ᠲᠣᠭᠲᠠᠬᠤ ᠰᠢᠶᠠᠨ 2018 ᠣᠨ ᠤ ᠮᠠᠯ ᠵᠢᠭᠦᠷᠲᠡᠨ ᠤ ᠬᠦᠨᠳᠦ ᠶᠡᠭᠡ ᠡᠪᠡᠳᠴᠢᠨ ᠬᠢᠵᠢᠭ ᠤᠨ ᠭᠤᠷᠪᠠᠳᠤᠭᠠᠷ ᠤᠳᠠᠭᠠᠨ ᠤ ᠴᠠᠷᠤᠯᠲᠠ ᠬᠢᠯᠭᠡᠬᠦ ᠠᠵᠢᠯ  ᠠᠮᠵᠢᠯᠳᠠ ᠲᠠᠢ ᠲᠡᠭᠦᠰᠪᠡ
ᠨᠡᠶᠢᠲᠡᠯᠡᠭᠰᠡᠨ ᠴᠠᠭ᠄
2018-12-07
   
       ᠰᠢᠶᠠᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶᠠᠨ ᠠᠴᠠ ᠵᠣᠬᠢᠶᠠᠨ ᠪᠠᠶᠢᠭᠤᠯᠤᠭᠰᠠᠨ ᠲᠤᠭᠳᠠᠬᠤ ᠰᠢᠶᠠᠨ ᠤ ᠮᠠᠯ ᠵᠢᠭᠦᠷᠲᠡᠨ ᠤ ᠬᠦᠨᠳᠦ ᠶᠡᠭᠡ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠭᠤᠷᠪᠠᠳᠤᠭᠠᠷ ᠤᠳᠠᠭᠠᠨ ᠤ ᠴᠠᠷᠤᠯᠲᠠ ᠬᠢᠯᠭᠡᠬᠦ ᠠᠵᠢᠯ 11 ᠰᠠᠷ᠎ᠠ ᠶᠢᠨ 7 ᠤ ᠡᠳᠦᠷ ᠡᠷᠬᠢᠯᠡᠵᠤ᠂ ᠬᠤᠷᠢᠨ ᠡᠳᠦᠷ ᠤᠨ ᠪᠠᠴᠢᠮ ᠲᠡᠮᠡᠴᠡᠯᠳᠡ ᠪᠠᠷ ᠲᠠᠮᠵᠢᠨ ᠤᠳᠤ ᠨᠢᠭᠡᠨᠲᠡ ᠪᠦᠬᠦ ᠲᠠᠯ᠎ᠠ ᠪᠠᠷ ᠠᠮᠵᠢᠯᠳᠠ ᠲᠠᠢ ᠲᠡᠭᠦᠰᠦᠭᠰᠡᠨ ᠪᠠᠶᠢᠨ᠎ᠠ᠃
     ᠡᠨᠡ ᠤᠳᠠᠭᠠᠨ ᠤ ᠮᠠᠯ ᠵᠢᠭᠦᠷᠲᠡᠨ ᠤ ᠬᠦᠨᠳᠦ ᠶᠡᠭᠡ ᠬᠢᠵᠢᠭ ᠡᠪᠡᠳᠴᠢᠨ ᠢ ᠰᠡᠷᠭᠡᠶᠢᠯᠡᠬᠦ ᠡᠵᠡᠮᠳᠡᠬᠦ ᠠᠵᠢᠯ ᠨᠡᠶᠢᠲᠡ ᠦᠬᠡᠷ ᠤᠨ ᠰᠢᠯᠦᠬᠡᠶ ᠡᠪᠡᠳᠴᠢᠨ O ᠬᠡᠯᠪᠡᠷᠢ ᠶᠢᠨ — A ᠬᠡᠯᠪᠡᠷᠢ ᠶᠢᠨ ᠬᠤᠶᠠᠷ ᠸᠠᠯᠤᠨ᠋ᠲᠳᠤ ᠸᠠᠺᠼᠢᠨ 37992 ᠲᠦᠮᠡ  ᠂ ᠵᠢᠭᠦᠷᠲᠡᠨ ᠤ ᠬᠠᠯᠳᠠᠪᠤᠷᠢᠲᠤ ᠲᠠᠭᠰᠢᠭᠤᠷ ᠤᠨ ᠬᠤᠶᠠᠷ ᠸᠠᠯᠤᠨ᠋ᠲᠳᠤ ᠸᠠᠺᠼᠢᠨ 28.49 ᠲᠦᠮᠡ᠂ ᠬᠤᠨᠢᠨ ᠤ ᠪᠷᠦ᠋ᠼᠧᠯ ᠡᠪᠡᠳᠴᠢᠨ ᠡᠭᠡᠯᠢᠯᠡᠭᠡ 24.75 ᠲᠦᠮᠡᠨ ᠲᠤᠯᠤᠭᠠᠢ ᠳᠤ ᠭᠦᠷᠴᠦ᠂ ᠦᠨᠡᠨ ᠬᠦ ︽ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠵᠤ᠂ ᠰᠡᠷᠭᠡᠶᠢᠯᠡᠬᠦ ᠨᠢ ᠵᠠᠰᠠᠬᠤ ᠴᠢᠬᠤᠯᠠ︾ ᠠᠵᠢᠯ ᠤᠨ ᠴᠢᠭᠯᠡᠯᠳᠡ ᠶᠢ ᠪᠡᠶᠡᠯᠡᠭᠦᠯᠵᠦ᠂ ᠮᠠᠨ ᠤ ᠰᠢᠶᠠᠨ ᠤ ᠮᠠᠯ ᠠᠵᠤ ᠠᠬᠤᠶ ᠶᠢᠨ ᠡᠷᠡᠭᠦᠯ ᠬᠥᠭᠵᠢᠯᠲᠡ ᠶᠢ ᠦᠨᠡᠨ ᠬᠦ ᠪᠠᠲᠤᠯᠠᠪᠠ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1