ᠲᠣᠭᠲᠠᠬᠤ ᠰᠢᠶᠠᠨ ᠤ ᠠᠩᠬᠠᠳᠤᠭᠠᠷ ᠬᠤᠭᠤᠴᠠᠭᠠᠨ ᠤ ︽ᠵᠢᠶᠦ᠋ᠨ ᠴᠧᠩ ᠲᠠᠮᠵᠢᠯᠭᠠᠳᠤ ᠬᠤᠭᠤᠯᠠᠶ ᠬᠤᠨᠳᠠᠭᠠᠲᠤ︾ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠠᠵᠢᠯᠳᠠᠨ ᠠᠯᠠᠭᠠᠳᠠᠬᠤ ᠪᠥᠮᠪᠦᠭᠡ ᠶᠢᠨ ᠤᠷᠤᠯᠳᠤᠭᠠᠨ ᠡᠷᠬᠢᠯᠡᠪᠡ
ᠨᠡᠶᠢᠲᠡᠯᠡᠭᠰᠡᠨ ᠴᠠᠭ᠄
2018-12-04
     
      ᠲᠣᠭᠲᠠᠬᠤ ᠰᠢᠶᠠᠨ ᠤ ᠪᠠᠭᠰᠢ ᠠᠵᠢᠯᠲᠠᠨ ᠠᠵᠢᠯᠴᠢᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠰᠤᠷᠭᠠᠨ ᠬᠦᠮᠦᠵᠢᠯ ᠤᠨ ᠪᠦᠯᠬᠦᠮ ᠤᠨ ᠬᠠᠮᠲᠤ ᠶᠢᠨ ᠦᠵᠡᠯ ᠤᠬᠠᠮᠰᠠᠷ ᠢ ᠨᠡᠮᠡᠭᠳᠡᠭᠦᠯᠵᠦ᠂ ᠢᠳᠡᠪᠬᠢᠲᠡᠶ ᠥᠭᠡᠳᠡᠷᠬᠡᠭ ᠂ ᠪᠦᠯᠬᠦᠮᠳᠡᠯ ᠲᠠᠢ ᠡᠶ᠎ᠡ ᠵᠣᠬᠢᠴᠠᠯ ᠲᠠᠢ ᠰᠤᠷᠤᠭᠴᠢ ᠬᠥᠮᠦᠵᠢᠭᠦᠯᠬᠦ ᠣᠷᠴᠢᠨ ᠪᠠᠶᠢᠳᠠᠯ ᠢ ᠪᠤᠢ ᠪᠣᠯᠭᠠᠵᠤ᠂ ᠪᠡᠶ᠎ᠡ ᠰᠡᠳᠬᠢᠯ ᠤᠨ ᠡᠷᠡᠭᠦᠯ ᠮᠡᠨᠳᠦ ᠶᠢ ᠠᠬᠢᠭᠤᠯᠬᠤ ᠪᠠ ᠡᠶ᠎ᠡ ᠵᠣᠬᠢᠴᠠᠯ ᠲᠠᠢ ᠰᠤᠷᠭᠠᠭᠤᠯᠢ‌‍ᠶᠢᠨ ᠬᠦᠷᠢᠶᠡᠯᠡᠩ ᠢ ᠪᠦᠳᠦᠭᠡᠨ ᠪᠠᠶᠢᠭᠤᠯᠬᠤ ᠶᠢᠨ ᠲᠦᠯᠦᠭᠡ ᠦᠢᠷ᠎ᠠ ᠶᠢᠨ ᠡᠳᠦᠷ᠂ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ ᠭᠤᠣᠯᠯᠠᠨ ᠡᠷᠬᠢᠯᠡᠭᠰᠡᠨ 2018 ᠣᠨ ᠤ ᠠᠩᠬᠠᠳᠤᠭᠠᠷ ᠬᠤᠭᠤᠴᠠᠭᠠᠨ ᠤ ︽ᠵᠢᠶᠦ᠋ᠨ ᠴᠧᠩ ᠲᠠᠮᠵᠢᠯᠭᠠᠳᠤ ᠬᠤᠭᠤᠯᠠᠶ ᠬᠤᠨᠳᠠᠭᠠᠲᠤ︾ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠠᠵᠢᠯᠳᠠᠨ ᠤ ᠠᠯᠠᠭᠠᠳᠠᠬᠤ ᠪᠥᠮᠪᠦᠭᠡ ᠶᠢᠨ ᠤᠷᠤᠯᠳᠤᠭᠠᠨ ᠰᠢᠶᠠᠨ ᠤ ᠬᠤᠶᠠᠳᠤᠭᠠᠷ ᠳᠤᠮᠳᠠᠳᠤ ᠰᠤᠷᠭᠠᠭᠤᠯᠢ ᠳᠤ ᠶᠠᠪᠤᠭᠳᠠᠪᠠ᠃
     ᠲᠤᠰ ᠤᠳᠠᠭᠠᠨ ᠤ ᠤᠷᠤᠯᠳᠤᠭᠠᠨ ᠳᠤ ᠪᠦᠬᠦ ᠰᠢᠶᠠᠨ ᠤ ᠡᠯ᠎ᠡ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠠᠵᠢᠯᠲᠠᠨ ᠠᠵᠢᠯᠴᠢᠨ ᠤ ᠲᠥᠯᠥᠭᠡᠯᠡᠭᠴᠢᠳ 16 ᠠᠩᠭᠢ 180 ᠰᠢᠬᠠᠮ ᠪᠠᠭᠰᠢ ᠠᠵᠢᠯᠳᠠᠨ ᠠᠵᠢᠯᠴᠢᠨ ᠨᠡᠷ᠎ᠡ ᠮᠡᠳᠡᠭᠦᠯᠦᠨ ᠣᠷᠣᠯᠴᠠᠵᠤ᠂ ᠲᠤᠰ ᠤᠷᠤᠯᠳᠤᠭᠠᠨ ᠳᠤ ᠠᠯᠠᠭᠠᠳᠠᠬᠤ ᠪᠥᠮᠪᠦᠭᠡ ᠶᠢᠨ ᠬᠠᠮᠤᠭ‌‍ᠤᠨ ᠰᠢᠨ᠎ᠡ ᠤᠷᠤᠯᠳᠤᠭᠠᠨ ᠤ ᠳᠦᠷᠢᠮ ᠢ ᠬᠡᠷᠡᠭᠵᠢᠭᠦᠯᠵᠦ᠂ ᠡᠷᠡᠭᠲᠡᠶ ᠡᠮᠡᠭᠲᠡᠶ ᠬᠤᠤᠰᠯᠠᠨ ᠠᠯᠠᠭᠳᠠᠬᠤ ᠬᠡᠯᠪᠡᠷᠢ ᠪᠠᠷ ᠶᠠᠪᠤᠭᠳᠠᠪᠠ᠃      
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1