︽ᠲᠣᠭᠲᠠᠬᠤ ᠤ ᠰᠢᠶᠠᠨ ᠤ ᠨᠡᠶᠢᠭᠡᠮ ᠤᠨ ᠲᠤᠰᠠᠯᠠᠮᠵᠢ ᠪᠣᠯᠤᠨ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠲᠥᠷᠥ ᠶᠢᠨ ᠪᠤᠳᠤᠯᠭ᠎ᠠ ᠶᠢ ᠵᠤᠭᠠᠯᠳᠤᠭᠤᠯᠤᠨ ᠬᠡᠷᠡᠭᠵᠢᠭᠦᠯᠬᠦ ᠲᠥᠰᠦᠯ︾ ᠶᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2018-04-25
ᠲᠣᠭᠲᠠᠬᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ︽ᠲᠣᠭᠲᠠᠬᠤ ᠤ ᠰᠢᠶᠠᠨ ᠤ ᠨᠡᠶᠢᠭᠡᠮ ᠤᠨ ᠲᠤᠰᠠᠯᠠᠮᠵᠢ ᠪᠣᠯᠤᠨ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠲᠥᠷᠥ ᠶᠢᠨ ᠪᠤᠳᠤᠯᠭ᠎ᠠ ᠶᠢ ᠵᠤᠭᠠᠯᠳᠤᠭᠤᠯᠤᠨ ᠬᠡᠷᠡᠭᠵᠢᠭᠦᠯᠬᠦ ᠲᠥᠰᠦᠯ︾ ᠶᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯᠡᠯ᠎ᠡ ᠪᠠᠯᠭᠠᠰᠤ᠂ ᠾᠧ ᠺᠸᠤ ᠬᠠᠮᠢᠶᠠᠷᠤᠯᠲᠠ ᠶᠢᠨ ᠵᠥᠪᠯᠡᠯ᠂ ᠰᠢᠶᠠᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ᠄      ︽ᠲᠣᠭᠲᠠᠬᠤ ᠰᠢᠶᠠᠨ ᠤ ᠨᠡᠶᠢᠭᠡᠮ ᠤᠨ ᠲᠤᠰᠠᠯᠠᠮᠵᠢ ᠪᠣᠯᠤᠨ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠲᠥᠷᠥ ᠶᠢᠨ ᠪᠤᠳᠤᠯᠭ᠎ᠠ ᠶᠢ ᠵᠤᠭᠠᠯᠳᠤᠭᠤᠯᠤᠨ ᠬᠡᠷᠡᠭᠵᠢᠭᠦᠯᠬᠦ ᠲᠥᠰᠦᠯ︾ ᠢ ᠰᠢᠶᠠᠨ ᠤ ᠠᠷᠠᠳ ᠤᠨ ᠵᠠᠰᠠᠭ ᠤᠨ ᠤᠷᠳᠤᠨ ᠢᠶᠠᠷ ᠵᠥᠪᠰᠢᠶᠡᠷᠡᠭᠦᠯᠦᠭᠡᠳ‌ᠡᠳᠦᠭᠡ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠶ ᠲᠤᠤᠱᠯᠠᠭᠤᠯᠤᠨ ᠬᠡᠷᠡᠭᠵᠢᠭᠦᠯᠲᠦᠭᠡᠶ᠃                   ᠲᠣᠭᠲᠠᠬᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                                 2017ᠤᠨ ᠤ11 ᠰᠠᠷ᠎ᠠ ᠶᠢᠨ22 ᠡᠳᠤᠷᠲᠣᠭᠲᠠᠬᠤ ᠰᠢᠶᠠᠨ ᠤ ᠨᠡᠶᠢᠭᠡᠮ ᠤᠨ ᠲᠤᠰᠠᠯᠠᠮᠵᠢ ᠪᠣᠯᠤᠨ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠲᠥᠷᠥ ᠶᠢᠨ ᠪᠤᠳᠤᠯᠭ᠎ᠠ ᠶᠢ ᠵᠤᠭᠠᠯᠳᠤᠭᠤᠯᠤᠨ ᠬᠡᠷᠡᠭᠵᠢᠭᠦᠯᠬᠦ ᠲᠥᠰᠦᠯ        ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠪᠣᠯᠤᠨ ᠬᠥᠬᠡᠬᠤᠲᠠ ᠶᠢᠨ ᠡᠯ᠎ᠡ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ‌‍ᠤ ᠶᠠᠳᠠᠭᠤ ᠠᠴᠠ ᠠᠩᠭᠢᠵᠢᠷᠠᠭᠤᠯᠬᠤ ᠰᠢᠪᠳᠤᠯᠤᠯᠳᠠ ᠶᠢᠨ ᠲᠠᠶᠢᠨ ᠳᠤ ᠢᠯᠠᠯᠲᠠ ᠤᠯᠬᠤ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠡᠶᠢᠭᠡᠮ ᠤᠨ ᠲᠤᠰᠠᠯᠠᠮᠵᠢ ᠪᠣᠯᠤᠨ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠲᠥᠷᠥ ᠶᠢᠨ ᠪᠤᠳᠤᠯᠭ᠎ᠠ ᠶᠢ ᠵᠣᠯᠭᠠᠯᠳᠤᠭᠤᠯᠬᠤ ᠠᠵᠢᠯ ᠢ ᠦᠨᠡᠨ ᠬᠦ ᠰᠠᠶᠢᠲᠤᠷ ᠬᠢᠵᠦ᠂ ᠪᠠᠲᠤᠯᠠᠬᠤ ᠶᠣᠰᠣᠲᠠᠶ ᠶᠢ ᠨᠢ ᠴᠥᠮ ᠪᠠᠳᠤᠯᠠᠵᠤ᠂ ᠲᠡᠳᠬᠦᠬᠦ ᠶᠣᠰᠣᠲᠠᠶ ᠶᠢ ᠨᠢ ᠴᠢᠳᠠᠯ ᠤᠨ ᠬᠢᠷᠢ ᠪᠠᠷ ᠢᠶᠠᠨ ᠲᠡᠳᠭᠦᠵᠦ᠂ ᠶᠠᠳᠠᠭᠤ ᠬᠦᠴᠢᠷᠳᠡᠯ ᠲᠠᠢ ᠣᠯᠠᠨ ᠲᠦᠮᠡᠨ ᠤ ᠠᠮᠢᠳᠤᠷᠠᠯ ᠤᠨ ᠠᠮᠤᠷ ᠲᠦᠪᠰᠢᠨ ᠤ ᠦᠨᠳᠦᠰᠦᠨ ᠪᠠᠲᠤᠯᠠᠭ᠎ᠠ ᠶᠢᠨ ᠲᠣᠣᠷ ᠢ ᠰᠠᠶᠢᠳᠤᠷ ᠪᠦᠷᠢᠯᠳᠦᠵᠦ᠂ 2020 ᠣᠨ ᠪᠣᠯᠬᠤ ᠳᠤ᠂ ᠺᠠᠷᠲᠯᠠᠨ ᠳᠠᠩᠰᠠᠯᠠᠭᠰᠠᠨ ᠶᠠᠳᠠᠭᠤ ᠬᠦᠴᠢᠷᠳᠡᠯᠲᠡᠶ ᠬᠥᠮᠦᠨ ᠠᠮᠠ ᠪᠠ ᠠᠮᠠᠷᠬᠠᠨ ᠳᠠᠬᠢᠨ ᠶᠠᠳᠠᠭᠤᠷᠠᠬᠤ ᠬᠥᠮᠦᠨ ᠠᠮᠠ ᠶᠢ ᠯᠠᠪᠳᠠᠭᠤᠨ ᠢᠶᠠᠷ ᠶᠠᠳᠠᠭᠤ ᠠᠴᠠ ᠠᠩᠵᠢᠷᠠᠭᠤᠯᠬᠤ ᠶᠢᠨ ᠲᠦᠯᠦᠭᠡ ᠮᠠᠨ ᠤ ᠰᠢᠶᠠᠨ‌‍ᠤ ᠪᠤᠳᠠᠳᠤ ᠪᠠᠶᠢᠳᠠᠯ ᠲᠠᠢ ᠤᠶᠠᠯᠳᠠᠭᠤᠯᠤᠨ᠂ ᠲᠤᠰ ᠲᠥᠰᠦᠯ ᠢ ᠲᠣᠭᠲᠠᠭᠠᠪᠠ᠃ ᠨᠢᠭᠡ᠂ ᠶᠡᠷᠦᠩᠬᠡᠶ ᠱᠠᠭᠠᠷᠳᠠᠯᠭ᠎ᠠ      ︽ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠶᠠᠳᠠᠭᠤ ᠠᠴᠠ ᠠᠩᠭᠢᠵᠢᠷᠠᠭᠤᠯᠬᠤ ᠰᠢᠪᠳᠤᠯᠤᠯᠳᠠ ᠶᠢᠨ ᠲᠠᠶᠢᠨ ᠤ ᠢᠯᠠᠯᠳᠠ ᠤᠯᠬᠤ ᠰᠢᠢᠳᠪᠦᠷᠢ︾ ︵ᠲᠥᠪ ᠲᠠᠷᠬᠠᠭᠠᠭᠰᠠᠨ ﹇2015﹈  34 ᠳ᠋ᠦ᠋ᠭᠡᠷ ᠲᠣᠭᠠᠲᠤ︶᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ︿ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠶᠠᠳᠠᠭᠤ ᠠᠴᠠ ᠠᠩᠭᠢᠵᠢᠷᠠᠭᠤᠯᠬᠤ  ᠰᠢᠪᠳᠤᠯᠤᠯᠳᠠ ᠶᠢᠨ ᠲᠠᠶᠢᠨ ᠤ ᠢᠯᠠᠯᠳᠠ ᠤᠯᠬᠤ ᠰᠢᠢᠳᠪᠦᠷᠢ﹀ ᠶᠢᠨ ᠰᠠᠨᠠᠯ ᠶᠢ ᠲᠤᠤᠱᠯᠠᠭᠤᠯᠤᠨ ᠨᠢᠳᠠᠪᠦᠷᠢᠵᠢᠭᠤᠯᠬᠤ︶︾ ︵ᠥᠪᠥᠷ ᠨᠠᠮ ᠲᠠᠷᠬᠠᠭᠠᠭᠰᠠᠨ ﹇2015﹈ 21 ᠳ᠋ᠦ᠋ᠭᠡᠷ ᠲᠣᠭᠠᠲᠤ︶ ︽ᠬᠥᠬᠡᠬᠤᠲᠠ ᠶᠢᠨ 2016 — 2020 ᠣᠨ ᠤ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠵᠢᠯ ᠤᠨ ᠬᠡᠷᠡᠭᠵᠢᠭᠦᠯᠬᠦ ᠲᠥᠰᠦᠯ︾ ︵ᠬᠦᠬᠡᠬᠤᠳᠠ ᠨᠠᠮ ᠲᠠᠷᠬᠠᠭᠠᠭᠰᠠᠨ ︹ 2016 ︺3 ᠳ᠋ᠤᠭᠠᠷ ᠲᠣᠭᠠᠲᠤ︶ ᠵᠡᠷᠭᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠪᠠᠷ᠂ ᠨᠡᠶᠢᠭᠡᠮ ᠤᠨ ᠲᠤᠰᠠᠯᠠᠮᠵᠢ ᠶᠢᠨ ᠲᠥᠷᠢᠮ ᠪᠣᠯᠤᠨ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠲᠥᠷᠥ ᠶᠢᠨ ᠪᠤᠳᠤᠯᠭ᠎ᠠ ᠯᠤᠭ᠎ᠠ ᠪᠦᠲᠦᠮᠵᠢᠲᠡᠶ ᠵᠣᠯᠭᠠᠭᠤᠯᠬᠤ ᠠᠵᠢᠯ ᠢ ᠭᠤᠣᠯᠳᠠᠯᠭ᠎ᠠ ᠪᠣᠯᠭᠠᠨ ᠲᠦᠯᠬᠢᠨ ᠠᠬᠢᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠪᠣᠯᠤᠨ ᠡᠯ᠎ᠡ ᠱᠠᠲᠤᠨ ᠤ ᠶᠠᠳᠠᠭᠤ ᠶᠢ ᠲᠡᠳᠬᠦᠬᠦ ᠠᠵᠢᠯ ᠤᠨ ᠬᠤᠷᠠᠯ ᠤᠨ ᠵᠣᠷᠢᠭ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ︽ᠰᠠᠭᠤᠷᠢ ᠲᠤᠭ᠎ᠠ ᠶᠢ ᠲᠣᠳᠣᠷᠬᠠᠶ ᠣᠶᠢᠯᠠᠭᠠᠵᠤ᠂ ᠲᠦᠷᠦᠯ ᠵᠦᠢᠯ ᠢᠯᠭᠠᠵᠤ᠂ ᠨᠠᠷᠢᠯᠢᠭ ᠣᠨᠣᠴᠢᠲᠠᠶ ᠪᠠᠷ ᠲᠣᠭᠲᠠᠭᠠᠵᠤ᠂ ᠠᠷᠭ᠎ᠠ ᠪᠤᠲᠣᠯᠭ᠎ᠠ ᠶᠢ ᠶᠡᠷᠦᠩᠬᠡᠶᠢᠯᠡᠨ ᠬᠡᠷᠡᠭᠵᠢᠭᠦᠯᠬᠦ︾ ᠰᠡᠳᠬᠢᠴᠡ ᠪᠠᠷ᠂ ᠨᠡᠶᠢᠭᠡᠮ ᠤᠨ ᠲᠤᠰᠠᠯᠠᠮᠵᠢ ᠨᠢ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠳᠤᠮᠳᠠᠬᠢ ᠴᠢᠬᠤᠯᠠ ᠦᠢᠯᠡᠳᠦᠯ ᠢ ᠭᠦᠢᠴᠡᠳ ᠪᠠᠳᠠᠷᠠᠭᠤᠯᠵᠤ᠂ ᠨᠡᠶᠢᠭᠡᠮ ᠤᠨ ᠲᠤᠰᠠᠯᠠᠮᠵᠢ ᠶᠢᠨ ᠲᠦᠷᠦ ᠶᠢᠨ ᠪᠤᠳᠤᠯᠭ᠎ᠠ ᠪᠠᠷ ᠳᠠᠮᠵᠢᠭᠤᠯᠤᠨ  ᠂ ᠬᠥᠳᠡᠭᠡ ᠲᠣᠰᠬᠤᠨ ᠤ ᠶᠠᠳᠠᠭᠤ ᠬᠦᠴᠢᠷᠳᠡᠯᠲᠡᠶ ᠬᠥᠮᠦᠨ ᠠᠮᠠ ᠶᠢ ᠬᠤᠭᠤᠴᠠᠭ᠎ᠠ ᠶᠤᠰᠤᠭᠠᠷ ᠶᠠᠳᠠᠭᠤ ᠠᠴᠠ ᠠᠩᠭᠢᠵᠢᠷᠠᠭᠤᠯᠵᠤ᠂ ᠴᠢᠨᠡᠭᠡᠯᠢᠭ ᠨᠡᠶᠢᠭᠡᠮ ᠤᠨ ᠦᠷ᠎ᠡ ᠪᠦᠲᠦᠭᠡᠯ ᠢ ᠬᠠᠮᠳᠤᠪᠡᠷ᠂ ᠪᠦᠬᠦ ᠲᠠᠯ᠎ᠠ ᠪᠠᠷ ᠡᠳ᠋ᠯᠡᠭᠦᠯᠬᠦ ᠬᠡᠷᠡᠭᠳᠡᠢ᠃ ᠬᠤᠶᠠᠷ  ᠂ ᠬᠠᠷᠠᠯᠲᠠ ᠡᠭᠦᠷᠭᠡ ︵ᠨᠢᠭᠡ︶ ᠠᠵᠢᠯ ᠤᠨ ᠬᠠᠷᠠᠯᠲᠠ      ᠬᠥᠳᠡᠭᠡ ᠲᠣᠰᠬᠤᠨ ᠤ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠲᠦᠷᠢᠮ ᠪᠣᠯᠤᠨ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠲᠥᠷᠥ ᠶᠢᠨ ᠪᠣᠳᠣᠯᠭ᠎ᠠ ᠶᠢ ᠪᠦᠲᠦᠮᠵᠢᠲᠡᠶ ᠵᠣᠯᠭᠠᠭᠤᠯᠬᠤ ᠶᠢ ᠥᠷᠨᠢᠭᠦᠯᠬᠦ ᠪᠠᠷ ᠳᠠᠮᠵᠢᠭᠤᠯᠤᠨ᠂ ᠬᠥᠳᠡᠭᠡ ᠲᠣᠰᠬᠤᠨ ᠤ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠲᠦᠷᠢᠮ ᠪᠣᠯᠤᠨ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠲᠥᠷᠥ ᠶᠢᠨ ᠪᠣᠳᠣᠯᠭ᠎ᠠ ᠶᠢᠨ ᠦᠢᠯᠡᠳᠦᠯ ᠶᠢ ᠭᠦᠢᠴᠡᠳ ᠪᠠᠳᠠᠷᠠᠭᠤᠯᠵᠤ᠂ ᠤᠨᠢᠨ ᠳᠡᠭᠡᠷ᠎ᠡ ᠨᠢ ᠶᠠᠳᠠᠭᠤ ᠶᠢ ᠲᠡᠳᠬᠦᠬᠦ ᠪᠠᠷ ᠭᠠᠷᠳᠠᠯ ᠪᠣᠯᠭᠠᠵᠤ᠂ ᠨᠠᠷᠢᠯᠢᠭ ᠣᠨᠣᠴᠠᠲᠠᠶ ᠪᠠᠷ ᠶᠠᠳᠠᠭᠤ ᠠᠴᠠ ᠠᠩᠭᠢᠵᠢᠷᠠᠭᠤᠯᠬᠤ ᠪᠠᠷ ᠬᠠᠷᠠᠯᠲᠠ ᠪᠣᠯᠭᠠᠨ᠂ ᠬᠥᠳᠡᠭᠡ ᠲᠣᠰᠬᠤᠨ ᠤ ᠶᠠᠳᠠᠭᠤ ᠬᠦᠴᠢᠷᠳᠡᠯ ᠲᠠᠢ ᠬᠥᠮᠦᠨ ᠠᠮᠠ ᠶᠢᠨ ᠦᠨᠳᠦᠰᠦᠨ ᠠᠮᠢᠳᠤᠷᠠᠯ ᠢ ᠪᠠᠲᠤᠯᠠᠵᠤ᠂ ᠮᠠᠨ ᠤ ᠰᠢᠶᠠᠨ ᠤ ᠬᠥᠳᠡᠭᠡ ᠲᠣᠰᠬᠤᠨ ᠤ ᠺᠠᠷᠲᠯᠠᠨ ᠳᠠᠩᠰᠠᠯᠠᠭᠰᠠᠨ ᠶᠠᠳᠠᠭᠤ ᠬᠦᠴᠢᠷᠳᠡᠯ ᠲᠠᠢ ᠬᠥᠮᠦᠨ ᠠᠮᠠ ᠶᠢ ᠲᠣᠭᠲᠠᠭᠤᠨ ᠢᠶᠠᠷ ᠶᠠᠳᠠᠭᠤ ᠠᠴᠠ ᠠᠩᠭᠢᠵᠢᠷᠠᠭᠤᠯᠵᠤ᠂ ︽ᠬᠤᠶᠠᠷ ᠶᠠᠪᠤᠳᠠᠯ ᠳᠤ ᠰᠠᠨᠠᠭ᠎ᠠ ᠵᠣᠪᠠᠭ᠋ᠤ ᠦᠭᠡᠢ᠂ ᠭᠤᠷᠪᠠ ᠶᠢ ᠪᠠᠲᠤᠯᠠᠬᠤ︾ ︵ᠢᠳᠡᠵᠦ ᠡᠮᠦᠰᠬᠦ ᠰᠠᠨᠠᠭ᠎ᠠ ᠵᠣᠪᠠᠭ᠋ᠤ ᠦᠭᠡᠢ᠂ ᠠᠯᠪᠠᠨ ᠵᠢᠷᠤᠮ ᠤᠨ ᠰᠤᠷᠭᠠᠨ ᠬᠥᠮᠦᠵᠢᠯ᠂ ᠦᠨᠳᠦᠰᠦᠨ ᠡᠮᠴᠢᠯᠡᠭᠡ ᠪᠠ ᠣᠷᠣᠨ ᠰᠠᠭᠤᠴᠠ᠂ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠶᠢ  ᠪᠠᠳᠤᠯᠠᠬᠤ︶  ᠪᠡᠶᠡᠯᠡᠭᠦᠯᠤᠨ᠎ᠡ᠃ ︵ᠬᠤᠶᠠᠷ︶ ᠭᠤᠣᠯ ᠡᠭᠦᠷᠭᠡ      1 . ᠬᠥᠳᠡᠭᠡ ᠲᠣᠰᠬᠤᠨ ᠤ ᠨᠠᠭᠠᠳᠤ ᠵᠠᠬ᠎ᠠ ᠶᠢᠨ ᠪᠠᠲᠤᠯᠠᠭ᠎ᠠ ᠬᠥᠷᠳᠡᠬᠦ ᠪᠠ ᠶᠠᠳᠠᠭᠤ ᠬᠦᠴᠢᠷᠳᠡᠯᠲᠡᠶ ᠲᠡᠳᠬᠦᠭᠦᠯᠬᠦ ᠡᠲᠡᠭᠡᠳ ᠤᠨ ᠬᠡᠪᠴᠢᠶ᠎ᠡ ᠶᠢ ᠵᠦᠢ ᠵᠣᠬᠢᠰᠲᠠᠶ ᠲᠣᠭᠲᠠᠭᠠᠬᠤ ᠬᠡᠷᠡᠭᠲᠡᠶ᠃ ᠬᠥᠳᠡᠭᠡ ᠲᠣᠰᠬᠤᠨ ᠤ ᠶᠠᠳᠠᠭᠤ ᠬᠦᠴᠢᠷᠳᠡᠯᠲᠡᠶ ᠬᠥᠮᠦᠨ ᠠᠮᠠ ᠶᠢ ᠢᠯᠭᠠᠨ ᠲᠠᠨᠢᠬᠤ ᠲᠣᠭᠲᠠᠴᠠ ᠪᠠᠶᠢᠭᠤᠯᠤᠨ ᠲᠡᠭᠦᠯᠳᠡᠷᠵᠢᠭᠦᠯᠵᠦ᠂ ᠪᠦᠬᠦ ᠰᠢᠶᠠᠨ ᠤ ᠬᠥᠳᠡᠭᠡ ᠲᠣᠰᠬᠤᠨ ᠳᠠᠬᠢ ᠤᠳᠤ ᠪᠠᠶᠢᠭ᠎ᠠ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠬᠡᠪᠴᠢᠶ᠎ᠡ᠂ ᠲᠠᠷᠬᠠᠯᠲᠠ᠂ ᠪᠦᠷᠢᠯᠳᠦᠴᠡ ᠪᠠ ᠣᠨᠴᠠᠯᠢᠭ ᠵᠡᠷᠭᠡ ᠦᠨᠳᠦᠰᠦᠨ ᠪᠠᠶᠢᠳᠠᠯ ᠶᠢ ᠲᠣᠳᠣᠷᠬᠠᠶ ᠣᠶᠢᠯᠠᠭᠠᠵᠤ᠂ ᠲᠠᠩᠰᠠᠯᠠᠨ ᠺᠠᠷᠲᠯᠠᠭᠰᠠᠨ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠠᠳᠠᠯᠢ ᠪᠤᠰᠤ ᠪᠠᠶᠢᠳᠠᠯ᠂ ᠶᠠᠳᠠᠭᠤᠷᠠᠭᠰᠠᠨ ᠰᠢᠯᠲᠠᠭᠠᠨ ᠢ ᠦᠨᠳᠦᠰᠦᠯᠡᠨ ᠨᠠᠷᠢᠯᠢᠭ ᠣᠨᠣᠴᠢᠲᠠᠶ ᠪᠠᠷ ᠲᠤᠰᠠᠯᠠᠮᠵᠢ ᠤᠯᠭᠤᠬᠤ ᠬᠡᠷᠡᠭᠲᠡᠶ᠃      2 . ᠲᠦᠷᠤᠯ ᠬᠤᠪᠢᠶᠠᠨ ᠵᠢᠯᠤᠭᠤᠳᠬᠤ ᠶᠢ ᠪᠠᠷᠢᠮᠳᠠᠯᠠᠨ᠂ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ ᠨᠠᠶᠢᠳᠠᠪᠦᠷᠢᠵᠢᠭᠦᠯᠬᠦ ᠬᠡᠷᠡᠭᠳᠡᠢ᠃ ᠢᠯᠭᠠᠨ ᠭᠠᠷᠭᠠᠭᠰᠠᠨ ᠬᠥᠳᠡᠭᠡ ᠲᠣᠰᠬᠤᠨ ᠤ ᠶᠠᠳᠠᠭᠤ ᠬᠦᠴᠢᠷᠳᠡᠯᠲᠡᠶ ᠬᠥᠮᠦᠨ ᠠᠮᠠ ︵ᠶᠠᠳᠠᠭᠤ ᠶᠢ ᠲᠡᠳᠬᠦᠬᠦ ᠡᠷᠦᠬᠡ᠂ ᠨᠠᠭᠠᠳᠤ ᠵᠠᠬ᠎ᠠ ᠶᠢᠨ ᠪᠠᠲᠤᠯᠠᠭᠠᠲᠤ ᠡᠷᠤᠭᠡ᠂ ᠶᠠᠳᠠᠭᠤ ᠶᠢ ᠲᠡᠳᠭᠦᠵᠤ‌ᠨᠠᠭᠠᠳᠤ ᠵᠠᠬ᠎ᠠ ᠶᠢᠨ ᠪᠠᠲᠤᠯᠠᠭᠠᠲᠤ ᠡᠷᠦᠬᠡ᠂ ᠲᠠᠪᠤᠨ ᠪᠠᠲᠤᠯᠠᠭᠠᠲᠤ ᠡᠷᠦᠬᠡ ᠪᠠᠭᠲᠠᠨ᠎ᠠ︶ ᠳᠤ ᠲᠥᠷᠥᠯ ᠬᠤᠪᠢᠶᠠᠨ ᠵᠢᠯᠣᠭᠤᠳᠴᠤ᠂ ᠵᠠᠰᠠᠭ ᠤᠨ ᠣᠷᠳᠣᠨ ᠤ ᠳᠡᠮᠵᠢᠯᠭᠡ ᠪᠠᠷ ᠲᠠᠮᠵᠢᠭᠤᠯᠤᠨ᠂ ᠨᠡᠶᠢᠭᠡᠮ ᠤᠨ ᠡᠯ᠎ᠡ ᠡᠲᠡᠭᠡᠳ ᠤᠨ ᠬᠢᠨ ᠬᠠᠪᠰᠤᠷᠤᠨ ᠲᠡᠳᠬᠦᠬᠦ ᠪᠠ ᠥᠪᠡᠷ ᠤᠨ ᠬᠦᠴᠦ ᠪᠠᠷ ᠢᠶᠠᠨ ᠳᠡᠭᠵᠢᠷᠡᠬᠦ ᠶᠢ ᠤᠶᠠᠯᠳᠤᠭᠤᠯᠵᠤ᠂ ᠡᠯ᠎ᠡ ᠵᠦᠢᠯ ᠤᠨ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠥᠳᠡᠭᠡ ᠲᠣᠰᠬᠤᠨ ᠤ ᠶᠠᠳᠠᠭᠤ ᠬᠦᠴᠢᠷᠳᠡᠯᠲᠡᠶ ᠬᠥᠮᠦᠨ ᠠᠮᠠ ᠶᠢ ᠪᠦᠲᠦᠮᠵᠢᠲᠡᠶ ᠲᠡᠳᠭᠦᠬᠦ ᠶᠢ ᠪᠤᠳᠠᠳᠠᠶᠢᠵᠢᠭᠤᠯᠬᠤ ᠬᠡᠷᠡᠭᠳᠡᠢ᠃ ᠭᠤᠷᠪᠠ᠂ ᠦᠨᠳᠦᠰᠦᠨ ᠵᠠᠷᠴᠢᠮ      ︵ᠨᠢᠭᠡ︶ ᠡᠷᠬᠡ ᠲᠡᠭᠰᠢ ᠲᠥᠪ ᠭᠤᠣᠯᠴᠢ ᠢᠯᠠ ᠪᠠᠶᠢᠯᠭᠠᠬᠤ ᠵᠠᠷᠴᠢᠮ ᠢ ᠪᠠᠷᠢᠮᠳᠠᠯᠠᠬᠤ ᠬᠡᠷᠡᠭᠳᠡᠢ᠃ ᠨᠡᠶᠢᠭᠡᠮ ᠤᠨ ᠲᠤᠰᠠᠯᠠᠮᠵᠢ ᠤᠯᠭᠤᠬᠤ ᠡᠲᠡᠭᠡᠳ ᠶᠢ ᠢᠯᠭᠠᠨ ᠲᠣᠭᠲᠠᠭᠠᠬᠤ ᠠᠷᠭ᠎ᠠ ᠶᠢ ᠲᠡᠭᠦᠯᠳᠡᠷᠵᠢᠭᠦᠯᠵᠦ᠂ ᠬᠥᠳᠡᠭᠡ ᠲᠣᠰᠬᠤᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠥᠷᠳᠡᠬᠦ ᠪᠠ ᠶᠠᠳᠠᠭᠤ ᠬᠦᠴᠢᠷᠳᠡᠯᠲᠡᠶ ᠲᠡᠳᠬᠦᠭᠦᠯᠬᠦ ᠡᠲᠡᠭᠡᠳ ᠶᠢ ᠵᠦᠢ ᠵᠣᠬᠢᠰᠲᠠᠶ ᠲᠣᠭᠲᠠᠭᠠᠵᠤ᠂᠂ ᠠᠵᠢᠯ ᠤᠨ ᠳᠤᠮᠳᠠ ᠪᠠᠨ ᠠᠷᠠᠳᠴᠢᠯᠠᠯ ᠢᠶᠠᠷ ᠦᠨᠡᠯᠡᠬᠦ ᠪᠠ ᠲᠥᠪᠯᠡᠷᠡᠭᠦᠯᠦᠨ ᠰᠢᠢᠳᠪᠦᠷᠢᠯᠡᠬᠦ ᠲᠦᠷᠦ ᠶᠢᠨ ᠪᠤᠳᠤᠯᠭ᠎ᠠ ᠶᠢ  ᠤᠶᠠᠯᠳᠤᠭᠤᠯᠤᠨ᠂ ᠶᠠᠳᠠᠭᠤ ᠬᠦᠴᠢᠷᠳᠡᠯ ᠲᠠᠢ ᠬᠥᠮᠦᠨ ᠠᠮᠠ ᠶᠢ ᠲᠡᠳᠬᠦᠨ ᠳᠡᠮᠵᠢᠬᠦ ᠬᠡᠪᠴᠢᠶᠡᠨ ᠳᠤ  ᠤᠷᠤᠭᠤᠯᠬᠤ ᠶᠢ ᠦᠨᠡᠨᠬᠦ ᠪᠠᠳᠤᠯᠠᠬᠤ ᠬᠡᠷᠡᠭᠳᠡᠢ  ᠃      ︵ᠬᠤᠶᠠᠷ︶ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠵᠤ᠂ ᠲᠦᠷᠦᠯ ᠬᠤᠪᠢᠶᠠᠨ ᠵᠢᠯᠣᠭᠤᠳᠬᠤ ᠵᠠᠷᠴᠢᠮ ᠢ ᠪᠠᠷᠢᠮᠳᠠᠯᠠᠬᠤ ᠬᠡᠷᠡᠭᠳᠡᠢ᠃ ᠡᠯ᠎ᠡ ᠪᠠᠯᠭᠠᠰᠤ᠂  ᠾᠧ ᠺᠸᠤ ᠬᠠᠮᠢᠶᠠᠷᠤᠯᠲᠠ ᠶᠢᠨ ᠵᠥᠪᠯᠡᠯ ᠨᠢ ᠥᠪᠡᠷ ᠤᠨ ᠬᠠᠷᠢᠶ᠎ᠠ ᠣᠷᠣᠨ ᠤ ᠪᠠᠨ ᠠᠵᠤ ᠠᠬᠤᠶ ᠶᠢᠨ ᠪᠠᠶᠢᠳᠠᠯ ᠪᠠ ᠬᠥᠮᠦᠨ ᠠᠮᠠ ᠶᠢᠨ ᠲᠠᠷᠬᠠᠯᠲᠠ ᠳᠤ ᠶᠡᠷᠦᠩᠬᠡᠶᠢᠯᠡᠭᠰᠡᠨ ᠵᠠᠳᠠᠯᠤᠯᠲᠠ ᠬᠢᠵᠤ᠂ ᠨᠢᠭᠡᠳᠦᠯᠲᠡᠶ ᠲᠥᠯᠥᠪᠯᠡᠨ ᠪᠣᠳᠣᠯᠬᠢᠯᠠᠵᠤ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠬᠤᠶᠠᠷ ᠵᠦᠢᠯ ᠤᠨ ᠲᠥᠷᠢᠮ ᠶᠢ ᠪᠦᠲᠦᠮᠵᠢᠲᠡᠶ ᠵᠣᠯᠭᠠᠭᠤᠯᠬᠤ ᠠᠵᠢᠯ ᠥᠷᠨᠢᠭᠦᠯᠵᠦ᠂ ᠬᠥᠳᠡᠭᠡ ᠲᠣᠰᠬᠤᠨ ᠤ ᠣᠷᠣᠯᠭ᠎ᠠ ᠪᠠᠭᠠᠲᠠᠶ ᠬᠥᠮᠦᠨ ᠠᠮᠠ ᠳᠤ ᠭᠠᠵᠠᠷ ᠣᠷᠣᠨ ᠤ ᠲᠠᠷᠬᠠᠯᠲᠠ ᠶᠢᠨ ᠣᠨᠴᠠᠯᠢᠭ᠂ ᠶᠠᠳᠠᠭᠤ ᠬᠦᠴᠢᠷᠳᠡᠯ ᠲᠠᠢ ᠪᠣᠯᠤᠭᠰᠠᠨ ᠰᠢᠯᠲᠠᠭᠠᠨ ᠶᠣᠰᠣᠭᠠᠷ ᠲᠥᠷᠥᠯ ᠬᠤᠪᠢᠶᠠᠨ ᠵᠢᠯᠣᠭᠤᠳᠬᠤ ᠶᠢ ᠬᠡᠷᠡᠭᠵᠢᠭᠦᠯᠦᠨ᠎ᠡ᠃      ︵ᠭᠤᠷᠪᠠ︶ ᠨᠠᠭᠠᠳᠤ ᠵᠠᠬ᠎ᠠ ᠶᠢᠨ ᠬᠤᠷᠢᠭ᠎ᠠ ᠱᠤᠭᠤᠮ ᠲᠤᠭᠳᠠᠭᠠᠵᠤ᠂ ᠲᠡᠳᠬᠦᠬᠦ ᠶᠣᠰᠣᠲᠠᠶ ᠶᠢ ᠨᠢ ᠴᠢᠳᠠᠯ ᠤᠨ ᠬᠢᠷᠢ ᠪᠠᠷ ᠢᠶᠠᠨ ᠲᠡᠳᠬᠦᠬᠦ ᠵᠠᠷᠴᠢᠮ ᠶᠢ ᠪᠠᠷᠢᠮᠳᠠᠯᠠᠨ᠎ᠠ᠃ ᠺᠠᠷᠲᠯᠠᠨ ᠳᠠᠩᠰᠠᠯᠠᠭᠰᠠᠨ ᠶᠠᠳᠠᠭᠤ ᠬᠦᠴᠢᠷᠳᠡᠯᠲᠡᠶ ᠬᠥᠮᠦᠨ ᠠᠮᠠ ᠢ ᠢᠯᠭᠠᠨ ᠲᠣᠭᠲᠠᠭᠠᠬᠤ ᠲᠣᠭᠲᠠᠴᠠ ᠶᠢ ᠲᠡᠭᠦᠯᠳᠡᠷᠵᠢᠭᠦᠯᠵᠦ᠂ ᠭᠡᠷ ᠪᠦᠯᠢ ᠶᠢᠨ ᠠᠵᠤ ᠠᠬᠤᠶ ᠶᠢᠨ ᠪᠠᠶᠢᠳᠠᠯ ᠢ ᠬᠠᠷᠭᠤᠭᠤᠯᠤᠨ ᠪᠠᠶᠢᠴᠠᠭᠠᠬᠤ ᠶᠢ ᠴᠢᠩᠭᠠᠳᠬᠠᠵᠤ᠂ ᠡᠯ᠎ᠡ ᠲᠥᠷᠥᠯ ᠤᠨ ᠲᠤᠰᠠᠯᠠᠮᠵᠢ ᠵᠢᠨ‌ᠡᠬᠢ ᠪᠠᠶᠠᠯᠢᠭ ᠢ ᠨᠢᠭᠡᠳᠦᠯᠲᠡᠶ ᠲᠥᠯᠥᠪᠯᠡᠵᠦ᠂ ᠬᠥᠳᠡᠭᠡ ᠲᠣᠰᠬᠤᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ᠂ ᠣᠨᠴᠠ ᠬᠦᠴᠢᠷᠳᠡᠯᠲᠡᠶ ᠬᠥᠮᠦᠰ ᠪᠠ ᠺᠠᠷᠲᠯᠠᠨ ᠳᠠᠩᠰᠠᠯᠠᠭᠰᠠᠨ ᠶᠠᠳᠠᠭᠤ ᠬᠦᠴᠢᠷᠳᠡᠯ ᠲᠠᠢ ᠬᠥᠮᠦᠨ ᠠᠮᠠ ᠶᠢᠨ ᠬᠡᠷ ᠪᠦᠯᠢ ᠶᠢᠨ ᠠᠵᠤ ᠠᠬᠤᠶ ᠶᠢᠨ ᠪᠠᠶᠢᠳᠠᠯ ᠪᠠ ᠬᠥᠮᠦᠨ ᠠᠮᠠ ᠶᠢᠨ ᠬᠤᠪᠢᠷᠠᠯᠲᠠ ᠶᠢᠨ ᠪᠠᠶᠢᠳᠠᠯ ᠢ ᠴᠠᠭ ᠲᠤᠬᠠᠶ ᠳᠤᠨᠢ ᠨᠡᠮᠡᠬᠦ ᠬᠠᠰᠤᠬᠤ ᠪᠤᠶᠤ   ᠲᠤᠬᠢᠷᠠᠭᠤᠯᠤᠯᠳᠠ ᠬᠢᠵᠤ᠂ ᠲᠡᠳᠬᠦᠬᠦ ᠶᠣᠰᠣᠲᠠᠶ ᠶᠢ ᠪᠥᠬᠦᠨ ᠶᠢ ᠲᠡᠳᠬᠦᠬᠦ  ᠭᠡᠷᠡᠭᠳᠡᠢ᠃ ᠲᠦᠷᠪᠡ᠂ ᠵᠣᠯᠭᠠᠯᠳᠤᠭᠤᠯᠬᠤ ᠠᠷᠭ᠎ᠠ ᠬᠡᠮᠵᠢᠶ᠎ᠡ ︵ᠨᠢᠭᠡ︶ ᠲᠦᠷᠦ ᠶᠢᠨ ᠪᠤᠳᠤᠯᠭ᠎ᠠ ᠶᠢᠨ ᠵᠣᠯᠭᠠᠯᠳᠤᠭᠤᠯᠬᠤ      ᠬᠥᠳᠡᠭᠡ ᠲᠣᠰᠬᠤᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠪᠣᠯᠤᠨ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠂ ᠡᠮᠨᠡᠯᠭᠡ ᠶᠢᠨ ᠳᠠᠭᠠᠳᠬᠠᠯ᠂ ᠲᠠᠪᠤᠨ ᠪᠠᠳᠤᠯᠠᠭᠠᠳᠤ ᠡᠷᠤᠬᠡ ᠶᠢᠨ ᠠᠰᠠᠷᠠᠨ ᠲᠡᠵᠢᠭᠡᠬᠦ᠂ ᠡᠮᠴᠢᠯᠡᠭᠡᠨ ᠤ  ᠲᠤᠰᠠᠯᠠᠮᠵᠢ ᠂ ᠲᠦᠷ ᠴᠠᠭ ᠲᠤᠰᠠᠯᠠᠮᠵᠢ ᠵᠡᠷᠭᠡ ᠨᠡᠶᠢᠭᠡᠮ ᠤᠨ ᠲᠤᠰᠠᠯᠠᠮᠵᠢ ᠶᠢᠨ ᠳᠦᠷᠢᠮ ᠢ ᠶᠢ ᠨᠢᠭᠡᠲᠦᠯᠲᠠᠢ ᠲᠦᠯᠦᠪᠯᠡᠵᠤ ᠵᠣᠯᠭᠠᠯᠳᠤᠭᠤᠯᠬᠤ ᠠᠵᠢᠯ ᠢ ᠴᠢᠩᠭᠠᠳᠭᠠᠵᠤ᠂  ᠪᠠᠳᠤᠯᠠᠬᠤ ᠶᠣᠰᠣᠲᠠᠶ ᠶᠢ ᠨᠢ ᠴᠥᠮ ᠪᠠᠳᠤᠯᠠᠵᠤ᠂ ᠲᠡᠳᠬᠦᠬᠦ ᠶᠣᠰᠣᠲᠠᠶ ᠶᠢ ᠨᠢ ᠴᠢᠳᠠᠯ ᠤᠨ ᠬᠢᠷᠢ ᠪᠠᠷ ᠢᠶᠠᠨ ᠲᠡᠳᠬᠦᠬᠦ ᠶᠢ ᠦᠨᠡᠨᠬᠦ ᠪᠠᠳᠤᠯᠠᠵᠤ᠂ ᠶᠠᠳᠠᠭᠤ ᠶᠢ ᠲᠡᠳᠬᠦᠵᠦ ᠠᠪᠤᠷᠠᠨ ᠲᠤᠰᠠᠯᠠᠬᠤ ᠪᠠᠲᠤᠯᠠᠭ᠎ᠠ ᠶᠢᠨ ᠲᠣᠣᠷ ᠢ ᠤᠯᠠᠮ ᠨᠢᠭᠡ ᠠᠯᠬᠤᠮ ᠪᠦᠷᠢᠨᠰᠢᠭᠦᠯᠬᠦ ᠬᠡᠷᠡᠭᠳᠡᠢ᠃      1᠂ ᠨᠠᠭᠠᠳᠤ ᠵᠠᠬ᠎ᠠ ᠵᠢᠨ‌ᠠᠮᠢᠳᠤᠷᠠᠯ ᠤᠨ ᠪᠠᠲᠤᠯᠠᠭ᠎ᠠ ᠶᠢᠨ ᠡᠷᠤᠬᠡ ᠶᠢ ᠲᠣᠭᠲᠠᠭᠠᠬᠤ ᠪᠣᠯᠤᠨ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠲᠥᠷᠥ ᠶᠢᠨ ᠪᠤᠳᠤᠯᠭ᠎ᠠ ᠶᠢ ᠵᠣᠯᠭᠠᠭᠤᠯᠬᠤ ᠬᠡᠷᠡᠭᠳᠡᠢ᠃ ︽ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠳᠠᠷᠤᠮᠠᠯᠯᠠᠨ ᠲᠠᠷᠬᠠᠭᠠᠭᠰᠠᠨ ᠬᠥᠬᠡᠬᠤᠲᠠ ᠶᠢᠨ ᠨᠠᠭᠠᠳᠤ ᠵᠠᠬ᠎ᠠ ᠠᠮᠢᠳᠤᠷᠠᠯ ᠤᠨ ᠪᠠᠲᠤᠯᠠᠭ᠎ᠠ ᠬᠦᠷᠳᠡᠬᠦ ᠡᠲᠡᠭᠡᠳ ᠶᠢ ᠮᠠᠭᠠᠳᠯᠠᠨ ᠲᠤᠭᠳᠠᠭᠠᠬᠤ ᠠᠷᠭ᠎ᠠ ︵ᠲᠤᠷᠰᠢᠨ ᠬᠡᠷᠡᠭᠵᠢᠭᠦᠯᠬᠦ︶ ᠮᠡᠳᠡᠭᠳᠡᠯ︾ ︵ᠬᠦᠬᠡᠬᠤᠳᠠ ᠵᠠᠰᠠᠭ ᠲᠠᠷᠬᠠᠭᠠᠭᠰᠠᠨ ﹇2015﹈ 8 ᠳ᠋ᠤᠭᠠᠷ ᠲᠣᠭᠠᠲᠤ︶ ᠪᠣᠯᠤᠨ ︽ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ 2017 ᠣᠨ ᠳᠤ ᠨᠡᠶᠢᠭᠡᠮ ᠤᠨ ᠲᠤᠰᠠᠯᠠᠮᠵᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠬᠦ ᠲᠤᠬᠠᠶ ᠮᠡᠳᠡᠭᠳᠡᠯ︾ ︵ᠬᠦᠬᠡᠬᠤᠳᠠ‌ᠵᠠᠰᠠᠭ ᠠᠯᠪᠠᠨ ᠲᠠᠷᠬᠠᠭᠠᠭᠰᠠᠨ ︵ ﹇2017﹈ 10 ᠳ᠋ᠤᠭᠠᠷ ᠲᠣᠭᠠᠲᠤ︶ ᠪᠢᠴᠢᠭ ᠮᠠᠲ᠋ᠧᠷᠢᠶᠠᠯ ᠢ ᠦᠨᠳᠦᠰᠦᠯᠡᠨ᠂ ᠬᠥᠳᠡᠭᠡ ᠲᠣᠰᠬᠤᠨ ᠤ ᠨᠠᠭᠠᠳᠤ ᠵᠠᠬ᠎ᠠ ᠵᠢᠨ‌ᠠᠮᠢᠳᠤᠷᠠᠯ ᠤᠨ  ᠪᠠᠲᠤᠯᠠᠭ᠎ᠠ ᠶᠢᠨ ᠪᠠᠷᠢᠮᠵᠢᠶ᠎ᠠ ᠶᠢ ᠬᠥᠮᠦᠨ ᠪᠦᠷᠢ ᠵᠢᠯ ᠳᠤ 5200ᠲᠥᠭᠦᠷᠢᠭ  ᠬᠦᠷᠲᠡᠯ᠎ᠡ ᠳᠡᠭᠡᠭᠰᠢᠯᠡᠭᠦᠯᠬᠦ ᠬᠡᠷᠡᠭᠲᠡᠶ᠃ ᠶᠠᠳᠠᠭᠤ ᠬᠦᠴᠢᠷᠳᠡᠯᠲᠡᠶ ᠲᠡᠳᠬᠦᠭᠦᠯᠬᠦ ᠡᠲᠡᠭᠡᠳ ᠨᠢ ᠬᠥᠳᠡᠭᠡ ᠲᠣᠰᠬᠤᠨ ᠤ  ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠡᠷᠤᠬᠡ ᠪᠤᠯᠬᠤ ᠳᠤ᠂ ᠳᠣᠣᠷᠠᠬᠢ ᠨᠥᠬᠦᠴᠡᠯ ᠳᠤ ᠨᠡᠶᠢᠴᠡᠭᠰᠡᠨ ᠪᠠᠶᠢᠬᠤ ᠬᠡᠷᠡᠭᠲᠡᠶ᠄      ︵1︶ ᠺᠠᠷᠲᠯᠠᠨ ᠳᠠᠩᠰᠠᠯᠠᠭᠰᠠᠨ ᠶᠠᠳᠠᠭᠤ ᠬᠦᠴᠢᠷᠳᠡᠯᠲᠡᠶ ᠭᠡᠷ ᠪᠦᠯᠢ ︔      ︵2︶ ᠬᠥᠳᠡᠯᠮᠦᠷᠢᠯᠡᠬᠦ  ᠴᠢᠳᠠᠪᠦᠷᠢ ᠪᠠᠨ ᠠᠯᠳᠠᠭᠠᠳ᠂ ᠥᠪᠡᠷ ᠶᠢ ᠪᠠᠨ ᠬᠥᠭᠵᠢᠭᠦᠯᠬᠦ ᠴᠢᠳᠠᠪᠤᠷᠢ ᠲᠤᠳᠠᠭᠤ ᠂ ᠦᠢᠯᠡᠳᠪᠦᠷᠢᠯᠡᠯ ᠢᠶᠠᠷ ᠲᠡᠮᠵᠢᠨ ᠠᠵᠢᠯ ᠤᠯᠵᠤ ᠲᠡᠶᠢᠯᠬᠦ ᠦᠭᠡᠢ᠂ ᠨᠡᠭᠦᠯᠭᠡᠵᠦ ᠲᠥᠪᠬᠢᠨᠡᠭᠦᠯᠬᠦ ᠶᠢᠨ ᠠᠷᠭ᠎ᠠ ᠦᠭᠡᠢ ᠪᠠ ᠪᠤᠰᠤᠳ ᠶᠠᠳᠠᠭᠤ ᠠᠴᠠ ᠠᠩᠭᠢᠵᠢᠷᠠᠭᠤᠯᠬᠤ ᠠᠷᠭ᠎ᠠ ᠵᠠᠮ ᠦᠭᠡᠢ︔      ︵3︶ ᠬᠥᠮᠦᠨ ᠪᠦᠷᠢ ᠶᠢᠨ ᠳᠤᠮᠳᠠᠴᠢ ᠵᠢᠯ ᠤᠨ ᠣᠷᠣᠯᠭ᠎ᠠ ᠬᠥᠳᠡᠭᠡ ᠲᠣᠰᠬᠤᠨ ᠤ ᠨᠠᠭᠠᠳᠤ ᠵᠠᠬ᠎ᠠ ᠵᠢᠨ‌ᠠᠮᠢᠳᠤᠷᠠᠯ ᠤᠨ ᠪᠠᠲᠤᠯᠠᠭ᠎ᠠ ᠶᠢᠨ ᠪᠠᠷᠢᠮᠵᠢᠶ᠎ᠠ ᠠᠴᠠ ᠳᠣᠣᠷ᠎ᠠ ᠭᠡᠷ ᠪᠦᠯᠢ᠃      2 . ᠡᠮ ᠡᠮᠨᠡᠯᠭᠡ ᠶᠢᠨ ᠲᠤᠰᠠᠯᠠᠮᠵᠢ ᠶᠢᠨ ᠳᠦᠷᠢᠮ ᠬᠢᠭᠡᠳ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠲᠦᠷᠦ ᠶᠢᠨ ᠪᠤᠳᠤᠯᠭ᠎ᠠ ᠶᠢ ᠵᠣᠯᠭᠠᠭᠤᠯᠬᠤ ᠬᠡᠷᠡᠭᠳᠡᠢ᠃ ᠬᠤᠳᠠ ᠬᠥᠳᠡᠭᠡ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ ᠬᠥᠳᠡᠭᠡ ᠲᠣᠰᠬᠤᠨ ᠤ ᠲᠠᠪᠤᠨ ᠪᠠᠲᠤᠯᠠᠭᠠᠲᠤ ᠡᠷᠦᠭᠡ᠂ ᠬᠤᠳᠠ ᠬᠥᠳᠡᠭᠡ ᠶᠢᠨ ᠥᠨᠥᠴᠢᠨ ᠬᠡᠦᠬᠡᠳ᠂ ᠬᠤᠲᠠ ᠪᠠᠯᠭᠠᠰᠤᠨ ᠤ ︽ᠭᠤᠷᠪᠠᠨ ᠦᠭᠡᠢ︾ ᠬᠦᠮᠦᠰ ‍ᠦᠨ‌ᠡᠮ ᠡᠮᠨᠡᠯᠭᠡ ᠶᠢᠨ ᠦᠨᠳᠦᠰᠦᠨ ᠳᠠᠭᠠᠳᠬᠠᠯ ᠢ ᠪᠦᠬᠦ ᠲᠤᠭ᠎ᠠ ᠪᠠᠷ ᠲᠤᠰᠠᠯᠠᠬᠤ ᠬᠡᠷᠡᠭᠳᠡᠢ᠃ ᠡᠭᠦᠳᠡᠨ ᠡᠮᠨᠡᠯᠭᠡ ᠶᠢᠨ ᠲᠤᠰᠠᠯᠠᠮᠵᠢ ᠶᠢᠨ ᠬᠦᠷᠢᠶ᠎ᠡ ᠬᠡᠪᠴᠢᠶ᠎ᠡ ᠶᠢ ᠥᠷᠭᠡᠳᠬᠡᠵᠦ ᠂ ᠡᠭᠦᠳᠡᠨ ᠡᠮᠨᠡᠯᠭᠡ ᠶᠢᠨ ᠡᠮ ᠡᠮᠨᠡᠯᠭᠡ ᠶᠢᠨ ᠲᠤᠰᠠᠯᠠᠮᠵᠢ ᠶᠢᠨ ᠳᠦᠷᠢᠮ ᠢ ᠪᠤᠶ ᠪᠦᠬᠦᠢ ᠶᠠᠳᠠᠭᠤ ᠬᠦᠴᠢᠷᠳᠡᠯᠲᠡᠶ ᠭᠠᠵᠠᠷ ᠣᠷᠣᠨ ᠳᠤ ᠬᠦᠷᠳᠡᠭᠡᠵᠤ᠂ ᠠᠷᠠᠳ ᠤᠨ ᠶᠠᠪᠤᠳᠠᠯ ᠤᠨ ᠪᠠᠲᠤᠯᠠᠭ᠎ᠠ ᠶᠢᠨ ᠡᠲᠡᠭᠡᠳ ᠪᠠ ᠺᠠᠷᠲᠯᠠᠨ ᠳᠠᠩᠰᠠᠯᠠᠭᠰᠠᠨ ᠶᠠᠳᠠᠭᠤ ᠬᠦᠴᠢᠷᠳᠡᠯ ᠲᠠᠢ ᠬᠥᠮᠦᠨ ᠠᠮᠠ ᠨᠢ ᠰᠢᠶᠠᠨ ᠤ ᠱᠠᠲᠤᠨ ᠠᠴᠠ ᠳᠡᠭᠡᠭᠰᠢᠬᠢ ᠡᠮᠨᠡᠯᠭᠡ ᠶᠢᠨ ᠬᠤᠷᠢᠶᠠᠨ ᠤ ᠡᠭᠦᠳᠡᠨ ᠡᠮᠨᠡᠯᠭᠡ ᠶᠢᠨ ᠡᠮᠴᠢᠯᠡᠬᠦ᠂ ᠡᠮᠨᠡᠯᠭᠡ ᠳᠤ ᠰᠠᠭᠤᠵᠤ ᠡᠮᠨᠡᠭᠦᠯᠬᠦ ᠳᠤ᠂ ᠬᠥᠳᠡᠭᠡ ᠲᠣᠰᠬᠤᠨ ᠤ ᠰᠢᠨ᠎ᠡ ᠮᠠᠶ᠋ᠢᠭ ᠤᠨ ᠬᠤᠷᠰᠢᠭᠰᠠᠨ ᠡᠮᠨᠡᠯᠭᠡ ᠂ ᠬᠦᠨᠳᠦ ᠡᠪᠡᠳᠴᠢᠨ ᠤ ᠳᠠᠭᠠᠳᠬᠠᠯ ᠪᠣᠯᠤᠨ ᠬᠤᠳᠠᠯᠳᠤᠭᠠᠨ ᠤ ᠨᠥᠬᠦᠪᠥᠷᠢ ᠲᠠᠢ ᠡᠮᠨᠡᠯᠭᠡ ᠶᠢᠨ ᠳᠠᠭᠠᠳᠬᠠᠯ ᠤᠨ ᠳᠠᠩᠰᠠ ᠲᠠᠶᠢᠯᠤᠭᠰᠠᠨ ᠤ ᠲᠠᠷᠠᠭ᠎ᠠ᠂ ᠮᠥᠨ ᠯᠡ ᠨᠡᠯᠢᠶᠡᠳ ᠬᠦᠴᠢᠷᠳᠡᠯ ᠲᠠᠢ ᠤᠯᠠᠨ ᠲᠦᠮᠡᠨ ᠳᠤ ︽ᠨᠢᠭᠡ ᠯᠡ‌ᠦᠷᠳᠡᠭᠡ ᠮᠠᠶ᠋ᠢᠭ︾ ᠤᠨ ᠲᠡᠰᠦᠯᠦᠨ ᠪᠤᠳᠤᠬᠤ ᠡᠮ ᠡᠮᠨᠡᠯᠭᠡ ᠶᠢᠨ ᠲᠤᠰᠠᠯᠠᠮᠵᠢ ᠤᠯᠭᠤᠨ᠎ᠠ᠃ ᠲᠤᠰᠠᠯᠠᠮᠵᠢ ᠶᠢᠨ ᠪᠠᠷᠢᠮᠵᠢᠶ᠎ᠠ ᠪᠣᠯ ᠡᠩ ᠤᠨ ᠡᠪᠡᠳᠴᠢᠳᠡᠨ᠂ ᠬᠤᠪᠢ ᠬᠥᠮᠦᠨ ᠤ ᠥᠪᠡᠰᠦᠪᠡᠨ ᠲᠤᠰᠢᠶᠠᠬᠤ ᠬᠡᠰᠡᠭ ᠤᠨ 70% ᠠᠴᠠ ᠳᠣᠣᠷ᠎ᠠ ᠪᠠᠶᠢᠯᠭᠠᠬᠤ ᠦᠭᠡᠶ᠂ ᠬᠠᠮᠤᠭ ᠤᠨ ᠥᠨᠳᠥᠷ ᠲᠤᠰᠠᠯᠠᠮᠵᠢ ᠶᠢᠨ ᠲᠤᠭ᠎ᠠ ᠬᠡᠮᠵᠢᠶ᠎ᠡ ᠨᠢ 12000 ᠲᠥᠭᠦᠷᠢᠭ ᠬᠦᠷᠭᠡᠨ᠎ᠡ᠃ ᠤᠳᠠᠭᠠᠨ ᠡᠪᠡᠳᠴᠢᠨ᠂ ᠬᠦᠨᠳᠦ ᠡᠪᠡᠳᠴᠢᠨ᠂ ᠣᠨᠴᠠᠭᠠᠶ ᠡᠪᠡᠳᠴᠢᠳᠡᠨ ᠤ ᠡᠮ ᠡᠮᠨᠡᠯᠭᠡ ᠶᠢᠨ ᠲᠤᠰᠠᠯᠠᠮᠵᠢ ᠨᠢ 80 % ᠠᠴᠠ ᠳᠣᠣᠷ᠎ᠠ ᠪᠠᠶᠢᠵᠤ ᠪᠤᠯᠬᠤ ᠦᠭᠡᠢ᠂ ᠬᠠᠮᠤᠭ ᠤᠨ ᠥᠨᠳᠥᠷ ᠲᠤᠰᠠᠯᠠᠮᠵᠢ ᠶᠢᠨ ᠲᠤᠭ᠎ᠠ ᠬᠡᠮᠵᠢᠶ᠎ᠡ ᠨᠢ 5 —10 ᠲᠦᠮᠡᠨ ᠲᠥᠭᠦᠷᠢᠭ ᠪᠣᠯᠤᠨ᠎ᠠ᠃      3 . ᠲᠦᠷ ᠴᠠᠭ ᠠᠪᠤᠷᠠᠨ ᠲᠤᠰᠠᠯᠠᠬᠤ ᠲᠦᠷᠢᠮ ᠪᠠ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠲᠥᠷᠥ ᠶᠢᠨ ᠪᠤᠳᠤᠯᠭ᠎ᠠ ᠶᠢ ᠵᠣᠯᠭᠠᠭᠤᠯᠬᠤ ᠬᠡᠷᠡᠭᠳᠡᠢ᠃            ᠨᠢᠭᠡ ᠳᠤ᠂ ᠲᠦᠷ ᠴᠠᠭ ᠠᠪᠤᠷᠠᠨ ᠲᠤᠰᠠᠯᠠᠬᠤ ᠬᠦᠷᠢᠶ᠎ᠡ ᠬᠡᠪᠴᠢᠶ᠎ᠡ ᠶᠢ ᠦᠷᠭᠡᠳᠭᠡᠨ᠎ᠡ᠃ ᠪᠠᠶᠢᠭᠠᠯᠢ ᠶᠢᠨ ᠭᠠᠶ ᠭᠠᠮᠰᠢᠭ᠂ ᠭᠡᠨᠡᠳᠡᠯ᠂ ᠭᠡᠷ ᠪᠦᠯᠢ ᠶᠢᠨ ᠪᠦᠷᠢᠯᠳᠦᠬᠦᠨ ᠤ ᠬᠦᠨᠳᠦ ᠡᠪᠡᠳᠴᠢᠯᠡᠭᠰᠡᠨ ᠵᠡᠷᠭᠡ ᠰᠢᠯᠲᠠᠭᠠᠨ ᠠᠴᠠ ᠪᠤᠯᠵᠦ ᠠᠮᠢᠳᠤᠷᠠᠯ ᠨᠢ ᠲᠦᠷ ᠴᠠᠭ ᠬᠦᠴᠢᠷ ᠪᠡᠷᠬᠡᠰᠢᠶᠡᠯ ᠲᠤᠯᠭᠠᠷᠠᠭᠰᠠᠨ ᠺᠠᠷᠲᠯᠠᠨ ᠳᠠᠩᠰᠠᠯᠠᠭᠰᠠᠨ ᠶᠠᠳᠠᠭᠤ ᠬᠦᠴᠢᠷᠳᠡᠯ ᠲᠠᠢ ᠬᠥᠮᠦᠨ ᠠᠮᠠ ᠶᠢ ᠪᠠᠴᠢᠮ ᠠᠪᠤᠷᠠᠨ ᠲᠤᠰᠠᠯᠠᠬᠤ ᠬᠡᠪᠴᠢᠶᠡᠨ ᠳᠤ ᠤᠷᠤᠭᠤᠯᠵᠤ᠂ ᠲᠦᠷ ᠴᠠᠭ ᠲᠤᠰᠠᠯᠠᠮᠵᠢ ᠦᠵᠡᠭᠦᠯᠬᠦ ᠬᠡᠷᠡᠭᠲᠡᠶ᠃ ᠬᠤᠶᠠᠷ ᠲᠤ ᠲᠤᠰᠬᠠᠶ ᠲᠤᠰᠠᠯᠠᠮᠵᠢ ᠶᠢᠨ ᠮᠥᠩᠭᠦ ᠶᠢᠨ ᠲᠦᠷᠢᠮ ᠲᠤᠭᠳᠠᠭᠠᠨ᠎ᠠ᠃ ᠣᠨᠴᠠᠭᠠᠶ ᠬᠦᠨᠳᠦ ᠶᠡᠭᠡ ᠬᠦᠴᠢᠷ ᠪᠡᠷᠬᠡᠰᠢᠶᠡᠯ ᠤᠴᠠᠷᠠᠭᠰᠠᠨ ᠠᠴᠠ ᠭᠡᠷ ᠪᠦᠯᠢ ᠶᠢᠨ ᠴᠢᠬᠤᠯᠠ ᠶᠡᠭᠡ ᠵᠠᠶᠢᠯᠠᠰᠢ ᠦᠭᠡᠢ ᠵᠠᠷᠤᠯᠭ᠎ᠠ  ᠨᠢ ᠠᠵᠤ ᠠᠬᠤᠶ ᠨᠡᠶᠢᠭᠡᠮ ᠤᠨ ᠳᠠᠭᠠᠳᠬᠠᠯ᠂ ᠨᠡᠶᠢᠭᠡᠮ ᠤᠨ ᠲᠤᠰᠠᠯᠠᠮᠵᠢ᠂ ᠨᠡᠶᠢᠭᠡᠮ ᠤᠨ ᠬᠠᠪᠰᠤᠷᠤᠨ ᠲᠡᠳᠭᠦᠭᠰᠡᠨ ᠤ ᠳᠠᠷᠠᠭ᠎ᠠ ᠭᠡᠷ ᠪᠦᠯᠢ ᠪᠤᠶᠤ ᠬᠤᠪᠢ ᠬᠥᠮᠦᠨ ᠳᠠᠭᠠᠭᠠᠬᠤ ᠴᠢᠳᠠᠪᠤᠷᠢ ᠠᠴᠠ ᠬᠤᠯᠠ ᠳᠠᠪᠠᠭᠰᠠᠨ ᠬᠥᠳᠡᠭᠡ ᠲᠣᠰᠬᠤᠨ ᠤ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ ᠣᠨᠴᠠ ᠬᠦᠴᠢᠷᠳᠡᠯᠲᠡᠶ ᠬᠥᠮᠦᠰ᠂ ᠺᠠᠷᠲᠯᠠᠨ ᠳᠠᠩᠰᠠᠯᠠᠭᠰᠠᠨ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠲᠤᠰᠠᠯᠠᠮᠵᠢ ᠶᠢᠨ ᠪᠠᠷᠢᠮᠵᠢᠶ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠥᠳᠡᠭᠡ ᠲᠣᠰᠬᠤᠨ ᠤ ᠨᠠᠭᠠᠳᠤ ᠵᠠᠬ᠎ᠠ ᠵᠢᠨ‌ᠠᠮᠢᠳᠤᠷᠠᠯ ᠤᠨ ᠪᠠᠲᠤᠯᠠᠭ᠎ᠠ ᠶᠢᠨ ᠡᠲᠡᠭᠡᠳ᠂ ᠣᠨᠴᠠ ᠬᠦᠴᠢᠷᠳᠡᠯᠲᠡᠶ ᠬᠥᠮᠦᠰ᠂ ᠲᠡᠭᠦᠨ ᠤ ᠦᠪᠡᠷᠰᠤᠪᠠᠨ ᠲᠤᠰᠢᠶᠠᠬᠤ ᠬᠡᠰᠡᠭ ᠨᠢ ᠪᠦᠬᠦ ᠣᠷᠣᠨ ᠤ ᠲᠠᠷᠢᠶᠠᠴᠢᠨ ᠮᠠᠯᠴᠢᠨ ᠤ ᠳᠡᠭᠡᠷ᠎ᠡ ᠵᠢᠯ ᠤᠨ ᠬᠥᠮᠦᠨ ᠪᠦᠷᠢ ᠶᠢᠨ ᠳᠤᠮᠳᠠᠴᠢ ᠡᠵᠡᠮᠳᠡᠵᠦ ᠪᠣᠯᠬᠤ ᠣᠷᠣᠯᠭ᠎ᠠ ᠶᠢᠨ 2 ᠳᠠᠬᠢᠨ ᠪᠤᠯᠪᠠᠯ ᠂ ᠺᠠᠷᠲᠯᠠᠨ ᠳᠠᠩᠰᠠᠯᠠᠭᠰᠠᠨ ᠶᠠᠳᠠᠭᠤ ᠬᠦᠴᠢᠷᠳᠡᠯ ᠲᠠᠢ ᠬᠥᠮᠦᠨ ᠠᠮᠠ ᠡᠯ᠎ᠡ ᠲᠥᠷᠥᠯ ‍ᠤᠨ‌‍ᠲ᠋ᠤᠰᠠᠯᠠᠮᠵᠢ ᠶᠢᠨ ᠲᠦᠷᠦ ᠶᠢᠨ ᠪᠤᠳᠤᠯᠭ᠎ᠠ ᠲᠡᠮᠵᠢᠭᠰᠡᠨ ᠤ ᠳᠠᠷᠠᠭ᠎ᠠ᠂ ᠲᠡᠭᠦᠨ ᠤ ᠦᠪᠡᠷᠰᠤᠪᠠᠨ‌‍ᠲ᠋ᠤᠰᠢᠶᠠᠬᠤ ᠬᠡᠰᠡᠭ ᠨᠢ ᠪᠦᠬᠦ ᠣᠷᠣᠨ ᠤ ᠲᠠᠷᠢᠶᠠᠴᠢᠨ ᠮᠠᠯᠴᠢᠨ ᠤ ᠳᠡᠭᠡᠷ᠎ᠡ ᠵᠢᠯ ᠤᠨ ᠬᠥᠮᠦᠨ ᠪᠦᠷᠢ ᠶᠢᠨ ᠳᠤᠮᠳᠠᠴᠢ ᠡᠵᠡᠮᠳᠡᠵᠦ ᠪᠣᠯᠬᠤ ᠣᠷᠣᠯᠭ᠎ᠠ ᠶᠢᠨ ᠬᠢᠨᠢ ᠭᠤᠷᠪᠠᠨ ᠲᠡᠭᠢᠨ ᠢᠶᠠᠷ ᠳᠠᠪᠠᠵᠤ᠂ ᠭᠡᠷ ᠪᠦᠯᠢ ᠶᠢᠨ ᠡᠳ᠋ ᠬᠥᠷᠥᠩᠭᠡ ᠨᠢ ᠥᠪᠡᠷ ᠢᠶᠠᠨ ᠳᠥᠯᠥᠬᠦ ᠵᠠᠶᠢᠯᠠᠰᠢ ᠦᠭᠡᠢ ᠵᠠᠷᠤᠯᠭ᠎ᠠ ᠬᠡᠳᠤᠷᠤᠭᠡᠳ ᠲᠦᠯᠦᠵᠦ ᠭᠦᠢᠴᠡᠬᠦ ᠤᠢᠭᠡᠢ ᠪᠤᠯ ᠤᠨᠴᠤᠭᠤᠶᠢᠯᠠᠨ ᠲᠤᠰᠠᠯᠠᠮᠵᠢ ᠦᠵᠡᠭᠦᠯᠬᠦ ᠬᠡᠷᠡᠭᠲᠡᠶ᠃ ᠠᠷᠠᠳ‌‍ᠤᠨ ᠶᠠᠪᠤᠳᠠᠯ ᠤᠨ ᠰᠠᠯᠠᠭ᠎ᠠ ᠮᠥᠴᠢᠷ ᠠᠴᠠ ᠭᠤᠶᠤᠴᠢᠯᠠᠯ ᠭᠠᠷᠭᠠᠭᠰᠠᠨ ᠡᠲᠡᠭᠡᠳ‌‍ᠤᠨ ᠭᠡᠷ ᠪᠦᠯᠢ ᠶᠢᠨ ᠣᠷᠣᠯᠭ᠎ᠠ ᠪᠠ ᠡᠳ᠋ ᠬᠦᠷᠦᠩᠭᠡ ᠶᠢᠨ ᠪᠠᠶᠢᠳᠠᠯ ᠢ ᠪᠠᠶᠢᠴᠠᠭᠠᠨ᠂ ᠬᠢᠨᠠᠨ ᠬᠠᠷᠭᠤᠭᠤᠯᠬᠤ᠂ ᠨᠡᠶᠢᠳᠡᠯᠡᠭᠰᠡᠨ ᠤ ᠲᠠᠷᠠᠭ᠎ᠠ᠂ ︽ᠨᠢᠭᠡ ᠤᠴᠢᠷ ᠢ ᠨᠢᠭᠡ ᠵᠥᠪᠯᠡᠬᠦ︾ ᠶᠣᠰᠣᠭᠠᠷ ᠦᠷ᠎ᠡ ᠳ᠋ᠦᠩ ᠢ ᠰᠤᠳᠤᠯᠤᠨ ᠲᠤᠰᠠᠯᠠᠭᠳᠠᠬᠤ ᠡᠳᠤᠭᠡᠳ ᠢ ᠲᠣᠭᠲᠠᠭᠠᠬᠤ ᠬᠡᠷᠡᠭᠲᠡᠶ᠃      ︵ᠬᠤᠶᠠᠷ︶ ᠲᠠᠷᠠᠭᠠᠯᠠᠯ ᠢ ᠵᠣᠯᠭᠠᠯᠳᠤᠭᠤᠯᠬᠤᠬᠤᠶᠠᠷ ᠵᠦᠢᠯ ᠤᠨ ᠲᠦᠷᠤ ᠶᠢᠨ ᠪᠤᠳᠤᠯᠭ᠎ᠠ  ᠳᠠᠬᠢ ᠪᠠᠲᠤᠯᠠᠭ᠎ᠠ ᠶᠢᠨ ᠬᠥᠮᠦᠰ ᠢ ᠭᠤᠶᠤᠴᠢᠯᠠᠯ ᠢ ᠮᠠᠭᠠᠳᠯᠠᠨ ᠲᠣᠭᠲᠠᠭᠠᠬᠤ ᠲᠠᠷᠠᠭᠠᠯᠠᠯ ᠢ ᠵᠢᠷᠤᠮᠵᠢᠭᠤᠯᠵᠤ᠂ ᠶᠠᠳᠠᠭᠤ ᠶᠢ ᠲᠡᠳᠬᠦᠬᠦ ᠰᠠᠯᠠᠭ᠎ᠠ ᠮᠥᠴᠢᠷ ᠪᠤᠯᠤᠨ ᠠᠷᠠᠳ‌‍ᠤᠨ ᠶᠠᠪᠤᠳᠠᠯ  ᠤᠨ ᠰᠠᠯᠠᠭ᠎ᠠ ᠮᠥᠴᠢᠷ ᠲᠠᠢ ᠰᠠᠨᠠᠯ ᠢᠶᠠᠨ ᠰᠣᠯᠢᠯᠴᠠᠵᠤ ᠬᠠᠮᠵᠢᠯᠴᠠᠬᠤ ᠶᠢ ᠴᠢᠩᠭᠠᠳᠭᠠᠵᠤ᠂ ᠡᠯ᠎ᠡ ᠪᠠᠯᠭᠠᠰᠤ᠂  ᠾᠧ ᠺᠸᠤ ᠬᠠᠮᠢᠶᠠᠷᠤᠯᠲᠠ ᠶᠢᠨ ᠵᠥᠪᠯᠡᠯ ᠤᠨ ᠨᠢᠭᠡᠳᠦᠯᠲᠡᠶ ᠵᠣᠬᠢᠶᠠᠨ ᠪᠠᠶᠢᠭᠤᠯᠵᠤ᠂ ᠬᠥᠳᠡᠭᠡ ᠲᠣᠰᠬᠤᠨ ᠤ ᠨᠠᠭᠠᠳᠤ ᠵᠠᠬ᠎ᠠ ᠶᠢᠨ ᠪᠠᠲᠤᠯᠠᠭ᠎ᠠ ᠬᠥᠷᠳᠡᠬᠦ ᠪᠠ ᠶᠠᠳᠠᠭᠤ ᠬᠦᠴᠢᠷᠳᠡᠯᠲᠡᠶ ᠲᠡᠳᠬᠦᠭᠦᠯᠬᠦ ᠡᠲᠡᠭᠡᠳ ᠶᠢ ᠢᠯᠭᠠᠬᠤ ᠠᠵᠢᠯ ᠨᠢ ᠴᠠᠭ ᠬᠤᠭᠤᠴᠠᠭ᠎ᠠ ᠪᠣᠯᠤᠨ ᠲᠡᠰ ᠳᠠᠷᠠᠭᠠᠯᠠᠯ ᠤᠨ ᠲᠠᠯ᠎ᠠ ᠪᠠᠷ ᠵᠡᠷᠭᠡᠪᠡᠷ ᠶᠠᠪᠤᠭᠳᠠᠭᠤᠯᠤᠨ᠎ᠠ᠃ ᠬᠤᠶᠠᠷ ᠵᠦᠢᠯ ᠤᠨ ᠡᠲᠡᠭᠡᠳ ᠨᠢ ᠭᠤᠶᠤᠴᠢᠯᠠᠯ ᠭᠠᠷᠭᠠᠪᠠᠯ ᠲᠤᠰᠬᠤᠨ ᠤ ᠵᠥᠪᠯᠡᠯ ᠨᠢ ᠲᠣᠭᠲᠠᠭᠠᠯ ᠶᠣᠰᠣᠭᠠᠷ ᠲᠤᠰ ᠲᠤᠰ ᠡᠷᠦᠬᠡ ᠲᠤ ᠬᠦᠷᠴᠦ᠂ ᠭᠡᠷ ᠪᠦᠯᠢ ᠶᠢᠨ ᠠᠵᠤ ᠠᠬᠤᠶ ᠶᠢᠨ ᠪᠠᠶᠢᠳᠠᠯ᠂ ᠰᠤᠷᠠᠭ ᠵᠠᠩᠭᠢ ᠶᠢ ᠬᠠᠷᠭᠤᠭᠤᠯᠬᠤ ᠪᠠᠶᠢᠴᠠᠭᠠᠯᠲᠠ ᠬᠢᠵᠦ᠂ ᠬᠥᠳᠡᠭᠡ ᠲᠣᠰᠬᠤᠨ ᠤ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠡᠲᠡᠭᠡᠳ᠂ ᠣᠨᠴᠠ ᠬᠦᠴᠢᠷᠳᠡᠯᠲᠡᠶ ᠬᠥᠮᠦᠰ ᠪᠠ ᠺᠠᠷᠲᠯᠠᠨ ᠳᠠᠩᠰᠠᠯᠠᠭᠰᠠᠨ ᠶᠠᠳᠠᠭᠤ ᠬᠦᠴᠢᠷᠳᠡᠯᠲᠡᠶ ᠬᠥᠮᠦᠨ ᠠᠮᠠ ᠳᠤ ᠠᠷᠠᠳᠴᠢᠯᠠᠯ ᠤᠨ ᠦᠨᠡᠯᠡᠯᠳᠡ ᠬᠢᠵᠤ ᠨᠠᠷᠢᠯᠢᠭ ᠣᠨᠣᠴᠢᠲᠠᠶ ᠪᠠᠷ  ᠢᠯᠭᠠᠨ ᠲᠣᠭᠲᠠᠭᠠᠵᠤ ᠬᠡᠷᠡᠭᠳᠡᠢ᠃ ᠶᠠᠳᠠᠭᠤ ᠬᠦᠴᠢᠷᠳᠡᠯᠲᠡᠶ ᠬᠥᠮᠦᠨ ᠠᠮᠠ ᠳᠤ ᠤᠷᠤᠬᠤ ᠴᠢᠬᠤᠯᠠᠲᠠᠶ ᠪᠤᠯ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠳᠤ ᠤᠷᠤᠬᠤ ︽ᠭᠤᠷᠪᠠᠨ ᠵᠠᠩᠭᠢᠯᠠᠭ᠎ᠠ᠂ ᠠᠷᠪᠠᠨ ᠬᠤᠶᠠᠷ ᠠᠯᠬᠤᠮ ᠲᠠᠷᠠᠭ᠎ᠠ︾ ︵ᠭᠤᠶᠤᠴᠢᠯᠠᠬᠤ᠂ ᠬᠢᠨᠠᠨ ᠬᠠᠷᠭᠤᠭᠤᠯᠬᠤ᠂ ᠬᠢᠨᠠᠨ ᠵᠥᠪᠰᠢᠶᠡᠷᠡᠬᠦ ᠭᠤᠷᠪᠠᠨ ᠵᠠᠩᠭᠢᠯᠠᠭ᠎ᠠ᠂ ᠬᠦᠯᠢᠶᠡᠨ ᠠᠪᠴᠤ ᠰᠢᠢᠳᠪᠦᠷᠢᠯᠡᠬᠦ᠂ ᠨᠦᠬᠦᠪᠦᠷᠢᠯᠡᠵᠤ ᠵᠠᠯᠠᠷᠠᠭᠤᠯᠬᠤ᠂ ᠪᠤᠴᠠᠯᠳᠠ᠂ ᠭᠡᠷ ᠪᠦᠯᠢ ᠶᠢᠨ ᠠᠵᠤ ᠠᠬᠤᠶ ᠶᠢᠨ ᠪᠠᠶᠢᠳᠠᠯ ᠢ ᠬᠠᠷᠭᠤᠭᠤᠯᠬᠤ᠂ ᠶᠡᠷᠦᠩᠬᠡᠶᠢᠯᠡᠨ ᠮᠠᠭᠠᠳᠯᠠᠨ ᠲᠣᠭᠲᠠᠭᠠᠬᠤ᠂ ᠬᠡᠷ   ᠲᠤᠨᠢ ᠬᠦᠷᠴᠦ ᠪᠠᠶᠢᠴᠠᠭᠠᠯᠲᠠ ᠬᠢᠵᠦ᠂ ᠬᠠᠪᠰᠤᠷᠤᠨ ᠪᠠᠶᠢᠴᠠᠭᠠᠬᠤ᠂ ᠠᠷᠠᠳᠴᠢᠯᠠᠯ ᠤᠨ ᠦᠨᠡᠯᠡᠯᠲᠡ ᠬᠢᠬᠦ᠂ ᠠᠩᠬ᠎ᠠ ᠰᠢᠭᠦᠯᠲᠡ ᠶᠢᠨ ᠨᠡᠶᠢᠳᠡᠯᠡᠬᠦ᠂ ᠬᠤᠰᠢᠭᠤ ᠰᠢᠶᠠᠨ ᠳᠠᠬᠢᠨ ᠬᠢᠨᠠᠬᠤ᠂ ᠵᠥᠪᠰᠢᠶᠡᠷᠡᠬᠦ  ᠰᠤᠷᠠᠭ ᠵᠠᠩᠭᠢ ᠨᠡᠶᠢᠳᠡᠯᠡᠬᠦ᠂ ᠵᠥᠪᠰᠢᠶᠡᠷᠡᠭᠰᠡᠨ ᠦᠭᠡᠢ ᠰᠢᠢᠳᠪᠦᠷᠢ ᠪᠢᠴᠢᠭ  ᠪᠠᠭᠤᠯᠭᠠᠬᠤ ᠵᠡᠷᠭᠡ ᠠᠷᠪᠠᠨ ᠬᠤᠶᠠᠷ ᠠᠯᠬᠤᠮ ᠳᠠᠷᠠᠭ᠎ᠠ︶ ᠵᠢᠷᠤᠮ ᠶᠢ ᠴᠢᠩᠭ᠎ᠠ ᠵᠢᠷᠤᠮᠯᠠᠨ᠂  ᠡᠯ᠎ᠡ ᠪᠠᠯᠭᠠᠰᠤ᠂  ᠾᠧ ᠺᠸᠤ ᠬᠠᠮᠢᠶᠠᠷᠤᠯᠲᠠ ᠶᠢᠨ ᠵᠥᠪᠯᠡᠯ ᠡᠷᠦᠬᠡ ᠪᠠᠷ ᠨᠢᠭᠡᠴᠢ ᠪᠣᠯᠭᠠᠨ ᠨᠠᠷᠢᠯᠢᠭ ᠣᠨᠣᠴᠢᠲᠠᠶ ᠬᠢᠨᠠᠨ ᠬᠠᠷᠭᠤᠭᠤᠯᠤᠭᠰᠠᠨ ᠤ ᠲᠠᠷᠠᠭ᠎ᠠ᠂ ᠶᠠᠳᠠᠭᠤ ᠬᠦᠴᠢᠷᠳᠡᠯᠲᠡᠶ ᠲᠡᠳᠬᠦᠭᠦᠯᠬᠦ ᠡᠲᠡᠭᠡᠳ ᠲᠤ ᠬᠠᠷᠢᠶᠠᠯᠠᠭᠳᠠᠪᠠᠯ᠂ ᠶᠠᠳᠠᠭᠤ ᠶᠢ ᠲᠡᠳᠬᠦᠬᠦ ᠰᠠᠯᠠᠭ᠎ᠠ ᠮᠥᠴᠢᠷ ᠲᠤ ᠮᠡᠳᠡᠭᠦᠯᠵᠦ ᠬᠢᠨᠠᠨ ᠵᠥᠪᠰᠢᠶᠡᠷᠡᠭᠦᠯᠬᠦ ᠬᠡᠷᠡᠭᠲᠡᠶ᠂ ᠬᠥᠳᠡᠭᠡ ᠲᠣᠰᠬᠤᠨ ᠤ ᠨᠠᠭᠠᠳᠤ ᠵᠠᠬ᠎ᠠ ᠶᠢᠨ ᠪᠠᠲᠤᠯᠠᠭ᠎ᠠ ᠭᠥᠷᠳᠡᠬᠦ ᠡᠲᠡᠭᠡᠳ‌‍ᠲ᠋ᠤ ᠬᠠᠷᠢᠶᠠᠯᠠᠭᠳᠠᠪᠠᠯ᠂ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠲᠤ ᠮᠡᠳᠡᠭᠦᠯᠵᠦ ᠬᠢᠨᠠᠨ ᠵᠥᠪᠰᠢᠶᠡᠷᠡᠭᠦᠯᠬᠦ ᠬᠡᠷᠡᠭᠲᠡᠶ᠃ ᠶᠠᠳᠠᠭᠤ ᠶᠢ ᠲᠡᠳᠬᠦᠬᠦ ᠪᠠ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ᠂ ᠡᠯ᠎ᠡ ᠪᠠᠯᠭᠠᠰᠤ᠂ ᠾᠧ ᠺᠸᠤ ᠬᠠᠮᠢᠶᠠᠷᠤᠯᠲᠠ ᠶᠢᠨ ᠵᠥᠪᠯᠡᠯ᠂ ᠭᠠᠴᠠᠭᠠᠨ ᠤ ᠠᠷᠠᠳ ᠤᠨ ᠵᠥᠪᠯᠡᠯ ᠠᠴᠠ ᠠᠷᠠᠳᠴᠢᠯᠠᠯ ᠢᠶᠠᠷ ᠦᠨᠡᠯᠡᠭᠰᠡᠨ ᠰᠠᠨᠠᠯ᠂ ᠬᠢᠨᠠᠭᠰᠠᠨ ᠰᠠᠨᠠᠯ ᠪᠣᠯᠤᠨ ᠬᠢᠨᠠᠨ ᠵᠥᠪᠰᠢᠶᠡᠷᠡᠭᠰᠡᠨ ᠦᠷ᠎ᠡ ᠳ᠋ᠦᠩ ᠶᠢ ᠴᠠᠭ ᠲᠤᠬᠠᠶ ᠳᠤᠨᠢ ᠨᠡᠶᠢᠭᠡᠮ ᠨᠡᠶᠢᠲᠡ ᠳᠤ ᠨᠡᠶᠢᠲᠡᠯᠡᠬᠦ ᠬᠡᠷᠡᠭᠳᠡᠢ᠃ ︵ᠭᠤᠷᠪᠠ︶ ᠬᠠᠮᠢᠶᠠᠷᠤᠯᠲᠠ ᠶᠢ ᠵᠣᠯᠭᠠᠭᠤᠯᠬᠤ      ᠬᠥᠳᠡᠭᠡ ᠲᠣᠰᠬᠤᠨ ᠤ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠪᠠ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠵᠢᠯ ᠤᠨ ᠲᠤᠭ᠎ᠠ ᠪᠠᠷᠢᠮᠳᠠ ᠶᠢ ᠬᠠᠷᠢᠯᠴᠠᠨ ᠨᠡᠪᠲᠡᠷᠡᠯᠴᠡᠭᠦᠯᠵᠦ᠂ ᠡᠬᠢ ᠪᠠᠶᠠᠯᠢᠭ ᠢ ᠬᠠᠮᠲᠤᠪᠠᠷ ᠡᠳ᠋ᠯᠡᠬᠦ ᠰᠤᠷᠠᠭ ᠵᠠᠩᠭᠢ ᠶᠢᠨ ᠲᠠᠪᠴᠠᠩ ᠪᠠᠶᠢᠭᠤᠯᠵᠤ᠂ ᠮᠡᠳᠡᠭᠡ ᠵᠠᠩᠭᠢᠵᠢᠯᠲᠠ ᠶᠢᠨ ᠮᠡᠷᠭᠡᠵᠢᠯ ᠶᠢ ᠠᠰᠢᠭᠯᠠᠨ ᠬᠥᠳᠡᠯᠦᠩᠭᠦᠶ ᠬᠢᠨᠠᠨ ᠬᠠᠮᠢᠶᠠᠷᠤᠯᠲᠠ ᠶᠢ ᠪᠡᠶᠡᠯᠡᠭᠦᠯᠵᠦ᠂ ᠲᠡᠳᠭᠦᠭᠳᠡᠬᠦ ᠡᠳᠤᠭᠡᠳ ᠨᠢ ᠨᠠᠷᠢᠯᠢᠭ ᠣᠨᠣᠴᠠᠲᠠᠶ ᠪᠠᠶᠢᠯᠭᠠᠬᠤ ᠶᠢ ᠦᠨᠡᠨ ᠬᠦ ᠪᠠᠲᠤᠯᠠᠵᠤ᠂ ᠠᠷᠠᠳ ᠤᠨ ᠶᠠᠪᠤᠳᠠᠯ ᠪᠠ ᠶᠠᠳᠠᠭᠤ ᠶᠢ ᠲᠡᠳᠬᠦᠬᠦ ᠰᠠᠯᠠᠭ᠎ᠠ ᠮᠥᠴᠢᠷ ᠪᠣᠳᠠᠲᠠᠶ ᠪᠠᠶᠢᠳᠠᠯ ᠢ ᠦᠨᠳᠦᠰᠦᠯᠡᠨ᠂ ᠬᠥᠳᠡᠭᠡ ᠲᠣᠰᠬᠤᠨ ᠤ ᠨᠠᠭᠠᠳᠤ ᠵᠠᠬ᠎ᠠ ᠶᠢᠨ  ᠠᠮᠢᠳᠤᠷᠠᠯ ᠤᠨ ᠪᠠᠲᠤᠯᠠᠭ᠎ᠠ ᠬᠥᠷᠳᠡᠬᠦ ᠡᠲᠡᠭᠡᠳ ᠳᠤ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠬᠥᠷᠳᠡᠬᠦ ᠪᠠ ᠶᠠᠳᠠᠭᠤ ᠶᠢ ᠲᠡᠳᠬᠦᠵᠦ ᠳᠡᠮᠵᠢᠬᠦ ᠲᠦᠷᠦ ᠶᠢᠨ ᠪᠤᠳᠤᠯᠭ᠎ᠠ ᠶᠢ ᠦᠷᠭᠦᠯᠵᠢᠯᠡᠨ ᠬᠡᠷᠡᠭᠵᠢᠭᠦᠯᠵᠦ᠂  ᠢᠳᠡᠭ ᠢᠳᠡᠭ ᠢᠶᠠᠷ ᠬᠠᠪᠰᠤᠷᠤᠨ ᠲᠡᠳᠭᠦᠭᠦ ᠬᠡᠮᠵᠢᠶ᠎ᠡ ᠪᠠᠨ ᠪᠠᠭᠠᠰᠭᠠᠨ ᠶᠠᠳᠠᠭᠤ ᠠᠴᠠ ᠲᠣᠭᠲᠠᠪᠤᠷᠢᠲᠠᠶ  ᠠᠩᠵᠢᠷᠠᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠣᠷᠣᠯᠭ᠎ᠠ ᠪᠠᠭᠠᠲᠠᠶ ᠭᠡᠷ ᠪᠦᠯᠢ ᠵᠢᠨ‌ᠠᠵᠤ ᠠᠬᠤᠶ ᠶᠢᠨ ᠪᠠᠶᠢᠳᠠᠯ ᠢ ᠬᠠᠷᠭᠤᠭᠤᠯᠬᠤ ᠰᠢᠰᠲ᠋ᠧᠮ ᠪᠠ ᠶᠠᠳᠠᠭᠤ ᠶᠢ ᠲᠡᠳᠬᠦᠬᠦ ᠰᠠᠯᠠᠭ᠎ᠠ ᠮᠥᠴᠢᠷ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠰᠤᠷᠠᠭ ᠵᠠᠩᠭᠢ ᠶᠢ ᠬᠠᠷᠭᠤᠭᠤᠯᠬᠤ ᠶᠢ ᠬᠠᠮᠲᠤ ᠪᠠᠷ ᠡᠳ᠋ᠯᠡᠬᠦ ᠶᠢ ᠪᠡᠶᠡᠯᠡᠭᠦᠯᠵᠦ᠂ ᠠᠷᠠᠳ ᠤᠨ ᠶᠠᠪᠤᠳᠠᠯ᠂ ᠡᠳ᠋ ᠤᠨ ᠵᠠᠰᠠᠭ᠂ ᠶᠠᠳᠠᠭᠤ ᠶᠢ ᠲᠡᠳᠬᠦᠬᠦ᠂ ᠳᠣᠲᠣᠭᠠᠳᠤ ᠶᠢ ᠬᠠᠮᠠᠭᠠᠯᠠᠬᠤ᠂ ᠨᠡᠶᠢᠭᠡᠮ ᠪᠠᠳᠤᠯᠠᠭ᠎ᠠ᠂ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ᠂ ᠮᠥᠩᠭᠦᠨ ᠭᠦᠢᠯᠭᠡᠭᠡ᠂ ᠦᠢᠯᠡᠳᠪᠦᠷᠢ ᠬᠤᠳᠠᠯᠳᠤᠭ᠎ᠠ᠂ ᠭᠠᠶᠢᠯᠢ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠯᠠᠭ᠎ᠠ ᠶᠢᠨ ᠮᠥᠩᠭᠦ᠂ ᠳᠠᠭᠠᠳᠬᠠᠯ ᠵᠡᠷᠭᠡ ᠰᠠᠯᠠᠭ᠎ᠠ ᠮᠥᠴᠢᠷ ᠤᠨ ᠰᠤᠷᠠᠭ ᠵᠠᠩᠭᠢ ᠶᠢᠨ ᠬᠠᠷᠢᠯᠴᠠᠨ ᠬᠤᠯᠪᠣᠭᠠᠯᠠᠵᠤ ᠨᠠᠷᠢᠯᠢᠭ ᠣᠨᠣᠴᠠᠲᠠᠶ ᠪᠠᠷ ᠶᠠᠳᠠᠭᠤ ᠶᠢ ᠲᠡᠳᠬᠦᠬᠦ ᠠᠵᠢᠯ ᠳᠤ ᠬᠦᠴᠦᠲᠡᠶ ᠪᠠᠲᠤᠯᠠᠭ᠎ᠠ ᠬᠠᠩᠭᠠᠬᠤ ᠬᠡᠷᠡᠭᠲᠡᠶ᠃  ᠲᠠᠪᠤ᠂ ᠠᠵᠢᠯ  ᠤᠨ  ᠱᠠᠭᠠᠷᠳᠠᠯᠭ᠎ᠠ      ︵ᠨᠢᠭᠡ︶ ᠤᠳᠤᠷᠢᠳᠤᠯᠭ᠎ᠠ ᠶᠢᠨ ᠪᠠᠶᠢᠭᠤᠯᠤᠮᠵᠢ ᠪᠠᠶᠢᠭᠤᠯᠤᠨ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠶ ᠃ ᠰᠢᠶᠠᠨ ᠤ ᠵᠠᠰᠠᠭ ᠤᠨ ᠣᠷᠳᠣᠨ ᠤ ᠬᠤᠪᠢᠳᠠᠨ ᠬᠠᠮᠢᠶᠠᠷᠴᠤ ᠪᠥᠬᠦᠢ ᠤᠳᠤᠷᠢᠳᠤᠯᠭ᠎ᠠ ᠪᠠᠷ ᠳᠤᠭᠤᠶᠢᠯᠠᠩ ‍ᠤᠨ‌‍ᠲ᠋ᠠᠷᠤᠭ᠎ᠠ ᠪᠣᠯᠭᠠᠭᠰᠠᠨ ︽ᠬᠤᠶᠠᠷ ᠵᠦᠢᠯ ᠤᠨ ᠳᠦᠷᠢᠮ︾ ᠢ ᠪᠦᠲᠦᠮᠵᠢᠲᠡᠶ ᠵᠣᠯᠭᠠᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠪᠠᠶᠢᠭᠤᠯᠵᠤ᠂ ᠠᠷᠠᠳ ᠤᠨ ᠶᠠᠪᠤᠳᠠᠯ᠂ ᠡᠳ᠋ ᠤᠨ ᠵᠠᠰᠠᠭ᠂ ᠶᠠᠳᠠᠭᠤ ᠶᠢ ᠲᠡᠳᠬᠦᠬᠦ ᠵᠡᠷᠭᠡ ᠰᠠᠯᠠᠭ᠎ᠠ ᠮᠦᠴᠢᠷ ᠤᠳ ᠲᠤᠰ ᠲᠤᠰ ᠤᠨ ᠬᠠᠷᠢᠭᠤᠴᠠᠯᠭ᠎ᠠ ᠪᠠᠨ ᠬᠠᠷᠢᠭᠤᠴᠠᠵᠤ᠂  ᠬᠠᠷᠢᠯᠴᠠᠭ᠎ᠠ ᠪᠠᠨ ᠴᠢᠩᠭᠠᠳᠬᠠᠨ᠂ ︽ᠬᠤᠶᠠᠷ ᠵᠦᠢᠯ ᠤᠨ ᠲᠦᠷᠢᠮ︾ ᠪᠦᠲᠦᠮᠵᠢᠲᠡᠶ ᠵᠣᠯᠭᠠᠭᠤᠯᠬᠤ ᠠᠵᠢᠯ ᠢ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ᠂ ᠪᠡᠯᠠ ᠣᠷᠣᠭᠤᠯᠬᠤ᠂ ᠠᠵᠢᠯ ᠤᠨ ᠪᠠᠲᠤᠯᠠᠭ᠎ᠠ ᠪᠠ ᠬᠢᠨᠠᠯᠲᠠ‌ᠬᠠᠮᠢᠶᠠᠷᠤᠯᠳᠠ ᠵᠡᠷᠭᠡ ᠶᠠᠳᠠᠭᠤ ᠠᠴᠠ ᠠᠩᠭᠢᠵᠢᠷᠠᠭᠤᠯᠬᠤ ᠠᠵᠢᠯ ᠤᠨ ᠳᠤᠮᠳᠠᠬᠢ ᠵᠠᠰᠠᠭ ᠤᠨ ᠣᠷᠳᠣᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭᠠᠳᠬᠠᠵᠤ ᠡᠭᠦᠷᠭᠡᠯᠡᠬᠦ ᠬᠡᠷᠡᠭᠳᠡᠢ᠃      ︵ᠬᠤᠶᠠᠷ︶ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠬᠠᠮᠲᠤᠷᠠᠯᠴᠠᠭ᠎ᠠ ᠪᠠᠨ ᠴᠢᠩᠭᠠᠳᠬᠠᠵᠤ ᠬᠡᠷᠡᠭᠳᠡᠢ᠃ ᠰᠢᠶᠠᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠪᠣᠯᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢ ᠨᠡᠪᠲᠡᠷᠡᠯᠴᠡᠭᠡ ᠪᠠ ᠵᠣᠬᠢᠴᠠᠭᠤᠯᠤᠯ ᠢᠶᠠᠨ ᠴᠢᠩᠭᠠᠳᠬᠠᠵᠤ᠂ ᠲᠦᠷᠦ ᠶᠢᠨ ᠪᠤᠳᠤᠯᠭ᠎ᠠ ᠶᠢᠨ ᠲᠠᠯ᠎ᠠ ᠪᠠᠷ ᠠᠯᠬᠤᠮ ᠠᠯᠬᠤᠮ ᠢᠶᠠᠷ ᠲᠡᠭᠦᠯᠳᠡᠷᠵᠢᠭᠦᠯᠬᠦ ᠬᠡᠷᠡᠭᠲᠡᠶ᠂ ᠬᠦᠳᠡᠭᠡ ᠲᠤᠰᠬᠤᠨ ᠤ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠱᠤᠭᠤᠮ ᠬᠢᠭᠡᠳ ᠶᠠᠳᠠᠭᠤ ᠶᠢ ᠲᠡᠳᠬᠦᠬᠦ ᠱᠤᠭᠤᠮ ᠤᠨ ᠬᠤᠭᠤᠷᠣᠨᠳᠣᠬᠢ ᠵᠥᠷᠢᠶ᠎ᠡ ᠶᠢ ᠠᠯᠬᠤᠮ ᠠᠯᠬᠤᠮ ᠢᠶᠠᠷ ᠪᠠᠭᠠᠰᠬᠠᠵᠤ᠂ ︽ᠬᠤᠶᠠᠷ ᠱᠤᠭᠤᠮ‌‍ᠤᠨ ᠨᠢᠭᠡᠳᠬᠡᠬᠦ︾ ᠶᠢ ᠪᠡᠶᠡᠯᠡᠭᠦᠯᠵᠦ᠂ ᠡᠯ᠎ᠡ ᠬᠠᠮᠢᠶ᠎ᠠ ᠪᠥᠬᠦᠢ ᠰᠠᠯᠠᠭ᠎ᠠ ᠮᠦᠴᠢᠷ ᠤᠳ ᠬᠠᠷᠢᠯᠴᠠᠨ ᠲᠡᠮᠵᠢᠨ᠂  ᠰᠠᠨᠠᠭᠠᠴᠢᠯᠭᠠᠳᠠᠢ ᠬᠠᠷᠢᠴᠠᠭ᠎ᠠ ᠬᠤᠯᠪᠤᠭ᠎ᠠ ᠠᠪᠬᠤ᠂ ᠠᠵᠢᠯ ᠤᠨ ᠬᠤᠪᠢᠶᠠᠷᠢᠯᠠᠯ‌‍ᠲ᠋ᠣᠳᠣᠷᠬᠠᠶ᠂ ᠲᠣᠭᠲᠠᠮᠠᠯ ᠬᠤᠭᠤᠴᠠᠭ᠎ᠠ ᠲᠠᠢ ᠪᠠᠷ ᠵᠥᠪᠳᠡᠯᠴᠡᠨ᠂ ᠰᠤᠷᠠᠭ ᠵᠠᠩᠭᠢ ᠶᠢᠨ ᠡᠬᠢ ᠪᠠᠶᠠᠯᠢᠭ ᠬᠠᠮᠲᠤ  ᠡᠳ᠋ᠯᠡᠨ᠂ ᠵᠣᠬᠢᠴᠠᠯᠳᠤᠨ ᠬᠠᠮᠵᠢᠯᠴᠠᠬᠤ ᠶᠢ  ᠴᠢᠩᠭᠠᠳᠬᠠᠬᠤ ᠠᠵᠢᠯ ᠤᠨ ᠲᠣᠭᠲᠠᠴᠠ ᠶᠢ ᠪᠤᠢ ᠪᠣᠯᠭᠠᠬᠤ ᠶᠢ ᠳᠥᠯᠭᠢᠨ ᠠᠬᠢᠭᠤᠯᠬᠤ ᠬᠡᠷᠡᠭᠲᠡᠶ᠃ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠳ ᠲᠦᠷᠦᠭᠦᠯᠡᠨ ᠨᠡᠶᠢᠭᠡᠮ ᠤᠨ  ᠲᠤᠰᠠᠯᠠᠮᠵᠢ ᠶᠢᠨ ᠲᠦᠷᠢᠮ ᠢ ᠲᠡᠭᠦᠯᠳᠡᠷᠵᠢᠭᠦᠯᠬᠦ᠂ ᠬᠤᠶᠠᠷ ᠵᠦᠢᠯ ᠤᠨ ᠲᠦᠷᠤ ᠶᠢᠨ ᠪᠤᠳᠤᠯᠭ᠎ᠠ ᠶᠢ ᠠᠪᠴᠠᠯᠳᠤᠭᠤᠯᠬᠤ ᠠᠵᠢᠯ ᠢ ᠰᠠᠶᠢᠲᠤᠷ ᠬᠢᠬᠦ ᠬᠡᠷᠡᠭᠲᠡᠶ︔ ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠬᠤᠯᠪᠣᠭᠳᠠᠯ ᠪᠦᠬᠦᠢ ᠪᠡᠯᠡ ᠮᠥᠩᠭᠦ ᠶᠢᠨ ᠪᠠᠲᠤᠯᠠᠭ᠎ᠠ ᠪᠠ ᠬᠠᠮᠢᠶᠠᠷᠤᠯᠳᠠ ᠶᠢᠨ ᠠᠵᠢᠯ ᠢ ᠰᠠᠶᠢᠲᠤᠷ ᠬᠢᠬᠦ ᠬᠡᠷᠡᠭᠲᠡᠶ︔ ᠶᠠᠳᠠᠭᠤ ᠶᠢ ᠲᠡᠳᠬᠦᠬᠦ ᠰᠠᠯᠠᠭ᠎ᠠ ᠮᠥᠴᠢᠷ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠲᠠᠢ ᠬᠠᠮᠵᠢᠯᠴᠠᠨ ︽ᠬᠤᠶᠠᠷ ᠵᠦᠢᠯ ᠤᠨ ᠳᠦᠷᠢᠮ︾ ᠢ ᠪᠦᠲᠦᠮᠵᠢᠲᠡᠶ ᠵᠣᠯᠭᠠᠭᠤᠯᠬᠤ ᠳᠤᠮᠳᠠ ᠰᠣᠯᠪᠢᠴᠠᠯ ᠡᠲᠡᠭᠡᠳ ᠢ ᠢᠯᠭᠠᠨ ᠲᠠᠨᠢᠬᠤ ᠠᠵᠢᠯ ᠢ ᠰᠠᠶᠢᠲᠤᠷ ᠬᠢᠬᠦ ᠬᠡᠷᠡᠭᠲᠡᠶ᠃ ᠶᠠᠳᠠᠭᠤ ᠬᠦᠴᠢᠷᠳᠡᠯᠲᠡᠶ ᠲᠡᠳᠬᠦᠭᠦᠯᠬᠦ ᠡᠲᠡᠭᠡᠳ ᠢ ᠤᠨᠤᠪᠴᠢᠳᠠᠢ ᠢᠯᠭᠠᠨ ᠲᠠᠨᠢᠬᠤ  ᠢ ᠰᠤᠳᠤᠯᠤᠨ᠂ ᠬᠠᠨᠳᠤᠯᠭᠠᠲᠤ ᠴᠢᠨᠠᠷᠲᠠᠶ ᠲᠡᠳᠬᠦᠨ ᠳᠡᠮᠵᠢᠬᠦ ᠠᠷᠭ᠎ᠠ ᠬᠡᠮᠵᠢᠶ᠎ᠡ  ᠠᠪᠬᠤ ᠬᠡᠷᠡᠭᠳᠡᠢ᠃      ︵ᠭᠤᠷᠪᠠ︶ ᠪᠡᠯᠡ ᠮᠥᠩᠭᠦ ᠶᠢᠨ ᠣᠷᠣᠭᠤᠯᠤᠯᠲᠠ ᠪᠠᠨ ᠨᠡᠮᠡᠭᠳᠡᠭᠦᠯᠵᠦ᠂ ᠠᠵᠢᠯ ᠤᠨ ᠵᠠᠷᠤᠳᠠᠯ ᠶᠢ ᠨᠠᠶᠢᠳᠠᠪᠤᠷᠢᠵᠢᠭᠤᠯᠬᠤ ᠬᠡᠷᠡᠭᠲᠡᠶ᠃ ᠦᠨᠳᠤᠰᠤᠨ ᠠᠴᠠ ᠨᠢ ᠶᠠᠳᠠᠭᠤ ᠠᠴᠠ ᠠᠩᠭᠢᠵᠢᠷᠠᠭᠤᠯᠬᠤ ᠬᠡᠷᠡᠭᠰᠡᠬᠦ ᠨᠡᠶᠢᠭᠡᠮ ᠤᠨ ᠲᠤᠰᠠᠯᠠᠮᠵᠢ ᠶᠢᠨ ᠪᠡᠯᠡ ᠮᠥᠩᠭᠦ ᠶᠢ ᠲᠤᠭ᠎ᠠ ᠶᠣᠰᠣᠭᠠᠷ ᠡᠳ᠋ ᠤᠨ ᠵᠠᠰᠠᠭ ᠤᠨ ᠲᠥᠰᠦᠪ ᠲᠤ ᠣᠷᠣᠭᠤᠯᠵᠤ᠂ ᠡᠳ᠋ ᠤᠨ ᠵᠠᠰᠠᠭ ᠤᠨ ᠵᠠᠷᠤᠯᠭ᠎ᠠ ᠶᠢᠨ ᠪᠦᠲᠦᠴᠡ ᠶᠢ ᠰᠢᠯᠢᠳᠡᠭᠵᠢᠭᠦᠯᠵᠦ᠂ ᠡᠯ᠎ᠡ ᠲᠦᠷᠦᠯ ᠤᠨ ᠪᠡᠯᠡ ᠮᠥᠩᠭᠦ ᠶᠢ ᠨᠢᠭᠡᠳᠦᠯᠲᠡᠶ ᠲᠥᠯᠥᠪᠯᠡᠨ ᠲᠣᠬᠢᠷᠠᠭᠤᠯᠵᠤ᠂ ᠨᠡᠶᠢᠭᠡᠮ ᠤᠨ ᠲᠤᠰᠠᠯᠠᠮᠵᠢ ᠶᠢᠨ ᠪᠡᠯᠡ ᠮᠥᠩᠭᠦ ᠶᠢᠨ ᠬᠡᠷᠡᠭᠯᠡᠯᠲᠡ ᠬᠠᠮᠢᠶᠠᠷᠤᠯᠲᠠ ᠳᠤ ᠤᠷᠤᠰᠢᠵᠤ ᠪᠠᠶᠢᠭ᠎ᠠ ᠪᠠᠶᠢᠳᠠᠯ ᠢ ᠪᠠᠶᠢᠴᠠᠭᠠᠬᠤ ᠠᠵᠢᠯ ᠢ ᠴᠢᠩᠭᠠᠳᠬᠠᠬᠤ ᠬᠡᠷᠡᠭᠲᠡᠶ᠂ ᠲᠡᠳᠬᠦᠬᠦ ᠡᠲᠡᠭᠡᠳ ᠡᠯ᠎ᠡ ᠵᠦᠢᠯ ᠤᠨ ᠪᠡᠯᠡ ᠮᠥᠩᠭᠦ ᠶᠢᠨ ᠬᠠᠮᠢᠶᠠᠷᠤᠯᠲᠠ᠂ ᠬᠢᠨᠠᠨ ᠪᠤᠳᠤᠯᠳᠠ ᠶᠢ ᠴᠢᠩᠭᠠᠳᠬᠠᠨ᠎ᠠ᠂ ᠪᠡᠯᠡ ᠮᠥᠩᠭᠦ ᠶᠢᠨ ᠦᠷ᠎ᠡ ᠠᠰᠢᠭ ᠢ ᠴᠢᠷᠮᠠᠶᠢᠨ ᠪᠠᠳᠠᠷᠠᠭᠤᠯᠵᠤ᠂ ᠪᠡᠯᠡ ᠮᠥᠩᠭᠦ ᠶᠢᠨ ᠬᠡᠷᠡᠭᠯᠡᠯᠲᠡ ᠶᠢᠨ ᠠᠮᠤᠷ ᠲᠦᠪᠰᠢᠨ᠂ ᠲᠠᠷᠬᠠᠭᠰᠠᠨ ᠨᠢ ᠲᠦᠷᠢᠮᠵᠢᠯ ᠲᠠᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃     ︵ᠲᠦᠷᠪᠡ︶ ᠲᠦᠪ ᠴᠢᠩᠭ᠎ᠠ ᠬᠢᠨᠠᠨ ᠰᠢᠯᠭᠠᠵᠤ᠂ ᠰᠢᠮᠳᠠᠭᠤᠯᠤᠨ ᠪᠠᠶᠢᠴᠠᠭᠠᠯᠲᠠ ᠪᠠᠨ ᠴᠢᠩᠭᠠᠳᠬᠠᠬᠤ ᠬᠡᠷᠡᠭᠳᠡᠢ᠃ ︽ᠬᠤᠶᠠᠷ ᠵᠦᠢᠯ ᠤᠨ ᠳᠦᠷᠢᠮ︾ ᠢ ᠪᠦᠲᠦᠮᠵᠢᠲᠡᠶ ᠵᠣᠯᠭᠠᠭᠤᠯᠬᠤ ᠠᠵᠢᠯ ᠤᠨ ᠬᠢᠨᠠᠨ ᠰᠢᠯᠭᠠᠬᠤ ᠰᠢᠰᠲ᠋ᠧᠮ ᠶᠢ ᠪᠠᠶᠢᠭᠤᠯᠤᠨ ᠪᠥᠷᠢᠨᠰᠢᠬᠦᠯᠵᠤ᠂ ᠬᠢᠨᠠᠨ ᠰᠢᠯᠭᠠᠬᠤ ᠲᠦᠷᠢᠮ ᠲᠣᠳᠣᠷᠬᠠᠶ᠂ ᠬᠠᠷᠢᠭᠤᠴᠠᠯᠭ᠎ᠠ ᠨᠡᠬᠡᠮᠵᠢᠯᠡᠬᠦ ᠲᠣᠭᠲᠠᠴᠠ ᠶᠢ ᠲᠡᠭᠦᠯᠳᠡᠷᠵᠢᠭᠦᠯᠦᠨ᠎ᠡ᠂ ᠨᠡᠶᠢᠭᠡᠮ ᠤᠨ ᠲᠤᠰᠠᠯᠠᠮᠵᠢ ᠪᠣᠯᠤᠨ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠲᠥᠷᠥ ᠶᠢᠨ ᠪᠤᠳᠤᠯᠭ᠎ᠠ ᠶᠢ ᠵᠣᠯᠭᠠᠭᠤᠯᠬᠤ ᠠᠵᠢᠯ ᠢ ᠡᠯ᠎ᠡ ᠰᠠᠯᠠᠭ᠎ᠠ ᠮᠥᠴᠢᠷ ᠤᠨ ᠤᠳᠤᠷᠢᠳᠬᠤ ᠪᠠᠭ ᠤᠨ ᠪᠣᠳᠠᠲᠤ ᠠᠮᠵᠢᠯᠲᠠ ᠪᠦᠳᠤᠭᠡᠯ ᠬᠢᠨᠠᠨ ᠰᠢᠯᠭᠠᠯᠳᠠ ᠳᠤ ᠤᠷᠤᠭᠤᠯᠤᠨ᠂  ᠬᠢᠨᠠᠨ ᠰᠢᠯᠭᠠᠬᠤ ᠭᠦᠢᠴᠡᠳᠬᠡᠯ ᠲᠤᠭ᠎ᠠ ᠶᠢ ᠤᠯᠠᠮ ᠨᠢᠭᠡ ᠠᠯᠬᠤᠮ ᠨᠠᠷᠢᠯᠢᠭᠵᠢᠭᠤᠯᠤᠨ᠂ᠡᠭᠦᠷᠭᠡ ᠬᠠᠷᠠᠯᠲᠠ  ᠲᠣᠳᠣᠷᠬᠠᠶ ᠪᠤᠯᠭᠠᠨ᠎ᠠ᠃ ᠡᠯ᠎ᠡ ᠱᠠᠳᠤ ᠦᠶ᠎ᠡ ᠶᠢᠨ ᠠᠵᠢᠯ ᠳᠠᠭᠠᠨ ᠲᠣᠭᠲᠠᠮᠠᠯ ᠬᠤᠭᠤᠴᠠᠭ᠎ᠠ ᠲᠠᠢ ᠪᠠᠷ ᠬᠢᠨᠠᠨ ᠰᠢᠯᠭᠠᠯᠳᠠ ᠬᠢᠵᠤ᠂ ︽ᠬᠤᠶᠠᠷ ᠵᠦᠢᠯ ᠤᠨ ᠳᠦᠷᠢᠮ︾ ᠢ ᠪᠦᠲᠦᠮᠵᠢᠲᠡᠶ ᠵᠣᠯᠭᠠᠭᠤᠯᠬᠤ ᠠᠵᠢᠯ ᠢ ᠰᠢᠮᠳᠠᠭᠤᠯᠤᠨ ᠪᠠᠶᠢᠴᠠᠭᠠᠵᠤ᠂ ᠠᠵᠢᠯ ᠤᠨ ᠳᠤᠮᠳᠠᠬᠢ ᠠᠰᠠᠭᠤᠳᠠᠯ ᠢ ᠴᠠᠭ ᠲᠤᠬᠠᠶ ᠳᠤᠨᠢ ᠢᠯᠡᠷᠡᠭᠦᠯᠦᠨ  ᠰᠢᠢᠳᠪᠦᠷᠢᠯᠡᠵᠤ᠂ ᠡᠨᠡ ᠬᠦ ᠠᠵᠢᠯ ᠤᠨ ᠲᠦᠷᠢᠮᠵᠢᠭᠰᠡᠨ ᠬᠠᠮᠢᠶᠠᠷᠤᠯᠲᠠ ᠶᠢ ᠲᠦᠯᠬᠢᠨ ᠠᠬᠢᠭᠤᠯᠬᠤ ᠬᠡᠷᠡᠭᠳᠡᠢ  ᠃       ᠵᠢᠷᠭᠤᠭ᠎ᠠ  ᠂ ᠲᠤᠰ ᠪᠢᠴᠢᠭ ᠮᠠᠲ᠋ᠧᠷᠢᠶᠠᠯ ᠶᠢ 2017 ᠤᠨ ᠤ 12 ᠰᠠᠷ᠎ᠠ ᠶᠢᠨ 1 ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠂ ᠬᠦᠴᠦᠨ ᠲᠠᠢ ᠬᠤᠭᠤᠴᠠᠭ᠎ᠠ ᠨᠢ 3 ᠵᠢᠯ᠂  ᠲᠦᠷᠢᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠨᠢᠭᠡᠳᠤᠯᠳᠡᠢ ᠳ᠋ᠤᠭᠠᠷᠯᠠᠬᠤ ᠨᠤᠮᠧᠷ᠄ txzg-2017-05᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1