ᠲᠤᠭᠳᠠᠬᠤ ᠰᠢᠶᠠᠨ ᠤ ᠲᠤᠪᠴᠢ ᠲᠠᠨᠢᠯᠴᠠᠭᠤᠯᠭ᠎ᠠ
ᠨᠡᠶᠢᠲᠡᠯᠡᠭᠰᠡᠨ ᠴᠠᠭ᠄
2018/3/27
     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠥᠪ ᠬᠥᠬᠡᠬᠤᠲᠠ ᠳᠤ ᠬᠠᠷᠢᠶᠠᠯᠠᠭᠳᠠᠬᠤ ᠲᠣᠭᠲᠠᠬᠤ ᠰᠢᠶᠠᠨ ᠪᠣᠯ ᠥᠪᠡᠷᠲᠡᠭᠡᠨ ᠵᠠᠰᠠᠬᠤ ᠣᠷᠣᠨ ᠤ  ᠲᠤᠮᠳᠠ‌‍ᠬᠡᠰᠡᠭ᠂ ᠮᠤᠨᠢ ᠠᠭᠤᠯᠠᠨ ᠤ ᠡᠮᠦᠨ᠎ᠡ ᠬᠤᠷᠮᠣᠶ᠂ ᠬᠠᠳᠦᠨ ᠭᠤᠣᠯ ᠤᠨ ᠳᠡᠭᠡᠳᠦ ᠳᠤᠮᠳᠠᠳᠤ ᠤᠷᠤᠰᠬᠠᠯ ᠤᠨ ᠵᠠᠭᠠᠭ ᠭᠠᠵᠠᠷ ᠤᠨ ᠬᠤᠶᠢᠲᠤ ᠡᠷᠬᠢ ᠳᠠᠬᠢ ᠲᠦᠮᠡᠳ ‍ᠤᠨ‌‍ᠲ᠋ᠠᠯ᠎ᠠ ᠨᠤᠳᠤᠭ ᠲᠤ ᠪᠠᠶᠢᠷᠢᠯᠠᠵᠤ᠂ ᠡᠮᠦᠨᠡᠲᠦ ᠤᠮᠠᠷᠠᠲᠤ ᠶᠢᠨ ᠰᠢᠯᠤᠭᠤᠨ ᠵᠠᠶ 54.5 ᠺᠢᠯᠣᠮᠧᠲᠷ᠂ ᠵᠡᠭᠦᠨᠰᠢ ᠪᠠᠷᠠᠭᠤᠨᠰᠢ ᠰᠢᠯᠤᠭᠤᠨ ᠵᠠᠶ 42 ᠺᠢᠯᠣᠮᠧᠲᠷ ᠵᠠᠶᠢᠲᠠᠶ᠃ ᠳᠤᠮᠳᠠᠴᠢ ᠪᠠᠷ ᠳᠠᠯᠠᠶ ᠶᠢᠨ ᠲᠦᠪᠰᠢᠨ ᠠᠴᠠ 1132ᠮᠧᠲᠷ ᠡᠷᠭᠦᠭᠳᠡᠵᠦ᠂ ᠭᠠᠵᠠᠷ ᠤᠨ ᠪᠠᠶᠢᠴᠠ ᠲᠡᠭᠰᠢᠬᠡᠨ᠂ ᠳᠤᠮᠳᠠ ᠰᠡᠷᠢᠭᠦᠨ ᠪᠦᠰᠡ ᠶᠢᠨ ᠡᠬᠡ ᠭᠠᠵᠠᠷ ᠤᠨ ᠴᠢᠨᠠᠷᠲᠠᠶ ᠠᠭᠤᠷ ᠠᠮᠢᠰᠬᠤᠯ ᠲᠠᠢ᠂ ᠳᠥᠷᠪᠡᠨ ᠤᠯᠠᠷᠢᠯ ᠢᠯᠡ ᠲᠣᠳᠣ᠂ ᠨᠠᠷᠠᠨ ᠤ ᠳᠣᠰᠣᠯᠲᠠ ᠭᠦᠢᠴᠡᠳ᠂ ᠵᠢᠯ ᠤᠨ ᠳᠤᠮᠳᠠᠴᠢ ᠠᠭᠠᠷ ᠤᠨ ᠳᠤᠯᠠᠭᠠᠨ 7.3 ℃᠂ ᠵᠢᠯ ᠤᠨ ᠳᠤᠮᠳᠠᠴᠢ ᠬᠤᠷ᠎ᠠ ᠲᠤᠨᠤᠳᠠᠰᠤᠨ ᠤ ᠬᠡᠮᠵᠢᠶ᠎ᠡ 362  ᠮᠢᠯᠢᠮᠧᠲ᠋ᠧᠷ᠃ ᠪᠦᠬᠦ ᠰᠢᠶᠠᠨ ᠤ ᠶᠡᠷᠦᠩᠬᠡᠶ ᠲᠠᠯᠠᠪᠠᠶ ᠨᠢ 1416.8 ᠲᠡᠭᠰᠢ ᠳᠥᠷᠪᠡᠯᠵᠢᠨ ᠺᠢᠯᠣᠮᠧᠲᠷ᠂  ᠰᠢᠶᠠᠨ ᠤ ᠬᠠᠷᠢᠶᠠᠨ ᠳᠤ 5 ᠪᠠᠯᠭᠠᠰᠤ᠂ ᠥᠪᠡᠷᠲᠡᠭᠡᠨ ᠵᠠᠰᠠᠬᠤ ᠣᠷᠣᠨ ᠤ  ᠲᠡᠰ ᠤᠨ ᠠᠵᠤ ᠦᠢᠯᠡᠳᠪᠦᠷᠢ ᠶᠢᠨ ᠬᠦᠷᠢᠶᠡᠯᠡᠩ᠂ ᠬᠠᠲᠤᠨ ᠭᠤᠤᠯ ᠤᠨ ᠨᠤᠭᠤ ᠭᠠᠵᠠᠷ ᠤᠨ ᠬᠠᠮᠢᠶᠠᠷᠤᠯᠲᠠ ᠶᠢᠨ ᠵᠥᠪᠯᠡᠯ᠂ 12 ᠨᠡᠶᠢᠭᠡᠮ ᠲᠣᠭᠤᠷᠢᠭ᠂ 120 ᠲᠤᠰᠬᠤᠨ ᠤ ᠵᠦᠪᠯᠡᠯ ᠪᠠᠶᠢᠳᠠᠭ᠃ ᠮᠤᠩᠭᠤᠯ᠂ ᠬᠢᠳᠠᠳ᠂ ᠬᠤᠳᠤᠩ᠂ ᠮᠠᠨᠵᠤ ᠵᠡᠷᠭᠡ 25 ᠦᠨᠳᠦᠰᠦᠲᠡᠨ ᠤᠷᠤᠰᠢᠨ ᠰᠠᠭᠤᠷᠢᠰᠢᠵᠤ᠂ ᠪᠦᠬᠦ ᠬᠥᠮᠦᠨ ᠠᠮᠠ ᠶᠢᠨ ᠲᠤᠭ᠎ᠠ  20 ᠲᠦᠮᠡ ᠪᠣᠢ᠃      ᠲᠣᠭᠲᠠᠬᠤ ᠰᠢᠶᠠᠨ ᠪᠣᠯ ᠥᠨᠢ ᠤᠳᠠᠭᠠᠨ ᠲᠡᠦᠬᠡ ᠲᠠᠢ᠂ ᠰᠣᠶᠣᠯ ᠤᠨ ᠰᠠᠭᠤᠷᠢ ᠪᠠᠷ ᠭᠦᠨ ᠵᠤᠵᠠᠭᠠᠨ ᠪᠠᠶᠢᠳᠠᠭ᠃ ᠠᠯᠢ ᠡᠷᠲᠡ ᠲᠠᠪᠤ ᠵᠢᠷᠭᠤᠭᠠᠨ ᠮᠢᠩᠭᠠᠨ ᠵᠢᠯ ᠤᠨ ᠡᠮᠦᠨ᠎ᠡ ᠰᠢᠨ᠎ᠡ ᠴᠢᠯᠠᠭᠤᠨ ᠵᠡᠪᠰᠡᠭ ᠤᠨ ᠦᠶ᠎ᠡ ᠳᠤ ᠬᠥᠮᠦᠨ ᠲᠥᠷᠥᠯᠬᠢᠲᠡᠨ ᠠᠳᠡ ᠦᠷᠡᠵᠢᠨ ᠠᠮᠢᠳᠤᠷᠠᠵᠤ ᠪᠠᠶᠢᠭᠰᠠᠨ ᠶᠤᠮ᠃ ᠰᠢᠶᠠᠨ ᠤ ᠬᠢᠯᠢ ᠳᠣᠲᠣᠷ᠎ᠠ ᠬᠠᠭᠤᠴᠢ ᠰᠤᠳᠤᠯᠤᠯ ᠤᠨ ᠡᠲᠡᠭᠡᠳ ᠤᠨ ᠬᠢᠨ ᠳᠤ ᠨᠡᠷᠡᠶᠢᠳᠤᠭᠰᠡᠨ ︽ᠬᠠᠴᠢᠨ ᠪᠤᠯᠠᠭ ᠰᠣᠶᠣᠯ︾ ᠭᠡᠬᠦ ᠰᠢᠨ᠎ᠡ ᠴᠢᠯᠠᠭᠤᠨ ᠵᠡᠪᠰᠡᠭ ᠤᠨ ᠬᠥᠮᠦᠨ ᠲᠥᠷᠥᠯᠬᠢᠲᠡᠨ ᠤ ᠬᠠᠭᠤᠴᠢᠳ ᠪᠠᠶᠢᠨ᠎ᠠ᠃ ᠨᠡᠶᠢᠲᠡ ᠶᠢᠨ ᠣᠨ ᠲᠣᠭᠠᠯᠠᠯ ᠠᠴᠠ ᠡᠮᠦᠨ᠎ᠡ 390 ᠣᠨ ᠳᠤ᠂ ᠵᠣᠣ ᠤᠯᠤᠰ ᠤᠨ ᠡᠦ ᠾᠧᠦ ᠠᠳᠡ ᠶᠦᠨ ᠵᠦᠩ ᠬᠤᠳᠠ ᠶᠢ ᠪᠠᠶᠢᠭᠤᠯᠵᠤ᠂ ᠨᠡᠶᠢᠲᠡ ᠶᠢᠨ ᠣᠨ ᠲᠣᠭᠠᠯᠠᠯ ᠠᠴᠠ ᠡᠮᠦᠨ᠎ᠡ 307 ᠣᠨ ᠳᠤ᠂ ᠵᠣᠣ ᠤᠯᠤᠰ ᠤᠨ ᠡᠦ ᠯᠢᠩ ᠸᠠᠩ ᠶᠦᠨ ᠵᠦᠩ ᠵᠢᠶᠦ᠋ᠨ ᠢ ᠪᠠᠶᠢᠭᠤᠯᠵᠤ᠂ ᠴᠡᠷᠢᠭ ᠤᠨ ᠲᠦᠷᠢᠮ ᠢ ᠦᠭᠡᠷᠡᠴᠢᠯᠡᠪᠡ᠃ ᠴᠢᠨ ᠤᠯᠤᠰ ᠵᠢᠷᠭᠤᠭᠠᠨ ᠤᠯᠤᠰ ᠢ ᠨᠢᠭᠡᠳᠬᠡᠭᠰᠡᠨ ᠤ ᠳᠠᠷᠠᠭ᠎ᠠ᠂ ᠪᠦᠬᠦ ᠤᠯᠤᠰ ᠲᠤ ᠭᠤᠴᠢᠨ ᠵᠢᠷᠭᠤᠭᠠᠨ ᠵᠢᠶᠦ᠋ᠨ ᠪᠠᠶᠢᠭᠤᠯᠤᠨ᠂ ᠡᠭᠦᠨ ᠤ ᠳᠣᠲᠣᠷ᠎ᠠ ᠶᠦᠨ‌ᠵᠥ᠋ᠩ ᠵᠢᠶᠦ᠋ᠨ ᠳᠠᠷᠤᠶ ᠲᠣᠭᠲᠠᠬᠤ ᠰᠢᠶᠠᠨ ᠤ ᠬᠢᠯᠢ ᠳᠣᠲᠣᠷ᠎ᠠ ᠪᠠᠶᠢᠭᠰᠠᠨ᠃ ᠮᠢᠩ ᠤᠯᠤᠰ ‍ᠤᠨ‌ᠵᠢᠶᠠ ᠵᠢᠩ ᠬᠠᠭᠠᠨ ᠤ ᠦᠶ᠎ᠡ ᠵᠢᠨ‌ᠠᠯᠳᠠᠨ ᠬᠠᠨ ᠤ ᠵᠢᠷᠤᠮ ᠤᠨ ᠬᠦᠪᠡᠭᠦᠨ ︽ᠲᠦᠸᠧ ᠲᠦᠸᠧ︾  ᠭᠡᠬᠦ ᠭᠦᠮᠤᠨ ᠳ᠋ᠦᠩᠱᠧᠩ ᠽᠠᠶᠢᠵᠠ  ᠳᠤ ᠮᠠᠯ  ᠮᠠᠯᠵᠢᠨ ᠠᠮᠢᠳᠤᠷᠠᠵᠤ ᠪᠠᠶᠢᠭᠰᠠᠨ  ᠪᠣᠯᠬᠤᠷ ᠲᠣᠭᠲᠠᠬᠤ  ᠭᠡᠵᠦ ᠨᠡᠷᠡᠯᠡᠪᠡ᠃      ᠲᠣᠭᠲᠠᠬᠤ ᠰᠢᠶᠠᠨ ᠥᠪᠡᠷᠮᠢᠴᠡ ᠣᠷᠣᠨ ᠪᠠᠶᠢᠷᠢᠰᠢᠯ ᠤᠨ ᠳᠠᠪᠠᠭᠤᠯᠢᠭ ᠲᠠᠢ᠂ ᠬᠥᠭᠵᠢᠯᠲᠡ ᠶᠢᠨ ᠳᠠᠪᠠᠭᠤᠯᠢᠭ  ᠢᠯᠡᠷᠬᠡᠢ᠃ ᠵᠠᠮ ᠬᠠᠷᠢᠯᠴᠠᠭ᠎ᠠ ᠲᠦᠭᠦᠮ᠂ ᠤᠰᠤ᠂ ᠨᠡᠭᠦᠷᠡᠰᠦᠨ ᠤ ᠡᠬᠢ ᠪᠠᠶᠠᠯᠢᠭ ᠡᠯᠪᠡᠭ᠂ ᠴᠠᠬᠢᠯᠭᠠᠨ ᠬᠢᠮᠳᠠᠬᠠᠨ ᠵᠡᠷᠭᠡ ᠳᠠᠪᠠᠭᠤᠯᠢᠭ ᠲᠠᠯ᠎ᠠ ᠲᠠᠢ  ᠡᠨᠡ ᠨᠢ ᠠᠵᠤ ᠦᠢᠯᠡᠰ ᠤᠨ ᠰᠢᠯᠵᠢᠯᠲᠡ ᠶᠢ ᠪᠦᠲᠦᠮᠵᠢᠲᠡᠢ ᠬᠦᠯᠢᠶᠡᠨ‌ᠠᠪᠬᠤ᠂ ᠠᠵᠤ ᠦᠢᠯᠡᠰ ᠢ ᠨᠡᠭᠡᠭᠡᠨ ᠬᠥᠭᠵᠢᠭᠦᠯᠬᠦ ᠶᠢ ᠴᠢᠩᠭᠠᠳᠭᠠᠬᠤ ᠳᠤ ᠬᠦᠴᠦᠷᠬᠡᠭ ᠶᠡᠭᠡ ᠡᠬᠢ ᠪᠠᠶᠠᠯᠢᠭ ᠤᠨ ᠲᠤᠯᠭᠠᠭᠤᠷᠢᠯᠠᠯ ᠬᠦᠴᠦᠨ ᠢ ᠬᠠᠩᠭᠠᠨ‌ᠦᠭᠴᠡᠢ᠃ ᠣᠷᠣᠨ ᠪᠠᠶᠢᠷᠢ ᠶᠢᠨ ᠵᠠᠮ ᠬᠠᠷᠢᠯᠴᠠᠭᠠᠨ ᠤ ᠳᠠᠪᠠᠭᠤᠯᠢᠭ᠄ ᠵᠡᠭᠦᠨ᠎ᠡ ᠪᠡᠭᠡᠵᠢᠩ ᠠᠴᠠ ᠪᠠᠷᠤᠭ 500 ᠺᠢᠯᠣᠮᠧᠲᠷ᠂  ᠬᠤᠶᠢᠰᠢ ᠥᠪᠡᠷᠲᠡᠭᠡᠨ ᠵᠠᠰᠠᠬᠤ ᠣᠷᠣᠨ ᠤ ᠲᠥᠪ ᠬᠥᠬᠡᠬᠤᠲᠠ ᠠᠴᠠ 70 ᠺᠢᠯᠣᠮᠧᠲᠷ᠂ ᠬᠥᠬᠡᠬᠤᠲᠠ ᠶᠢᠨ ᠰᠢᠨ᠎ᠡ ᠨᠢᠰᠬᠡᠯ ᠤᠨ ᠪᠠᠭᠤᠳᠠᠯ ᠠᠴᠠ 40 ᠺᠢᠯᠣᠮᠧᠲᠷ᠂ ᠡᠮᠦᠨᠡᠲᠦ   ᠳᠤ ᠵᠡᠭᠦᠨᠭᠠᠷ ᠨᠡᠭᠦᠷᠡᠰᠤᠨ ᠠᠭᠤᠷᠬᠠᠢ 50 ᠺᠢᠯᠣᠮᠧᠲᠷ᠂ ᠪᠠᠷᠠᠭᠤᠨ᠎ᠠ ᠲᠠᠯ᠎ᠠ ᠨᠤᠲᠤᠭ ᠤᠨ ᠪᠤᠯᠤᠤᠠ ᠲᠡᠮᠦᠷ ᠤᠨ ᠬᠤᠳᠠ ᠪᠤᠭᠤᠳᠤ ᠬᠤᠲᠠ ᠠᠴᠠ 130 ᠺᠢᠯᠣᠮᠧᠲᠷ ᠵᠠᠶᠢᠳᠠᠢ ᠪᠠᠶᠢᠵᠤ᠂ ᠭᠦᠬᠡᠬᠤᠳᠡ᠂ ᠪᠤᠭᠤᠳᠤ᠂ ᠣᠷᠳᠣᠰ ᠤᠨ ᠠᠵᠤ ᠠᠬᠤᠢ ᠶᠢᠨ ᠭᠤᠷᠮᠤᠰᠤᠨ ᠣᠷᠣᠨ ᠤ ᠥᠷᠥᠴᠡ ᠳᠤ ᠤᠷᠤᠰᠢᠨ᠂ ᠤᠯᠤᠰ ᠤᠨ ᠬᠥᠬᠡᠬᠤᠲᠠ᠂ ᠪᠤᠭᠤᠲᠤ  ᠶᠢᠨᠴᠤᠸᠠᠨ ᠂ ᠢᠦᠢ ᠯᠢᠨ ᠠᠵᠤ ᠠᠬᠤᠶ ᠶᠢᠨ ᠲᠣᠭᠤᠷᠢᠭ ᠪᠣᠯᠤᠨ ᠥᠪᠡᠷᠲᠡᠭᠡᠨ ᠵᠠᠰᠠᠬᠤ ᠣᠷᠣᠨ ᠤ ᠬᠠᠳᠤᠨ ᠭᠤᠣᠯ ᠳᠠᠭᠠᠤ ᠵᠠᠮ  ᠤᠨ ᠠᠵᠤ ᠠᠬᠤᠶ ᠶᠢᠨ ᠪᠦᠰᠡ ᠳᠠᠬᠢ ᠴᠢᠬᠤᠯᠠ ᠠᠵᠤ ᠦᠢᠯᠡᠰ ᠤᠨ ᠤᠷᠤᠨ ᠳᠤ ᠪᠠᠶᠢᠷᠢᠯᠠᠵᠤ᠂ ᠵᠠᠮ ᠬᠠᠷᠢᠯᠴᠠᠭ᠎ᠠ ᠳᠥᠭᠦᠮ ᠳᠥᠲᠡ᠃  ᠤᠰᠤ ᠨᠡᠭᠦᠷᠡᠰᠦᠨ ᠤ ᠬᠠᠮ ᠳᠠᠪᠠᠭᠤᠯᠢᠭ  ᠄ ᠬᠠᠲᠤᠨ ᠭᠤᠣᠯ ᠲᠣᠭᠲᠠᠬᠤ ᠰᠢᠶᠠᠨ ᠤ ᠬᠢᠯᠢ ᠲᠤᠳᠤᠷ᠎ᠠ 37.5 ᠺᠢᠯᠣᠮᠧᠲᠷ ᠤᠷᠤᠰᠬᠠᠯ ᠲᠠᠢ᠂ ᠣᠶᠢᠷ᠎ᠠ ᠬᠠᠪᠢ ᠳ᠋ᠠᠭᠠᠨ‌ᠤᠰᠤᠨ ᠤ ᠡᠬᠢ ᠪᠠᠶᠠᠯᠢᠭ ᠬᠢᠭᠡᠳ ᠨᠡᠭᠦᠷᠡᠰᠦᠨ ᠤ ᠡᠬᠢ ᠪᠠᠶᠠᠯᠢᠭ ᠡᠯᠪᠡᠭ ᠳᠡᠯᠪᠡᠭ᠂  ᠨᠡᠭᠦᠷᠡᠰᠤᠨ ᠤ ᠴᠢᠨᠠᠷ  ᠰᠠᠶᠢᠲᠠᠢ᠂ ᠬᠠᠳᠠᠭᠠᠯᠠᠭᠳᠠᠴᠠ ᠶᠡᠭᠡ᠂ ᠵᠥᠭᠡᠭᠡᠪᠦᠷᠢᠯᠡᠬᠦ ᠵᠠᠮ ᠣᠬᠤᠷ᠂ ᠥᠪᠡᠷ ᠤᠨ ᠤᠢᠷᠳᠡᠭ ᠨᠢ ᠳᠣᠣᠷ᠎ᠠ᠂ ᠠᠳᠠᠯᠢ ᠲᠦᠷᠦᠯ ᠤᠨ ᠦᠢᠯᠡᠳᠬᠦᠨ ᠤ ᠵᠠᠬ᠎ᠠ ᠳᠡᠯᠭᠡᠭᠦᠷ ᠤᠨ ᠥᠷᠢᠰᠥᠯᠳᠦᠭᠡᠨ ᠤ ᠳᠤᠮᠳᠠ ᠢᠯᠡᠳᠲᠡ ᠳᠠᠪᠠᠭᠤᠯᠢᠭ ᠲᠠᠯ᠎ᠠ ᠲᠠᠢ᠃ ᠴᠠᠬᠢᠯᠭᠠᠨ ᠤ ᠦᠨ᠎ᠡ ᠵᠢᠨ‌‍ᠲ᠋ᠠᠪᠠᠭᠤᠯᠢᠭ ᠲᠠᠯ᠎ᠠ ᠄ ︽ᠥᠪᠥᠷ ᠮᠣᠩᠭᠤᠯ ᠤᠨ ᠠᠵᠤ ᠠᠬᠤᠶ ᠨᠡᠶᠢᠭᠡᠮ ᠤᠨ  ᠰᠠᠶᠢᠨ ᠮᠥᠷᠲᠡᠭᠡᠨ ᠲᠦᠷᠭᠡᠨ ᠬᠥᠭᠵᠢᠯᠲᠡ ᠶᠢ ᠤᠯᠠᠮ ᠨᠢᠭᠡ ᠠᠯᠬᠤᠮ ᠠᠬᠢᠭᠤᠯᠬᠤ ᠲᠤᠬᠠᠶ ᠲᠦᠷᠥ ᠶᠢᠨ ᠬᠤᠷᠢᠶ᠎ᠠ ᠶᠢᠨ ᠰᠠᠨᠠᠯ  ᠤᠳ︾ ᠲᠤ ᠲᠣᠳᠣᠷᠬᠠᠶ ᠳᠤᠷᠠᠳᠤᠨ ᠭᠠᠷᠭᠠᠭᠰᠠᠨ ᠨᠢ᠂ ᠥᠪᠥᠷ ᠮᠣᠩᠭᠤᠯ ᠵᠠᠪᠠᠯ ᠴᠠᠬᠢᠯᠭᠠᠨ ᠭᠦᠴᠤᠨ ᠢ ᠶᠡᠭᠡ ᠪᠠᠷ ᠲᠦᠯᠬᠢᠨ ᠠᠬᠢᠭᠤᠯᠵᠤ᠂ ᠣᠯᠠᠨ ᠲᠠᠯ᠎ᠠ ᠪᠠᠷ ᠠᠷᠠᠯᠵᠢᠶᠠᠯᠠᠵᠤ᠂ ᠠᠵᠤ ᠠᠬᠤᠶᠢᠯᠠᠯ ᠳᠤ ᠬᠢᠮᠳᠠ ᠦᠨ᠎ᠡ ᠵᠢᠨ‌‍ᠴᠠᠬᠢᠯᠭᠠᠨ ᠬᠠᠩᠭᠠᠬᠤ ᠲᠦᠷᠦ ᠶᠢᠨ ᠪᠤᠳᠤᠯᠭ᠎ᠠ ᠶᠢᠨ ᠳᠡᠮᠵᠢᠯᠭᠡ ᠦᠵᠡᠭᠦᠯᠤᠭ᠍ᠰᠡᠨ ᠶᠤᠮ᠃ ᠡᠭᠦᠨ ᠤ ᠬᠠᠮᠲᠤ ᠴᠠᠬᠢᠯᠭᠠᠨ ᠤ ᠦᠨ᠎ᠡ ᠶᠢᠨ ᠲᠣᠭᠲᠠᠭᠤᠨ ᠪᠦᠭᠡᠳ ᠬᠢᠮᠳᠠ ᠲᠦᠷᠦ ᠶᠢᠨ ᠪᠤᠲᠤᠯᠭ᠎ᠠ ᠶᠢ ᠬᠡᠷᠡᠭᠵᠢᠭᠦᠯᠵᠦ᠂ ᠴᠠᠬᠢᠯᠭᠠᠨ ᠤ ᠦᠨ᠎ᠡ ᠶᠢᠨ ᠲᠣᠭᠲᠠᠭᠤᠨ ᠪᠦᠭᠡᠳ ᠬᠢᠮᠳᠠ ᠲᠣᠭᠲᠠᠴᠠ ᠶᠢ ᠠᠰᠢᠭᠯᠠᠨ᠂ ᠲᠤᠮᠤ ᠠᠵᠤ ᠦᠢᠯᠡᠳᠪᠦᠷᠢ ᠠᠵᠤ ᠠᠬᠤᠶᠢᠯᠠᠯ ᠤᠨ ᠴᠠᠬᠢᠯᠭᠠᠨ ᠬᠡᠷᠡᠭᠯᠡᠬᠦ  ᠥᠪᠡᠷ ᠤᠨ ᠦᠷᠳᠡᠭ ᠢ ᠪᠠᠭᠤᠷᠠᠭᠤᠯᠵᠤ᠂ ᠳᠠᠪᠠᠭᠤᠯᠢᠭ ᠪᠥᠬᠦᠢ ᠤᠨᠴᠠᠯᠢᠬᠳᠤ ᠠᠵᠤ ᠦᠢᠯᠡᠰ ᠤᠨ ᠥᠷᠢᠰᠥᠯᠳᠦᠬᠦ ᠴᠢᠳᠠᠯ ᠢ ᠲᠡᠭᠡᠭᠰᠢᠯᠡᠭᠦᠯᠤᠭ᠍ᠰᠡᠨ ᠪᠠᠶᠢᠨ᠎ᠠ᠃            ᠣᠶᠢᠷ᠎ᠠ ᠶᠢᠨ ᠵᠢᠯ ᠤᠳ ᠲᠤ᠂ ᠲᠣᠭᠲᠠᠬᠤ ᠰᠢᠶᠠᠨ ᠰᠢᠨᠵᠢᠯᠡᠬᠦ ᠤᠬᠠᠭᠠᠨᠴᠢ ᠬᠥᠭᠵᠢᠯᠲᠡ ᠶᠢᠨ ᠦᠵᠡᠯᠲᠡ ᠶᠢ ᠪᠠᠲᠤ ᠪᠠᠬᠢ ᠪᠤᠢ ᠪᠣᠯᠭᠠᠨ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ  ᠂ ︽ᠠᠵᠤ ᠦᠢᠯᠡᠳᠪᠦᠷᠢ ᠶᠢᠨ ᠬᠦᠴᠦᠷᠬᠡᠭ ᠰᠢᠶᠠᠨ᠂ ᠬᠤᠳᠠ ᠬᠥᠳᠡᠭᠡ ᠶᠢ ᠨᠢᠭᠡᠳᠦᠯᠲᠡᠶ ᠲᠥᠯᠥᠪᠵᠢᠭᠦᠯᠬᠦ᠂ ᠭᠤᠷᠪᠠ ᠰᠣᠯᠢᠯᠴᠠᠬᠤ︾ ᠬᠥᠭᠵᠢᠯᠲᠡ ᠶᠢᠨ ᠰᠡᠳᠬᠢᠴᠡ ᠢ ᠢᠮᠠᠭᠲᠠ ᠪᠠᠷᠢᠮᠲᠠᠯᠠᠨ᠂ ︽ᠭᠤᠷᠪᠠᠨ ᠶᠡᠭᠡ ᠳᠠᠪᠠᠭᠤᠯᠢᠭ︾ ᠢ ᠭᠦᠢᠴᠡᠳ ᠪᠠᠳᠠᠷᠠᠭᠤᠯᠵᠤ᠂ ᠠᠵᠤ ᠠᠬᠤᠶ ᠶᠢᠨ ᠬᠥᠭᠵᠢᠯᠲᠡ ᠶᠢᠨ ᠠᠷᠭ᠎ᠠ ᠮᠠᠶ᠋ᠢᠭ ᠢ ᠲᠦᠷᠭᠡᠪᠴᠢᠯᠡᠨ ᠬᠤᠪᠢᠷᠠᠭᠤᠯᠵᠤ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠪᠠ ᠨᠡᠶᠢᠭᠡᠮ ‍ᠤᠨ‌ᠡᠶ᠎ᠡ ᠵᠣᠬᠢᠴᠠᠯ ᠲᠠᠢ ᠲᠣᠭᠲᠠᠭᠤᠨ ᠪᠠᠶᠢᠬᠤ ᠶᠢ ᠦᠨᠡᠨᠬᠦ ᠬᠠᠮᠠᠭᠠᠯᠠᠪᠠ  ᠃ ᠠᠵᠤ ᠦᠢᠯᠡᠳᠪᠦᠷᠢᠵᠢᠯᠲᠡ ᠪᠠᠷ ᠲᠠᠷᠢᠶᠠᠯᠠᠩ ᠤᠨ ᠣᠳᠣᠬᠢᠴᠢᠯᠠᠯᠲᠠ ᠶᠢ ᠲᠠᠶᠢᠴᠢᠯᠠᠬᠤ ᠬᠠᠶᠢᠨ ᠰᠦᠪᠡᠭᠴᠢᠯᠡᠯᠲᠡ ᠳᠤᠮᠳᠠ᠂ ᠬᠤᠳᠠ ᠬᠥᠳᠡᠭᠡ ᠶᠢᠨ ᠴᠤᠭᠴᠠᠵᠢᠯᠳᠠ᠂ ᠦᠢᠯᠡᠴᠢᠯᠡᠭᠡᠨ ᠤ ᠦᠢᠯᠡᠰ ᠤᠨ ᠠᠵᠤ ᠦᠢᠯᠡᠰᠵᠢᠭᠦᠯᠬᠦ ᠠᠷᠠᠳ ᠢ ᠪᠠᠶᠠᠵᠢᠭᠤᠯᠵᠤ ᠰᠢᠶᠠᠨ ᠢᠶᠠᠨ ᠬᠦᠴᠦᠷᠬᠡᠭᠵᠢᠭᠦᠯᠬᠦ ᠵᠠᠮ ᠢ ᠨᠡᠭᠡᠭᠡᠭᠰᠡᠨ ᠪᠠᠶᠢᠨ᠎ᠠ᠂ ᠤᠯᠠᠮᠵᠢᠯᠠᠯᠲᠤ ᠲᠠᠷᠢᠶᠠᠯᠠᠩ  ᠤᠨ ᠰᠢᠶᠠᠨ ᠠᠴᠠ ᠰᠢᠨ᠎ᠡ ᠮᠠᠶ᠋ᠢᠭ ᠤᠨ ᠠᠵᠤ ᠦᠢᠯᠡᠳᠪᠦᠷᠢ ᠶᠢᠨ ᠰᠢᠶᠠᠨ ᠪᠤᠯᠭᠠᠨ ᠬᠤᠪᠢᠷᠠᠭᠤᠯᠵᠤ᠂ ᠤᠯᠤᠰ ᠤᠨ ᠳᠡᠰ ᠤᠨ ᠶᠠᠳᠠᠭᠤ ᠬᠦᠴᠢᠷᠳᠡᠯᠲᠡᠶ ᠰᠢᠶᠠᠨ ᠠᠴᠠ ᠪᠠᠨ ᠪᠦᠬᠦ ᠣᠷᠣᠨ ᠤ ᠲᠡᠷᠢᠭᠦᠨ ᠤ ᠠᠵᠤ ᠠᠬᠤᠶ ᠶᠢᠨ ᠬᠤᠰᠢᠭᠤ ᠰᠢᠶᠠᠨ ᠤ ᠳᠠᠪᠠᠯᠲᠠ ᠶᠢ ᠪᠡᠶᠡᠯᠡᠭᠦᠯᠵᠡᠶ᠃ 2013 ᠣᠨ ᠳᠤ  ᠪᠦᠬᠦ ᠰᠢᠶᠠᠨ ᠤ ᠭᠠᠵᠠᠷ  ᠤᠷᠤᠨ ᠤ ᠦᠢᠯᠡᠳᠪᠦᠷᠢᠯᠡᠯ ᠤᠨ ᠶᠡᠷᠤᠩᠬᠡᠢ ᠦᠷᠳᠡᠭ 236.6 ᠳ᠋ᠦᠩᠰᠢᠭᠤᠷ ᠲᠦᠭᠦᠷᠢᠭ ᠲᠤ ᠭᠦᠷᠴᠤ᠂ ᠡᠳ᠋ ᠤᠨ ᠵᠠᠰᠠᠭ ᠤᠨ ᠣᠷᠣᠯᠭ᠎ᠠ 23.2 ᠳ᠋ᠦᠩᠰᠢᠭᠤᠷ ᠢ ᠪᠡᠶᠡᠯᠡᠭᠦᠯᠵᠤ᠂ ᠬᠤᠳᠠ ᠪᠠᠯᠭᠠᠰᠤᠨ ᠤ ᠰᠠᠭᠤᠭᠠᠯᠢ ᠠᠷᠠᠳ ᠤᠨ ᠬᠥᠮᠦᠨ ᠪᠦᠷᠢ ᠶᠢᠨ ᠡᠵᠡᠮᠳᠡᠵᠦ ᠪᠣᠯᠬᠤ ᠳᠤᠮᠳᠠᠴᠢ ᠣᠷᠣᠯᠭ᠎ᠠ 28716 ᠲᠥᠭᠦᠷᠢᠭ ᠲᠤ ᠬᠦᠷᠴᠦ᠂ ᠲᠠᠷᠢᠶᠠᠴᠢᠳ ᠤᠨ ᠬᠥᠮᠦᠨ ᠪᠦᠷᠢ ᠶᠢᠨ ᠳᠤᠮᠳᠠᠴᠢ ᠴᠡᠪᠡᠷ ᠣᠷᠣᠯᠭ᠎ᠠ 13576 ᠲᠥᠭᠦᠷᠢᠭ ᠲᠤ ᠬᠦᠷᠴᠡᠢ᠃ ᠲᠣᠭᠲᠠᠬᠤ ᠰᠢᠶᠠᠨ᠂ ᠬᠡᠳᠦᠨ ᠵᠢᠯ ᠳᠠᠷᠠᠭᠠᠯᠠᠨ ᠪᠦᠬᠦ ᠤᠯᠤᠰ ᠤᠨ ᠪᠠᠷᠠᠭᠤᠨ ᠣᠷᠣᠨ ᠤ ᠵᠠᠭᠤᠨ ᠬᠦᠴᠦᠷᠬᠡᠭ ᠰᠢᠶᠠᠨ ᠤ ᠡᠩᠨᠡᠭᠡ ᠳᠤ ᠣᠷᠣᠵᠤ᠂ ᠪᠦᠬᠦ ᠤᠯᠤᠰ ᠤᠨ ᠳᠤᠮᠳᠠ ᠪᠠᠭ᠎ᠠ ᠬᠤᠳᠠ ᠶᠢᠨ ᠰᠢᠨᠵᠢᠯᠡᠬᠦ ᠤᠬᠠᠭᠠᠨᠴᠢ ᠬᠥᠭᠵᠢᠯᠲᠡ ᠶᠢ ᠦᠨᠡᠯᠡᠬᠦ ᠳᠤᠮᠳᠠ᠂ ᠪᠦᠬᠦ ᠤᠯᠤᠰ ᠤᠨ ᠳᠤᠮᠳᠠ ᠵᠢᠵᠢᠭ ᠬᠤᠲᠠ ᠶᠢᠨ ᠶᠡᠷᠦᠩᠬᠡᠶᠢᠯᠡᠭᠰᠡᠨ ᠪᠣᠳᠠᠲᠤ ᠬᠦᠴᠦᠨ ᠵᠠᠭᠤᠨ ᠬᠦᠴᠦᠷᠬᠡᠭ ᠰᠢᠶᠠᠨ ᠲᠤᠳᠤᠷ᠎ᠠ 59  ᠳ᠋ᠤᠭᠡᠷ ᠲᠤ ᠵᠢᠭᠰᠠᠭᠠᠭᠳᠠᠵᠣ᠂ ᠪᠡᠯᠨ ᠣᠷᠣᠭᠤᠯᠬᠤ ᠬᠠᠮᠤᠭ ᠤᠨ ᠶᠡᠭᠡ ᠲᠠᠯᠳᠠ ᠬᠦᠴᠦᠨ ᠲᠠᠢ ᠳᠤᠮᠳᠠ ᠵᠢᠵᠢᠭ ᠬᠤᠳᠠ ᠶᠢᠨ ᠵᠠᠭᠤᠨ ᠬᠦᠴᠦᠷᠬᠡᠭ ᠰᠢᠶᠠᠨ ᠤ 48 ᠳ᠋ᠤᠭᠠᠷ ᠲᠤ ᠣᠷᠣᠵᠤ᠂ ᠥᠪᠡᠷᠲᠡᠭᠡᠨ ᠵᠠᠰᠠᠬᠤ ᠣᠷᠣᠨ ᠤ ᠲᠣᠭᠲᠠᠭᠠᠭᠰᠠᠨ ᠪᠦᠬᠦ ᠣᠷᠣᠨ ᠤ ᠠᠩᠬᠠᠳᠠᠭᠴᠢ ᠪᠦᠯᠦᠭ ᠣᠷᠴᠢᠯ ᠠᠵᠤ ᠠᠬᠤᠶ  ᠶᠢᠨ ᠵᠢᠱᠢᠶᠡᠴᠢ ᠰᠢᠶᠠᠨ ᠪᠤᠯᠵᠠᠢ᠃      ᠲᠡᠦᠬᠡ ᠶᠢᠨ ᠰᠢᠨ᠎ᠡ ᠡᠬᠢᠯᠡᠯᠲᠡ ᠶᠢᠨ ᠴᠡᠭ ᠳᠡᠭᠡᠷ᠎ᠡ ᠵᠣᠭᠰᠣᠵᠤ᠂ ᠲᠣᠭᠲᠠᠬᠤ ᠰᠢᠶᠠᠨ ᠤ ᠠᠷᠠᠳ ᠲᠦᠮᠡᠨ᠂ ᠦᠨᠡᠨᠴᠢ ᠢᠲᠡᠭᠡᠮᠵᠢᠲᠡᠶ᠂ ᠰᠢᠨ᠎ᠡ ᠶᠢ ᠡᠭᠦᠳᠬᠦ  ᠂  ᠭᠤᠤᠯᠴᠢ ᠰᠢᠳᠤᠷᠭᠤ᠂ ᠡᠶ᠎ᠡ ᠵᠣᠬᠢᠴᠠᠯ ᠲᠠᠢ ᠲᠣᠭᠲᠠᠬᠤ ᠶᠢᠨ ᠵᠣᠷᠢᠭ ᠰᠠᠨᠠᠭ᠎ᠠ ᠶᠢ  ᠪᠠᠳᠠᠷᠠᠭᠤᠯᠵᠤ᠂ ᠰᠠᠬᠢᠨ ᠪᠠᠷᠠᠯᠠᠵᠥ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠲᠡᠮᠡᠴᠡᠬᠦ ᠱᠠᠭᠠᠷᠳᠠᠯᠭ᠎ᠠ ᠶᠢᠨ ᠶᠣᠰᠣᠭᠠᠷ ᠪᠠᠷ ᠥᠪᠡᠷᠲᠡᠭᠡᠨ ᠵᠠᠰᠠᠭ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶᠠᠨ ᠤ ᠳᠤᠷᠠᠳᠤᠨ ᠭᠠᠷᠭᠠᠭᠰᠠᠨ ︽ᠬᠤᠣᠰ ᠲᠡᠷᠢᠭᠦᠨ ᠵᠡᠷᠭᠡ᠂ ᠲᠥᠪ ᠤᠨ ᠭᠤᠷᠪᠠᠨ ᠴᠢᠬᠤᠯᠠ‌ᠬᠤᠲᠠ᠂ ᠬᠤᠶᠠᠷ ᠢ ᠤᠷᠢᠳᠴᠢᠯᠠᠬᠤ︾ ᠲᠡᠮᠡᠴᠡᠯ ᠤᠨ ᠬᠠᠷᠠᠯᠲᠠ ᠲᠠᠢ ᠨᠢᠭᠲᠠ ᠤᠶᠠᠯᠳᠤᠭᠤᠯᠵᠤ᠂  ᠲᠣᠭᠲᠠᠬᠤ ᠰᠢᠶᠠᠨ ᠢᠶᠠᠨ ︽ᠭᠤᠷᠪᠠᠨ ᠲᠡᠷᠢᠭᠦᠨ ᠲᠠᠰ︾ ᠶᠢ  ᠪᠤᠳᠠᠳᠠᠶᠢᠵᠢᠭᠤᠯᠤᠨ᠂ ︽ᠲᠦᠷᠪᠡᠨ ᠪᠦᠳᠦᠭᠡᠨ ᠪᠠᠶᠢᠭᠤᠯᠤᠯᠲᠠ︾ ᠶᠢ ᠠᠬᠢᠭᠤᠯᠵᠤ᠂ ︽ᠨᠢᠭᠡ ᠬᠠᠷᠠᠯᠲᠠ ︾ ᠶᠢ ᠪᠡᠶᠡᠯᠡᠭᠦᠯᠵᠦ᠂ ᠡᠬᠡ ᠤᠯᠤᠰ ᠤᠨ ᠤᠮᠠᠷᠠᠲᠤ ᠶᠢᠨ ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ ᠪᠤᠯᠭᠠᠨ ᠪᠠᠶᠢᠭᠤᠯᠬᠤ ᠬᠠᠷᠠᠯᠳᠠ ᠵᠦᠭ ᠲᠡᠪᠰᠢᠨ ᠠᠭᠢᠭᠰᠠᠨ ᠪᠠᠶᠢᠨ᠎ᠠ᠃ ᠬᠥᠭᠵᠢᠯᠲᠡ ᠶᠢᠨ ᠪᠠᠶᠢᠳᠠᠯ ᠥᠷᠨᠢᠩᠭᠦᠶ᠂ ᠪᠠᠶᠢᠯᠳᠤᠬᠤ ᠪᠣᠳᠣᠯᠭ᠎ᠠ ᠶᠢᠨ ᠲᠣᠭᠲᠠᠭᠠᠯᠲᠠ ᠲᠣᠳᠣᠷᠬᠠᠶ ᠪᠠ ︽ᠭᠤᠷᠪᠠᠨ ᠶᠡᠭᠡ ᠳᠠᠪᠠᠭᠤᠯᠢᠭ︾   ᠢ  ᠲᠤᠪᠦᠶᠢᠯᠭᠠᠨ᠂ ᠰᠢᠶᠠᠨ ᠤ ᠬᠡᠪᠴᠢᠶ᠎ᠡ ᠶᠢᠨ ᠠᠵᠤ ᠠᠬᠤᠶ ᠶᠢ ᠨᠡᠩ ᠰᠠᠶᠢᠨ ᠨᠡᠩ ᠲᠦᠷᠭᠡᠨ ᠭᠦᠭᠵᠢᠭᠦᠯᠦᠨ᠂ ᠨᠡᠩ ᠥᠷᠭᠡᠨ ᠠᠭᠤᠳᠠᠮ ᠬᠦᠭᠵᠢᠯᠳᠡ ᠶᠢᠨ ᠣᠷᠣᠨ ᠵᠠᠶ ᠶᠢ ᠥᠷᠭᠡᠳᠬᠡᠵᠦ᠂ ᠥᠷᠭᠡᠨ ᠤᠯᠠᠨ ᠬᠤᠳᠠᠯᠳᠤᠭᠠᠴᠢᠨ ᠪᠡᠯᠡ ᠤᠷᠤᠭᠤᠯᠤᠭᠰᠠᠳ ᠲᠤ ᠬᠢᠵᠠᠭᠠᠯᠠᠰᠢ ᠦᠭᠡᠢ  ᠬᠦᠭᠵᠢᠯᠳᠡ ᠶᠢᠨ ᠵᠠᠪᠰᠢᠶᠠᠨ ᠪᠦᠷᠢᠯᠳᠦᠭᠦᠯᠦᠨ‌ᠦᠭᠬᠦ ᠪᠠᠷ ᠴᠢᠷᠮᠠᠶᠢᠭᠰᠠᠭᠠᠷ ᠢᠷᠡᠵᠡᠢ᠃      ᠲᠣᠭᠲᠠᠬᠤ ᠰᠢᠶᠠᠨ ᠪᠣᠯ ᠪᠦᠬᠦ ᠲᠠᠯ᠎ᠠ ᠪᠠᠷ ᠪᠦᠲᠦᠭᠡᠨ ᠪᠠᠶᠢᠭᠤᠯᠤᠭᠳᠠᠵᠤ ᠪᠠᠶᠢᠭ᠎ᠠ᠂ ᠡᠳᠦᠷ ᠠᠴᠠ ᠡᠳᠦᠷ ᠥᠭᠡᠷᠡᠲᠦᠨ ᠰᠢᠨᠡᠳᠴᠦ ᠪᠠᠶᠢᠭ᠎ᠠ ᠭᠠᠵᠠᠷ ᠣᠷᠣᠨ᠂ ᠴᠤᠬ ᠪᠠᠳᠠᠷᠠᠩᠭᠤᠶ᠂ ᠬᠦᠭᠵᠢᠨ ᠮᠠᠨᠳᠤᠵᠤ ᠪᠠᠶᠢᠭ᠎ᠠ ᠭᠠᠵᠠᠷ ᠣᠷᠣᠨ᠂ ᠲᠠᠨ ᠤ ᠰᠠᠨᠠᠭᠰᠠᠨ ᠰᠠᠨᠠᠭ᠎ᠠ ᠰᠠᠨᠠᠴᠢᠯᠠᠨ ᠪᠦᠳᠦᠬᠦ ᠬᠦᠰᠡᠯᠡᠩᠳᠦ ᠭᠠᠵᠠᠷ ᠣᠷᠣᠨ ᠮᠦᠨ  ᠂  ᠮᠦᠨᠴᠤ ᠨᠢᠭᠡᠨ ᠭᠡᠷᠡᠯ ᠰᠠᠴᠤᠷᠩᠭᠤᠢ ᠬᠠᠲᠤᠨ ᠭᠤᠣᠯ ᠤᠷᠤᠰᠬᠠᠯ ᠲᠠᠭᠠᠤ ᠳᠠᠬᠢ ᠭᠢᠯᠠᠯᠵᠠᠭᠰᠠᠨ ᠭᠡᠷᠡᠯᠲᠦ ᠰᠤᠪᠤᠳ ᠁  ᠪᠠᠶᠢᠭᠠᠯᠯᠢᠭ ᠰᠠᠶᠢᠬᠠᠨ ᠠᠭᠤᠯᠠ ᠤᠰᠤ ᠲᠠᠢ᠂ ᠪᠢᠴᠢᠭ ᠤᠨ ᠰᠤᠷᠪᠤᠯᠵᠢᠳᠤ ᠲᠣᠭᠲᠠᠬᠤ ᠰᠢᠶᠠᠨ ᠲᠠᠨ ᠢ ᠪᠠᠶᠠᠷᠯᠠᠨ ᠤᠭᠲᠤᠵᠤ ᠪᠠᠶᠢᠨ᠎ᠠ︕
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1