ᠦᠢᠷ᠎ᠠ ᠶᠢᠨ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨᠦ | ᠰᠢᠶᠠᠨ ᠤ ᠳᠠᠷᠤᠭ᠎ᠠ ᠯᠢ ᠴᠦᠨ ᠶᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ 2018 ᠣᠨ ᠤ 24 ᠳ᠋ᠦ᠋ᠭᠡᠷ | ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃ ᠰᠢᠶᠠᠨ ᠤ ᠠᠷᠠᠳ ᠤᠨ ᠵᠠᠰᠠᠭ ᠤᠨ | ᠣᠷᠳᠣᠨ ᠤ ᠪᠠᠶᠢᠩᠭᠤ ᠶᠢᠨ ᠬᠤᠷᠠᠯ ᠤᠨ ᠪᠦᠷᠢᠯᠳᠦᠬᠦᠨ ᠭᠡᠰᠢᠭᠦᠳ ᠬᠤᠷᠠᠯ ᠳᠤ ᠣᠷᠣᠯᠴᠠᠪᠠ᠃ ᠠᠵᠤ | ᠦᠶ᠋ᠯᠡᠳᠪᠦᠷᠢ ᠶᠢᠨ ᠬᠦᠷᠢᠶᠡᠯᠡᠩ ᠤᠨ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠰᠢᠶᠤᠤ ᠸᠧᠨ ᠸᠧᠢ᠂ ᠰᠢᠶᠠᠨ ᠤ | ᠬᠢᠨᠠᠨ ᠪᠠᠶᠢᠴᠠᠭᠠᠬᠤ ᠵᠥᠪᠯᠡᠯ ᠤᠨ ᠬᠠᠷᠢᠭᠤᠴᠠᠯᠭᠠᠲᠠᠨ ᠤᠷᠢᠯᠭ᠎ᠠ ᠪᠠᠷ ᠬᠤᠷᠠᠯ ᠳᠤ ᠣᠷᠣᠯᠴᠠᠪᠠ᠃ ᠡᠯ᠎ᠡ ᠪᠠᠯᠭᠠᠰᠤ᠂ | ᠾᠧ ᠺᠸᠤ ᠬᠠᠮᠢᠶᠠᠷᠤᠯᠲᠠ ᠶᠢᠨ ᠵᠥᠪᠯᠡᠯ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ | ᠬᠤᠷᠠᠯ ᠳᠤ ᠰᠤᠯᠠ ᠣᠷᠣᠯᠴᠠᠪᠠ᠃ | ᠬᠤᠷᠠᠯ ᠠᠴᠠ ︽ᠲᠣᠭᠲᠠᠬᠤ ᠰᠢᠶᠠᠨ ᠤ ᠬᠥᠳᠡᠭᠡ ᠲᠣᠰᠬᠤᠨ ᠤ ᠰᠠᠭᠤᠭᠠᠯᠢ ᠠᠷᠠᠳ ᠤᠨ ᠣᠷᠣᠰᠢᠨ ᠰᠠᠭᠤᠬᠤ | ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯᠯᠠᠭ᠎ᠠ ᠶᠢᠨ ᠭᠤᠷᠪᠠᠨ ᠵᠢᠯ ᠤᠨ ᠲᠥᠰᠦᠯ ︵2018 — | 2020︶︾᠂ ︽︿ᠲᠣᠭᠲᠠᠬᠤ ᠰᠢᠶᠠᠨ ᠤᠯᠤᠰ ᠠᠷᠠᠳ ᠤᠨ ᠠᠵᠤ ᠠᠬᠤᠶ ᠪᠠ ᠨᠡᠶᠢᠭᠡᠮᠤᠨ ᠬᠥᠭᠵᠢᠯᠲᠡ ᠶᠢᠨ | ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠲᠣᠪᠴᠢ﹀ ᠶᠢᠨ ᠳᠤᠮᠳᠠ ᠬᠤᠭᠤᠴᠠᠭᠠᠨ ᠤ | ᠦᠨᠡᠯᠡᠨ ᠵᠢᠱᠢᠭᠰᠡᠨ ᠮᠡᠳᠡᠭᠦᠯᠦᠯᠲᠡ ︵ᠲᠥᠰᠦᠯ︶︾ ᠰᠤᠳᠤᠯᠤᠨ ᠶᠠᠷᠢᠯᠴᠠᠵᠤ᠂ 2019 ᠣᠨ ᠳᠤ | ᠬᠡᠷᠡᠭᠵᠢᠭᠦᠯᠬᠦ ᠪᠠᠷ ᠵᠢᠱᠢᠵᠦ ᠪᠠᠶᠢᠭ᠎ᠠ ᠭᠤᠣᠯᠳᠠᠯᠭ᠎ᠠ ᠲᠠᠢ ᠲᠦᠷᠦᠯ ᠵᠦᠢᠯ ᠤᠨ ᠪᠠᠶᠢᠳᠠᠯᠤᠨ ᠬᠠᠷᠢᠭᠤ | ᠮᠡᠳᠡᠭᠦᠯᠦᠯᠲᠡ ᠶᠢ ᠰᠤᠨᠤᠰᠪᠠ᠃ ︽2018 ᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ | ᠬᠥᠭᠵᠢᠯᠲᠡ ᠶᠢᠨ ᠲᠥᠯᠥᠪᠯᠡᠭᠡ ᠶᠢ ᠭᠦᠢᠴᠡᠳᠬᠡᠭᠰᠡᠨ ᠪᠠᠶᠢᠳᠠᠯ ᠬᠢᠭᠡᠳ 2019 ᠣᠨ ᠤ ᠤᠯᠤᠰ ᠠᠷᠠᠳ ᠤᠨ ᠠᠵᠤ | ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ ᠲᠥᠰᠦᠯ ᠤᠨ ᠲᠤᠬᠠᠶ ᠢᠯᠡᠳᠬᠡᠯ ︵ᠶᠠᠷᠢᠯᠴᠠᠬᠤ ᠡᠬᠡ | ᠨᠤᠤᠷᠠᠭ︶︾᠂ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ ︵ᠶᠠᠷᠢᠯᠴᠠᠬᠤ ᠡᠬᠡ ᠨᠤᠤᠷᠠᠭ︶︾᠂ ︽ | 2018 ᠣᠨ ᠤ ᠡᠳ᠋ ᠤᠨ ᠵᠠᠰᠠᠭ ᠤᠨ ᠲᠥᠰᠦᠪ ᠢ ᠭᠦᠢᠴᠡᠳᠭᠡᠭᠰᠡᠨ ᠪᠠᠶᠢᠳᠠᠯ ᠪᠠ 2019 ᠣᠨ ᠤ ᠡᠳ᠋ ᠤᠨ | ᠵᠠᠰᠠᠭ ᠤᠨ ᠲᠥᠰᠦᠪ ᠤᠨ ᠲᠥᠰᠦᠯ ᠤᠨ ᠲᠤᠬᠠᠶ ᠢᠯᠡᠳᠬᠡᠯ ︵ᠶᠠᠷᠢᠯᠴᠠᠬᠤ ᠡᠬᠡ ᠨᠤᠤᠷᠠᠭ︶︾ ᠢ ᠰᠤᠳᠤᠯᠤᠨ | ᠶᠠᠷᠢᠯᠴᠠᠪᠠ᠃ | ᠬᠤᠷᠠᠯ ᠠᠴᠠ᠂ ᠣᠳᠣᠬᠠᠨ ᠳᠤ ᠶᠠᠭ ᠪᠦᠬᠦ ᠵᠢᠯ ᠤᠨ ᠠᠵᠢᠯ ᠤᠨ ᠰᠡᠭᠦᠯ ᠬᠤᠷᠢᠶᠠᠬᠤ ᠵᠠᠩᠭᠢᠯᠠᠭ᠎ᠠ ᠶᠢᠨ | ᠦᠶ᠎ᠡ ᠳᠤ ᠣᠷᠣᠰᠢᠵᠤ ᠪᠠᠶᠢᠨ᠎ᠠ᠂ ᠬᠠᠷᠠᠯᠲᠠ ᠪᠠᠨ ᠴᠢᠩᠭ᠎ᠠ ᠲᠣᠬᠢᠷᠠᠭᠤᠯᠬᠤ᠂ ᠰᠠᠨᠠᠭᠠᠴᠢᠯᠠᠭ᠎ᠠ ᠠᠴᠠ ᠪᠠᠨᠠᠵᠤ | ᠠᠬᠤᠶᠢᠯᠠᠯ ᠳᠤ ᠦᠢᠯᠡᠴᠢᠯᠡᠵᠦ᠂ ᠬᠦᠴᠦᠨ ᠢᠶᠠᠨ ᠲᠥᠪᠯᠡᠷᠡᠭᠦᠯᠦᠨ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠪᠠ | ᠣᠷᠴᠢᠨ ᠠᠬᠤᠶ ᠶᠢᠨ ᠬᠠᠮᠠᠭᠠᠯᠠᠯᠲᠠ᠂ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ᠂ ᠤᠨᠢᠨ | ᠳᠡᠭᠡᠷ᠎ᠡ ᠨᠢ ᠶᠠᠳᠠᠭᠤ ᠠᠴᠠ ᠠᠩᠭᠢᠵᠢᠷᠠᠭᠤᠯᠬᠤ᠂ ᠪᠣᠬᠢᠷᠲᠤᠯ ᠢ ᠰᠡᠷᠭᠡᠶᠢᠯᠡᠨ ᠵᠠᠰᠠᠬᠤ ᠭᠤᠷᠪᠠᠨ ᠶᠡᠭᠡ ᠪᠣᠭᠤᠮᠲᠠ | ᠰᠢᠪᠲᠤᠯᠬᠤ ᠳᠠᠶᠢᠯᠠᠯᠳᠤᠭᠠᠨ ᠢ ᠰᠠᠶᠢᠳᠤᠷ ᠠᠳᠬᠤᠵᠤ᠂ ᠣᠨ ᠤ ᠡᠭᠦᠷᠭᠡᠪᠠᠨ ᠬᠤᠭᠤᠴᠠᠭ᠎ᠠ ᠶᠣᠰᠣᠭᠠᠷ ᠪᠡᠶᠡᠯᠡᠭᠦᠯᠬᠦ᠂ | ᠠᠵᠤ ᠠᠬᠤᠶ ᠨᠡᠶᠢᠭᠡᠮ ᠤᠨ ᠲᠣᠭᠲᠠᠭᠤᠨ ᠪᠥᠭᠡᠳ ᠡᠮᠬᠢ ᠵᠢᠷᠤᠮ ᠲᠠᠢ ᠪᠠᠶᠢᠬᠤ ᠶᠢ ᠪᠠᠳᠤᠯᠠᠬᠤ ᠬᠡᠷᠡᠭᠳᠡᠢ ᠭᠡᠵᠤ | ᠵᠢᠭᠠᠨ ᠭᠠᠷᠭᠠᠷᠰᠠᠨ ᠪᠠᠶᠢᠨ᠎ᠠ᠃ | ᠬᠤᠷᠠᠯ ᠠᠴᠠ᠂ ᠵᠢᠯ ᠤᠨ ᠡᠴᠦᠰ ᠪᠣᠯ ᠠᠶᠤᠯᠭᠦᠶ ᠦᠢᠯᠡᠳᠪᠦᠷᠢᠯᠡᠯ ᠤᠨ ᠠᠵᠢᠯ ᠤᠨ ᠵᠠᠩᠭᠢᠯᠠᠭ᠎ᠠ ᠶᠢᠨ ᠦᠶ᠎ᠡ | ᠮᠥᠨ᠂ ᠡᠯ᠎ᠡ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠲᠠᠨᠢᠯᠲᠠ ᠪᠠᠨ ᠴᠢᠩᠭᠠᠳᠬᠠᠵᠤ᠂ ᠦᠨᠡᠨ ᠬᠦ ᠬᠦᠴᠦᠲᠡᠶ | ᠠᠷᠭ᠎ᠠ ᠬᠡᠮᠵᠢᠶ᠎ᠡ ᠠᠪᠴᠤ᠂ ᠪᠦᠬᠦ ᠰᠢᠶᠠᠨ ᠤ ᠠᠶᠤᠯ ᠥᠬᠡᠶ ᠦᠢᠯᠡᠳᠪᠦᠷᠢᠯᠡᠯ ᠤᠨ ᠪᠠᠶᠢᠳᠠᠯ ᠶᠡᠷᠦᠩᠬᠡᠶ ᠳᠡᠭᠡᠨ | ᠲᠣᠭᠲᠠᠭᠤᠨ ᠪᠠᠶᠢᠬᠤ ᠶᠢ ᠦᠨᠡᠨᠬᠦ ᠪᠠᠳᠤᠯᠠᠬᠤ ᠶᠢᠨ ᠬᠠᠮᠳᠤ ᠵᠠᠬᠢᠳᠠᠯ ᠰᠤᠷᠪᠤᠯᠵᠢᠯᠠᠭ᠎ᠠ ᠪᠠ ᠲᠣᠭᠲᠠᠭᠤᠨ ᠢ | ᠬᠠᠮᠠᠭᠠᠯᠠᠬᠤ᠂ ᠠᠹᠷᠢᠺᠠ ᠲᠢᠪ ᠤᠨ ᠭᠠᠭ᠋ᠠᠶ ᠶᠢᠨ ᠬᠢᠵᠢᠭ ᠰᠡᠷᠭᠡᠶᠢᠯᠡᠨ ᠬᠢᠵᠠᠭᠠᠷᠯᠠᠬᠤ ᠵᠡᠷᠭᠡ ᠡᠯ᠎ᠡ ᠵᠦᠢᠯ ᠤᠨ ᠠᠵᠢᠯ ᠢ | ᠴᠢᠩᠭ᠎ᠠ ᠠᠳᠬᠤᠵᠤ᠂ ᠮᠠᠨ ᠤ ᠰᠢᠶᠠᠨ ᠤ ᠨᠡᠶᠢᠭᠡᠮ ᠤᠨ ᠲᠣᠭᠲᠠᠭᠤᠨ ᠪᠠᠶᠢᠳᠠᠯ ᠢ ᠪᠦᠬᠦ ᠲᠠᠯ᠎ᠠ ᠪᠠᠷ ᠬᠠᠮᠠᠭᠠᠯᠠᠬᠤ | ᠬᠡᠷᠡᠭᠲᠡᠶ ᠭᠡᠵᠤ ᠴᠢᠬᠤᠯᠠᠴᠢᠯᠠᠪᠠ᠃ |