦᠴᠦᠨ ᠢᠶᠠᠨ ᠲᠥᠪᠯᠡᠷᠡᠭᠦᠯᠬᠦ ᠬᠡᠷᠡᠭᠲᠡᠢ᠃ ᠨᠢᠭᠡ ᠳᠤ᠂ ᠣᠳᠣᠬᠢᠴᠢᠯᠠᠭᠰᠠᠨ | ᠠᠵᠤ ᠠᠬᠤᠶᠢᠯᠠᠯ ᠤᠨ ᠳᠦᠷᠢᠮ ᠢ ᠲᠣᠭᠲᠠᠭᠠᠵᠤ᠂ ᠵᠠᠬ᠎ᠠ ᠳᠡᠯᠭᠡᠭᠦᠷ ᠤᠨ ᠵᠢᠮ᠎ᠡ ᠶᠣᠰᠣ ᠶᠢ ᠵᠢᠷᠤᠮᠯᠠᠵᠤ᠂ | ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠠᠯᠬᠤᠮ ᠢᠶᠠᠨ ᠲᠦᠷᠭᠡᠳᠬᠡᠨ ᠴᠢᠨᠠᠷ ᠰᠠᠶᠢᠲᠠᠢ ᠬᠥᠭᠵᠢᠯᠲᠡ ᠶᠢᠨ | ᠵᠠᠮ ᠢᠶᠠᠷ ᠵᠠᠮᠨᠠᠬᠤ ᠬᠡᠷᠡᠭᠲᠡᠢ᠃ ᠬᠤᠶᠠᠷ ᠲᠤ᠂ ᠢᠲᠡᠭᠡᠯᠲᠡᠢ ᠬᠠᠤᠯᠢ ᠶᠣᠰᠣᠭᠠᠷ ᠡᠵᠡᠩᠨᠡᠵᠦ᠂ ᠬᠠᠤᠯᠢ ᠶᠣᠰᠣᠭᠠᠷ | ᠲᠥᠪ ᠭᠤᠣᠯᠴᠢ ᠥᠷᠢᠰᠦᠯᠳᠦᠵᠦ᠂ ᠬᠥᠭᠵᠢᠯᠲᠡ ᠶᠢᠨ ᠬᠤᠷᠢᠭ᠎ᠠ ᠱᠤᠭᠤᠮ ᠢ ᠰᠠᠬᠢᠬᠤ ᠬᠡᠷᠡᠭᠲᠡᠢ᠃ ᠭᠤᠷᠪᠠ ᠳᠤ᠂ | ᠨᠠᠮ ᠤᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠥᠷᠨᠢᠭᠦᠯᠵᠦ᠂ ᠨᠠᠮ ᠤᠨ ᠪᠦᠲᠦᠭᠡᠨ ᠪᠠᠶᠢᠭᠤᠯᠤᠯᠲᠠ ᠶᠢᠨ | ᠠᠵᠢᠯ ᠪᠣᠯᠣᠨ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢ ᠤᠷᠭᠠᠨᠢᠭ ᠢᠶᠠᠷ ᠤᠶᠠᠯᠳᠤᠭᠤᠯᠤᠨ᠂ ᠠᠵᠤ | ᠠᠬᠤᠶᠢᠯᠠᠯ ᠤᠨ ᠡᠷᠡᠭᠦᠯ ᠴᠢᠭᠢᠷᠠᠭ ᠬᠥᠭᠵᠢᠯᠲᠡ ᠶᠢ ᠠᠬᠢᠭᠤᠯᠬᠤ ᠬᠡᠷᠡᠭᠲᠡᠢ᠃ ᠡᠭᠦᠨ ᠤ ᠬᠠᠮᠲᠤ᠂ ᠤᠰᠤ ᠶᠢ ᠨᠢ | ᠤᠤᠭᠤᠪᠠᠯ ᠡᠬᠢ ᠶᠢ ᠨᠢ ᠰᠠᠨᠠᠵᠤ᠂ ᠣᠯᠵᠠ ᠠᠰᠢᠭ ᠡᠭᠦᠷᠭᠡ ᠬᠠᠷᠢᠭᠤᠴᠠᠯᠭ᠎ᠠ ᠶᠢ ᠬᠠᠮᠲᠤ ᠳᠤ ᠨᠢ ᠪᠣᠳᠣᠯᠬᠢᠯᠠᠵᠤ᠂ | ᠨᠡᠶᠢᠭᠡᠮ ᠤᠨ ᠬᠠᠷᠢᠭᠤᠴᠠᠯᠭ᠎ᠠ ᠪᠠᠨ ᠤᠬᠠᠮᠰᠠᠷ ᠠᠴᠠ ᠪᠠᠨ ᠪᠡᠶᠡᠯᠡᠭᠦᠯᠵᠦ᠂ ᠨᠡᠶᠢᠭᠡᠮ ᠳᠤ ᠠᠴᠢ ᠬᠠᠷᠢᠭᠤᠯᠤᠭᠰᠠᠨ | ᠰᠢᠨ᠎ᠡ ᠴᠠᠭ ᠦᠶ᠎ᠡ ᠶᠢᠨ ᠦᠯᠢᠭᠡᠷ ᠵᠢᠱᠢᠶ᠎ᠡ ᠪᠣᠯᠲᠤᠭᠠᠢ᠃ | ﹇ᠬᠠᠮᠢᠶᠠᠷᠤᠭᠴᠢ﹈ ᠬᠥᠬᠡᠬᠤᠲᠠ ᠶᠢᠨ ᠠᠵᠤ ᠦᠢᠯᠡᠳᠪᠦᠷᠢ ᠬᠤᠳᠠᠯᠳᠤᠭ᠎ᠠ ᠶᠢᠨ ᠲᠣᠪᠴᠢᠶ᠎ᠠ ᠶᠢᠨ ᠳᠡᠳ᠋ | ᠲᠣᠪᠴᠢᠶᠠᠨ ᠳᠠᠷᠤᠭ᠎ᠠ ᠰᠦᠨ ᠲᠣᠣ ᠳᠤ ᠪᠠᠶᠠᠷᠯᠠᠯ᠎ᠠ ᠂ ᠲᠥᠷᠥ ᠶᠢᠨ ᠪᠣᠳᠣᠯᠭ᠎ᠠ ᠶᠢᠨ ᠰᠤᠳᠤᠯᠤᠯᠲᠠ ᠪᠣᠯᠣᠨ | ᠥᠭᠡᠷᠡᠴᠢᠯᠡᠯᠲᠡ ᠶᠢᠨ ᠠᠯᠪᠠᠨ ᠭᠡᠷ ᠤᠨ ᠬᠠᠷᠢᠭᠤᠴᠠᠯᠭᠠᠲᠠᠨ ᠯᠢ ᠭᠦᠢ ᠰᠢᠶᠠᠨ ᠳᠤ ᠪᠠᠶᠠᠷᠯᠠᠯ᠎ᠠ᠂ ᠰᠦᠯᠵᠢᠶᠡᠨ ᠤ | ᠨᠥᠬᠦᠳ ᠤᠨ ᠠᠩᠬᠠᠷᠤᠯ ᠪᠣᠯᠣᠨ ᠣᠷᠣᠯᠴᠠᠭᠰᠠᠨ ᠳᠤ ᠪᠠᠶᠠᠷᠯᠠᠯ᠎ᠠ᠂ ᠡᠨᠡ ᠤᠳᠠᠭᠠᠨ ᠤ ᠰᠤᠷᠪᠤᠯᠵᠢᠯᠠᠭ᠎ᠠ ᠠᠳᠡ | ᠬᠦᠷᠦᠭᠡᠳ ᠦᠨᠳᠦᠷᠯᠡᠯ᠎ᠡ᠃ | | |