ᠲᠣᠭᠲᠠᠬᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ︽ᠲᠣᠭᠲᠠᠬᠤ ᠰᠢᠶᠠᠨ ᠤ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠤᠨ ᠤᠨᠢᠨ ᠲᠡᠭᠡᠷ᠎ᠠ ᠨᠢ ᠶᠠᠳᠠᠭᠤ ᠶᠢ ᠲᠡᠳᠬᠦᠬᠦ ᠠᠵᠢᠯ ᠤᠨ ᠬᠡᠷᠡᠭᠵᠢᠭᠦᠯᠬᠦ ᠲᠥᠰᠦᠯ︾  ᠤᠨ ᠮᠡᠳᠡᠭᠳᠡᠯ ᠢ ᠳᠠᠷᠤᠮᠠᠯᠯᠠᠨ ᠲᠠᠷᠬᠠᠭᠠᠬᠤ ᠲᠤᠬᠠᠶ
ᠨᠡᠶᠢᠲᠡᠯᠡᠭᠰᠡᠨ ᠴᠠᠭ᠄
2018-03-28
ᠲᠤᠭᠳᠠᠬᠤ ᠵᠠᠰᠠᠭ ᠠᠯᠪᠠᠨ ᠲᠠᠷᠬᠠᠭᠠᠭᠰᠠᠨ   ﹇2017﹈   50   ᠳ᠋ᠤᠭᠠᠷ‌‍ᠲ᠋ᠣᠭᠠᠲᠤ ᠲᠣᠭᠲᠠᠬᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ︽ᠲᠣᠭᠲᠠᠬᠤ ᠰᠢᠶᠠᠨ ᠤ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠤᠨ ᠤᠨᠢᠨ ᠲᠡᠭᠡᠷ᠎ᠠ ᠨᠢ ᠶᠠᠳᠠᠭᠤ ᠶᠢ ᠲᠡᠳᠬᠦᠬᠦ ᠠᠵᠢᠯ ᠤᠨ ᠬᠡᠷᠡᠭᠵᠢᠭᠦᠯᠬᠦ ᠲᠥᠰᠦᠯ︾  ᠤᠨ ᠮᠡᠳᠡᠭᠳᠡᠯ  ᠢ ᠳᠠᠷᠤᠮᠠᠯᠯᠠᠨ ᠲᠠᠷᠬᠠᠭᠠᠬᠤ ᠲᠤᠬᠠᠶᠡᠯ᠎ᠡ ᠪᠠᠯᠭᠠᠰᠤ᠂ ᠾᠧ ᠺᠸᠤ ᠬᠠᠮᠢᠶᠠᠷᠤᠯᠲᠠ ᠶᠢᠨ ᠵᠥᠪᠯᠡᠯ᠂ ᠰᠢᠶᠠᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ᠄       ︽ᠲᠣᠭᠲᠠᠬᠤ ᠰᠢᠶᠠᠨ ᠤ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠤᠨ ᠤᠨᠢᠨ ᠲᠡᠭᠡᠷ᠎ᠠ ᠨᠢ ᠶᠠᠳᠠᠭᠤ ᠶᠢ ᠲᠡᠳᠬᠦᠬᠦ ᠠᠵᠢᠯ ᠤᠨ ᠬᠡᠷᠡᠭᠵᠢᠭᠦᠯᠬᠦ ᠲᠥᠰᠦᠯ︾  ᠢ ᠰᠢᠶᠠᠨ ᠤ ᠵᠠᠰᠠᠭ ᠤᠨ ᠤᠷᠳᠤᠨ ᠢᠶᠠᠷ ᠵᠦᠪᠰᠢᠶᠡᠷᠡᠭᠦᠯᠦᠭᠡᠳ ᠡᠳᠤᠭᠡ ᠳᠠᠷᠤᠮᠠᠯᠯᠠᠨ‌‍ᠲ᠋ᠠᠨᠠᠷ ᠲᠤ  ᠶᠠᠪᠤᠭᠤᠯᠤᠯ᠎ᠠ᠂ ᠬᠢᠨᠠᠮᠠᠭᠠᠶ ᠲᠤᠤᠱᠯᠠᠭᠤᠯᠤᠨ ᠬᠡᠷᠡᠭᠵᠢᠭᠦᠯᠲᠦᠭᠡᠶ᠃               2017 ᠤᠨ ᠤ 11 ᠰᠠᠷ᠎ᠠ ᠶᠢᠨ 22  ᠡᠳᠤᠷ ᠲᠣᠭᠲᠠᠬᠤ ᠰᠢᠶᠠᠨ ᠤ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠤᠨ ᠤᠨᠢᠨ ᠲᠡᠭᠡᠷ᠎ᠠ ᠨᠢ ᠶᠠᠳᠠᠭᠤ ᠶᠢ ᠲᠡᠳᠬᠦᠬᠦ ᠠᠵᠢᠯ ᠤᠨ ᠬᠡᠷᠡᠭᠵᠢᠭᠦᠯᠬᠦ ᠲᠥᠰᠦᠯ      ᠶᠡᠷᠦᠩᠬᠡᠶ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠲᠤᠬᠠᠶ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠦᠯᠬᠦ ᠴᠢᠬᠤᠯᠠ ᠪᠠᠶᠢᠯᠳᠤᠬᠤ ᠪᠤᠳᠤᠯᠭ᠎ᠠ ᠶᠢᠨ ᠦᠵᠡᠯ ᠰᠠᠨᠠᠭ᠎ᠠ ᠪᠣᠯᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠬᠥᠬᠡᠬᠤᠲᠠ ᠶᠢᠨ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠵᠢᠯ ᠤᠨ ᠲᠤᠬᠠᠶ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠪᠠᠷ᠂ ᠲᠣᠭᠲᠠᠬᠤ ᠰᠢᠶᠠᠨ ᠤ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠤᠨ ᠤᠨᠢᠨ ᠲᠡᠭᠡᠷ᠎ᠠ ᠨᠢ ᠶᠠᠳᠠᠭᠤ ᠶᠢ ᠲᠡᠳᠬᠦᠬᠦ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠬᠤᠯᠪᠣᠭᠳᠠᠯ ᠪᠦᠬᠦᠢ ᠶᠠᠳᠠᠭᠤ ᠬᠦᠴᠢᠷᠳᠡᠯ ᠲᠠᠢ ᠬᠥᠮᠦᠨ ᠠᠮᠠ ᠶᠢ ᠲᠣᠭᠲᠠᠭᠤᠨ ᠢᠶᠠᠷ ᠶᠠᠳᠠᠭᠤ ᠠᠴᠠ ᠠᠩᠭᠢᠵᠢᠷᠠᠭᠤᠯᠵᠤ᠂ ᠦᠷᠭᠦᠯᠵᠢᠯᠡᠨ ᠪᠠᠶᠠᠵᠢᠭᠤᠯᠬᠤ ᠶᠢᠨ ᠲᠦᠯᠤᠭᠡ᠂ ᠮᠠᠨ ᠤ ᠰᠢᠶᠠᠨ ᠤ ᠪᠤᠳᠠᠳᠤ ᠪᠠᠶᠢᠳᠠᠯ ᠲᠠᠢ ᠤᠶᠠᠯᠳᠤᠭᠤᠯᠤᠨ᠂ ᠣᠨᠴᠣᠭᠤᠶᠢᠯᠠᠨ ᠲᠤᠰ ᠲᠥᠰᠦᠯ ᠢ ᠲᠣᠭᠲᠠᠭᠠᠪᠠ᠃ ᠨᠢᠭᠡ  ᠂ ᠶᠡᠷᠦᠩᠬᠡᠶ ᠰᠡᠳᠬᠢᠴᠡ      ︽ᠥᠩᠭᠡᠨ ᠲᠠᠯ᠎ᠠ ᠶᠢ ᠵᠠᠰᠠᠬᠤ︾ ᠪᠠ ︽ᠦᠨᠳᠦᠰᠦᠨ ᠠᠴᠠ ᠨᠢ ᠵᠠᠰᠠᠬᠤ︾   ᠶᠢ ᠤᠶᠠᠯᠳᠤᠭᠤᠯᠵᠤ᠂ ︽ᠴᠢᠰᠤ ᠶᠡᠭᠦᠯᠡᠬᠦ︾ ᠪᠠ ︽ᠴᠢᠰᠤ ᠪᠦᠳᠦᠭᠡᠬᠦ︾ ᠶᠢ ᠵᠡᠷᠭᠡᠪᠡᠷ ᠬᠦᠨᠳᠦᠳᠭᠡᠵᠤ᠂ ︽ᠶᠠᠳᠠᠭᠤ ᠶᠢ ᠲᠡᠳᠬᠦᠬᠦ︾ ᠪᠠ ︽ᠤᠶᠤᠨ ᠰᠠᠨᠠᠭ᠎ᠠ ᠶᠢ ᠲᠡᠳᠭᠦᠬᠦ︾ ᠶᠢ  ᠵᠡᠷᠭᠡᠪᠡᠷ ᠠᠳᠬᠤᠬᠤ ᠴᠢᠭᠯᠡᠯᠲᠡ ᠪᠠᠷ ᠲᠠᠷᠢᠶᠠᠯᠠᠩ ᠮᠠᠯ ᠠᠵᠤ ᠠᠬᠤᠶ ᠶᠢᠨ ᠠᠵᠢᠯ ᠳᠦᠷᠦᠯ ᠤᠨ ᠳᠠᠪᠠᠭᠤᠯᠢᠭ ᠢᠶᠠᠨ ᠪᠠᠳᠠᠷᠠᠭᠤᠯᠵᠤ᠂ ᠠᠵᠤ ᠦᠢᠯᠡᠰ ᠤᠨ ᠶᠠᠳᠠᠭᠤ ᠠᠴᠠ ᠠᠩᠭᠢᠵᠢᠷᠠᠭᠤᠯᠬᠤ ᠰᠢᠪᠳᠤᠯᠤᠯᠳᠠ ᠶᠢ ᠶᠡᠬᠡᠪᠡᠷ ᠬᠡᠷᠡᠭᠵᠢᠭᠦᠯᠵᠦ  ᠂ ᠲᠧᠭᠨᠢᠭ ᠮᠡᠷᠭᠡᠵᠢᠯ᠂ ᠪᠡᠯᠡ ᠮᠥᠩᠭᠦ ᠶᠢᠨ ᠲᠠᠯ᠎ᠠ ᠪᠠᠷ ᠲᠡᠳᠬᠦᠨ ᠳᠡᠮᠵᠢᠬᠦ ᠪᠠ ᠵᠢᠯᠣᠭᠤᠳᠴᠤ᠂ ᠲᠠᠷᠢᠶᠠᠯᠠᠩ ᠮᠠᠯ ᠠᠵᠤ ᠠᠬᠤᠶ ᠶᠢᠨ ᠤᠨᠢᠨ ᠲᠡᠭᠡᠷ᠎ᠡ ᠨᠢ ᠶᠠᠳᠠᠭᠤ ᠶᠢ ᠲᠡᠳᠬᠦᠬᠦ ᠠᠵᠢᠯ  ᠢ ᠭᠦᠨᠵᠡᠭᠡᠶ ᠲᠦᠯᠬᠢᠨ ᠠᠬᠢᠭᠤᠯᠵᠤ᠂ ᠤᠨᠢᠨ ᠲᠡᠭᠡᠷ᠎ᠡ ᠨᠢ  ᠶᠠᠳᠠᠭᠤ ᠠᠴᠠ ᠠᠩᠭᠢᠵᠢᠷᠠᠭᠤᠯᠵᠤ᠂ ᠶᠠᠳᠠᠭᠤ ᠠᠴᠠ ᠠᠩᠭᠢᠵᠢᠷᠠᠭᠤᠯᠬᠤ ᠠᠵᠢᠯ ᠳᠤ ᠰᠢᠪᠳᠤᠯᠤᠯᠳᠠ ᠶᠢᠨ ᠴᠢᠨᠠᠷ ᠲᠠᠢ ᠢᠯᠠᠯᠲᠠ ᠶᠢ ᠲᠡᠮᠡᠴᠡᠨ ᠤᠯᠬᠤ ᠬᠡᠷᠡᠭᠲᠡᠶ᠃ ᠬᠤᠶᠠᠷ᠂ ᠭᠤᠣᠯ ᠡᠭᠦᠷᠭᠡ      ︵ᠨᠢᠭᠡ︶  ᠲᠦᠷᠤᠯ ᠵᠦᠢᠯ ᠢᠶᠠᠷ ᠬᠥᠳᠡᠯᠭᠡᠭᠦᠷ ᠪᠣᠯᠭᠠᠬᠤ᠂ ᠲᠦᠷᠦ ᠶᠢᠨ ᠪᠤᠳᠤᠯᠭ᠎ᠠ  ᠳᠤ ᠲᠦᠰᠢᠭᠯᠡᠨ᠂  ᠶᠠᠳᠠᠭᠤ ᠬᠦᠴᠢᠷᠳᠡᠯᠲᠡᠶ ᠡᠷᠦᠬᠡ  ᠶᠢ ᠪᠠᠶᠠᠵᠢᠯ ᠤᠨ ᠵᠠᠮ ᠢᠶᠠᠷ ᠲᠠᠭᠠᠭᠤᠯᠬᠤᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠰᠢᠨ᠎ᠡ ᠮᠠᠶᠠᠭ ᠤᠨ ᠡᠵᠡᠩᠨᠡᠯᠲᠡ ᠶᠢᠨ ᠭᠤᠣᠯ ᠴᠣᠭᠴᠠ ᠪᠣᠯᠤᠨ ᠶᠠᠳᠠᠭᠤ ᠬᠦᠴᠢᠷᠳᠡᠯ ᠲᠠᠢ ᠡᠷᠦᠬᠡ ᠶᠢᠨ ᠬᠤᠭᠤᠷᠣᠨᠳᠣᠬᠢ ᠠᠰᠢᠭ ᠲᠤᠰᠠ ᠶᠢ ᠬᠠᠮᠳᠤᠳᠬᠠᠨ ᠬᠥᠳᠡᠯᠦᠯᠴᠡᠬᠦ ᠲᠣᠭᠲᠠᠴᠠ ᠪᠠᠶᠢᠭᠤᠯᠵᠤ᠂ ᠠᠳᠠᠯᠢ ᠲᠦᠷᠤᠯ ᠤᠨ ᠨᠥᠬᠦᠴᠡᠯ ᠲᠤᠤᠷ᠎ᠠ ᠲᠣᠯᠣᠭᠠᠶᠢᠯᠠᠭᠴᠢ ᠠᠵᠤ ᠠᠬᠤᠶᠢᠯᠠᠯ᠂  ᠲᠤᠰᠬᠠᠶᠢᠵᠢᠭᠰᠡᠨ ᠬᠤᠷᠰᠢᠶ᠎ᠠ᠂ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠢ ᠪᠣᠯᠤᠨ ᠲᠠᠷᠢᠶᠠᠯᠠᠩ ᠲᠡᠵᠢᠭᠡᠪᠦᠷᠢ ᠶᠢᠨ ᠲᠤᠮᠤ ᠡᠷᠤᠭᠡ᠂ ᠶᠠᠳᠠᠭᠤ ᠶᠢ ᠲᠡᠳᠬᠦᠬᠦ ᠠᠵᠢᠯ ᠤᠨ ᠦᠷ᠎ᠡ ᠪᠦᠲᠦᠮᠵᠢ ᠰᠢᠯᠢᠳᠡᠭ ᠨᠢᠭᠡᠴᠡ ᠪᠤᠯᠤᠨ ᠬᠤᠪᠢ ᠬᠦᠮᠤᠨ ᠳᠤ ᠲᠠᠷᠢᠶᠠᠯᠠᠩ ᠮᠠᠯ ᠠᠵᠤ ᠠᠬᠤᠶ ᠶᠢᠨ ᠲᠥᠷᠥᠯ ᠵᠦᠢᠯ ᠶᠢ ᠤᠷᠢᠳᠴᠢᠯᠠᠨ ᠲᠤᠬᠢᠷᠠᠭᠤᠯᠤᠨ᠎ᠠ᠃ ︽ ᠬᠤᠷᠰᠢᠶᠠᠵᠢᠯ+ ᠶᠠᠳᠠᠭᠤ ᠬᠦᠴᠢᠷᠳᠡᠯᠲᠡᠶ ᠡᠷᠦᠬᠡ︾ ᠬᠡᠪ ᠵᠠᠭᠪᠤᠷ ᠪᠠᠷ ᠬᠥᠲᠥᠯᠥᠨ ᠶᠠᠳᠠᠭᠤ ᠬᠦᠴᠢᠷᠳᠡᠯ ᠲᠠᠢ ᠡᠷᠦᠬᠡ ᠶᠢᠨ ᠭᠠᠵᠠᠷ ᠰᠢᠷᠣᠶ᠂ ᠬᠥᠳᠡᠯᠮᠦᠷᠢ ᠶᠢᠨ ᠬᠦᠴᠦ ᠪᠣᠯᠤᠨ ᠪᠡᠯᠡ ᠮᠥᠩᠭᠦ ᠵᠡᠷᠭᠡ ᠬᠡᠯᠪᠡᠷᠢ ᠪᠠᠷ ᠬᠤᠪᠢ ᠣᠷᠣᠵᠤ᠂ ᠶᠠᠳᠠᠭᠤ ᠬᠦᠴᠢᠷᠳᠡᠯ ᠲᠠᠢ ᠡᠷᠤᠭᠡ ᠶᠢ ᠬᠤᠪᠢ ᠣᠷᠣᠭᠤᠯᠤᠭᠴᠢ ᠪᠤᠯᠭᠠᠨ᠂ ᠶᠠᠳᠠᠭᠤ ᠬᠦᠴᠢᠷᠳᠡᠯᠲᠡᠶ ᠡᠷᠦᠬᠡ ᠶᠢᠨ ᠬᠦᠴᠦ ᠬᠥᠳᠡᠯᠮᠦᠷᠢ᠂ ᠦᠢᠯᠡᠳᠬᠦᠨ ᠤ ᠡᠵᠡᠩᠨᠡᠨ ᠪᠣᠷᠣᠯᠠᠭᠤᠯᠬᠤ᠂ ᠣᠷᠣᠭᠤᠯᠤᠭᠰᠠᠨ ᠬᠤᠪᠢ ᠪᠠᠷ ᠢᠶᠠᠨ ᠠᠰᠢᠭ ᠣᠷᠣᠯᠭ᠎ᠠ ᠬᠤᠪᠢᠶᠠᠬᠤ ᠵᠡᠷᠭᠡ ᠬᠡᠯᠪᠡᠷᠢ ᠪᠠᠷ ᠳᠠᠮᠵᠢᠭᠤᠯᠤᠨ ᠠᠰᠢᠭ ᠣᠯᠵᠠᠪᠤᠷᠢ ᠤᠯᠭᠤᠵᠤ ᠶᠠᠳᠠᠭᠤ ᠠᠴᠠ ᠠᠩᠭᠢᠵᠢᠷᠠᠭᠤᠯᠤᠨ ᠪᠠᠶᠠᠵᠢᠭᠤᠯᠬᠤ ᠶᠢ ᠪᠡᠶᠡᠯᠡᠭᠦᠯᠬᠦ ᠬᠡᠷᠡᠭᠲᠡᠶ᠃      ︵ᠬᠤᠶᠠᠷ︶ ᠵᠣᠬᠢᠰᠲᠠᠶ ᠨᠥᠬᠦᠪᠥᠷᠢ ᠤᠯᠭᠤᠵᠤ ᠲᠠᠷᠢᠶᠠᠯᠠᠩ ᠦᠢᠯᠡᠳᠪᠦᠷᠢᠯᠡᠯ ᠤᠨ ᠥᠪᠡᠷ ᠤᠨ ᠦᠷᠲᠡᠭ ᠢ ᠪᠠᠭᠤᠷᠠᠭᠤᠯᠵᠤ ᠣᠷᠣᠯᠭ᠎ᠠ ᠶᠢ ᠨᠡᠮᠡᠭᠳᠡᠭᠦᠯᠬᠦ ᠬᠡᠷᠡᠭᠲᠡᠶ ᠰᠢᠶᠠᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠢᠳᠡᠪᠬᠢᠲᠡᠶ ᠴᠢᠷᠮᠠᠶᠢᠵᠤ᠂ ᠳᠡᠭᠡᠳᠦ ᠱᠠᠲᠤᠨ ᠤ ᠪᠡᠯᠡ ᠮᠥᠩᠭᠦ ᠪᠣᠯᠤᠨ ᠲᠦᠷᠦᠯ ᠵᠦᠢᠯ ᠤᠨ ᠲᠠᠪᠠᠭᠤᠯᠢᠭ ᠢᠶᠠᠷ ᠶᠠᠳᠠᠭᠤ ᠬᠦᠴᠢᠷᠳᠡᠯᠲᠡᠶ ᠡᠷᠦᠬᠡ ᠳᠤ ᠲᠠᠷᠢᠶᠠᠨ ᠦᠷ᠎ᠡ᠂ ᠲᠠᠷᠢᠶᠠᠨ‌‍ᠴᠢᠬᠢ᠂ ᠬᠢᠮᠢ ᠶᠢᠨ ᠪᠤᠷᠳᠦᠭᠤᠷ  ᠂ ᠰᠦᠯᠢᠶᠣᠣ ᠪᠦᠷᠬᠦᠪᠴᠢ ᠵᠡᠷᠭᠡ ᠲᠠᠷᠢᠶᠠᠯᠠᠩ ᠤᠨ ᠣᠷᠣᠭᠤᠯᠤᠯᠲᠠ ᠶᠢᠨ ᠡᠳ᠋ ᠶᠢ ᠴᠢᠷᠮᠠᠶᠢᠨ ᠤᠯᠵᠤ ᠶᠠᠳᠠᠭᠤ ᠬᠦᠴᠢᠷᠳᠡᠯᠲᠡᠶ ᠡᠷᠦᠬᠡ ᠶᠢᠨ ᠲᠠᠷᠢᠮᠠᠯ ᠤᠨ ᠥᠪᠡᠷ ᠤᠨ ᠥᠷᠲᠡᠭ ᠢ ᠪᠠᠭᠤᠷᠠᠭᠤᠯᠵᠤ᠂  ᠰᠢᠶᠠᠨ᠂ ᠪᠠᠯᠭᠠᠰᠤ ︵ᠬᠠᠮᠢᠶᠠᠷᠤᠯᠲᠠ ᠶᠢᠨ ᠵᠥᠪᠯᠡᠯ︶   ᠠᠴᠠ ᠲᠠᠷᠢᠶᠠᠯᠠᠩ ᠮᠡᠷᠭᠡᠵᠢᠯ ᠤᠨ ᠠᠵᠢᠯᠲᠠᠨ᠂ ᠡᠪᠡᠳᠴᠢᠨ ᠬᠤᠷᠣᠬᠠᠶ ᠶᠢᠨ ᠬᠥᠨᠥᠭᠡᠯ ᠢ ᠰᠡᠷᠭᠡᠶᠢᠯᠡᠨ ᠵᠠᠰᠠᠬᠤ᠂ ᠲᠠᠷᠢᠶᠠᠨ ᠤ ᠬᠠᠮᠢᠶᠠᠷᠤᠯᠳᠠ  ᠂ ᠠᠷᠠᠴᠢᠯᠠᠨ ᠬᠠᠮᠢᠶᠠᠷᠬᠤ᠂ ᠬᠢᠵᠢᠭ ᠡᠪᠡᠳᠴᠢᠨ ᠢ ᠰᠡᠷᠭᠡᠶᠢᠯᠡᠨ ᠵᠠᠰᠠᠬᠤ ᠵᠡᠷᠭᠡ ᠲᠠᠯ᠎ᠠ ᠪᠠᠷ ᠤᠯᠠᠮ ᠨᠢᠭᠡ ᠠᠯᠬᠤᠮ ᠶᠠᠳᠠᠭᠤ ᠬᠦᠴᠢᠷᠳᠡᠯᠲᠡᠶ ᠡᠷᠦᠬᠡ ᠶᠢᠨ ᠮᠡᠷᠭᠡᠵᠢᠯ ᠤᠨ ᠦᠢᠯᠡᠴᠢᠯᠡᠭᠡ ᠪᠠ ᠠᠵᠢᠯ ᠤᠨ ᠵᠢᠯᠤᠭᠤᠳᠤᠯᠭ᠎ᠠ ᠶᠢ ᠴᠢᠩᠭᠠᠳᠬᠠᠵᠤ᠂  ᠶᠠᠳᠠᠭᠤ ᠬᠦᠴᠢᠷᠳᠡᠯ ᠲᠠᠢ ᠡᠷᠦᠬᠡ ᠶᠢᠨ ᠶᠠᠳᠠᠭᠤ ᠠᠴᠠ ᠠᠩᠭᠢᠵᠢᠷᠠᠨ ᠪᠠᠶᠠᠵᠢᠬᠤ ᠶᠢ ᠠᠬᠢᠭᠤᠯᠬᠤ ᠬᠡᠷᠡᠭᠲᠡᠶ᠃     ︵ᠭᠤᠷᠪᠠ︶ ᠶᠠᠳᠠᠭᠤ ᠬᠦᠴᠢᠷᠳᠡᠯᠲᠡᠶ ᠡᠷᠦᠬᠡ ᠶᠢᠨ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠮᠡᠷᠭᠡᠵᠢᠯ ᠤᠨ ᠴᠢᠳᠠᠪᠤᠷᠢ ᠶᠢᠨ ᠪᠣᠯᠪᠠᠰᠤᠷᠠᠭᠤᠯᠤᠯ ᠢ ᠴᠢᠩᠭᠠᠳᠬᠠᠵᠤ ᠬᠡᠷᠡᠭᠳᠡᠢ  ᠃ᠶᠠᠳᠠᠭᠤ ᠬᠦᠴᠢᠷᠳᠡᠯ ᠲᠠᠢ ᠡᠷᠦᠬᠡ ᠶᠢᠨ ᠪᠣᠳᠠᠲᠤ ᠪᠠᠶᠢᠳᠠᠯ ᠢ ᠦᠨᠳᠦᠰᠦᠯᠡᠨ᠂ ᠲᠠᠷᠢᠶᠠᠯᠠᠩ ᠮᠠᠯ ᠠᠵᠤ ᠠᠬᠤᠶ ᠶᠢᠨ ᠮᠡᠷᠭᠡᠵᠢᠯ ᠴᠢᠳᠠᠪᠤᠷᠢ ᠶᠢᠨ ᠪᠣᠯᠪᠠᠰᠤᠷᠠᠭᠤᠯᠤᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠰᠢᠨ᠎ᠡ ᠮᠠᠶ᠋ᠢᠭ ᠤᠨ ᠲᠤᠰᠬᠠᠶ ᠠᠵᠢᠯ ᠤᠨ ᠲᠠᠷᠢᠶᠠᠴᠢᠨ ᠢ  ᠬᠦᠮᠤᠵᠢᠭᠦᠯᠬᠦ ᠲᠦᠷᠦᠯ ᠵᠦᠢᠯ ᠲᠠᠢ ᠤᠶᠠᠯᠳᠠᠭᠤᠯᠤᠨ᠂ ᠨᠥᠬᠦᠴᠡᠯ ᠲᠤ ᠨᠡᠶᠢᠴᠡᠬᠦ ᠭᠤᠣᠯᠯᠠᠬᠤ ᠠᠵᠤ ᠦᠢᠯᠡᠰ ᠤᠨ ᠲᠣᠭᠤᠷᠢᠨ ᠳᠤ ᠮᠡᠷᠭᠡᠵᠢᠯ ᠤᠨ ᠪᠣᠯᠪᠠᠰᠤᠷᠠᠯ ᠢ ᠥᠷᠨᠢᠭᠦᠯᠬᠦ ᠪᠠ  ᠮᠦᠷᠳᠡᠨ ᠦᠢᠯᠡᠴᠢᠯᠡᠵᠤ᠂ ᠬᠥᠳᠡᠯᠮᠦᠷᠢ ᠶᠢᠨ ᠮᠡᠷᠭᠡᠵᠢᠯ ᠴᠢᠳᠠᠪᠤᠷᠢ ᠪᠣᠯᠤᠨ ᠠᠳᠠᠯ ᠦᠢᠯᠡᠰ ᠪᠦᠲᠦᠭᠡᠬᠦ ᠬᠢᠷᠢ ᠬᠡᠮᠵᠢᠶ᠎ᠡ ᠪᠠᠨ ᠳᠡᠭᠡᠭᠰᠢᠯᠡᠭᠦᠯᠵᠦ᠂  ︽ᠦᠨᠳᠦᠰᠦ ᠠᠴᠠ ᠨᠢ ᠲᠡᠳᠬᠦᠬᠦ ᠪᠠ  ᠤᠶᠤᠨ ᠢ ᠲᠡᠳᠭᠦᠭᠦ᠂ ᠤᠳᠦ ᠪᠠ ᠢᠷᠡᠭᠡᠳᠦᠶ︾ ᠶᠢ ᠤᠶᠠᠯᠳᠤᠭᠤᠯᠬᠤ ᠴᠢᠭᠯᠡᠯᠲᠡ ᠶᠢ ᠪᠠᠷᠢᠮᠳᠠᠯᠠᠨ᠂ ᠲᠠᠷᠢᠶᠠᠴᠢᠨ ᠮᠠᠯᠴᠢᠳ ᠤᠨ ᠳᠣᠲᠣᠭᠠᠳᠤ ᠬᠥᠳᠡᠯᠭᠡᠬᠦ ᠬᠦᠴᠦᠨ ᠢ ᠬᠦᠮᠤᠵᠢᠭᠦᠯᠭᠦ ᠶᠢ ᠤᠯᠠᠮ ᠨᠢᠭᠡ ᠠᠯᠬᠤᠮ ᠲᠦᠯᠬᠢᠨ ᠠᠬᠢᠭᠤᠯᠤᠨ ᠭᠦᠨᠵᠡᠭᠡᠶᠢᠷᠡᠭᠦᠯᠤᠨ᠎ᠡ᠃ ᠭᠤᠷᠪᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ      ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠬᠠᠳᠬᠠᠬᠤ ᠬᠡᠷᠡᠭᠲᠡᠶ ᠰᠢᠶᠠᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠵᠠᠪᠠᠯ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠲᠥᠪ᠂ ᠮᠠᠯ ᠡᠮᠨᠡᠯᠭᠡ ᠶᠢᠨ ᠲᠣᠪᠴᠢᠶ᠎ᠠ᠂ ᠡᠵᠡᠩᠨᠡᠯᠳᠡ ᠬᠠᠮᠢᠶᠠᠷᠬᠤ ᠦᠷᠳᠡᠭᠡ᠂ ᠲᠠᠷᠢᠶᠠᠯᠠᠩ ᠤᠨ ᠮᠠᠰᠢᠨ ᠤ ᠶᠡᠷᠦᠩᠬᠡᠶ ᠦᠷᠳᠡᠭᠡ ᠵᠡᠷᠭᠡ ᠨᠢᠭᠡᠴᠡ ᠶᠢ ᠨᠢᠭᠡᠳᠦᠯᠲᠡᠶ ᠲᠦᠯᠦᠪᠯᠡᠨ ᠵᠣᠬᠢᠶᠠᠨ ᠪᠠᠶᠢᠭᠤᠯᠤᠨ ᠵᠣᠬᠢᠴᠠᠭᠤᠯᠵᠤ᠂ ᠰᠠᠨᠠᠭᠠᠴᠢᠯᠠᠭ᠎ᠠ ᠠᠴᠠ ᠪᠠᠨ ᠡᠭᠦᠷᠭᠡ ᠡᠭᠦᠷᠭᠡᠯᠡᠬᠦ᠂ ᠡᠯ᠎ᠡ ᠲᠠᠯ᠎ᠠ ᠶᠢᠨ ᠬᠢᠨ ᠤ ᠢᠳᠡᠪᠬᠢᠵᠢᠯ ᠢ ᠪᠦᠲᠦᠮᠵᠢᠲᠡᠶ ᠪᠠᠷ ᠲᠠᠶᠢᠴᠢᠯᠡᠵᠤ᠂ ᠠᠵᠢᠯ ᠤᠨ ᠨᠡᠶᠢᠯᠡᠯ ᠬᠦᠴᠦᠨ ᠢ ᠪᠦᠷᠢᠯᠳᠦᠭᠦᠯᠬᠦ᠂ ᠬᠦᠴᠦᠨ ᠴᠢᠳᠠᠪᠤᠷᠢ ᠶᠢ ᠬᠠᠮᠤᠭ ᠶᠡᠭᠡ ᠪᠠᠷ ᠪᠠᠳᠠᠷᠠᠭᠤᠯᠵᠤ  ᠂ ᠲᠠᠷᠢᠶᠠᠯᠠᠩ ᠮᠠᠯ ᠠᠵᠤ ᠠᠬᠤᠶ ᠶᠢᠨ ᠤᠨᠢᠨ ᠲᠡᠭᠡᠷ᠎ᠡ ᠨᠢ ᠶᠠᠳᠠᠭᠤ ᠶᠢ ᠲᠡᠳᠬᠦᠬᠦ ᠠᠵᠢᠯ ᠤᠨ ᠡᠭᠦᠷᠭᠡ ᠶᠢ ᠪᠤᠳᠠᠳᠠᠶᠢᠵᠢᠭᠤᠯᠤᠨ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃      ︵ᠬᠤᠶᠠᠷ︶ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠶᠢ ᠴᠢᠩᠭᠠᠳᠭᠠᠬᠤ ᠬᠡᠷᠡᠭᠳᠡᠢ  ᠃᠂ ᠰᠦᠯᠵᠢᠶ᠎ᠡ᠂ ᠰᠣᠨᠢᠨ᠂ ᠲᠧᠯᠸᠢᠰ ᠵᠡᠷᠭᠡ ᠵᠠᠭᠤᠴᠢᠯᠠᠭᠤᠷ ᠢᠶᠠᠷ ᠳᠠᠮᠵᠢᠭᠤᠯᠤᠨ᠂ ᠥᠷᠭᠡᠨ ᠣᠯᠠᠨ ᠲᠤᠰᠬᠤᠨ ᠤ ᠠᠷᠠᠳ᠂ ᠢᠯᠠᠩᠭᠤᠶ᠎ᠠ ᠲᠠᠭᠠᠴᠢᠯᠠᠨ‌‍ᠲ᠋ᠡᠳᠬᠦᠬᠦ ᠲᠣᠰᠬᠤᠨ ᠡᠷᠦᠭᠡ ᠳᠤ᠂ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ᠂ ᠰᠢᠶᠠᠨ ᠤ ᠲᠠᠷᠢᠶᠠᠯᠠᠩ ᠮᠠᠯ ᠠᠵᠤ ᠠᠬᠤᠶ ᠶᠢᠨ ᠤᠨᠢᠨ ᠲᠡᠭᠡᠷ᠎ᠡ ᠨᠢ ᠶᠠᠳᠠᠭᠤ ᠶᠢ ᠲᠡᠳᠬᠦᠬᠦ ᠲᠦᠷᠦ ᠶᠢᠨ ᠪᠤᠳᠤᠯᠭ᠎ᠠ ᠪᠠ ᠶᠠᠳᠠᠭᠤ ᠠᠴᠠ ᠠᠩᠭᠢᠵᠢᠷᠠᠨ ᠴᠢᠨᠡᠭᠡᠯᠢᠭᠵᠢᠬᠦ ᠰᠢᠨᠵᠢᠯᠡᠬᠦ ᠤᠬᠠᠭᠠᠨᠴᠢ ᠬᠡᠷᠡᠭᠯᠡᠭᠡᠨ ᠤ ᠮᠡᠷᠭᠷᠵᠢᠯ ᠢ ᠢᠳᠡᠪᠬᠢᠲᠡᠶ ᠦᠷᠭᠡᠨ ᠬᠡᠪᠴᠢᠶ᠎ᠡ ᠪᠠᠷ ᠤᠬᠠᠭᠤᠯᠵᠤ ᠶᠠᠳᠠᠭᠤ ᠬᠦᠴᠢᠷᠳᠡᠯ ᠲᠠᠢ ᠡᠷᠤᠭᠡ ᠶᠢᠨ ᠡᠷᠲᠡᠬᠡᠨ ᠶᠠᠳᠠᠭᠤ ᠠᠴᠠ ᠠᠩᠭᠢᠵᠢᠷᠠᠨ ᠪᠠᠶᠠᠵᠢᠬᠤ   ᠶᠢ ᠲᠡᠮᠡᠴᠡᠨ ᠤᠯᠬᠤ ᠬᠡᠷᠡᠭᠲᠡᠶ᠃ ᠲᠦᠷᠪᠡ᠂ ᠳᠤᠰ ᠬᠡᠷᠡᠭᠵᠢᠭᠦᠯᠬᠦ ᠲᠥᠰᠦᠯ 2017 ᠤᠨ ᠤ 12 ᠰᠠᠷ᠎ᠠ ᠶᠢᠨ 1 ᠡᠳᠦᠷ ᠠᠴᠠ ᠬᠤᠶᠢᠴᠢ ᠬᠡᠷᠡᠭᠵᠢᠭᠦᠯᠦᠨ᠎ᠡ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1