ᠲᠣᠳᠤᠭᠠᠳᠤ ᠶᠢ ᠬᠠᠮᠠᠭᠠᠯᠠᠬᠤ ᠲᠣᠪᠴᠢᠶ᠎ᠠ
ᠨᠡᠶᠢᠲᠡᠯᠡᠭᠰᠡᠨ ᠴᠠᠭ᠄
2018-04-24
      ᠨᠢᠭᠡ᠂ ᠤᠯᠤᠰ᠂ ᠦᠪᠡᠷᠲᠡᠭᠡᠨ ᠵᠠᠰᠠᠬᠤ ᠣᠷᠤᠨ᠂ ᠬᠤᠲᠠ ᠶᠢᠨ ᠲᠣᠳᠤᠭᠠᠳᠤ ᠶᠢ ᠬᠠᠮᠠᠭᠠᠯᠠᠬᠤ ᠠᠵᠢᠯ ᠤᠨ ᠲᠤᠬᠠᠢ ᠴᠢᠭᠯᠡᠯᠲᠡ ᠲᠥᠷᠦ ᠶᠢᠨ ᠪᠣᠳᠤᠯᠭ᠎ᠠ᠂ ᠬᠠᠤᠯᠢ ᠲᠣᠭᠲᠠᠭᠠᠯ ᠢ ᠲᠤᠤᠱᠯᠠᠭᠤᠯᠤᠨ ᠬᠡᠷᠡᠭᠵᠢᠭᠦᠯᠵᠦ᠂ ᠲᠤᠭᠳᠠᠬᠤ ᠰᠢᠶᠠᠨ ᠤ ᠲᠤᠳᠤᠭᠠᠳᠤ ᠶᠢ ᠬᠠᠮᠠᠭᠠᠯᠠᠬᠤ ᠠᠵᠢᠯ ᠤᠨ ᠪᠠᠶᠢᠷᠢᠯᠠᠭᠤᠯᠤᠯᠲᠠ ᠶᠢ ᠰᠣᠳᠤᠯᠤᠨ ᠲᠣᠭᠲᠠᠭᠠᠨ᠎ᠠ᠃      ᠬᠤᠶᠠᠷ᠂ ᠪᠦᠬᠦ ᠰᠢᠶᠠᠨ ᠤ ᠲᠣᠭᠲᠠᠭᠤᠨ ᠢ ᠨᠦᠯᠦᠭᠡᠯᠡᠵᠦ ᠪᠠᠶᠢᠭ᠎ᠠ᠂ ᠤᠯᠤᠰ ᠤᠨ ᠲᠣᠳᠤᠭᠠᠳᠤ ᠶᠢᠨ ᠠᠮᠤᠷ ᠲᠥᠪᠰᠢᠨ ᠢ ᠬᠤᠬᠢᠷᠠᠭᠤᠯᠤᠭᠰᠠᠨ ᠪᠠ ᠨᠡᠶᠢᠭᠡᠮ ᠤᠨ ᠠᠮᠤᠷ ᠢ ᠬᠠᠮᠠᠭᠠᠯᠠᠵᠤ ᠪᠠᠶᠢᠭ᠎ᠠ ᠪᠠᠶᠢᠳᠠᠯ ᠢ ᠡᠵᠡᠮᠰᠢᠨ᠂ ᠪᠠᠶᠢᠳᠠᠯ ᠢ ᠵᠠᠳᠠᠯᠵᠤ᠂ ᠬᠠᠷᠢᠭᠤᠴᠠᠬᠤ ᠪᠣᠳᠤᠯᠭ᠎ᠠ ᠲᠣᠭᠲᠠᠭᠠᠨ᠎ᠠ᠃ ᠴᠢᠬᠤᠯᠠ ᠶᠡᠭᠡ ᠠᠮᠤᠷ ᠲᠥᠪᠰᠢᠨ ᠤ ᠠᠳᠡᠯ ᠪᠠ ᠣᠯᠠᠨ ᠲᠦᠮᠡᠨ ᠤ ᠦᠢᠮᠡᠭᠡᠨ ᠢ ᠰᠢᠢᠳᠪᠦᠷᠢᠯᠡᠨ᠎ᠡ᠃ ᠴᠢᠬᠤᠯᠠ ᠶᠡᠭᠡ ᠴᠠᠭᠳᠠᠭᠠᠨ ᠤ ᠠᠵᠢᠯᠯᠠᠭ᠎ᠠ ᠶᠢ ᠤᠳᠤᠷᠢᠳᠴᠤ ᠪᠠᠶᠢᠷᠢᠯᠠᠭᠤᠯᠤᠨ᠎ᠠ᠃      ᠭᠤᠷᠪᠠ᠂ ᠪᠦᠬᠦ ᠰᠢᠶᠠᠨ ᠤ ᠲᠣᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠲᠠᠩᠨᠠᠬᠤ ᠠᠵᠢᠯ ᠢ ᠬᠠᠷᠢᠭᠤᠴᠠᠵᠤ᠂ ᠡᠯ᠎ᠡ ᠲᠥᠷᠦᠯ ᠤᠨ ᠶᠠᠯᠠᠲᠤ ᠬᠡᠷᠡᠭ ᠢ ᠲᠠᠩᠨᠠᠨ ᠰᠢᠢᠳᠪᠦᠷᠢᠯᠡᠨ᠎ᠡ᠃      ᠳᠥᠷᠪᠡ᠂ ᠪᠦᠬᠦ ᠰᠢᠶᠠᠨ ᠤ ᠠᠮᠤᠷ ᠢ ᠬᠠᠮᠠᠭᠠᠯᠠᠬᠤ ᠠᠵᠢᠯ ᠢ ᠬᠠᠷᠢᠭᠤᠴᠠᠵᠤ᠂ ᠬᠠᠮᠢᠶ᠎ᠠ ᠪᠦᠬᠦᠢ ᠬᠠᠷᠢᠭᠤᠴᠠᠯᠭ᠎ᠠ ᠶᠢ ᠡᠭᠦᠷᠭᠡᠯᠡᠨ᠎ᠡ᠃ ᠪᠦᠬᠦ ᠰᠢᠶᠠᠨ ᠤ ᠳᠣᠲᠤᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠨᠡᠶᠢᠭᠡᠮ ᠤᠨ ᠠᠮᠤᠷ ᠲᠥᠪᠰᠢᠨ ᠤ ᠡᠮᠬᠢ ᠲᠢᠭᠯᠢᠮ ᠢ ᠬᠦᠨᠦᠭᠡᠭᠰᠡᠨ ᠦᠢᠯᠡ ᠠᠵᠢᠯᠯᠠᠭ᠎ᠠ ᠶᠢ ᠬᠠᠤᠯᠢ ᠶᠣᠰᠤᠭᠠᠷ ᠪᠠᠶᠢᠴᠠᠭᠠᠨ ᠰᠢᠢᠳᠪᠦᠷᠢᠯᠡᠵᠦ᠂ ᠳᠣᠲᠤᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠠᠮᠤᠷ ᠢ ᠬᠠᠮᠠᠭᠠᠯᠠᠬᠤ ᠠᠵᠢᠯ ᠢ ᠬᠠᠷᠢᠭᠤᠴᠠᠨ᠎ᠠ᠃ ᠬᠦᠮᠦᠨ ᠠᠮᠠ ᠪᠣᠯᠤᠨ ᠡᠷᠦᠬᠡ ᠠᠮᠠ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃      ᠲᠠᠪᠤ᠂ ᠪᠦᠬᠦ ᠰᠢᠶᠠᠨ ᠤ ᠬᠢᠯᠢ ᠪᠠᠷ ᠣᠷᠤᠵᠤ ᠭᠠᠷᠬᠤ ᠬᠠᠮᠢᠶᠠᠷᠤᠯᠲᠠ ᠶᠢᠨ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ᠃      ᠵᠢᠷᠭᠤᠭ᠎ᠠ᠂ ᠪᠦᠬᠦ ᠰᠢᠶᠠᠨ ᠤ ᠵᠠᠮ ᠬᠠᠷᠢᠯᠴᠠᠭᠠᠨ ᠤ ᠠᠶᠤᠯ ᠦᠭᠡᠢ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠬᠠᠮᠢᠶ᠎ᠠ ᠪᠦᠬᠦᠢ ᠬᠠᠷᠢᠭᠤᠴᠠᠯᠭ᠎ᠠ ᠶᠢ ᠡᠭᠦᠷᠭᠡᠯᠡᠨ᠎ᠡ᠃ ᠪᠦᠬᠦ ᠰᠢᠶᠠᠨ ᠤ ᠳᠣᠲᠤᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠠᠮ ᠬᠠᠷᠢᠯᠴᠠᠭᠠᠨ ᠤ ᠠᠶᠤᠯ ᠦᠭᠡᠢ ᠪᠠ ᠡᠮᠬᠢ ᠵᠢᠷᠦᠮ ᠢ ᠪᠠᠲᠤᠯᠠᠬᠤ ᠵᠢᠴᠢ ᠮᠠᠰᠢᠨ ᠲᠡᠷᠭᠡ᠂ ᠵᠢᠯᠤᠭᠤᠴᠢ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃      ᠳᠣᠯᠤᠭ᠎ᠠ᠂ ᠪᠦᠬᠦ ᠰᠢᠶᠠᠨ ᠤ ᠳᠣᠲᠤᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠣᠯᠠᠨ ᠨᠡᠶᠢᠲᠡ ᠶᠢᠨ ᠰᠤᠷᠠᠭ ᠵᠠᠩᠬᠢ ᠶᠢᠨ ᠰᠦᠯᠵᠢᠶᠡᠨ ᠤ ᠠᠮᠤᠷ ᠲᠥᠪᠰᠢᠨ ᠤ ᠠᠵᠢᠯ ᠢ ᠬᠠᠷᠢᠭᠤᠴᠠᠨ᠎ᠠ᠃      ᠨᠠᠢᠮᠠ᠂ ᠪᠦᠬᠦ ᠰᠢᠶᠠᠨ ᠤ ᠭᠠᠵᠢᠭᠤ ᠨᠣᠮᠯᠠᠯ ᠤᠨ ᠵᠣᠬᠢᠶᠠᠨ ᠪᠠᠶᠢᠭᠤᠯᠤᠯᠲᠠ ᠶᠢᠨ ᠶᠠᠯᠠᠲᠤ ᠠᠵᠢᠯᠯᠠᠭ᠎ᠠ ᠶᠢ ᠰᠡᠷᠭᠡᠶᠢᠯᠡᠨ ᠰᠢᠢᠳᠬᠡᠬᠦ ᠠᠵᠢᠯ ᠢ ᠬᠠᠷᠢᠭᠤᠴᠠᠨ᠎ᠠ᠃      ᠶᠢᠰᠦ᠂ ᠪᠦᠬᠦ ᠰᠢᠶᠠᠨ ᠤ ᠰᠦᠷᠳᠡᠭᠦᠯᠦᠯ ᠤᠨ ᠠᠵᠢᠯᠠᠯᠭ᠎ᠠ ᠶᠢ ᠰᠡᠷᠭᠡᠶᠢᠯᠡᠬᠦ᠂ ᠪᠠᠶᠢᠴᠠᠭᠠᠬᠤ ᠵᠢᠴᠢ ᠴᠣᠬᠢᠯᠲᠠ ᠦᠭᠬᠦ ᠠᠵᠢᠯ ᠢ ᠬᠠᠷᠢᠭᠤᠴᠠᠨ᠎ᠠ᠃      ᠠᠷᠪᠠ᠂ ᠪᠦᠬᠦ ᠰᠢᠶᠠᠨ ᠤ ᠬᠤᠣᠷ ᠤᠨ ᠶᠠᠯᠠᠲᠤ ᠠᠵᠢᠯᠯᠠᠭ᠎ᠠ ᠶᠢᠨ ᠪᠠᠶᠢᠳᠠᠯ ᠢ ᠡᠵᠡᠮᠰᠢᠵᠦ ᠰᠡᠷᠭᠡᠶᠢᠯᠡᠨ᠂ ᠴᠣᠬᠢᠯᠲᠠ ᠦᠭᠭᠦᠨ᠎ᠡ᠃      ᠠᠷᠪᠠᠨ ᠨᠢᠭᠡ᠂ ᠪᠦᠬᠦ ᠰᠢᠶᠠᠨ ᠤ ᠲᠣᠲᠤᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠲᠣᠲᠤᠭᠠᠳᠤ ᠶᠢᠨ ᠬᠠᠤᠯᠢ ᠬᠡᠷᠡᠭᠵᠢᠭᠦᠯᠬᠦ ᠠᠵᠢᠯ ᠳᠤ ᠬᠢᠨᠡᠯᠲᠠ ᠲᠠᠯᠪᠢᠬᠤ ᠶᠢ ᠬᠠᠷᠢᠭᠤᠴᠠᠨ᠎ᠠ᠃ ᠬᠤᠷᠢᠶᠠᠮᠵᠢᠯᠠᠵᠤ ᠵᠠᠰᠠᠨ ᠬᠦᠮᠦᠵᠢᠭᠦᠯᠬᠦ ᠪᠠ ᠬᠦᠳᠡᠯᠮᠦᠷᠢ ᠪᠠᠷ ᠦᠭᠡᠷᠡᠴᠢᠯᠡᠬᠦ ᠬᠢᠨᠠᠨ ᠵᠥᠪᠰᠢᠶᠡᠷᠡᠬᠦ ᠠᠵᠢᠯ ᠢ ᠬᠠᠷᠢᠭᠤᠴᠠᠨ᠎ᠠ᠃ ᠲᠣᠲᠤᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠠᠰᠠᠭ ᠵᠠᠬᠢᠷᠭᠠᠨ ᠤ ᠳᠠᠬᠢᠨ ᠵᠦᠪᠯᠡᠬᠦ ᠠᠵᠢᠯ ᠢ ᠬᠠᠷᠢᠭᠤᠴᠠᠨ᠎ᠠ᠃      ᠠᠷᠪᠠᠨ ᠬᠤᠶᠠᠷ᠂ ᠲᠤᠭᠳᠠᠬᠤ ᠰᠢᠶᠠᠨ ᠳᠤ ᠢᠷᠡᠭᠰᠡᠨ ᠨᠠᠮ ᠲᠦᠷᠦ ᠶᠢᠨ ᠤᠳᠤᠷᠢᠳᠤᠯᠭ᠎ᠠ ᠵᠢᠴᠢ ᠴᠢᠬᠤᠯᠠ ᠵᠣᠴᠢᠳ ᠤᠨ ᠠᠮᠤᠷ ᠢ ᠬᠠᠮᠠᠭᠠᠯᠠᠬᠤ ᠠᠵᠢᠯ ᠢ ᠵᠤᠬᠢᠶᠠᠨ ᠪᠠᠶᠢᠭᠤᠯᠵᠤ᠂ ᠬᠠᠮᠢᠶ᠎ᠠ ᠪᠦᠬᠦᠢ ᠬᠠᠷᠢᠭᠤᠴᠠᠯᠭ᠎ᠠ ᠶᠢ ᠡᠭᠦᠷᠭᠡᠯᠡᠨ᠎ᠡ᠃      ᠠᠷᠪᠠᠨ ᠭᠤᠷᠪᠠ᠂ ᠪᠦᠬᠦ ᠰᠢᠶᠠᠨ ᠤ ᠳᠣᠲᠤᠭᠠᠳᠤ ᠶᠢ ᠬᠠᠮᠠᠭᠠᠯᠠᠬᠤ ᠰᠢᠨᠵᠢᠯᠡᠭᠡ ᠮᠡᠷᠭᠡᠵᠢᠯ ᠪᠣᠯᠤᠨ ᠮᠡᠷᠭᠡᠵᠢᠯ ᠤᠨ ᠠᠮᠤᠷ ᠲᠥᠪᠰᠢᠨ ᠤ ᠰᠡᠷᠭᠡᠶᠢᠯᠡᠯᠲᠡ ᠶᠢᠨ ᠠᠵᠢᠯ ᠢ ᠭᠦᠢᠴᠡᠳᠬᠡᠵᠦ᠂ ᠳᠣᠲᠤᠭᠠᠳᠤ ᠶᠢ ᠬᠠᠮᠠᠭᠠᠯᠠᠬᠤ ᠰᠤᠷᠠᠭ ᠵᠠᠩᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ᠃ ᠳᠣᠲᠤᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠴᠢᠮᠡᠭᠡ ᠬᠤᠯᠪᠤᠭᠠᠨ ᠤ ᠪᠠᠲᠤᠯᠠᠭ᠎ᠠ ᠶᠢᠨ ᠠᠵᠢᠯ ᠢ ᠬᠠᠷᠢᠭᠤᠴᠠᠨ᠎ᠠ᠃      ᠠᠷᠪᠠᠨ ᠳᠥᠷᠪᠡ᠂ ᠪᠦᠬᠦ ᠰᠢᠶᠠᠨ ᠤ ᠲᠣᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠠᠷᠤᠳᠠᠯ᠂ ᠵᠡᠪᠰᠡᠭ ᠲᠣᠨᠤᠭᠯᠠᠯ᠂ ᠣᠷᠣ ᠳᠡᠪᠢᠰᠭᠡᠷ ᠤᠨ ᠲᠦᠯᠦᠪᠵᠢᠭᠦᠯᠭᠡ ᠪᠠ ᠬᠡᠷᠡᠭᠵᠢᠭᠦᠯᠦᠯᠲᠡ ᠶᠢ ᠬᠠᠷᠢᠭᠤᠴᠠᠵᠤ᠂ ᠴᠠᠭᠳᠠᠭᠠᠨ ᠤ ᠶᠠᠪᠤᠳᠠᠯ ᠤᠨ ᠠᠷᠤ ᠲᠠᠯ᠎ᠠ ᠶᠢᠨ ᠠᠵᠢᠯ ᠢ ᠬᠠᠷᠢᠭᠤᠴᠠᠨ᠎ᠠ᠃        ᠠᠷᠪᠠᠨ ᠲᠠᠪᠤ᠂ ᠪᠦᠬᠦ ᠰᠢᠶᠠᠨ ᠤ ᠲᠣᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠭᠢᠨᠳᠠᠨ ᠤ ᠬᠠᠮᠢᠶᠠᠷᠤᠯᠲᠠ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ᠃      ᠠᠷᠪᠠᠨ ᠵᠢᠷᠭᠤᠭ᠎ᠠ᠂ ᠪᠦᠬᠦ ᠰᠢᠶᠠᠨ ᠤ ᠳᠣᠲᠤᠭᠠᠳᠤ ᠶᠢ ᠬᠠᠮᠠᠭᠠᠯᠠᠬᠤ ᠡᠩᠨᠡᠭᠡᠨ ᠤ ᠪᠠᠶᠢᠭᠤᠯᠤᠯᠲᠠ ᠪᠠ ᠤᠬᠠᠭᠤᠯᠭ᠎ᠠ ᠶᠢᠨ ᠠᠵᠢᠯ ᠢ ᠬᠠᠷᠢᠭᠤᠴᠠᠨ᠎ᠠ᠃ ᠡᠷᠬᠡ ᠮᠡᠳᠡᠯ ᠤᠨ ᠬᠡᠪᠴᠢᠶᠡᠨ ᠳᠤ ᠪᠠᠨ ᠺᠠᠳ᠋ᠷ ᠢ ᠬᠠᠮᠢᠶᠠᠷᠴᠤ᠂ ᠳᠣᠲᠤᠭᠠᠳᠤ ᠶᠢ ᠬᠠᠮᠠᠭᠠᠯᠠᠬᠤ ᠡᠩᠨᠡᠭᠡᠨ ᠤ ᠰᠠᠬᠢᠯᠠᠭ᠎ᠠ ᠶᠢ ᠬᠦᠨᠳᠦ ᠵᠦᠷᠢᠴᠡᠭᠰᠡᠨ ᠬᠡᠷᠡᠭ ᠢ ᠪᠠᠶᠢᠴᠠᠭᠠᠨ ᠰᠢᠢᠳᠬᠡᠨ᠎ᠡ᠃ ᠴᠠᠭᠳᠠᠭᠠᠨ ᠶᠠᠪᠤᠳᠠᠯ ᠤᠨ ᠪᠠᠶᠢᠴᠠᠭᠠᠯᠲᠠ ᠶᠢᠨ ᠠᠵᠢᠯ ᠢ ᠵᠣᠬᠢᠶᠠᠨ ᠪᠠᠶᠢᠭᠤᠯᠵᠤ ᠦᠷᠨᠢᠭᠦᠯᠦᠨ᠎ᠡ᠃ ᠳᠣᠲᠤᠭᠠᠳᠤ ᠶᠢ ᠬᠠᠮᠠᠭᠠᠯᠠᠬᠤ ᠪᠠᠶᠢᠭᠤᠯᠭ᠎ᠠ ᠲᠠᠢ ᠬᠤᠯᠪᠤᠭᠳᠠᠭᠰᠠᠨ ᠵᠠᠬᠢᠳᠠᠯ ᠰᠣᠷᠪᠤᠯᠵᠢᠯᠠᠭ᠎ᠠ ᠪᠠᠷ ᠵᠠᠭᠠᠯᠳᠤᠨ ᠭᠤᠮᠤᠳᠠᠯ ᠲᠣᠭᠠᠴᠢᠭᠰᠠᠨ ᠬᠡᠷᠡᠭ ᠢ ᠬᠦᠯᠢᠶᠡᠨ ᠠᠪᠴᠦ ᠰᠢᠢᠳᠪᠦᠷᠢᠯᠡᠨ᠂ ᠳᠣᠲᠤᠭᠠᠳᠤ ᠶᠢ ᠬᠠᠮᠠᠭᠠᠯᠠᠬᠤ ᠵᠠᠬᠢᠳᠠᠯ ᠰᠣᠷᠪᠤᠯᠵᠢᠯᠠᠭ᠎ᠠ ᠶᠢᠨ ᠠᠵᠢᠯ ᠢ ᠬᠠᠷᠢᠭᠤᠴᠠᠨ᠎ᠠ᠃        ᠠᠷᠪᠠᠨ ᠳᠣᠯᠤᠭ᠎ᠠ᠂ ᠪᠦᠬᠦ ᠰᠢᠶᠠᠨ ᠤ ᠳᠣᠲᠤᠭᠠᠳᠤ ᠶᠢ ᠬᠠᠮᠠᠭᠠᠯᠠᠬᠤ ᠭᠠᠯ ᠢ ᠰᠡᠷᠭᠡᠶᠢᠯᠡᠬᠦ ᠠᠵᠢᠯ ᠢ ᠬᠠᠷᠢᠭᠤᠴᠠᠵᠤ᠂ ᠬᠠᠮᠢᠶ᠎ᠠ ᠪᠦᠬᠦᠢ ᠬᠠᠷᠢᠭᠤᠴᠠᠯᠭ᠎ᠠ ᠶᠢ ᠡᠭᠦᠷᠭᠡᠯᠡᠨ᠎ᠡ᠃ ᠭᠠᠯ ᠢ ᠰᠡᠷᠭᠡᠶᠢᠯᠡᠬᠦ ᠳᠤ ᠬᠢᠨᠠᠯᠲᠠ ᠲᠠᠯᠪᠢᠬᠤ᠂ ᠤᠷᠢᠳᠴᠢᠯᠠᠨ ᠰᠡᠷᠭᠡᠶᠢᠯᠡᠬᠦ᠂ ᠭᠠᠯ ᠢ ᠤᠨᠲᠠᠷᠠᠭᠠᠬᠤ ᠪᠠ ᠪᠠᠴᠢᠮ ᠠᠪᠤᠷᠠᠬᠤ ᠠᠵᠢᠯ ᠢ ᠬᠠᠷᠢᠭᠤᠴᠠᠨ᠎ᠠ᠃      ᠠᠷᠪᠠᠨ ᠨᠠᠢᠮᠠ᠂ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠤᠨ ᠪᠣᠯᠤᠨ ᠳᠡᠭᠡᠳᠦ ᠱᠠᠲᠤᠨ ᠤ ᠳᠣᠲᠤᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠳᠠᠭᠠᠭᠠᠯᠭᠠᠭᠰᠠᠨ ᠪᠣᠰᠤᠳ ᠠᠵᠢᠯ ᠢ ᠭᠦᠢᠴᠡᠳᠭᠡᠨ᠎ᠡ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1