ᠲᠣᠭᠲᠠᠬᠤ ᠰᠢᠶᠠᠨ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠲᠤᠬᠠᠶ ᠶᠢᠨ ᠭᠠᠵᠠᠷ ᠤᠨ ᠦᠵᠡᠭᠦᠯᠦᠯᠭᠡ ᠶᠢᠨ ᠬᠤᠷᠠᠯ ᠡᠷᠬᠢᠯᠡᠪᠡ
ᠨᠡᠶᠢᠲᠡᠯᠡᠭᠰᠡᠨ ᠴᠠᠭ᠄
2018-12-06
      11 ᠰᠠᠷ᠎ᠠ ᠶᠢᠨ 23 ᠤ ᠡᠳᠦᠷ᠂ ᠰᠢᠶᠠᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ 2018 ᠤᠨ ᠤ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠲᠤᠬᠠᠶ ᠶᠢᠨ ᠭᠠᠵᠠᠷ ᠤᠨ ᠦᠵᠡᠭᠦᠯᠦᠯᠭᠡ‌‍ᠶᠢᠨ ᠬᠤᠷᠠᠯ ᠡᠷᠭᠢᠯᠡᠭᠰᠡᠨ ᠪᠠᠶᠢᠨ᠎ᠠ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ᠂ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶᠠᠨ ᠤ ᠬᠤᠯᠪᠣᠭᠳᠠᠯ ᠪᠥᠬᠦᠶ ᠨᠢᠭᠡᠴᠡ ᠶᠢᠨ ᠬᠠᠷᠢᠭᠤᠴᠠᠯᠭᠠᠲᠠᠨ᠂ ᠰᠢᠶᠠᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠯᠢᠦ ᡁᠢ ᠴᠢᠶᠠᠩ᠂ ᠡᠯ᠎ᠡ ᠪᠠᠯᠭᠠᠰᠤ᠂ ᠾᠧ ᠺᠸᠤ ᠬᠠᠮᠢᠶᠠᠷᠤᠯᠲᠠ ᠶᠢᠨ ᠵᠥᠪᠯᠡᠯ ᠤᠨ ᠬᠠᠮᠢᠶ᠎ᠠ ᠪᠥᠬᠦᠶ ᠠᠵᠢᠯᠲᠠᠨ ᠵᠢᠴᠢ ᠪᠦᠬᠦ ᠰᠢᠶᠠᠨ ᠤ ᠲᠠᠷᠢᠶᠠᠯᠠᠩ ᠤᠨ ᠮᠧᠬᠠᠨᠢᠭ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ᠂ ᠲᠡᠵᠢᠭᠡᠯ ᠪᠤᠷᠳᠤᠭ᠎ᠠ ᠶᠢᠨ ᠠᠵᠤ ᠠᠬᠤᠶᠢᠯᠠᠯ᠂ ᠲᠡᠵᠢᠭᠡᠨ ᠦᠷᠡᠵᠢᠭᠦᠯᠬᠦ ᠲᠠᠯᠠᠪᠠᠢ ᠶᠢᠨ ᠬᠠᠷᠢᠭᠤᠴᠠᠯᠭᠠᠲᠠᠨ ᠵᠡᠷᠭᠡ ᠨᠡᠶᠢᠳᠡ 100 ᠭᠠᠷᠤᠶ ᠬᠥᠮᠦᠨ ᠦᠵᠡᠭᠦᠯᠦᠯᠭᠡ ᠶᠢᠨ ᠬᠤᠷᠠᠯ ᠣᠷᠣᠯᠴᠠᠭᠰᠠᠨ ᠪᠠᠶᠢᠨ᠎ᠠ᠃       ᠬᠤᠷᠠᠯ ᠳᠤ ᠤᠷᠤᠯᠴᠠᠭᠰᠠᠳ ᠶᠠᠭᠤᠨ ᠤ ᠤᠷᠢᠳ ᠭᠦ᠋ ᠴᠧᠩ ᠪᠠᠯᠭᠠᠰᠤᠨ ᠤ ᠶᠦᠩ ᠱᠧᠩ ᠢᠦᠢ ᠲᠣᠰᠬᠤᠨ ᠤ ᠾᠧᠩ ᠹᠦ᠋ ᠲᠡᠵᠢᠭᠡᠯ ᠪᠣᠷᠳᠣᠭᠠᠨ ᠤ ᠬᠢᠵᠠᠭᠠᠷᠲᠤ ᠺᠣᠮᠫᠠᠨᠢ ᠶᠢᠨ ᠡᠰᠢ ᠰᠦᠷᠡᠯ ᠢ ᠪᠣᠯᠪᠠᠰᠤᠷᠠᠭᠤᠯᠬᠤ ᠦᠢᠯᠡᠳᠪᠦᠷᠢ ᠶᠢᠨ ᠲᠠᠰᠤᠭ ᠲᠤ ᠬᠦᠷᠴᠦ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠠᠴᠠ ᠡᠰᠢ ᠰᠦᠷᠡᠯ ᠢ ᠲᠡᠵᠢᠭᠡᠯ ᠪᠣᠷᠳᠤᠭ᠎ᠠ ᠪᠤᠯᠭᠠᠨ ᠪᠣᠯᠪᠠᠰᠤᠷᠠᠭᠤᠯᠵᠤ ᠤᠷᠠᠯᠠᠯ ᠤᠨ ᠴᠤᠪᠤᠷᠠᠯ ᠤᠨ ᠲᠤᠬᠠᠶ ᠲᠠᠨᠢᠯᠴᠠᠭᠤᠯᠭ᠎ᠠ ᠶᠢ ᠰᠣᠨᠣᠰᠴᠤ᠂ ᠲᠠᠷᠠᠭᠠᠨ ᠳᠤᠨᠢ ᠭᠦ᠋ ᠴᠧᠩ ᠪᠠᠯᠭᠠᠰᠤᠨ ᠤ ᠳᠦᠭᠦᠷᠡᠩ ᠬᠤᠳᠳᠤᠭ ᠲᠣᠰᠬᠤᠨ ᠤ ᠸᠧᠨ ᠯᠢᠨ ᠲᠠᠷᠢᠶᠠᠯᠠᠩ ᠤᠨ ᠮᠠᠰᠢᠨ ᠤ ᠲᠤᠰᠬᠠᠶᠢᠵᠢᠭᠰᠠᠨ ᠬᠤᠷᠰᠢᠶ᠎ᠠ ᠳᠤ ᠬᠦᠷᠴᠦ᠂ ᠡᠰᠢ ᠰᠦᠷᠡᠯ ᠢ ᠲᠦᠯᠡᠰᠢ ᠳᠠᠷᠤᠵᠤ ᠬᠡᠰᠡᠭᠯᠡᠬᠦ ᠲᠥᠷᠥᠯ ᠵᠦᠢᠯ ᠳᠤ ᠲᠤᠬᠠᠢ ᠶᠢᠨ ᠭᠠᠵᠠᠷ ᠤᠨ ᠦᠵᠡᠭᠦᠯᠦᠯᠭᠡ ᠳᠤ ᠤᠷᠤᠯᠴᠠᠪᠠ᠃      ᠣᠶᠢᠯᠠᠭᠠᠭᠰᠠᠨ ᠢᠶᠠᠷ᠂ ᠮᠠᠨ ᠤ ᠰᠢᠶᠠᠨ‌ᠨᠢ ᠡᠷᠳᠡᠨᠢ ᠰᠢᠰᠢ ᠲᠠᠷᠢᠬᠤ ᠲᠤᠮᠤ ᠰᠢᠶᠠᠨ ᠪᠤᠯᠤᠭᠰᠠᠨ ᠤ ᠬᠤᠪᠢ ᠳᠤ ᠂ ᠡᠷᠳᠡᠨᠢ ᠰᠢᠰᠢ ᠲᠠᠷᠢᠬᠤ ᠲᠠᠯᠠᠪᠠᠢ 75 ᠲᠦᠮᠡᠨ ᠮᠥ ᠬᠦᠷᠴᠦ᠂ ᠵᠢᠯ ᠤᠨ ᠡᠷᠳᠡᠨᠢ ᠰᠢᠰᠢ ᠶᠢᠨ ᠡᠰᠢ ᠰᠦᠷᠡᠯ ᠪᠠᠷᠤᠭ 30 ᠲᠦᠮᠡᠨ ᠲᠣᠨ ᠦᠢᠯᠡᠳᠪᠦᠷᠢᠯᠡᠬᠦ ᠴᠢᠳᠠᠪᠦᠷᠢ ᠲᠠᠢ᠃ ᠤᠢᠢᠷ᠎ᠠ ᠶᠢᠨ ᠵᠢᠯ ᠠᠴᠠ᠂ ᠰᠢᠶᠠᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠡᠰᠢ ᠰᠦᠷᠡᠯ ᠢ ᠠᠰᠢᠭᠯᠠᠬᠤ ᠠᠷᠭ᠎ᠠ ᠵᠠᠮ ᠢ ᠢᠳᠡᠪᠬᠢᠲᠡᠶ ᠬᠠᠶᠢᠨ ᠰᠦᠪᠡᠭᠴᠢᠯᠡᠵᠦ᠂ ᠡᠨᠡ ᠵᠢᠯ ︽ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠠᠵᠢᠯ‌ᠢ ᠪᠦᠬᠦ᠋ᠢᠯᠡ ᠰᠢᠶᠠᠨ ᠢᠶᠠᠷ ᠨᠢ ᠠᠬᠢᠭᠤᠯᠬᠤ ᠲᠦᠷᠦᠯ ᠵᠦᠢᠯ︾ ᠢ ᠤᠷᠤᠭᠰᠢᠳᠠᠢ ᠲᠡᠮᠡᠴᠡᠨ ᠤᠯᠤᠭᠰᠠᠨ ᠪᠠᠶᠢᠨ᠎ᠠ᠃ ᠣᠳᠣᠬᠠᠨ ᠳᠤ ᠨᠢᠭᠡᠨᠲᠡ ᠡᠰᠢ ᠰᠦᠷᠡᠯ ᠢ ᠨᠡᠶᠢᠯᠡᠭᠦᠯᠦᠭᠡᠳ ᠬᠤᠷᠢᠶᠠᠨ ᠠᠪᠬᠤ ᠠᠵᠢᠯ ᠤᠨ ᠵᠣᠬᠢᠶᠠᠨ ᠪᠠᠶᠢᠭᠤᠯᠤᠯᠲᠠ 46᠂ ᠮᠠᠰᠢᠨ 100 ᠭᠠᠷᠤᠶ ᠰᠠᠭᠤᠷᠢ ᠪᠠᠶᠢᠵᠤ᠂ ᠡᠰᠢ ᠰᠦᠷᠡᠯ ᠢ ᠲᠦᠯᠡᠰᠢ᠂ ᠲᠡᠵᠢᠭᠡᠯ ᠪᠣᠷᠳᠤᠭ᠎ᠠ᠂ ᠪᠤᠷᠳᠤᠭᠤᠷ ᠪᠣᠯᠪᠠᠰᠤᠷᠠᠭᠤᠯᠬᠤ ᠠᠵᠤ ᠠᠬᠤᠶᠢᠯᠠᠯ 6 ᠪᠠᠶᠢᠨ᠎ᠠ᠃ ᠪᠦᠬᠦ ᠰᠢᠶᠠᠨ ᠳᠤ ᠡᠰᠢ ᠰᠦᠷᠡᠯ ᠢ ᠠᠰᠢᠭᠯᠠᠬᠤ ᠨᠤᠷᠮ᠎ᠠ ᠨᠢ ᠲᠡᠭᠡᠷ᠎ᠡ ᠵᠢᠯ ᠤᠨ ᠬᠢ ᠠᠴᠠ 40% ᠣᠷᠴᠢᠮ ᠳᠡᠭᠡᠭᠰᠢᠯᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ  ᠶᠢᠨ ᠤᠷᠤᠭᠰᠢᠳᠠᠢ ᠶᠠᠪᠤᠭᠳᠠᠬᠤ ᠳᠤ ᠪᠠᠲᠤ ᠪᠠᠬᠢ ᠰᠠᠭᠤᠷᠢ ᠶᠢ ᠲᠠᠯᠪᠢᠵᠤ ᠦᠭᠭᠦᠭᠰᠡᠨ ᠪᠠᠶᠢᠨ᠎ᠠ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1