ᠡᠳ᠋ ᠤᠨ ᠵᠠᠰᠠᠭ ᠤᠨ ᠲᠤᠪᠴᠢᠶ᠎ᠠ
ᠨᠡᠶᠢᠲᠡᠯᠡᠭᠰᠡᠨ ᠴᠠᠭ᠄
2018-04-24
     ᠡᠳ᠋ ᠤᠨ ᠵᠠᠰᠠᠭ ᠤᠨ ᠲᠤᠪᠴᠢᠶ᠎ᠠ ᠭᠤᠣᠯ ᠡᠭᠦᠷᠭᠡ ᠬᠠᠷᠢᠭᠤᠴᠠᠯᠭ᠎ᠠ᠄ ︵ᠨᠢᠭᠡ︶ ᠡᠳ᠋ ᠤᠨ ᠵᠠᠰᠠᠭ᠂ ᠭᠠᠶᠢᠯᠢ ᠲᠠᠲᠠᠪᠤᠷᠢ ᠶᠢᠨ ᠲᠤᠬᠠᠢ ᠤᠯᠤᠰ ᠤᠨ ᠴᠢᠭᠯᠡᠯᠲᠡ᠂ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠬᠡᠷᠡᠭᠵᠢᠭᠦᠯᠵᠦ᠂ ᠪᠦᠬᠦ ᠰᠢᠶᠠᠨ ᠤ ᠡᠳ᠋ ᠤᠨ ᠵᠠᠰᠠᠭ᠂ ᠭᠠᠶᠢᠯᠢ ᠲᠠᠲᠠᠪᠤᠷᠢ ᠶᠢᠨ ᠳᠤᠮᠳᠠ ᠤᠷᠳᠤ ᠬᠤᠭᠤᠴᠠᠭᠠᠨ ᠤ ᠲᠥᠯᠥᠪᠵᠢᠭᠦᠯᠭᠡ᠂ ᠦᠭᠡᠷᠡᠴᠢᠯᠡᠯᠲᠡ ᠶᠢᠨ ᠲᠥᠰᠥᠯ ᠵᠢᠴᠢ ᠬᠤᠯᠪᠤᠬᠳᠠᠯ ᠪᠥᠬᠦᠢ ᠲᠥᠷᠥ ᠶᠢᠨ ᠪᠤᠳᠤᠯᠭ᠎ᠠ ᠶᠢ ᠲᠤᠭᠤᠷᠪᠢᠨ ᠲᠤᠬᠳᠠᠭᠠᠨ᠎ᠠ᠃ ᠡᠯ᠎ᠡ ᠲᠥᠷᠥᠯ ᠤᠨ ᠬᠤᠷᠸ᠎ᠠ ᠠᠵᠤ ᠠᠬᠤᠢ ᠶᠢᠨ ᠲᠥᠷᠥ ᠶᠢᠨ ᠪᠣᠳᠣᠯᠭ᠎ᠠ ᠶᠢ ᠲᠣᠭᠲᠠᠭᠠᠬᠤ ᠳᠤ ᠣᠷᠣᠯᠴᠠᠨ᠎ᠠ︔ ᠡᠳ᠋ ᠤᠨ ᠵᠠᠰᠠᠭ ᠭᠠᠶᠢᠯᠢ ᠲᠠᠲᠠᠪᠤᠷᠢ ᠶᠢᠨ ᠲᠥᠷᠥ ᠶᠢᠨ ᠪᠣᠳᠣᠯᠭ᠎ᠠ ᠶᠢ ᠬᠡᠷᠡᠭᠯᠡᠨ ᠠᠵᠤ ᠠᠬᠤᠢ ᠶᠢᠨ ᠲᠣᠬᠢᠷᠠᠭᠤᠯᠭ᠎ᠠ ᠶᠢ ᠬᠡᠷᠡᠭᠵᠢᠭᠦᠯᠬᠦ ᠪᠠ ᠨᠡᠶᠢᠭᠡᠮ ᠤᠨ ᠡᠳ᠋ ᠤᠨ ᠬᠦᠴᠦᠨ ᠢ ᠶᠡᠷᠦᠩᠬᠡᠶᠢᠯᠡᠨ ᠲᠡᠩᠴᠡᠭᠦᠷᠢᠲᠡᠢ ᠪᠣᠯᠭᠠᠬᠤ ᠰᠠᠨᠠᠭᠤᠯᠭ᠎ᠠ ᠶᠢ ᠳᠤᠷᠠᠳᠤᠨ ᠭᠠᠷᠭᠠᠨ᠎ᠠ᠃ ᠪᠦᠬᠦ ᠰᠢᠶᠠᠨ ᠤ ᠡᠳ᠋ ᠤᠨ ᠵᠠᠰᠠᠭ᠂ ᠡᠳ᠋ ᠤᠨ ᠶᠠᠪᠤᠳᠠᠯ᠂ ᠨᠢᠭᠲᠠᠯᠠᠨ ᠪᠣᠳᠣᠬᠤ ᠶᠢᠨ ᠬᠠᠮᠢᠶᠠᠷᠤᠯᠲᠠ ᠶᠢᠨ ᠲᠥᠷᠢᠮᠵᠢᠬᠦᠨ ᠴᠢᠨᠠᠷᠳᠡᠢ ᠪᠢᠴᠢᠭ ᠮᠠᠲ᠋ᠧᠷᠢᠶᠠᠯ ᠵᠠᠰᠠᠭ ᠤᠨ ᠤᠷᠳᠤᠨ ᠤ ᠲᠥᠷᠢᠮ ᠲᠤᠬᠳᠠᠭᠠᠯ ᠤᠨ ᠲᠥᠰᠥᠯ ᠢ ᠨᠣᠣᠷᠠᠭᠯᠠᠨ ᠲᠤᠭᠳᠠᠭᠠᠨ᠎ᠠ︔ ᠡᠳ᠋ ᠤᠨ ᠵᠠᠰᠠᠭ ᠤᠨ ᠬᠠᠮᠢᠶᠠᠷᠤᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠠᠬᠢᠭᠤᠯᠤᠨ᠎ᠠ᠃ ︵ᠬᠤᠶᠠᠷ︶ ᠪᠥᠬᠦ ᠰᠢᠶᠠᠨ ᠤ ᠲᠤᠰ ᠱᠠᠲᠤᠨ ᠤ ᠡᠯ᠎ᠡ ᠲᠥᠷᠥᠯ ᠤᠨ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠤᠨ ᠤ ᠲᠥᠰᠥᠪ ᠢ ᠬᠠᠷᠢᠭᠤᠴᠠᠨ ᠨᠠᠶᠢᠷᠠᠭᠤᠯᠤᠨ ᠲᠤᠭᠳᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠡᠳ᠋ ᠤᠨ ᠵᠠᠰᠠᠭ ᠤᠨ ᠲᠥᠰᠥᠪ ᠤᠨ ᠭᠦᠢᠴᠡᠳᠬᠡᠯ ᠢ ᠨᠠᠶᠢᠷᠠᠭᠤᠯᠤᠨ ᠬᠤᠷᠢᠶᠠᠩᠭᠤᠶᠢᠯᠠᠨ᠎ᠠ᠃ ᠰᠢᠶᠠᠨ ᠤ ᠠᠷᠠᠳ ᠤᠨ ᠵᠠᠰᠠᠭ ᠤᠨ ᠣᠷᠳᠣᠨ ᠤ ᠨᠠᠶᠢᠳᠠᠯᠭ᠎ᠠ ᠪᠠᠷ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠣᠨ ᠤ ᠡᠳ᠋ ᠤᠨ ᠵᠠᠰᠠᠭ ᠤᠨ ᠲᠥᠰᠥᠪ ᠵᠢᠴᠢ ᠬᠡᠷᠡᠭᠵᠢᠭᠦᠯᠦᠭᠰᠡᠨ ᠪᠠᠶᠢᠳᠠᠯ ᠢ ᠮᠡᠳᠡᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ ᠡᠳ᠋ ᠤᠨ ᠵᠠᠰᠠᠭ ᠤᠨ ᠲᠥᠰᠥᠪ ᠤᠨ ᠭᠦᠢᠴᠡᠳᠬᠡᠯ ᠢ ᠮᠡᠳᠡᠭᠦᠯᠦᠨ᠎ᠡ︔ ᠰᠠᠯᠠᠭ᠎ᠠ ᠮᠦᠴᠢᠷ ︵ᠨᠢᠭᠡᠴᠡ︶ ᠶᠢᠨ ᠣᠨ ᠤ ᠲᠥᠰᠥᠪ ᠤᠨ ᠭᠦᠢᠴᠡᠳᠬᠡᠯ ᠤᠨ ᠬᠢᠨᠠᠨ ᠬᠠᠷᠭᠤᠭᠤᠯᠵᠤ ᠴᠣᠬᠤᠯᠠᠪᠤᠷᠢᠯᠠᠬᠤ ᠶᠢ ᠬᠠᠷᠢᠭᠤᠴᠠᠨ᠎ᠠ︔ ︵ᠭᠤᠷᠪᠠ︶ ᠰᠢᠶᠠᠨ ᠪᠤᠯᠤᠨ ᠪᠠᠯᠭᠠᠰᠤ ᠶᠢᠨ ᠡᠳ᠋ ᠤᠨ ᠵᠠᠰᠠᠭ ᠤᠨ ᠬᠠᠮᠢᠶᠠᠷᠤᠯᠲᠠ ᠶᠢᠨ ᠪᠠᠶᠢᠭᠤᠯᠤᠯ ᠢ ᠰᠢᠯᠤᠭᠤᠳᠬᠠᠨ᠂ ᠲᠡᠬᠦᠯᠳᠡᠷᠵᠢᠬᠦᠯᠦᠨ᠎ᠡ᠃ ᠥᠪᠡᠷᠳᠡᠭᠡᠨ ᠵᠠᠰᠠᠬᠤ ᠤᠷᠤᠨ ᠤ ᠶᠠᠪᠤᠬᠳᠠᠭᠤᠯᠵᠦ ᠪᠠᠶᠢᠭ᠎ᠠ ᠰᠢᠶᠠᠩ  ᠪᠠᠯᠭᠠᠰᠤᠨ ᠤ ᠡᠳ᠋ ᠤᠨ ᠵᠠᠰᠠᠭ ᠢ ᠰᠢᠶᠠᠨ ᠠᠴᠠ ᠬᠠᠮᠢᠶᠠᠷᠬᠤ ᠡᠳ᠋ ᠤᠨ ᠵᠠᠰᠠᠭ ᠤᠨ ᠪᠠᠶᠢᠭᠤᠯᠤᠯ ᠤᠨ ᠥᠭᠡᠷᠡᠴᠢᠯᠡᠯᠲᠡ ᠶᠢᠨ ᠠᠵᠢᠯ ᠢ ᠨᠠᠶᠢᠳᠠᠪᠤᠷᠢᠵᠢᠭᠤᠯᠤᠨ᠎ᠠ᠃ ︵ᠲᠥᠷᠪᠡ︶ ᠵᠠᠰᠠᠭ ᠤᠨ ᠣᠷᠳᠣᠨ ᠤ ᠭᠠᠶᠢᠯᠢ ᠶᠢᠨ ᠪᠤᠰᠤ ᠣᠷᠣᠯᠭ᠎ᠠ ᠶᠢᠨ ᠬᠠᠮᠢᠶᠠᠷᠤᠯᠲᠠ ᠶᠢ ᠬᠠᠷᠢᠭᠤᠴᠠᠵᠤ᠂ ᠵᠠᠰᠠᠭ ᠵᠠᠬᠢᠷᠭᠠᠨ ᠤ ᠠᠵᠢᠯ ᠦᠢᠯᠡᠰ ᠤᠨ ᠴᠢᠨᠠᠷᠲᠠᠢ ᠰᠦᠢᠳᠬᠡᠯ ᠬᠤᠷᠢᠶᠠᠬᠤ᠂ ᠵᠠᠰᠠᠭ ᠤᠨ ᠣᠷᠳᠣᠨ ᠤ ᠴᠢᠨᠠᠷᠲᠠᠢ ᠰᠠᠭᠤᠷᠢ ᠮᠥᠩᠭᠦ ᠵᠢᠴᠢ ᠪᠣᠰᠣᠳ ᠭᠠᠶᠢᠯᠢ ᠶᠢᠨ ᠪᠤᠰᠤ ᠣᠷᠣᠯᠭ᠎ᠠ ᠶᠢ ᠲᠤᠭᠳᠠᠭᠠᠯ ᠶᠤᠰᠤᠭᠠᠷ ᠬᠠᠮᠢᠶᠠᠷᠤᠨ᠎ᠠ︔ ᠡᠳ᠋ ᠤᠨ ᠵᠠᠰᠠᠭ ᠤᠨ ᠫᠢᠶᠣᠣ ᠪᠠᠷᠢᠮᠲᠠ ᠶᠢ ᠬᠠᠮᠢᠶᠠᠷᠴᠤ᠂ ᠱᠠᠩᠨᠠᠯᠲᠤ ᠰᠤᠭᠤᠯᠤᠭ᠎ᠠ ᠶᠢᠨ ᠬᠠᠮᠢᠶᠠᠷᠤᠯᠲᠠ ᠶᠢᠨ ᠲᠥᠷᠥ ᠶᠢᠨ ᠪᠤᠳᠤᠯᠭ᠎ᠠ ᠪᠤᠯᠤᠨ ᠬᠤᠯᠪᠣᠭᠳᠠᠯ ᠪᠦᠬᠦᠢ ᠠᠷᠭ᠎ᠠ ᠶᠢ ᠲᠣᠭᠲᠠᠭᠠᠵᠤ᠂ ᠱᠠᠩᠨᠠᠯᠲᠤ ᠰᠤᠭᠤᠯᠤᠭ᠎ᠠ ᠶᠢᠨ ᠵᠠᠬ᠎ᠠ ᠳᠡᠯᠭᠡᠭᠦᠷ ᠢ ᠬᠠᠮᠢᠶᠠᠷᠴᠤ᠂ ᠱᠠᠩᠨᠠᠯᠲᠤ ᠰᠤᠭᠤᠯᠤᠭ᠎ᠠ ᠶᠢᠨ ᠪᠡᠯᠡ ᠮᠥᠩᠭᠦ ᠶᠢ ᠲᠤᠭᠳᠠᠭᠠᠯ ᠶᠤᠰᠤᠭᠠᠷ ᠬᠠᠮᠢᠶᠠᠷᠤᠨ᠎ᠠ᠃ ︵ᠲᠠᠪᠤ︶ ᠤᠯᠤᠰ ᠤᠨ ᠬᠥᠮᠥᠷᠭᠡ ᠶᠢᠨ ᠬᠠᠮᠢᠶᠠᠷᠤᠯᠲᠠ ᠶᠢᠨ ᠳᠦᠷᠢᠮ᠂ ᠤᠯᠤᠰ ᠤᠨ ᠬᠥᠮᠥᠷᠭᠡ ᠶᠢᠨ ᠲᠥᠪᠯᠡᠷᠡᠭᠦᠯᠦᠨ ᠬᠤᠷᠢᠶᠠᠬᠤ ᠥᠭᠬᠦ ᠳᠦᠷᠢᠮ ᠢ ᠬᠡᠷᠡᠭᠵᠢᠭᠦᠯᠵᠦ᠂ ᠪᠥᠬᠦ ᠰᠢᠶᠠᠨ ᠤ ᠤᠯᠤᠰ ᠤᠨ ᠬᠥᠮᠥᠷᠭᠡ ᠶᠢᠨ ᠲᠤᠬᠠᠶᠢᠯᠠᠭᠰᠠᠨ ᠠᠵᠢᠯ ᠢ ᠵᠢᠯᠣᠭᠤᠳᠬᠤ ᠪᠠ ᠬᠢᠨᠠᠯᠲᠠ ᠲᠠᠯᠪᠢᠵᠤ᠂ ᠤᠯᠤᠰ ᠤᠨ ᠬᠥᠮᠥᠷᠭᠡ ᠶᠢᠨ ᠪᠡᠯᠡᠨ ᠵᠣᠭᠤᠰᠤᠨ ᠤ ᠬᠠᠮᠢᠶᠠᠷᠤᠯᠲᠠ ᠶᠢᠨ ᠠᠵᠢᠯ ᠢ ᠲᠤᠭᠳᠠᠭᠠᠯ ᠶᠤᠰᠤᠭᠠᠷ ᠥᠷᠨᠢᠭᠦᠯᠵᠦ᠂ ᠵᠠᠰᠠᠭ ᠤᠨ ᠣᠷᠳᠣᠨ ᠤ ᠬᠤᠳᠠᠯᠳᠤᠨ ᠠᠪᠬᠤ ᠳᠦᠷᠢᠮ ᠢ ᠬᠡᠷᠡᠭᠵᠢᠭᠦᠯᠬᠦ ᠶᠢᠨ ᠬᠠᠮᠲᠤ ᠬᠢᠨᠠᠨ ᠬᠠᠮᠢᠶᠠᠷᠤᠨ᠎ᠠ᠃ ︵ᠵᠢᠷᠭᠤᠭ᠎ᠠ︶ ᠤᠯᠤᠰ ᠤᠨ ᠭᠠᠶᠢᠯᠢ ᠲᠡᠳᠠᠪᠤᠷᠢ ᠶᠢᠨ ᠬᠠᠤᠯᠢ᠂ ᠵᠠᠰᠠᠭ ᠵᠠᠬᠢᠷᠭᠠᠨ ᠤ ᠬᠠᠤᠯᠢ ᠲᠥᠷᠢᠮ ᠪᠤᠯᠤᠨ ᠭᠠᠶᠢᠯᠢ ᠲᠡᠳᠠᠪᠤᠷᠢ ᠶᠢᠨ ᠲᠤᠬᠢᠷᠠᠭᠤᠯᠤᠯᠲᠠ ᠲᠥᠷᠥ ᠶᠢᠨ ᠪᠤᠳᠤᠯᠭ᠎ᠠ ᠶᠢ ᠲᠤᠭᠤᠰᠢᠯᠭᠤᠯᠤᠨ ᠭᠡᠷᠩᠵᠢᠬᠦᠯᠦᠨ᠎ᠡ᠃ ᠲᠤᠬᠳᠠᠭᠠᠬᠰᠠᠨ ᠡᠷᠭᠡ ᠶᠤᠰᠤᠭᠠᠷ᠂ ᠬᠤᠲᠠ ᠶᠢᠨ ᠡᠳ᠋ ᠤᠨ ᠵᠠᠰᠠᠭ ᠲᠤ ᠮᠡᠳᠡᠭᠦᠯᠦᠨ ᠤᠷᠤᠨ ᠨᠤᠳᠤᠭ ᠤᠨ ᠭᠠᠶᠢᠯᠢ ᠲᠠᠳᠠᠪᠤᠷᠢ ᠶᠢ ᠬᠥᠩᠬᠡᠯᠡᠵᠦ ᠬᠡᠯᠳᠤᠷᠢᠬᠦᠯᠬᠦ᠂ ᠭᠠᠶᠢᠯᠢ ᠶᠢ ᠪᠤᠴᠠᠭᠠᠬᠤ ᠵᠡᠷᠭᠡ ᠠᠵᠢᠯ ᠢ ᠬᠢᠨᠠᠨ ᠵᠥᠪᠰᠢᠶᠡᠷᠡᠬᠦᠯᠥᠨ᠎ᠡ᠃ ᠤᠯᠤᠰ ᠤᠨ ᠲᠥᠯᠥᠪᠤᠷᠢ ᠶᠢᠨ ᠵᠠᠷᠤᠳᠠᠯ ᠤᠨ ᠬᠠᠮᠢᠶᠠᠷᠤᠯᠲᠠ ᠶᠢ ᠲᠠᠭᠠᠭᠠᠴᠢᠯᠠᠨ ᠡᠷᠬᠢᠯᠡᠨ᠎ᠡ᠃ ︵ᠳᠣᠯᠤᠭ᠎ᠠ︶ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠡ ᠶᠢᠨ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠳᠦᠷᠢᠮ ᠲᠣᠭᠲᠠᠭᠠᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠡ ᠶᠢᠨ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢ ᠲᠤᠭᠳᠠᠭᠠᠯ ᠶᠤᠰᠤᠭᠠᠷ ᠬᠠᠮᠢᠶᠠᠷᠴᠤ᠂ ᠡᠳ᠋ ᠬᠥᠷᠥᠩᠭᠡ ᠶᠢᠨ ᠲᠣᠬᠢᠷᠠᠭᠤᠯᠤᠯᠲᠠ ᠶᠢᠨ ᠪᠠᠷᠢᠮᠵᠢᠶ᠎ᠠ ᠪᠠ ᠵᠠᠷᠤᠳᠠᠯ ᠵᠠᠷᠤᠴᠠᠭᠤᠯᠤᠭ᠎ᠠ ᠶᠢᠨ ᠲᠤᠭ᠎ᠠ ᠨᠤᠷᠮ᠎ᠠ ᠶᠢ ᠲᠣᠭᠲᠠᠭᠠᠨ᠎ᠠ᠃ ︵ᠨᠠᠢᠮᠠ︶ ᠤᠯᠤᠰ ᠤᠨ ᠥᠮᠴᠢᠯᠡᠯ ᠤᠨ ᠬᠥᠷᠥᠩᠭᠡ ᠶᠢᠨ ᠡᠵᠡᠩᠨᠡᠯᠲᠡ ᠶᠢᠨ ᠲᠥᠰᠥᠪ ᠤᠨ ᠳᠦᠷᠢᠮ ᠪᠠ ᠠᠷᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ︔ ᠪᠥᠬᠦ ᠰᠢᠶᠠᠨ ᠤ ᠤᠯᠤᠰ ᠤᠨ ᠥᠮᠴᠢᠯᠡᠯ ᠤᠨ ᠬᠥᠷᠥᠩᠭᠡ ᠶᠢᠨ ᠡᠵᠡᠩᠨᠡᠯᠲᠡ ᠶᠢᠨ ᠲᠥᠰᠥᠪ ᠤᠨ ᠲᠥᠰᠥᠯ ᠢ ᠬᠠᠷᠢᠭᠤᠴᠠᠨ ᠨᠠᠶᠢᠷᠠᠭᠤᠯᠤᠨ᠎ᠠ᠃ ᠤᠯᠤᠰ ᠤᠨ ᠥᠮᠴᠢᠯᠡᠯ ᠤᠨ ᠬᠥᠷᠥᠩᠭᠡ ᠶᠢᠨ ᠡᠵᠡᠩᠨᠡᠯᠲᠡ ᠶᠢᠨ ᠲᠦᠰᠤᠪ᠂ ᠲᠥᠰᠥᠪ ᠤᠨ ᠬᠦᠢᠴᠡᠳᠭᠡᠯ ᠤᠨ ᠲᠥᠰᠥᠯ ᠢ ᠬᠠᠷᠢᠭᠤᠴᠠᠨ ᠬᠢᠨᠠᠨ ᠬᠠᠷᠭᠤᠭᠤᠯᠬᠤ ᠪᠠ ᠬᠤᠷᠢᠶᠠᠩᠭᠤᠶᠢᠯᠠᠨ ᠨᠠᠶᠢᠷᠠᠭᠤᠯᠤᠨ ᠲᠤᠭᠳᠠᠭᠠᠵᠦ᠂ ᠠᠵᠤ ᠠᠬᠤᠶᠢᠯᠠᠯ ᠤᠨ ᠤᠯᠤᠰ ᠤᠨ ᠥᠮᠴᠢᠯᠡᠯ ᠤᠨ ᠬᠥᠷᠥᠩᠭᠡ ᠶᠢᠨ ᠠᠰᠢᠭ ᠣᠯᠵᠠᠪᠤᠷᠢ ᠶᠢ ᠬᠤᠷᠢᠶᠠᠵᠦ᠂ ᠠᠵᠤ ᠠᠬᠤᠶᠢᠯᠠᠯ ᠤᠨ ᠡᠳ᠋ ᠤᠨ ᠶᠠᠪᠤᠳᠠᠯ ᠤᠨ ᠳᠦᠷᠢᠮ ᠵᠢᠴᠢ ᠵᠠᠰᠠᠭ ᠤᠨ ᠣᠷᠳᠣᠨ ᠬᠢᠭᠡᠳ ᠠᠵᠤ ᠠᠬᠤᠶᠢᠯᠠᠯ ᠤᠨ ᠬᠤᠪᠢᠶᠠᠷᠢᠯᠠᠯᠲᠠ ᠶᠢᠨ ᠳᠦᠷᠢᠮ ᠪᠠ ᠠᠷᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ︔ ᠬᠥᠷᠥᠩᠭᠡ ᠶᠢᠨ ᠦᠨᠡᠯᠡᠨ ᠵᠢᠱᠢᠬᠦ ᠠᠵᠢᠯ ᠢ ᠲᠤᠭᠳᠠᠭᠠᠯ ᠶᠤᠰᠤᠭᠠᠷ ᠬᠠᠮᠢᠶᠠᠷᠤᠨ᠎ᠠ᠃ ︵ᠶᠢᠰᠦ︶ ᠪᠥᠬᠦ ᠰᠢᠶᠠᠨ  ᠤ ᠡᠳ᠋ ᠤᠨ ᠵᠠᠰᠠᠭ ᠤᠨ ᠠᠵᠤ ᠠᠬᠤᠢ ᠶᠢᠨ ᠬᠥᠭᠵᠢᠯᠲᠡ ᠶᠢᠨ ᠵᠠᠷᠤᠯᠭ᠎ᠠ᠂ ᠲᠥᠪ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠴᠢᠨᠠᠷᠲᠠᠢ ᠪᠡᠯᠡ ᠣᠷᠤᠭᠤᠯᠤᠯᠲᠠ ᠶᠢᠨ ᠲᠥᠷᠥᠯ ᠵᠦᠢᠯ ᠤᠨ ᠡᠳ᠋ ᠤᠨ ᠵᠠᠰᠠᠭ ᠤᠨ ᠰᠠᠯᠭᠠᠨ ᠥᠭᠬᠦ ᠮᠦᠩᠭᠦ ᠶᠢ ᠬᠠᠷᠢᠭᠤᠴᠠᠨ ᠭᠦᠢᠴᠡᠳᠬᠡᠬᠦ ᠪᠠ ᠬᠢᠨᠠᠯᠲᠠ ᠲᠠᠯᠪᠢᠵᠤ᠂ ᠪᠦᠲᠦᠭᠡᠨ ᠪᠠᠶᠢᠭᠤᠯᠤᠯᠲᠠ ᠶᠢᠨ ᠪᠡᠯᠡ ᠣᠷᠤᠭᠤᠯᠤᠯᠲᠠ ᠶᠢᠨ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠬᠤ ᠳᠤ ᠣᠷᠣᠯᠴᠠᠨ᠎ᠠ ︔ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠡᠳ᠋ ᠤᠨ ᠶᠠᠪᠤᠳᠠᠯ ᠤᠨ ᠳᠦᠷᠢᠮ ᠢ ᠲᠤᠭᠲᠠᠭᠠᠵᠤ᠂ ᠲᠥᠷᠥ ᠶᠢᠨ ᠪᠣᠳᠣᠯᠭ᠎ᠠ ᠶᠢᠨ ᠴᠢᠨᠠᠷᠲᠠᠢ ᠬᠤᠯᠪᠤᠭᠳᠠᠯ ᠪᠦᠬᠦᠢ ᠨᠦᠬᠦᠪᠦᠷᠢ ᠪᠠ ᠲᠤᠰᠬᠠᠢ ᠨᠥᠭᠡᠴᠡ ᠶᠢᠨ ᠪᠡᠯᠡ ᠮᠥᠩᠭᠦ ᠶᠢᠨ ᠡᠳ᠋ ᠤᠨ ᠵᠠᠰᠠᠭ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ︔ ᠲᠠᠷᠢᠶᠠᠯᠠᠩ ᠤᠨ ᠶᠡᠷᠦᠩᠬᠡᠶᠢᠯᠡᠨ ᠨᠡᠭᠡᠭᠡᠨ ᠬᠥᠭᠵᠢᠭᠦᠯᠬᠦ ᠪᠤᠯᠤᠨ ᠬᠥᠳᠡᠭᠡ ᠲᠤᠰᠬᠤᠨ ᠮᠠᠯᠵᠢᠬᠤ ᠤᠷᠤᠨ ᠤ ᠶᠡᠷᠤᠩᠬᠡᠶᠢᠯᠡᠨ ᠥᠭᠡᠷᠡᠴᠢᠯᠡᠬᠦ ᠠᠵᠢᠯ ᠢ ᠬᠠᠷᠢᠭᠤᠴᠠᠨ᠎ᠠ᠃ ︵ᠠᠷᠪᠠ︶ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠠᠢ ᠬᠠᠮᠲᠤᠷᠠᠵᠤ ᠪᠥᠬᠦ ᠰᠢᠶᠠᠨ ᠤ ᠡᠳ᠋ ᠤᠨ ᠵᠠᠰᠠᠭ ᠤᠨ ᠨᠡᠶᠢᠭᠡᠮ ᠤᠨ ᠪᠠᠲᠤᠯᠠᠭ᠎ᠠ ᠪᠠ ᠠᠵᠢᠯ ᠤᠯᠭᠤᠬᠤ ᠵᠢᠴᠢ ᠡᠮ ᠡᠮᠨᠡᠯᠭᠡ ᠡᠷᠡᠭᠦᠯ ᠬᠠᠮᠠᠭᠠᠯᠠᠯ ᠤᠨ ᠵᠠᠷᠤᠯᠭ᠎ᠠ ᠶᠢ ᠬᠠᠮᠢᠶᠠᠷᠴᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠠᠢ ᠬᠠᠮᠲᠤᠷᠠᠵᠤ ᠨᠡᠶᠢᠭᠡᠮ ᠤᠨ ᠪᠠᠲᠤᠯᠠᠭ᠎ᠠ ᠶᠢᠨ ᠪᠡᠯᠡ ᠮᠥᠩᠭᠦ ︵ᠰᠠᠭᠤᠷᠢ ᠮᠥᠩᠭᠦ︶ ᠶᠢᠨ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠳᠦᠷᠢᠮ ᠢ ᠲᠤᠭᠤᠷᠪᠢᠨ ᠲᠣᠭᠲᠠᠭᠠᠵᠤ᠂ ᠨᠡᠶᠢᠭᠡᠮ ᠤᠨ ᠪᠠᠲᠤᠯᠠᠭ᠎ᠠ ᠶᠢᠨ ᠲᠥᠰᠥᠪ ᠪᠠ ᠲᠥᠰᠥᠪ ᠤᠨ ᠭᠦᠢᠴᠡᠳᠬᠡᠯ ᠤᠨ ᠲᠦᠰᠤᠯ ᠢ ᠨᠠᠶᠢᠷᠠᠭᠤᠯᠤᠨ ᠲᠤᠭᠳᠠᠭᠠᠨ᠎ᠠ᠃ ︵ᠠᠷᠪᠠᠨ ᠨᠢᠭᠡ︶ ᠵᠠᠰᠠᠭ ᠤᠨ ᠣᠷᠳᠣᠨ ᠤ ᠲᠣᠲᠣᠭᠠᠳᠤ ᠭᠠᠳᠠᠭᠠᠲᠤ ᠶᠢᠨ ᠥᠷᠢ ᠥᠭᠴᠡᠭᠡ ᠶᠢᠨ ᠬᠠᠮᠢᠶᠠᠷᠣᠯᠲᠠ ᠶᠢᠨ ᠲᠤᠬᠠᠢ ᠳᠦᠷᠢᠮ ᠪᠠ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ ᠬᠡᠷᠡᠭᠵᠢᠭᠦᠯᠵᠦ᠂ ᠪᠦᠬᠦ ᠰᠢᠶᠠᠨ ᠤ ᠵᠠᠰᠠᠭ ᠤᠨ ᠣᠷᠳᠣᠨ ᠤ ᠴᠢᠨᠠᠷᠲᠠᠢ ᠥᠷᠢ ᠥᠭᠴᠡᠭᠡ ᠶᠢᠨ ᠬᠠᠮᠢᠶᠠᠷᠤᠯᠲᠠ ᠶᠢᠨ ᠳᠦᠷᠢᠮ ᠪᠠ ᠠᠷᠭ᠎ᠠ ᠶᠢ ᠬᠠᠤᠯᠢ ᠶᠤᠰᠤᠭᠠᠷ ᠲᠣᠭᠲᠠᠭᠠᠨ᠎ᠠ︔ ᠪᠥᠬᠦ ᠰᠢᠶᠠᠨ ᠤ ᠵᠠᠰᠠᠭ ᠤᠨ ᠤᠷᠳᠤᠨ ᠤ ᠴᠢᠨᠠᠷᠳᠡᠢ ᠥᠷᠢ ᠥᠭᠴᠡᠭᠡᠨ ᠤ ᠬᠠᠮᠢᠶᠠᠷᠤᠯᠲᠠ ᠶᠢᠨ ᠲᠥᠷᠢᠮ ᠪᠤᠯᠤᠨ ᠠᠷᠭ᠎ᠠ ᠶᠢ ᠬᠠᠤᠯᠢ ᠶᠤᠰᠤᠭᠠᠷ ᠲᠤᠬᠳᠠᠭᠠᠨ᠂ ᠡᠳ᠋ ᠤᠨ ᠵᠠᠰᠠᠭ ᠤᠨ ᠠᠶᠤᠯ ᠲᠥᠭᠰᠢᠬᠦᠷᠢ ᠶᠢ ᠰᠡᠷᠭᠡᠶᠢᠯᠡᠨ᠎ᠡ᠃ ᠵᠠᠰᠠᠭ ᠤᠨ ᠣᠷᠳᠣᠨ ᠤ ᠲᠣᠲᠤᠭᠠᠲᠤ ᠭᠠᠳᠠᠭᠠᠲᠤ ᠶᠢᠨ ᠥᠷᠢ ᠥᠭᠴᠡᠭᠡ ᠶᠢ ᠨᠢᠭᠡᠳᠦᠯᠲᠡᠢ ᠬᠠᠮᠢᠶᠠᠷᠬᠤ ᠶᠢ ᠬᠠᠷᠢᠭᠤᠴᠠᠨ᠎ᠠ᠃ ︵ᠠᠷᠪᠠᠨ ᠬᠤᠶᠠᠷ︶ ᠪᠦᠬᠦ ᠰᠢᠶᠠᠨ ᠤ ᠨᠢᠭᠲᠠᠯᠠᠨ ᠪᠣᠳᠣᠭᠴᠢ ᠶᠢᠨ ᠠᠵᠢᠯ ᠤᠨ ᠬᠠᠮᠢᠶᠠᠷᠤᠯᠲᠠ ᠶᠢ ᠬᠠᠷᠢᠭᠤᠴᠠᠵᠤ᠂ ᠨᠢᠭᠲᠠᠯᠠᠨ ᠪᠣᠳᠣᠭᠴᠢ ᠶᠢᠨ ᠦᠢᠯᠡ ᠠᠵᠢᠯᠠᠯᠭ᠎ᠠ ᠳᠤ ᠬᠢᠨᠠᠯᠲᠠ ᠲᠠᠯᠪᠢᠬᠤ ᠪᠠ ᠵᠢᠷᠤᠮᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠳᠠᠩᠰᠠᠨ ᠳᠤ ᠲᠡᠮᠳᠡᠭᠯᠡᠭᠰᠡᠨ ᠨᠢᠭᠲᠠᠯᠠᠨ ᠪᠣᠳᠣᠬᠤ ᠮᠡᠷᠭᠡᠵᠢᠯᠲᠡᠨ ᠪᠠ ᠨᠢᠭᠲᠠᠯᠠᠨ ᠪᠣᠳᠣᠬᠤ ᠮᠡᠷᠭᠡᠵᠢᠯᠲᠡᠨ ᠤ ᠠᠵᠢᠯ ᠡᠷᠬᠢᠯᠡᠬᠦ ᠭᠠᠵᠠᠷ ᠤᠨ ᠲᠤᠬᠠᠶᠢᠯᠠᠭᠰᠠᠨ ᠠᠵᠢᠯ ᠢ ᠵᠢᠯᠣᠭᠤᠳᠬᠤ ᠪᠠ ᠬᠢᠨᠠᠯᠲᠠ ᠲᠠᠯᠪᠢᠵᠤ᠂ ᠨᠡᠶᠢᠭᠡᠮ ᠤᠨ ᠬᠢᠨᠠᠨ ᠪᠣᠳᠣᠯᠲᠠ ᠶᠢ ᠵᠢᠯᠣᠭᠤᠳᠬᠤ ᠪᠠ ᠬᠠᠮᠢᠶᠠᠷᠤᠨ᠎ᠠ᠃ ︵ᠠᠷᠪᠠᠨ ᠭᠤᠷᠪᠠ︶ ᠡᠳ᠋ ᠤᠨ ᠵᠠᠰᠠᠭ ᠭᠠᠶᠢᠯᠢ ᠳᠠᠳᠠᠪᠤᠷᠢ ᠶᠢᠨ ᠬᠠᠤᠯᠢ ᠳᠦᠷᠢᠮ᠂ ᠲᠥᠷᠥ ᠶᠢᠨ ᠪᠣᠳᠣᠯᠭ᠎ᠠ ᠪᠤᠯᠤᠨ ᠡᠳ᠋ ᠤᠨ ᠵᠠᠰᠠᠭ ᠤᠨ ᠤᠷᠤᠯᠭ᠎ᠠ ᠵᠠᠷᠤᠯᠭ᠎ᠠ ᠶᠢᠨ ᠬᠡᠷᠡᠭᠵᠢᠬᠦᠯᠤᠯᠳᠡ ᠶᠢᠨ ᠪᠠᠶᠢᠳᠠᠯ ᠢ ᠬᠢᠨᠠᠨ ᠪᠠᠶᠢᠴᠠᠭᠠᠵᠤ᠂ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠬᠠᠮᠢᠶᠠᠷᠤᠯᠲᠠ ᠳᠠᠬᠢ ᠬᠦᠨᠳᠦ ᠶᠡᠭᠡ ᠠᠰᠠᠭᠤᠳᠠᠯ ᠤᠳ ᠢ ᠲᠤᠰᠬᠠᠵᠤ᠂ ᠡᠳ᠋ ᠤᠨ ᠵᠠᠰᠠᠭ ᠤᠨ ᠬᠠᠮᠢᠶᠠᠷᠤᠯᠲᠠ ᠶᠢ ᠴᠢᠩᠭᠠᠳᠬᠠᠬᠤ ᠲᠥᠷᠥ ᠶᠢᠨ ᠪᠣᠳᠣᠯᠭ᠎ᠠ ᠪᠠ ᠰᠠᠨᠠᠭᠤᠯᠭ᠎ᠠ ᠶᠢ ᠲᠤᠷᠠᠳᠤᠨ᠎ᠠ᠃ ︵ᠠᠷᠪᠠᠨ ᠲᠥᠷᠪᠡ︶ ᠡᠳ᠋ ᠤᠨ ᠵᠠᠰᠠᠭ ᠤᠨ ᠰᠤᠷᠭᠠᠨ ᠬᠥᠮᠥᠵᠢᠯ ᠤ ᠲᠥᠯᠥᠪᠵᠢᠬᠦᠯᠬᠡ ᠶᠢ ᠲᠤᠬᠳᠠᠭᠠᠨ᠂ ᠡᠳ᠋ ᠤᠨ ᠵᠠᠰᠠᠭ ᠤᠨ ᠺᠠᠳ᠋ᠷ ᠤᠨ ᠦᠷᠬᠦᠯᠵᠢᠯᠡᠬᠦᠯᠦᠨ ᠰᠤᠷᠭᠠᠬᠤ ᠶᠢ ᠵᠤᠬᠢᠶᠠᠨ ᠪᠠᠶᠢᠭᠤᠯᠤᠨ᠂ ᠡᠳ᠋ ᠤᠨ ᠵᠠᠰᠠᠭ ᠤᠨ ᠰᠤᠷᠠᠭ ᠵᠠᠩᠬᠢᠵᠢᠯᠡᠯᠲᠡ ᠶᠢᠨ ᠪᠠᠶᠢᠭᠤᠯᠤᠯᠲᠠ ᠪᠤᠯᠤᠨ ᠡᠳ᠋ ᠤᠨ ᠵᠠᠰᠠᠭ ᠤᠨ ᠠᠵᠢᠯ ᠤᠨ ᠤᠬᠠᠭᠤᠯᠭ᠎ᠠ ᠶᠢ ᠴᠢᠩᠭᠠᠳᠬᠠᠨ᠎ᠠ᠃ ︵ᠠᠷᠪᠠᠨ ᠲᠠᠪᠤ︶ ᠰᠢᠶᠠᠨ  ᠤ ᠠᠷᠠᠳ ᠤᠨ ᠵᠠᠰᠠᠭ ᠤᠨ ᠣᠷᠳᠣᠨ ᠠᠴᠠ ᠭᠦᠢᠴᠡᠳᠭᠡᠯᠭᠡᠬᠦ ᠪᠠᠷ ᠲᠤᠰᠢᠶᠠᠭᠰᠠᠨ ᠪᠣᠰᠣᠳ ᠶᠠᠪᠤᠳᠠᠯ ᠤᠳ ᠢ ᠳᠠᠭᠠᠭᠠᠨ ᠭᠦᠢᠴᠡᠳᠬᠡᠨ᠎ᠡ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1