ᠲᠣᠭᠲᠠᠬᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ︽ᠲᠣᠭᠲᠠᠬᠤ ᠰᠢᠶᠠᠨ ᠤ ᠠᠮᠢ ᠠᠬᠤᠶ ᠶᠢ ᠬᠠᠮᠠᠭᠠᠯᠠᠨ ᠶᠠᠳᠠᠭᠤ ᠶᠢ ᠲᠡᠳᠬᠦᠬᠦ ᠠᠵᠢᠯ ᠤᠨ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2018-03-27
 ᠲᠤᠭᠳᠠᠬᠤ ᠵᠠᠰᠠᠭ ᠠᠯᠪᠠᠨ ᠲᠠᠷᠬᠠᠭᠠᠭᠰᠠᠨ    ﹇2017﹈   51   ᠳ᠋ᠦ᠋ᠭᠡᠷ ᠲᠣᠭᠠᠲᠤ ᠲᠣᠭᠲᠠᠬᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ︽ᠲᠣᠭᠲᠠᠬᠤ ᠰᠢᠶᠠᠨ ᠠᠮᠢ ᠠᠬᠤᠶ ᠶᠢ ᠬᠠᠮᠠᠭᠠᠯᠠᠨ ᠶᠠᠳᠠᠭᠤ ᠶᠢ ᠲᠡᠳᠬᠦᠬᠦ ᠠᠵᠢᠯ ᠤᠨ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯᠡᠯ᠎ᠡ ᠪᠠᠯᠭᠠᠰᠤ᠂  ᠡᠾᠧ ᠺᠸᠤ ᠬᠠᠮᠢᠶᠠᠷᠤᠯᠲᠠ ᠶᠢᠨ ᠵᠥᠪᠯᠡᠯ᠂ ᠰᠢᠶᠠᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ᠄      ︽ᠲᠣᠭᠲᠠᠬᠤ ᠰᠢᠶᠠᠨ ᠤ ᠠᠮᠢ ᠠᠬᠤᠶ ᠶᠢ ᠬᠠᠮᠠᠭᠠᠯᠠᠨ ᠶᠠᠳᠠᠭᠤ ᠶᠢ ᠲᠡᠳᠬᠦᠬᠦ ᠠᠵᠢᠯ ᠤᠨ ᠬᠡᠷᠡᠭᠵᠢᠭᠦᠯᠬᠦ ᠲᠥᠰᠦᠯ︾   ᠢ ᠰᠢᠶᠠᠨ ᠤ ᠵᠠᠰᠠᠭ ᠤᠨ ᠤᠷᠳᠤᠨ ᠢᠶᠠᠷ ᠵᠦᠪᠰᠢᠶᠡᠷᠡᠭᠦᠯᠦᠭᠡᠳ ᠡᠳᠤᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠶ ᠲᠤᠤᠱᠯᠠᠭᠤᠯᠤᠨ ᠬᠡᠷᠡᠭᠵᠢᠭᠦᠯᠲᠦᠭᠡᠶ᠃       2017 ᠤᠨ ᠤ 11ᠰᠠᠷ᠎ᠠ ᠶᠢᠨ 28 ᠤ ᠡᠳᠤᠷᠲᠣᠭᠲᠠᠬᠤ ᠰᠢᠶᠠᠨ ᠤ ᠠᠮᠢ ᠠᠬᠤᠶ ᠶᠢ ᠬᠠᠮᠠᠭᠠᠯᠠᠨ ᠶᠠᠳᠠᠭᠤ ᠶᠢ ᠲᠡᠳᠬᠦᠬᠦ ᠠᠵᠢᠯ   ᠤᠨ ᠬᠡᠷᠡᠭᠵᠢᠭᠦᠯᠬᠦ ᠲᠥᠰᠦᠯ       ᠶᠡᠷᠦᠩᠬᠡᠶ ᠱᠦᠵᠢ ᠰᠢ ᠶᠢᠨ ᠫᠢᠩ ‍ᠤᠨ‌‍ᠰᠢᠨ᠎ᠡ ᠴᠠᠭ ᠦᠶ᠎ᠡ ᠶᠢᠨ ᠶᠠᠳᠠᠭᠤ   ᠶᠢ ᠲᠡᠳᠬᠦᠵᠦ ᠨᠡᠭᠡᠭᠡᠨ ᠬᠥᠭᠵᠢᠭᠦᠯᠬᠦ ᠲᠤᠬᠠᠶ ᠴᠢᠬᠤᠯᠠ ᠪᠠᠶᠢᠯᠳᠤᠬᠤ ᠪᠤᠳᠤᠯᠭ᠎ᠠ ᠶᠢᠨ ᠦᠵᠡᠯ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ  ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠬᠥᠬᠡᠬᠤᠲᠠ ᠶᠢᠨ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠵᠢᠯ ᠤᠨ ᠲᠤᠬᠠᠶ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠢᠶᠠᠷ᠂ ᠠᠮᠢ ᠠᠬᠤᠶ ᠶᠢ ᠬᠠᠮᠠᠭᠠᠯᠠᠨ ᠶᠠᠳᠠᠭᠤ ᠶᠢ ᠲᠡᠳᠬᠦᠬᠦ ᠠᠵᠢᠯ ᠢ ᠭᠦᠨᠵᠡᠭᠡᠶ ᠲᠦᠯᠬᠢᠨ ᠠᠬᠢᠭᠤᠯᠤᠨ᠂ ᠮᠠᠨ ᠤ ᠰᠢᠶᠠᠨ ᠤ ᠪᠤᠳᠠᠳᠤ ᠪᠠᠶᠢᠳᠠᠯ ᠲᠠᠢ ᠤᠶᠠᠯᠳᠤᠭᠤᠯᠤᠨ᠂  ᠣᠨᠴᠣᠭᠤᠶᠢᠯᠠᠨ ᠲᠤᠰ ᠬᠡᠷᠡᠭᠵᠢᠭᠦᠯᠬᠦ ᠲᠥᠰᠦᠯ   ᠢ ᠲᠣᠭᠲᠠᠭᠠᠪᠠ᠃ ᠨᠢᠭᠡ᠂ ᠵᠢᠯᠣᠭᠤᠳᠬᠤ ᠦᠵᠡᠯ ᠰᠠᠨᠠᠭ᠎ᠠ      ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠤᠰᠬᠠᠶ ᠵᠦᠢᠯᠡᠰ ᠢᠶᠠᠷ ᠶᠠᠳᠠᠭᠤ ᠶᠢ ᠲᠡᠳᠬᠦᠬᠦ ᠢ ᠪᠠᠷᠢᠮᠲᠠᠯᠠᠵᠤ᠂ ᠠᠵᠢᠯ ᠲᠥᠷᠥᠯ ᠢᠶᠠᠷ ᠶᠠᠳᠠᠭᠤ ᠶᠢ ᠲᠡᠳᠬᠦᠬᠦ ᠪᠠ ᠨᠡᠶᠢᠭᠡᠮ ᠤᠨ ᠶᠠᠳᠠᠭᠤ ᠶᠢ ᠲᠡᠳᠬᠦᠬᠦ ᠶᠢ ᠣᠷᠭᠠᠨᠢᠭ ᠢᠶᠠᠷ ᠤᠶᠠᠯᠳᠤᠭᠤᠯᠵᠤ᠂ ᠶᠠᠳᠠᠭᠤ ᠬᠦᠴᠢᠷᠳᠡᠯ ᠲᠠᠢ ᠡᠷᠦᠬᠡ ᠳᠤ ᠤᠨᠢᠯᠠᠨ᠂ ᠶᠠᠳᠠᠭᠤᠷᠠᠭᠰᠠᠨ ᠰᠢᠯᠲᠠᠭᠠᠨ ᠢ ᠣᠨᠣᠪᠴᠢᠲᠠᠶ ᠡᠷᠢᠨ ᠣᠯᠵᠤ᠂ ᠬᠠᠪᠰᠤᠷᠤᠨ ᠲᠡᠳᠬᠦᠬᠦ ᠲᠦᠰᠤᠪ ᠶᠢ ᠲᠣᠭᠲᠠᠭᠠᠵᠤ᠂ ᠬᠦᠴᠦ ᠪᠠᠨ ᠲᠥᠪᠯᠡᠷᠡᠭᠦᠯᠦᠨ ᠲᠡᠳᠬᠦᠨ ᠲᠡᠮᠵᠢᠵᠤ᠂ ᠶᠠᠳᠠᠭᠤ ᠬᠦᠴᠢᠷᠳᠡᠯ ᠲᠠᠢ ᠡᠷᠦᠬᠡ ᠶᠢᠨ ᠠᠮᠢᠳᠤᠷᠠᠯ ᠤᠨ ᠬᠢᠷᠢ ᠬᠡᠮᠵᠢᠶ᠎ᠡ ᠶᠢ ᠦᠨᠡᠨ ᠬᠦ ᠰᠠᠶᠢᠵᠢᠷᠠᠭᠤᠯᠤᠨ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠳᠤ ᠢᠯᠠᠯᠲᠠ ᠶᠢ ᠤᠯᠬᠤ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠠᠭᠤᠤ ᠶᠡᠭᠡ ᠢᠯᠠᠯᠲᠠ ᠢ ᠲᠡᠮᠡᠴᠡᠨ‌ᠤᠯᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠵᠢᠨ‌‍ᠬᠦ᠋ᠰᠡᠯᠡᠩ ᠢ ᠲᠡᠷᠭᠡᠯᠰᠢᠭᠦᠯᠬᠦ ᠰᠢᠨ᠎ᠡ ᠬᠠᠭᠤᠳᠠᠰᠤ ᠶᠢ  ᠪᠢᠴᠢᠭᠯᠡᠬᠦ ᠳᠤ ᠬᠤᠪᠢ ᠨᠡᠮᠡᠷᠢ ᠪᠠᠨ ᠦᠵᠡᠭᠦᠯᠬᠦ ᠬᠡᠷᠡᠭᠲᠡᠶ᠃ ᠬᠤᠶᠠᠷ᠂ ᠦᠨᠳᠦᠰᠦᠨ ᠵᠠᠷᠴᠢᠮ ︵ᠨᠢᠭᠡ︶ ᠠᠮᠢ ᠠᠬᠤᠶᠢᠳᠤ ᠶᠠᠳᠠᠭᠤ ᠶᠢ ᠲᠡᠳᠬᠦᠬᠦ ᠲᠦᠷᠦ ᠶᠢᠨ ᠪᠤᠳᠤᠯᠭ᠎ᠠ ᠲᠠᠢ ᠤᠶᠠᠯᠳᠤᠭᠤᠯᠤᠨ᠂ ᠶᠠᠳᠠᠭᠤ ᠬᠦᠴᠢᠷᠳᠡᠯ ᠲᠠᠢ ᠡᠷᠦᠬᠡ ᠳᠤ ᠲᠤᠰᠬᠠᠢ ᠴᠢᠭᠯᠡᠭᠦᠯᠤᠨ ᠶᠠᠳᠠᠭᠤ ᠠᠴᠠ ᠠᠩᠭᠢᠵᠢᠷᠠᠭᠤᠯᠬᠤ ᠲᠥᠯᠥᠪᠯᠡᠭᠡ ᠲᠣᠭᠲᠠᠭᠠᠵᠤ᠂ ᠶᠠᠳᠠᠭᠤ ᠬᠦᠴᠢᠷᠳᠡᠯᠲᠡᠶ ᠡᠷᠦᠬᠡ ᠨᠢᠭᠡᠪᠦᠷᠢ ᠳᠤ ᠬᠠᠪᠰᠤᠷᠤᠨ ᠲᠡᠳᠭᠦᠵᠤ ᠪᠠᠶᠠᠵᠢᠭᠤᠯᠬᠤ ᠠᠷᠭ᠎ᠠ ᠬᠡᠮᠵᠢᠶ᠎ᠡ ᠪᠠᠶᠢᠬᠤ ᠶᠢ ᠦᠨᠡᠨ ᠬᠦ  ᠪᠠᠳᠤᠯᠠᠬᠤ ᠬᠡᠷᠡᠭᠳᠡᠢ᠃ ︵ᠬᠤᠶᠠᠷ︶ ᠤᠢ ᠰᠢᠭᠤᠶ ᠵᠢᠨ‌ᠡᠯ᠎ᠡ ᠵᠦᠢᠯ ᠤᠨ ᠪᠠᠷᠢᠯᠭ᠎ᠠ ᠶᠢᠨ ᠲᠥᠷᠥᠯ ᠵᠦᠢᠯ ᠳᠤ ᠲᠦᠰᠢᠭᠯᠡᠨ  ᠂ ᠠᠵᠢᠯ ᠣᠯᠭᠤᠯᠲᠠ ᠶᠢᠨ ᠠᠵᠢᠯ ᠤᠨ ᠪᠠᠶᠢᠷᠢ ᠶᠢ ᠢᠳᠡᠪᠬᠢᠲᠡᠶ ᠬᠠᠩᠭᠠᠵᠤ᠂  ᠡᠩ ᠲᠡᠷᠢᠭᠦᠨ ᠳᠤ ᠶᠠᠳᠠᠭᠤ ᠬᠦᠴᠢᠷᠳᠡᠯᠲᠡᠶ ᠠᠵᠢᠯᠲᠠᠨ ᠢ ᠡᠯᠰᠡᠵᠦ ᠬᠡᠷᠡᠭᠯᠡᠬᠦ ᠶᠢ ᠪᠠᠷᠢᠮᠳᠠᠯᠠᠬᠤ ᠬᠡᠷᠡᠭᠳᠡᠢ᠃︵ᠭᠤᠷᠪᠠ︶ ᠤᠢ ᠰᠢᠭᠤᠢ ᠵᠢᠮᠢᠰ ᠤᠨ ᠲᠤᠰᠬᠠᠶᠢᠵᠢᠭᠰᠠᠨ ᠬᠤᠷᠰᠢᠶ᠎ᠠ   ᠶᠢ ᠢᠳᠡᠪᠬᠢᠲᠡᠶ ᠲᠡᠮᠵᠢᠵᠤ᠂  ᠭᠠᠴᠠᠭᠠᠨ ᠤ ᠤᠢ ᠰᠢᠭᠤᠢ ᠶᠢᠨ ᠠᠵᠤ ᠠᠬᠤᠶ ᠶᠢ ᠬᠠᠮᠳᠤᠪᠡᠷ ᠭᠦᠭᠵᠢᠭᠦᠯᠵᠤ᠂ ᠠᠵᠢᠯ ᠣᠯᠭᠤᠯᠲᠠ ᠶᠢᠨ ᠠᠷᠭ᠎ᠠ ᠵᠠᠮ ᠢ  ᠦᠷᠭᠡᠳᠭᠡᠨ‌ᠠᠵᠤ ᠠᠬᠤᠶ ᠶᠢᠨ ᠣᠷᠣᠯᠭ᠎ᠠ ᠶᠢ ᠨᠡᠮᠡᠭᠳᠡᠭᠦᠯᠵᠦ  ᠬᠡᠷᠡᠭᠳᠡᠢ᠃ ᠭᠤᠷᠪᠠ᠂ ᠠᠵᠢᠯ ᠤᠨ ᠡᠭᠦᠷᠭᠡ ︵ᠨᠢᠭᠡ︶ ᠪᠠᠶᠢᠭᠠᠯᠢ ᠶᠢᠨ ᠤᠢ ᠰᠢᠭᠤᠶ ᠶᠢ ᠬᠠᠮᠠᠭᠠᠯᠠᠬᠤ ᠪᠡᠯᠡ ᠮᠥᠩᠭᠦ ᠶᠢ ᠭᠦᠢᠴᠡᠳ ᠰᠠᠶᠢᠲᠤᠷ ᠬᠡᠷᠡᠭᠯᠡᠬᠦ ᠬᠡᠷᠡᠭᠳᠡᠢᠪᠦᠬᠦ ᠰᠢᠶᠠᠨ ᠳᠤ ᠪᠠᠶᠢᠭᠠᠯᠢ ᠶᠢᠨ ᠤᠢ ᠶᠢᠨ ᠤᠢ ᠰᠢᠭᠤᠶ ᠬᠠᠮᠠᠭᠠᠯᠠᠭᠴᠢ ᠶᠢᠨ ᠠᠵᠢᠯ ᠤᠨ ᠪᠠᠶᠢᠷᠢ 60 ᠲᠤᠭᠳᠠᠭᠠᠵᠤ ᠂ ᠬᠥᠮᠦᠨ ᠪᠦᠷᠢ ᠳᠤ ᠵᠢᠯ ᠳᠤ 1.2 ᠲᠦᠮᠡᠨ ᠲᠥᠭᠦᠷᠢᠭ ᠤᠯᠭᠤᠵᠤ᠂ ᠵᠢᠯ ᠪᠦᠷᠢ ᠶᠢᠨ ᠤᠢ ᠰᠢᠭᠤᠶ ᠬᠠᠮᠠᠭᠠᠯᠠᠬᠤ ᠵᠠᠷᠤᠳᠠᠯ ᠮᠥᠩᠭᠦ 72 ᠲᠦᠮᠡᠨ ᠲᠥᠭᠦᠷᠢᠭ  ᠲᠤᠬᠢᠷᠠᠭᠤᠯᠤᠨ᠎ᠠ᠃ ᠡᠭᠦᠨ ᠳᠤ 18 ᠲᠦᠮᠡᠨ ᠲᠥᠭᠦᠷᠢᠭ ᠭᠠᠷᠭᠠᠵᠤ ᠶᠠᠳᠠᠭᠤ ᠬᠦᠴᠢᠷᠳᠡᠯᠲᠡᠶ ᠭᠦᠮᠤᠰ ᠤᠨ15 ᠠᠵᠢᠯ ᠤᠨ ᠪᠠᠶᠢᠷᠢ ᠳᠤ ᠲᠤᠬᠢᠷᠠᠭᠤᠯᠤᠨ᠎ᠠ᠃ ᠬᠥᠮᠦᠨ ᠪᠦᠷᠢ ᠶᠢᠨ ᠵᠢᠯ ᠳᠤ 1.2 ᠲᠦᠮᠡᠨ ᠲᠥᠭᠦᠷᠢᠭ   ᠪᠠᠷ 15 ᠶᠠᠳᠠᠭᠤ ᠬᠦᠴᠢᠷᠳᠡᠯᠲᠡᠶ ᠡᠷᠦᠬᠡ ᠶᠢᠨ ᠲᠣᠭᠲᠠᠪᠤᠷᠢ ᠲᠠᠢ ᠣᠷᠣᠯᠭ᠎ᠠ ᠶᠢ ᠰᠢᠢᠳᠪᠦᠷᠢᠯᠠᠵᠤ ᠪᠣᠯᠤᠨ᠎ᠠ᠃ ᠬᠥᠮᠦᠨ ᠪᠦᠷᠢ ᠶᠢᠨ ᠵᠢᠯ ᠳᠤ 4000 ᠲᠥᠭᠦᠷᠢᠭ ᠤᠨ ᠤᠷᠤᠯᠭ᠎ᠠ ᠪᠠᠷ 45ᠶᠠᠳᠠᠭᠤ ᠬᠦᠴᠢᠷᠳᠡᠯᠲᠡᠶ ᠬᠥᠮᠦᠨ ᠤ ᠲᠣᠭᠲᠠᠪᠤᠷᠢ ᠲᠠᠢ ᠣᠷᠣᠯᠭ᠎ᠠ ᠶᠢ ᠰᠢᠢᠳᠪᠦᠷᠢᠯᠠᠵᠤ ᠪᠣᠯᠤᠨ᠎ᠠ᠃ ︵ᠬᠤᠶᠠᠷ︶ ᠭᠤᠣᠯᠳᠠᠯᠭ᠎ᠠ ᠲᠠᠢ ᠨᠣᠭᠤᠭᠠᠷᠠᠭᠤᠯᠤᠯᠲᠠ ᠶᠢᠨ ᠪᠠᠷᠢᠯᠭ᠎ᠠ ᠶᠢᠨ ᠲᠥᠷᠥᠯ ᠵᠦᠢᠯ ᠤᠨ ᠣᠷᠣᠨ ᠤ ᠠᠷᠠᠴᠢᠯᠠᠨ ᠬᠠᠮᠢᠶᠠᠷᠬᠤ ᠠᠵᠢᠯ ᠤᠨ ᠪᠠᠶᠢᠷᠢ ᠳᠤ ᠶᠠᠳᠠᠭᠤ ᠬᠦᠴᠢᠷᠳᠡᠯᠲᠡᠶ ᠬᠥᠮᠦᠨ ᠠᠮᠠ ᠶᠢ ᠲᠤᠬᠢᠷᠠᠭᠤᠯᠬᠤᠳᠡᠭᠡᠳᠦ ᠬᠤᠷᠳᠤᠴᠠᠲᠤ ᠵᠠᠰᠠᠮᠠᠯ ᠵᠠᠮ ᠂ ᠬᠥᠬᠡᠬᠤᠲᠠ ᠡᠴᠠ‌‍ᠰᠠᠭᠠᠯᠴᠢᠨ ᠭᠦᠷᠬᠦ ᠵᠠᠮ ᠤᠨ ᠨᠤᠭᠤᠷᠠᠭᠤᠯᠤᠯᠳᠠ ᠶᠢᠨ ᠢᠨᠵᠸᠡᠸ᠋ᠷᠢᠭ ᠲᠤᠰ ᠲᠤᠰ 2017 ᠣᠨ᠂ 2018 ᠣᠨ ᠳᠤ ᠠᠵᠢᠯ ᠲᠠᠭᠤᠰᠴᠤ ᠰᠢᠯᠭᠠᠨ ᠠᠪᠤᠨ᠎ᠠ᠃ ᠨᠢᠯᠬ᠎ᠠ ᠤᠢ ᠶᠢᠨ ᠬᠠᠮᠢᠶᠠᠷᠴᠤ ᠬᠠᠮᠠᠭᠠᠯᠠᠬᠤ ᠱᠠᠭᠠᠷᠳᠠᠯᠭ᠎ᠠ ᠶᠣᠰᠣᠭᠠᠷ᠂ ᠲᠤᠰ ᠪᠦᠷᠢ ᠪᠠᠰᠠ ᠦᠷᠭᠦᠯᠵᠢᠯᠡᠨ 3 ᠵᠢᠯ ᠬᠠᠮᠢᠶᠠᠷᠴᠤ ᠬᠠᠮᠠᠭᠠᠯᠠᠬᠤ ᠬᠡᠷᠡᠭᠳᠡᠢ᠂ ᠬᠤᠶᠠᠷ ᠵᠦᠢᠯ ᠤᠨ ᠢᠨᠵᠡᠸ᠋ᠨᠡᠷᠢᠭ ᠤᠨ ᠣᠶᠢᠵᠢᠭᠤᠯᠬᠤ ᠲᠠᠯᠠᠪᠠᠢ 7500 ᠲᠦᠮᠡᠨ ᠮᠦ᠂ ᠵᠢᠯ ᠪᠦᠷᠢ ᠬᠠᠮᠢᠶᠠᠷᠴᠤ ᠬᠠᠮᠠᠭᠠᠯᠠᠬᠤ ᠵᠠᠷᠤᠳᠠᠯ ᠨᠢ ᠪᠠᠷᠤᠭ 300 ᠲᠦᠮᠡᠨ ᠲᠥᠭᠦᠷᠢᠭ ᠢ ᠰᠢᠶᠠᠨ ᠤ ᠵᠠᠰᠠᠭ ᠤᠨ ᠣᠷᠳᠣᠨ ᠠᠴᠠ ᠭᠠᠷᠭᠠᠬᠤ ᠪᠤᠯᠬᠤᠷ ᠵᠠᠮ ᠳᠠᠭᠠᠤ ᠠᠶᠢᠯ ᠲᠣᠰᠬᠤᠨ ᠤ ᠶᠠᠳᠠᠭᠤ ᠬᠦᠴᠢᠷᠳᠡᠯᠲᠡᠶ ᠡᠷᠤᠬᠡ ᠵᠢᠨ‌‍ᠬᠥ᠋ᠮᠦᠨ‌ᠠᠮᠠ ᠢ ᠬᠠᠷᠠᠵᠤ ᠬᠠᠮᠠᠭᠠᠯᠠᠬᠤ᠂ ᠡᠪᠡᠰᠦ ᠠᠷᠢᠯᠭᠠᠬᠤ᠂ ᠮᠥᠴᠢᠷ ᠬᠢᠷᠭᠠᠬᠤ᠂ ᠭᠠᠯ ᠰᠡᠷᠭᠡᠶᠢᠯᠡᠬᠦ ᠵᠡᠷᠭᠡ ᠬᠠᠮᠢᠶᠠᠷᠤᠨ ᠬᠠᠮᠠᠭᠠᠯᠠᠬᠤ ᠠᠵᠢᠯ  ᠳᠤ  ᠪᠠᠶᠢᠷᠢᠯᠠᠭᠤᠯᠬᠤ ᠴᠢᠬᠤᠯᠠᠳᠠᠢ᠃  ᠰᠢᠶᠠᠨ ᠤ ᠵᠠᠰᠠᠭ ᠤᠨ ᠣᠷᠳᠣᠨ ᠤ ᠲᠣᠬᠢᠷᠠᠭᠤᠯᠤᠨ ᠪᠠᠶᠢᠷᠢᠯᠠᠭᠤᠯᠤᠭᠰᠠᠨ‌‍ᠶᠣᠰᠣᠭᠠᠷ᠂ ᠤᠢ ᠰᠢᠭᠤᠢ ᠶᠢ ᠬᠠᠮᠢᠶᠠᠷᠴᠤ ᠬᠠᠮᠠᠭᠠᠯᠠᠬᠤ ᠪᠡᠯᠡ ᠮᠥᠩᠭᠦ ᠶᠢ ᠭᠦᠢᠴᠡᠳ ᠠᠰᠢᠭᠯᠠᠵᠤ᠂ ᠠᠵᠢᠯ ᠣᠯᠭᠤᠯᠲᠠ ᠶᠢᠨ ᠵᠠᠪᠰᠢᠶᠠᠨ ᠢ ᠡᠭᠦᠳᠴᠤ 30 ᠡᠷᠦᠬᠡ ᠶᠠᠳᠠᠭᠤ ᠬᠦᠴᠢᠷᠳᠡᠯ ᠲᠠᠢ ᠬᠥᠮᠦᠨ ᠠᠮᠠ ᠶᠢᠨ ᠠᠵᠢᠯ ᠤᠯᠬᠤ ᠶᠢ ᠰᠢᠢᠳᠪᠦᠷᠢᠯᠡᠵᠤ ᠪᠣᠯᠤᠨ᠎ᠠ᠃ ︵ᠭᠤᠷᠪᠠ︶ ᠭᠠᠴᠠᠭᠠᠨ ᠤ ᠵᠢᠮᠢᠰ ᠤᠨ ᠤᠢ ᠵᠢᠨ‌ᠠᠵᠤ ᠠᠬᠤᠶ ᠵᠢᠨ‌ᠬᠠᠮᠲᠤ ᠶᠢᠨ ᠬᠥᠭᠵᠢᠯᠲᠡ ᠶᠢ ᠬᠠᠪᠰᠤᠷᠤᠨ ᠲᠡᠮᠵᠢᠨ᠎ᠡᠤᠢ ᠵᠢᠮᠢᠰ ᠤᠨ ᠲᠤᠰᠬᠠᠶᠢᠵᠢᠭᠰᠠᠨ ᠬᠤᠷᠰᠢᠶ᠎ᠠ ᠶᠢ ᠢᠳᠡᠪᠬᠢᠲᠡᠶ ᠲᠡᠮᠵᠢᠵᠤ᠂ ᠭᠠᠴᠠᠭᠠᠨ ᠤ ᠤᠢ ᠰᠢᠭᠤᠢ ᠶᠢᠨ ᠠᠵᠤ ᠠᠬᠤᠶ ᠶᠢ ᠬᠠᠮᠳᠤᠪᠡᠷ ᠬᠥᠭᠵᠢᠭᠦᠯᠬᠦ ᠬᠡᠷᠡᠭᠲᠡᠶ᠃ ᠭᠠᠴᠠᠭᠠᠨ ᠤ ᠨᠢᠭᠡᠴᠡ ᠠᠴᠠ  ᠬᠠᠪᠰᠤᠷᠤᠨ ᠲᠡᠮᠵᠢᠬᠦ ᠡᠳᠤᠭᠡᠳ ᠢ ᠲᠤᠭᠳᠠᠭᠠᠨ᠎ᠠ᠃᠂ ᠠᠵᠤ ᠦᠢᠯᠡᠰ ᠢᠶᠠᠷ ᠶᠠᠳᠠᠭᠤ ᠶᠢ ᠲᠡᠳᠬᠦᠬᠦ   ᠪᠠᠷ ᠳᠠᠮᠵᠢᠭᠤᠯᠤᠨ‌‍ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠣᠷᠣᠯᠭ᠎ᠠ ᠶᠢ  ᠰᠢᠢᠳᠪᠦᠷᠢᠯᠡᠬᠦ ᠬᠡᠷᠡᠭᠲᠡᠶ᠃ ᠣᠳᠣᠬᠠᠨ ᠳᠤ ᠨᠢᠭᠡᠨᠲᠡ ᠲᠡᠳᠬᠦᠨ ᠲᠡᠮᠵᠢᠵᠦ ᠪᠠᠶᠢᠭ᠎ᠠ ᠲᠣᠰᠬᠤᠨ  ᠪᠤᠯ ᠱᠦᠭᠠᠷ ᠲᠣᠰᠬᠤᠨ᠂ ᠪᠠᠭ᠎ᠠ ᠬᠦᠷᠢᠶ᠎ᠡ ᠲᠣᠰᠬᠤᠨ᠂  ᠳ᠋ᠦᠩ ᠶᠢᠩ ᠽᠢ ᠲᠣᠰᠬᠤᠨ᠂ ᠰᠤᠪᠤᠷᠭᠠᠨ ᠪᠠᠶᠢᠰᠢᠩ ᠲᠣᠰᠬᠤᠨ᠂ ᠵᠠᠩᠭᠢ ᠶᠢᠨ ᠠᠶᠢᠯ ᠲᠣᠰᠬᠤᠨ  ᠵᠡᠷᠭᠡ 5 ᠲᠣᠰᠬᠤᠨ ᠪᠠᠶᠢᠨ᠎ᠠ᠃ ᠲᠥᠷᠪᠡ᠂ ᠠᠷᠭ᠎ᠠ  ᠪᠠᠷᠢᠯ ᠤᠨ ᠪᠠᠲᠤᠯᠠᠭ᠎ᠠ ᠟ ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ   ᠶᠢ ᠴᠢᠩᠭᠠᠷᠠᠭᠤᠯᠤᠨ᠎ᠠ  ᠃ ᠵᠠᠰᠠᠭ ᠤᠨ ᠣᠷᠳᠣᠨ ᠤ ᠤᠳᠤᠷᠢᠳᠤᠯᠭ᠎ᠠ᠂ ᠰᠠᠯᠠᠭ᠎ᠠ ᠮᠥᠴᠢᠷ ᠬᠠᠮᠵᠢᠯᠴᠠᠨ᠂ ᠡᠷᠬᠡ ᠬᠠᠷᠢᠭᠤᠴᠠᠯᠭ᠎ᠠ ᠲᠣᠳᠣᠷᠬᠠᠶ᠂ ᠨᠢᠭᠡᠳᠦᠯᠲᠡᠶ ᠲᠥᠯᠥᠪᠯᠡᠨ ᠠᠬᠢᠭᠤᠯᠤᠨ ᠵᠣᠬᠢᠴᠠᠭᠤᠯᠬᠤ ᠲᠣᠭᠲᠠᠴᠠ ᠶᠢ ᠪᠠᠶᠢᠭᠤᠯᠵᠤ᠂ ᠡᠯ᠎ᠡ ᠬᠤᠯᠪᠣᠭᠳᠠᠯ ᠪᠦᠬᠦᠢ ᠪᠠᠶᠢᠭᠤᠯᠭ᠎ᠠ  ᠨᠢᠭᠡᠴᠡ  ᠨᠦᠭᠦᠳ ᠲᠤᠰ ᠲᠤᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠵᠦ᠂  ᠬᠠᠷᠢᠯᠴᠠᠨ ᠬᠠᠮᠵᠢᠯᠴᠠᠭ᠎ᠠ ᠪᠠᠨ ᠴᠢᠩᠭᠠᠳᠬᠠᠵᠤ᠂  ᠰᠡᠳᠭᠢᠯ ᠨᠢᠭᠡᠳᠤᠨ‌ᠬᠠᠮᠲᠤ ᠬᠠᠮᠢᠶᠠᠷᠴᠤ  ᠂ ᠭᠦᠴᠤ ᠪᠠᠨ ᠨᠡᠶᠢᠯᠡᠭᠦᠯᠤᠨ ᠡᠯ᠎ᠡ ᠲᠦᠷᠤᠯ ᠤᠨ ᠠᠵᠢᠯ ᠢ ᠯᠠᠪᠳᠠᠭᠤᠨ ᠪᠠᠲᠤᠲᠠᠶ ᠥᠷᠨᠢᠭᠦᠯᠬᠦ ᠶᠢ ᠠᠬᠢᠭᠤᠯᠬᠤ ᠬᠡᠷᠭᠳᠡᠢ᠃ ︵ᠬᠤᠶᠠᠷ︶ ᠳᠦᠷᠢᠮ ᠲᠤᠭᠳᠠᠭᠠᠯ ‍ᠤᠨ‌‍ᠬᠢᠨᠠᠨ ᠰᠢᠯᠭᠠᠬᠤ ᠲᠣᠭᠲᠠᠴᠠ ᠶᠢ ᠪᠤᠢ ᠪᠣᠯᠭᠠᠬᠤ ᠬᠡᠷᠡᠭᠲᠡᠶ᠃ ᠠᠮᠢ ᠠᠬᠤᠶ ᠶᠢ ᠬᠠᠮᠠᠭᠠᠯᠠᠨ ᠶᠠᠳᠠᠭᠤ ᠶᠢ ᠲᠡᠳᠬᠦᠬᠦ ᠠᠵᠢᠯ ᠤᠨ ᠬᠢᠨᠠᠨ ᠰᠢᠯᠭᠠᠬᠤ ᠲᠣᠭᠲᠠᠴᠠ ᠶᠢ ᠪᠠᠶᠢᠭᠤᠯᠤᠨ᠂ ᠶᠠᠳᠠᠭᠤ ᠶᠢ ᠲᠡᠳᠬᠦᠬᠦ ᠠᠵᠢᠯ ᠢ ᠨᠢ ᠡᠯ᠎ᠡ ᠪᠠᠶᠢᠭᠤᠯᠤᠯᠭ᠎ᠠ ᠨᠢᠭᠡᠴᠡ ᠶᠢᠨ ᠬᠢᠨᠠᠨ ᠰᠢᠯᠭᠠᠬᠤ ᠴᠢᠬᠤᠯᠠ ᠠᠭᠤᠯᠭ᠎ᠠ ᠲᠤ ᠣᠷᠣᠭᠤᠯᠵᠤ ᠂ ᠪᠣᠳᠠᠲᠠᠶ ᠬᠢᠨᠠᠨ ᠰᠢᠯᠭᠠᠬᠤ ᠠᠷᠭ᠎ᠠ ᠶᠢ ᠲᠣᠭᠲᠠᠭᠠᠵᠤ᠂ ᠱᠠᠯᠠᠪᠳᠠᠭᠤᠯᠤᠨ ᠪᠠᠶᠢᠴᠠᠭᠠᠬᠤ ᠬᠢᠨᠠᠨ ᠰᠢᠯᠭᠠᠬᠤ ᠡᠷᠴᠢᠮ ᠢᠶᠠᠨ ᠴᠢᠩᠭᠠᠷᠠᠭᠤᠯᠵᠤ᠂ ᠠᠮᠢ ᠠᠬᠤᠶ ᠶᠢ ᠬᠠᠮᠠᠭᠠᠯᠠᠨ ᠶᠠᠳᠠᠭᠤ ᠶᠢ ᠲᠡᠳᠬᠦᠬᠦ ᠠᠵᠢᠯ ᠤᠷᠳᠤ ᠬᠤᠭᠤᠴᠠᠭ᠎ᠠ  ᠪᠠᠷ᠂ ᠦᠷᠭᠦᠯᠵᠢ ᠶᠢᠨ ᠴᠢᠨᠠᠷ ᠲᠠᠢ ᠶᠠᠪᠤᠭᠳᠠᠬᠤ ᠶᠢ ᠦᠨᠡᠨ ᠬᠦ ᠪᠠᠲᠤᠯᠠᠬᠤ  ᠬᠡᠷᠡᠭᠳᠡᠢ᠃︵ᠭᠤᠷᠪᠠ︶ ᠪᠠᠲᠤᠯᠠᠭ᠎ᠠ ᠶᠢᠨ ᠪᠡᠯᠠ ᠮᠥᠩᠭᠦᠨ ᠤ ᠣᠷᠣᠭᠤᠯᠤᠯᠲᠠ ᠪᠠᠨ ᠨᠡᠮᠡᠭᠳᠡᠭᠦᠯᠬᠦ ᠬᠡᠷᠡᠭᠲᠡᠶ᠃ ᠰᠢᠶᠠᠨ ᠤ ᠡᠳ᠋ ᠤᠨ ᠵᠠᠰᠠᠭ ᠠᠴᠠ ᠵᠢᠯ ᠪᠦᠷᠢ 18 ᠲᠦᠮᠡᠨ ᠲᠥᠭᠦᠷᠢᠭ ᠪᠡᠯᠡ ᠮᠥᠩᠭᠦ ᠶᠢ ᠲᠣᠬᠢᠷᠠᠭᠤᠯᠵᠤ᠂ ᠰᠢᠶᠠᠨ ᠤ ᠤᠢ ᠰᠢᠭᠤᠶ ᠶᠢᠨ ᠲᠣᠪᠴᠢᠶ᠎ᠠ ᠵᠡᠷᠭᠡ  ᠪᠠᠶᠢᠭᠤᠯᠤᠯᠭ᠎ᠠ ᠨᠢᠭᠡᠴᠡ ᠨᠦᠭᠦᠳ ᠪᠤᠰᠤᠳ ᠪᠡᠯᠡ ᠮᠥᠩᠭᠦ ᠭ᠊ ᠢᠳᠡᠪᠬᠢᠲᠡᠶ ᠲᠡᠮᠡᠴᠡᠨ ᠣᠯᠵᠤ  ᠂ ᠠᠮᠢ ᠠᠬᠤᠶ ᠶᠢ ᠬᠠᠮᠠᠭᠠᠯᠠᠨ ᠶᠠᠳᠠᠭᠤ ᠶᠢ ᠲᠡᠳᠬᠦᠬᠦ   ᠳᠤ ᠬᠡᠷᠡᠭᠯᠡᠬᠦ ᠬᠡᠷᠡᠭᠲᠡᠶ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1