︽ᠲᠣᠭᠲᠠᠬᠤ ᠰᠢᠶᠠᠨ ᠤ ᠬᠥᠯᠥᠰᠥᠨ ᠠᠵᠢᠯᠴᠢᠨ ᠤ ᠴᠠᠯᠢᠩ ᠢ ᠪᠠᠳᠤᠯᠠᠬᠤ ᠠᠵᠢᠯ ᠳᠤ ᠬᠢᠨᠠᠨ ᠰᠢᠯᠭᠠᠯᠳᠠ ᠬᠡᠷᠡᠭᠵᠢᠭᠦᠯᠬᠦ ᠠᠷᠭ᠎ᠠ︾ ᠶᠢ ᠳᠠᠷᠤᠮᠠᠯᠯᠠᠨ ᠲᠠᠷᠬᠠᠭᠠᠬᠤ ᠲᠤᠬᠠᠶ ᠲᠣᠭᠲᠠᠬᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2018-04-25
               ᠲᠤᠭᠳᠠᠬᠤ ᠵᠠᠰᠠᠭ ᠠᠯᠪᠠᠨ ᠲᠠᠷᠬᠠᠭᠠᠭᠰᠠᠨ  ﹇2018﹈    8 ᠳ᠋ᠤᠭᠠᠷ ᠲᠣᠭᠠᠲᠤ  ᠡᠯ᠎ᠡ ᠪᠠᠯᠭᠠᠰᠤ᠂  ᠾᠧ ᠺᠸᠤ ᠬᠠᠮᠢᠶᠠᠷᠤᠯᠲᠠ ᠶᠢᠨ ᠵᠥᠪᠯᠡᠯ᠂ ᠰᠢᠶᠠᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ᠄       ︽ᠲᠣᠭᠲᠠᠬᠤ ᠰᠢᠶᠠᠨ ᠤ ᠬᠥᠯᠥᠰᠥᠨ ᠠᠵᠢᠯᠴᠢᠨ ᠤ ᠴᠠᠯᠢᠩ ᠢ ᠪᠠᠳᠤᠯᠠᠬᠤ ᠠᠵᠢᠯ ᠳᠤ ᠬᠢᠨᠠᠨ ᠰᠢᠯᠭᠠᠯᠳᠠ ᠬᠡᠷᠡᠭᠵᠢᠭᠦᠯᠬᠦ ᠠᠷᠭ᠎ᠠ︾ ᠶᠢ ᠰᠢᠶᠠᠨ ᠤ ᠠᠷᠠᠳ ᠤᠨ ᠵᠠᠰᠠᠭ ᠤᠨ ᠣᠷᠳᠣᠨ ᠢᠶᠠᠷ ᠵᠦᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠶ ᠵᠢᠷᠤᠮᠯᠠᠨ ᠬᠡᠷᠡᠭᠵᠢᠭᠦᠯᠲᠦᠭᠡᠶ  ᠃                            ᠲᠣᠭᠲᠠᠬᠤ ᠰᠢᠶᠠᠨ ᠤ ᠬᠥᠯᠥᠰᠥᠨ ᠠᠵᠢᠯᠴᠢᠨ ᠤ ᠴᠠᠯᠢᠩ ᠢ ᠪᠠᠳᠤᠯᠠᠬᠤ ᠠᠵᠢᠯ ᠳᠤ ᠬᠢᠨᠠᠨ ᠰᠢᠯᠭᠠᠯᠳᠠ ᠬᠡᠷᠡᠭᠵᠢᠭᠦᠯᠬᠦ ᠠᠷᠭ᠎ᠠ     ᠨᠢᠭᠡᠳᠦᠭᠡᠷ ᠵᠦᠢᠯ  ᠬᠥᠯᠥᠰᠥᠨ ᠠᠵᠢᠯᠴᠢᠨ ᠤ ᠴᠠᠯᠢᠩ ᠤᠨ ᠥᠷᠢᠲᠦᠵᠦ ᠤᠳᠠᠭᠠᠰᠢᠷᠠᠭᠤᠯᠬᠤ ᠠᠰᠠᠭᠤᠳᠠᠯ ᠢ ᠪᠦᠲᠦᠮᠵᠢᠲᠡᠶ ᠪᠠᠷ ᠤᠷᠢᠳᠴᠢᠯᠠᠨ ᠰᠡᠷᠭᠡᠶᠢᠯᠡᠨ ᠰᠢᠢᠳᠪᠦᠷᠢᠯᠡᠵᠤ᠂ ᠬᠥᠯᠥᠰᠥᠨ ᠠᠵᠢᠯᠴᠢᠨ ᠤ ᠬᠥᠳᠡᠯᠮᠦᠷᠢ ᠶᠢᠨ ᠬᠥᠯᠥᠰᠥ ᠣᠯᠭᠤᠮᠵᠢ ᠶᠢᠨ ᠡᠷᠬᠡ ᠠᠰᠢᠭ ᠢ ᠦᠨᠡᠨᠬᠦ ᠪᠠᠲᠤᠯᠠᠵᠤ᠂ ᠨᠡᠶᠢᠭᠡᠮ ᠤᠨ ᠲᠥᠪ ᠭᠤᠣᠯᠴᠢ ᠂ ᠰᠢᠳᠤᠷᠭᠤ ᠶᠤᠰᠤᠨ ᠢ ᠬᠠᠮᠠᠭᠠᠯᠠᠵᠤ᠂ ᠨᠡᠶᠢᠭᠡᠮ ᠤᠨ ᠲᠣᠭᠲᠠᠭᠤᠨ ᠪᠠᠶᠢᠳᠠᠯ ᠢ ᠠᠬᠢᠭᠤᠯᠬᠤ ᠶᠢᠨ ᠲᠦᠯᠦᠭᠡ᠂ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠯᠥᠰᠥᠨ ᠠᠵᠢᠯᠴᠢᠨ ᠤ ᠴᠠᠯᠢᠩ ᠢ  ᠪᠠᠳᠤᠯᠠᠬᠤ ᠠᠵᠢᠯ ᠳᠤ ᠬᠢᠨᠠᠨ ᠰᠢᠯᠭᠠᠯᠳᠠ ᠬᠡᠷᠡᠭᠵᠢᠭᠦᠯᠬᠦ ᠠᠷᠭ᠎ᠠ﹀ ᠶᠢ ᠳᠠᠷᠤᠮᠠᠯᠯᠠᠨ ᠲᠠᠷᠬᠠᠭᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2018﹈ 9  ᠳ᠋ᠤᠭᠡᠷ ᠲᠣᠭᠠᠲᠤ︶ ᠪᠠ ︽︿ᠬᠥᠬᠡᠬᠤᠲᠠ ᠶᠢᠨ ᠬᠥᠯᠥᠰᠥᠨ ᠠᠵᠢᠯᠴᠢᠨ ᠤ ᠴᠠᠯᠢᠩ ᠢ ᠪᠠᠳᠤᠯᠠᠬᠤ ᠠᠵᠢᠯ ᠳᠤ ᠬᠢᠨᠠᠨ ᠰᠢᠯᠭᠠᠯᠳᠠ ᠬᠡᠷᠡᠭᠵᠢᠭᠦᠯᠬᠦ ᠠᠷᠭ᠎ᠠ﹀ ᠶᠢ ᠳᠠᠷᠤᠮᠠᠯᠯᠠᠨ ᠲᠠᠷᠬᠠᠭᠠᠬᠤ ᠲᠤᠬᠠᠶ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠬᠦᠬᠡᠬᠤᠳᠠ ᠵᠠᠰᠠᠭ ᠠᠯᠪᠠᠨ ᠲᠠᠷᠬᠠᠭᠠᠭᠰᠠᠨ  ﹇2018﹈ 12  ᠳ᠋ᠤᠭᠠᠷ ᠲᠣᠭᠠᠲᠤ︶ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠪᠠᠷ ᠲᠤᠰ ᠠᠷᠭ᠎ᠠ ᠶᠢ ᠲᠣᠭᠲᠠᠭᠠᠪᠠ᠃     ᠬᠤᠶᠠᠳᠤᠭᠠᠷ ᠵᠦᠢᠯ  ᠲᠤᠰ ᠠᠷᠭ᠎ᠠ ᠨᠢ ᠲᠣᠭᠲᠠᠬᠤ ᠠᠵᠤ ᠦᠢᠯᠡᠳᠪᠦᠷᠢ ᠶᠢᠨ ᠬᠦᠷᠢᠶᠡᠯᠡᠩ ᠤᠨ ᠬᠠᠮᠢᠶᠠᠷᠤᠯᠲᠠ ᠶᠢᠨ ᠵᠥᠪᠯᠡᠯ ᠂ ᠡᠯ᠎ᠡ ᠪᠠᠯᠭᠠᠰᠤ᠂ ᠾᠧ ᠺᠸᠤ ᠬᠠᠮᠢᠶᠠᠷᠤᠯᠲᠠ ᠶᠢᠨ ᠵᠥᠪᠯᠡᠯ᠂ ᠰᠢᠶᠠᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠪᠠᠶᠢᠭᠤᠯᠭ᠎ᠠ ᠨᠢᠭᠡᠴᠡ ᠶᠢᠨ ᠬᠥᠯᠥᠰᠥᠨ ᠠᠵᠢᠯᠴᠢᠨ ᠤ ᠴᠠᠯᠢᠩ ᠢ ᠪᠠᠳᠤᠯᠠᠬᠤ ᠠᠵᠢᠯ ᠤᠨ ᠤᠨ ᠤ ᠬᠢᠨᠠᠨ ᠰᠢᠯᠭᠠᠯᠳᠠ ᠳᠤ  ᠬᠡᠷᠡᠭᠯᠡᠨ᠎ᠡ  ᠃     ᠭᠤᠷᠪᠠᠳᠤᠭᠠᠷ ᠵᠦᠢᠯ  ᠬᠢᠨᠠᠨ ᠰᠢᠯᠭᠠᠯᠳᠠ ᠶᠢᠨ ᠠᠵᠢᠯ ᠢ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠤᠳᠤᠷᠢᠳᠤᠯᠭ᠎ᠠ ᠳᠣᠣᠷ᠎ᠠ᠂ ᠲᠤᠰᠬᠠᠶ ᠬᠢᠨᠠᠨ ᠰᠢᠯᠭᠠᠬᠤ ᠳᠤᠭᠤᠶᠢᠯᠠᠩ ᠠᠴᠠ ᠬᠡᠷᠡᠭᠵᠢᠭᠦᠯᠦᠨ᠎ᠡ᠃ ᠬᠢᠨᠠᠨ ᠰᠢᠯᠭᠠᠯᠳᠠ ᠶᠢᠨ ᠠᠵᠢᠯ ᠢ 2018  —  2020 ᠣᠨ ᠪᠣᠯᠲᠠᠯ᠎ᠠ ᠵᠢᠯ ᠪᠦᠷᠢ ᠨᠢᠭᠡ ᠤᠳᠠᠭ᠎ᠠ ᠶᠠᠪᠤᠭᠤᠯᠤᠨ᠎ᠠ  ᠃      ᠳᠥᠷᠪᠡᠳᠦᠭᠡᠷ ᠵᠦᠢᠯ  ᠬᠢᠨᠠᠨ ᠰᠢᠯᠭᠠᠬᠤ ᠠᠵᠢᠯ ᠨᠢ ᠬᠠᠷᠠᠯᠲᠠ ᠶᠢᠨ ᠤᠳᠤᠷᠢᠳᠤᠮᠵᠢ᠂ ᠠᠰᠠᠭᠤᠳᠠᠯ ᠤᠨ ᠤᠳᠤᠷᠢᠳᠤᠮᠵᠢ ᠪᠠ ᠦᠷ᠎ᠡ ᠳ᠋ᠦᠩ ᠤᠨ ᠤᠳᠤᠷᠢᠳᠤᠮᠵᠢ ᠶᠢ ᠪᠠᠷᠢᠮᠳᠠᠯᠠᠵᠤ᠂ ᠦᠨᠡᠨᠴᠢ ᠲᠥᠪ ᠭᠤᠣᠯᠴᠢ ᠵᠠᠷᠴᠢᠮ ᠢ ᠵᠢᠷᠤᠮᠯᠠᠨ᠂ ᠭᠤᠣᠯᠳᠠᠯᠭ᠎ᠠ ᠪᠠᠨ ᠲᠤᠪᠤᠶᠢᠯᠭᠠᠨ᠂ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠬᠤ ᠬᠡᠷᠡᠭᠲᠡᠶ᠃      ᠲᠠᠪᠤᠳᠤᠭᠠᠷ ᠵᠦᠢᠯ  ᠬᠢᠨᠠᠨ ᠰᠢᠯᠭᠠᠬᠤ ᠠᠭᠤᠯᠭ᠎ᠠ ᠳᠤ᠄ ᠬᠥᠯᠥᠰᠥᠨ ᠠᠵᠢᠯᠴᠢᠨ ᠤ ᠴᠠᠯᠢᠩ ᠤᠯᠭᠤᠬᠤ ᠠᠵᠢᠯ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠪᠠᠲᠤᠯᠠᠬᠤ᠂ ᠵᠠᠰᠠᠭ ᠵᠠᠬᠢᠷᠭᠠᠨ ᠤ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠪᠣᠯᠤᠨ ᠠᠵᠤ ᠠᠬᠤᠶᠢᠯᠠᠯ ᠤᠨ ᠴᠠᠯᠢᠩ ᠤᠯᠭᠤᠬᠤ ᠬᠠᠷᠢᠭᠤᠴᠠᠯᠭ᠎ᠠ᠂ ᠴᠠᠯᠢᠩ ᠤᠯᠭᠤᠬᠤ ᠪᠠᠲᠤᠯᠠᠭ᠎ᠠ ᠶᠢᠨ ᠳᠦᠷᠢᠮ ᠂ ᠡᠷᠬᠡ ᠠᠰᠢᠭ ᠢ ᠬᠠᠮᠠᠭᠠᠯᠠᠬᠤ ᠲᠣᠭᠲᠠᠴᠠ ᠂ ᠡᠬᠢ ᠡᠭᠦᠰᠦᠯ ᠠᠴᠠ ᠨᠢ ᠵᠠᠰᠠᠬᠤ ᠠᠷᠭ᠎ᠠ ᠪᠠᠷᠢᠯ᠂ ᠴᠠᠯᠢᠩ ᠤᠯᠭᠤᠬᠤ ᠠᠷᠭ᠎ᠠ ᠵᠠᠮ ᠢ ᠵᠠᠰᠠᠬᠤ᠂ ᠬᠠᠤᠯᠢ ᠬᠡᠷᠡᠭᠵᠢᠭᠦᠯᠬᠦ ᠪᠠᠲᠤᠯᠠᠭ᠎ᠠ ᠶᠢᠨ ᠰᠢᠰᠲ᠋ᠧᠮ᠂ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠪᠠ ᠶᠠᠷᠢᠶ᠎ᠠ ᠬᠡᠯᠡᠯᠴᠡᠭᠡᠨ ᠤ ᠤᠳᠤᠷᠢᠳᠤᠮᠵᠢ᠂ ᠢᠯᠠᠩᠭᠤᠶ᠎ᠠ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠲᠥᠷᠥᠯ ᠵᠦᠢᠯ᠂ ᠪᠠᠷᠢᠯᠭ᠎ᠠ ᠶᠢᠨ ᠪᠦᠳᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠴᠠᠯᠢᠩ ᠦᠷᠢᠳᠡᠬᠦ ᠶᠢ ᠰᠡᠷᠭᠡᠶᠢᠯᠡᠨ ᠴᠠᠯᠢᠩ ᠤᠯᠭᠤᠬᠤ ᠶᠢ ᠪᠠᠳᠤᠯᠠᠬᠤ ᠠᠵᠢᠯ ᠤᠨ ᠦᠷ᠎ᠡ ᠪᠦᠲᠦᠮᠵᠢ ᠵᠡᠷᠭᠡ ᠠᠵᠢᠯ ᠢ ᠪᠠᠭᠳᠠᠭᠠᠨ᠎ᠠ  ᠃      ᠵᠢᠷᠭᠤᠳᠤᠭᠠᠷ ᠵᠦᠢᠯ   ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠵᠣᠬᠢᠶᠠᠨ ᠪᠠᠶᠢᠭᠤᠯᠤᠨ ᠬᠥᠯᠥᠰᠥᠨ ᠠᠵᠢᠯᠴᠢᠨ ᠤ ᠴᠠᠯᠢᠩ ᠢ ᠪᠠᠲᠤᠯᠠᠬᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠤᠨ ᠤ ᠠᠵᠢᠯ ᠤᠨ ᠬᠢᠨᠠᠨ ᠰᠢᠯᠭᠠᠬᠤ ᠲᠥᠰᠦᠯ ᠵᠢᠴᠢ ᠨᠠᠷᠢᠨ ᠳᠥᠷᠢᠮ ᠲᠤᠭᠳᠠᠭᠠᠵᠤ᠂ ᠪᠤᠳᠠᠳᠠᠢ ᠬᠢᠨᠠᠨ ᠰᠢᠯᠭᠠᠬᠤ ᠭᠦᠢᠴᠡᠳᠬᠡᠬᠦ ᠲᠤᠭ᠎ᠠ ᠪᠠ ᠬᠤᠪᠢ ᠶᠢᠨ ᠦᠷᠳᠡᠭ ᠢ ᠲᠤᠳᠤᠷᠬᠠᠶᠢᠯᠠᠨ᠎ᠠ᠃      ᠳᠣᠯᠣᠳᠤᠭᠠᠷ ᠵᠦᠢᠯ   ᠬᠢᠨᠠᠨ ᠰᠢᠯᠭᠠᠬᠤ ᠠᠵᠢᠯ  ᠬᠢᠨᠠᠨ ᠰᠢᠯᠭᠠᠬᠤ ᠤᠨ ᠤ ᠲᠤᠰ ᠵᠢᠯ ᠤᠨ ᠵᠢᠯ ᠤᠨ ᠡᠴᠦᠰ ᠠᠴᠠ ᠡᠬᠢᠯᠡᠨ ᠲᠠᠷᠠᠭ᠎ᠠ ᠵᠢᠯ ᠤᠨ ᠬᠢᠨᠢ 2 ᠳ᠋ᠤᠭᠠᠷ ᠰᠠᠷ᠎ᠠ ᠶᠢᠨ ᠰᠡᠭᠦᠯᠴᠢ ᠪᠠᠷ ᠲᠠᠭᠤᠰᠬᠠᠨ᠎ᠠ᠃ ᠳᠣᠣᠷᠠᠬᠢ ᠠᠯᠬᠤᠮ ᠳᠠᠷᠠᠭ᠎ᠠ ᠪᠠᠷ ᠶᠠᠪᠤᠭᠳᠠᠭᠤᠯᠤᠨ᠎ᠠ  ᠄      ︵ᠨᠢᠭᠡ︶  ᠦᠷᠭᠦᠯᠵᠢ ᠵᠤᠬᠢᠴᠠᠭᠤᠯᠤᠯᠳᠠ ᠬᠢᠨ᠎ᠡ᠃ ᠬᠤᠣᠰ ᠲᠤᠭᠠᠨ ᠤ ᠰᠠᠷ᠎ᠠ ᠪᠦᠷᠢ ᠶᠢᠨ ᠡᠬᠢ ᠪᠠᠷ᠂ ᠰᠢᠶᠠᠨ ᠤ ᠬᠥᠯᠥᠰᠥᠨ ᠠᠵᠢᠯᠴᠢᠨ ᠤ ᠴᠠᠯᠢᠩ ᠤᠯᠭᠤᠬᠤ ᠠᠵᠢᠯ ᠢ ᠪᠠᠲᠤᠯᠠᠬᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠲᠤᠰ ᠠᠵᠢᠯ ᠲᠦᠷᠤᠯ ᠤᠨ ᠢᠶᠠᠨ ᠬᠢᠨᠠᠨ ᠰᠢᠯᠭᠠᠬᠤ ᠠᠭᠤᠯᠭ᠎ᠠ ᠶᠢᠨ ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ ᠢ ᠵᠤᠬᠢᠴᠠᠭᠤᠯᠤᠭᠰᠠᠨ᠂ ᠡᠮᠬᠢᠳᠬᠡᠭᠰᠡᠨ ᠪᠠᠶᠢᠳᠠᠯ ᠢᠶᠠᠨ ᠵᠠᠷᠯᠠᠨ ᠮᠡᠳᠡᠭᠡᠯᠡᠵᠤ᠂ ᠠᠵᠢᠯ ᠤᠨ ᠪᠤᠳᠠᠳᠠᠶᠢᠵᠢᠭᠤᠯᠤᠯᠳᠠ ᠶᠢ ᠠᠬᠢᠭᠤᠯᠵᠤ᠂ ᠤᠨ ᠤ ᠬᠢᠨᠠᠨ ᠰᠢᠯᠭᠠᠯᠲᠠ ᠳᠤ ᠬᠤᠪᠢ ᠣᠯᠭᠤᠬᠤ ᠯᠠᠪᠯᠠᠯᠲᠠ  ᠪᠤᠯᠭᠠᠨ᠎ᠠ᠃      ︵ᠬᠤᠶᠠᠷ︶  ᠦᠪᠡᠷ ᠤᠨ ᠪᠠᠶᠢᠴᠠᠭᠠᠯᠳᠠ ᠬᠢᠨ᠎ᠡ᠃ ᠵᠢᠯ ᠪᠦᠷᠢ ᠶᠢᠨ 2 ᠳ᠋ᠤᠭᠠᠷ ᠰᠠᠷ᠎ᠠ ᠶᠢᠨ ᠳᠤᠮᠳᠠᠴᠢ ᠪᠠᠷ᠂ ᠲᠣᠭᠲᠠᠬᠤ ᠠᠵᠤ ᠦᠢᠯᠡᠳᠪᠦᠷᠢ ᠶᠢᠨ ᠬᠦᠷᠢᠶᠡᠯᠡᠩ ᠲᠤᠭᠤᠷᠢᠭ ᠤᠨ ᠬᠠᠮᠢᠶᠠᠷᠤᠯᠲᠠ ᠶᠢᠨ ᠵᠥᠪᠯᠡᠯ ᠂ ᠡᠯ᠎ᠡ ᠪᠠᠯᠭᠠᠰᠤ ᠂ ᠾᠧ ᠺᠸᠤ ᠬᠠᠮᠢᠶᠠᠷᠤᠯᠲᠠ ᠶᠢᠨ ᠵᠥᠪᠯᠡᠯ᠂ ᠡᠯ᠎ᠡ ᠬᠠᠮᠢᠶ᠎ᠠ ᠪᠥᠬᠦᠢ ᠰᠠᠯᠠᠭ᠎ᠠ ᠮᠥᠴᠢᠷ ᠪᠠ ᠪᠠᠶᠢᠭᠤᠯᠭ᠎ᠠ ᠨᠢᠭᠡᠴᠡ ᠠᠴᠠ ᠬᠢᠨᠠᠨ ᠰᠢᠯᠭᠠᠬᠤ ᠲᠤᠰᠬᠠᠶ ᠳᠤᠭᠤᠶᠢᠯᠠᠩ ᠵᠣᠬᠢᠶᠠᠨ ᠪᠠᠶᠢᠭᠤᠯᠤᠨ᠂ ᠰᠢᠶᠠᠨ ᠤ ᠬᠢᠨᠠᠨ ᠰᠢᠯᠭᠠᠯᠳᠠ ᠶᠢ ᠬᠡᠷᠡᠭᠵᠢᠭᠦᠯᠬᠦ ᠠᠷᠭ᠎ᠠ ᠬᠢᠭᠡᠳ ᠨᠠᠷᠢᠨ ᠳᠥᠷᠢᠮ ᠲᠠᠢ ᠬᠠᠷᠢᠴᠠᠭᠤᠯᠤᠨ᠂ ᠬᠥᠯᠥᠰᠥᠨ ᠠᠵᠢᠯᠴᠢᠨ ᠤ ᠴᠠᠯᠢᠩ ᠤᠯᠭᠤᠬᠤ ᠶᠢ ᠪᠠᠳᠤᠯᠠᠬᠤ ᠠᠵᠢᠯ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠪᠦᠬᠦ ᠵᠢᠯ ᠤᠨ ᠬᠥᠯᠥᠰᠥᠨ ᠠᠵᠢᠯᠴᠢᠨ ᠤ ᠴᠠᠯᠢᠩ ᠢ ᠤᠯᠭᠤᠬᠤ ᠠᠵᠢᠯ ᠤᠨ ᠠᠬᠢᠴᠠ ᠪᠠ ᠦᠷ᠎ᠡ ᠪᠦᠲᠦᠮᠵᠢ ᠶᠢᠨ ᠪᠠᠶᠢᠳᠠᠯ ᠤᠨ ᠲᠤᠬᠠᠢ ᠥᠪᠡᠷ ᠤᠨ ᠪᠠᠶᠢᠴᠠᠭᠠᠯᠳᠠ ᠬᠢᠨ᠎ᠡ᠃ ᠥᠪᠡᠷ ᠤᠨ ᠪᠠᠶᠢᠴᠠᠭᠠᠯᠳᠠ ᠶᠢᠨ ᠦᠷ᠎ᠡ ᠳ᠋ᠦᠩ ᠢᠶᠠᠨ ᠬᠢᠨᠠᠨ ᠰᠢᠯᠭᠠᠯᠳᠠ ᠶᠢᠨ ᠬᠦᠰᠦᠨᠦᠭᠳᠦ ᠲᠠᠭᠯᠠᠵᠤ᠂ ᠭᠡᠷᠡᠴᠢ ᠮᠠᠲ᠋ᠧᠷᠢᠶᠠᠯ ᠴᠤᠭᠯᠠᠭᠤᠯᠵᠤ᠂ ᠪᠠᠶᠢᠴᠠᠭᠠᠯᠳᠠ ᠶᠢᠨ ᠪᠠᠶᠢᠳᠠᠯ ᠢ ᠬᠤᠷᠢᠶᠠᠩᠭᠤᠶᠢᠯᠠᠨ ᠡᠮᠬᠢᠳᠭᠡᠵᠤ ᠲᠡᠭᠡᠳᠤ ᠱᠠᠳᠤᠨ ᠳᠤ ᠮᠡᠳᠡᠭᠦᠯᠦᠨ᠎ᠡ᠃      ︵ᠭᠤᠷᠪᠠ︶ ᠲᠤᠬᠠᠶ ᠶᠢᠨ ᠭᠠᠵᠠᠷ ᠲᠤᠨᠢ ᠬᠢᠨᠠᠨ ᠪᠠᠶᠢᠴᠠᠭᠠᠨ᠎ᠠ᠃ ᠵᠢᠯ ᠪᠦᠷᠢ ᠶᠢᠨ 2 ᠳ᠋ᠤᠭᠠᠷ ᠰᠠᠷ᠎ᠠ ᠶᠢᠨ ᠰᠡᠭᠦᠯᠴᠢ ᠪᠠᠷ᠂ ᠬᠢᠨᠠᠨ ᠰᠢᠯᠭᠠᠬᠤ ᠲᠤᠰᠬᠠᠶ ᠳᠤᠭᠤᠶᠢᠯᠠᠩ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠪᠦᠬᠦᠯᠢ ᠵᠢᠯ ᠤᠨ ᠬᠥᠯᠥᠰᠥᠨ ᠠᠵᠢᠯᠴᠢᠨ ᠤ ᠴᠠᠯᠢᠩ ᠤᠯᠭᠤᠬᠤ ᠶᠢ ᠪᠠᠳᠤᠯᠠᠬᠤ ᠠᠵᠢᠯ ᠤᠨ ᠠᠬᠢᠴᠠ ᠪᠠ ᠦᠷ᠎ᠡ ᠪᠦᠲᠦᠮᠵᠢ ᠶᠢ ᠲᠤᠬᠠᠢ ᠶᠢᠨ ᠭᠠᠵᠠᠷ ᠲᠤᠨᠢ ᠬᠢᠨᠠᠨ  ᠪᠠᠶᠢᠴᠠᠭᠠᠵᠤ᠂ ᠬᠤᠯᠪᠣᠭᠳᠠᠯ ᠪᠦᠬᠦᠢ ᠬᠢᠨᠠᠨ ᠰᠢᠯᠭᠠᠬᠤ ᠭᠦᠢᠴᠡᠳᠬᠡᠬᠦ ᠲᠤᠭ᠎ᠠ ᠶᠢ ᠦᠨᠡᠯᠡᠨ ᠵᠢᠱᠢᠯᠳᠡ ᠬᠢᠨ᠎ᠡ᠃ ᠲᠤᠬᠠᠢ ᠶᠢᠨ ᠭᠠᠵᠠᠷ ᠲᠤᠨᠢ ᠬᠢᠨᠠᠨ ᠪᠠᠶᠢᠴᠠᠭᠠᠯᠲᠠ ᠬᠢᠬᠦ ᠠᠵᠢᠯ ᠤᠨ ᠬᠠᠷᠢᠭᠤ ᠮᠡᠳᠡᠭᠦᠯᠦᠯᠲᠡ ᠰᠤᠨᠤᠰᠬᠤ᠂ ᠪᠣᠳᠠᠲᠠᠶ ᠭᠠᠵᠠᠷ ᠲᠤᠨᠢ ᠪᠠᠶᠢᠴᠠᠭᠠᠬᠤ᠂ ᠮᠠᠲ᠋ᠧᠷᠢᠶᠠᠯ ᠬᠢᠨᠠᠨ ᠬᠠᠷᠭᠤᠭᠤᠯᠬᠤ᠂ ᠠᠵᠢᠯᠴᠢᠳ ᠢ ᠬᠠᠷᠢᠭᠤ ᠰᠤᠷᠪᠤᠯᠵᠢᠯᠠᠬᠤ ᠬᠢᠬᠦ ᠵᠡᠷᠭᠡ ᠠᠷᠭ᠎ᠠ ᠮᠠᠶ᠋ᠢᠭ ᠢᠶᠠᠷ ᠶᠠᠪᠤᠭᠳᠠᠭᠤᠯᠤᠨ᠎ᠠ  ᠃      ︵ᠳᠦᠷᠪᠡ︶ ᠶᠡᠷᠦᠩᠬᠡᠶᠢᠯᠡᠭᠰᠡᠨ ᠦᠨᠡᠯᠡᠯᠲᠡ ᠬᠢᠨ᠎ᠡ᠃ ᠲᠤᠬᠠᠶ ᠶᠢᠨ ᠭᠠᠵᠠᠷ ᠲᠤᠨᠢ ᠬᠢᠨᠠᠨ ᠪᠠᠶᠢᠴᠠᠭᠠᠭᠰᠠᠨ ᠤ ᠲᠠᠷᠠᠭ᠎ᠠ᠂  ᠬᠠᠮᠢᠶ᠎ᠠ ᠪᠦᠬᠦᠢ ᠰᠠᠯᠠᠭ᠎ᠠ ᠮᠥᠴᠢᠷ ᠤᠨ ᠥᠪᠡᠷ  ᠤᠨ ᠪᠠᠶᠢᠴᠠᠭᠠᠯᠳᠠ ᠶᠢᠨ ᠪᠠᠶᠢᠳᠠᠯ ᠢ ᠦᠨᠳᠦᠰᠦᠯᠡᠨ᠂ ᠡᠳᠦᠷ ᠲᠤᠳᠤᠮ ᠤᠨ ᠠᠵᠢᠯ ᠤᠨ ᠵᠤᠬᠢᠴᠠᠭᠤᠯᠤᠯᠳᠠ᠂ ᠲᠤᠬᠠᠢ ᠶᠢᠨ ᠭᠠᠵᠠᠷ ᠳᠠᠬᠢ ᠬᠢᠨᠠᠨ ᠪᠠᠶᠢᠴᠠᠭᠠᠯᠲᠠ ᠪᠣᠯᠤᠨ ᠨᠡᠶᠢᠭᠡᠮ ᠤᠨ ᠠᠮᠤᠷ ᠲᠦᠪᠰᠢᠨ ᠤ ᠶᠡᠷᠦᠩᠬᠡᠶᠢᠯᠡᠨ ᠵᠠᠰᠠᠬᠤ᠂ ᠳᠣᠲᠣᠭᠠᠳᠤ ᠶᠢ ᠬᠠᠮᠠᠭᠠᠯᠠᠬᠤ᠂ ᠵᠠᠬᠢᠳᠠᠯ ᠰᠤᠷᠪᠤᠯᠵᠢᠯᠠᠭ᠎ᠠ ᠵᠡᠷᠭᠡ ᠰᠠᠯᠠᠭ᠎ᠠ ᠮᠥᠴᠢᠷ ᠤᠨ ᠡᠵᠡᠮᠳᠡᠵᠤ ᠪᠠᠶᠢᠭ᠎ᠠ ᠪᠠᠶᠢᠳᠠᠯ ᠲᠠᠢ ᠤᠶᠠᠯᠳᠤᠭᠤᠯᠤᠨ ᠂ ᠬᠢᠨᠠᠨ ᠰᠢᠯᠭᠠᠬᠤ ᠦᠨᠡᠯᠡᠯᠳᠡ ᠬᠢᠵᠤ᠂ ᠬᠢᠨᠠᠨ ᠰᠢᠯᠭᠠᠭᠰᠠᠨ ᠮᠡᠳᠡᠭᠦᠯᠦᠯᠲᠡ ᠪᠠᠨ ᠰᠢᠶᠠᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠳᠤ ᠮᠡᠳᠡᠭᠦᠯᠦᠨ ᠬᠢᠨᠠᠨ ᠲᠤᠭᠳᠠᠭᠠᠨ᠎ᠠ᠃      ᠨᠠᠢᠮᠠᠳᠤᠭᠠᠷ ᠵᠦᠢᠯ  ᠡᠯ᠎ᠡ ᠪᠠᠯᠭᠠᠰᠤ᠂ ᠾᠧ ᠺᠸᠤ ᠬᠠᠮᠢᠶᠠᠷᠤᠯᠲᠠ ᠶᠢᠨ ᠵᠥᠪᠯᠡᠯ ᠬᠢᠨᠠᠨ ᠰᠢᠯᠭᠠᠯᠳᠠ ᠬᠢᠬᠦ ᠳᠡᠭᠡᠨ ᠬᠠᠷᠢᠶ᠎ᠠ ᠭᠠᠵᠠᠷ ᠤᠨ ᠵᠠᠰᠠᠭ ᠤᠨ ᠣᠷᠳᠣᠨ ᠠᠴᠠ ᠲᠡᠰ ᠬᠤᠪᠢᠶᠠᠨ ᠦᠨᠡᠯᠡᠨ ᠲᠣᠭᠲᠠᠭᠠᠬᠤ ᠠᠷᠭ᠎ᠠ ᠠᠪᠴᠤ᠂ ᠬᠢᠨᠠᠨ ᠰᠢᠯᠭᠠᠯᠳᠠ ᠶᠢᠨ ᠦᠷ᠎ᠡ ᠳ᠋ᠦᠩ ᠢ A᠂ B᠂ C ᠭᠤᠷᠪᠠᠨ ᠳᠡᠰ ᠬᠤᠪᠢᠶᠠᠨ᠎ᠠ  ᠃      ︵ᠨᠢᠭᠡ︶ ᠳᠣᠣᠷ᠎ᠠ ᠵᠢᠭᠰᠠᠭᠠᠭᠰᠠᠨ ᠨᠥᠬᠦᠴᠡᠯ ᠳᠤ ᠨᠡᠶᠢᠴᠡᠭᠰᠡᠨ ᠪᠠᠶᠢᠪᠠᠯ ᠬᠢᠨᠠᠨ ᠰᠢᠯᠭᠠᠯᠳᠠ ᠶᠢᠨ ᠦᠷ᠎ᠡ ᠳ᠋ᠦᠩ ᠢ  A ᠳᠡᠰ ᠲᠤ ᠬᠤᠪᠢᠶᠠᠨ᠎ᠠ  ᠄  1 . ᠤᠳᠤᠷᠢᠳᠤᠯᠭ᠎ᠠ ᠠᠴᠠ ᠴᠢᠬᠤᠯᠠᠴᠢᠯᠠᠨ᠂ ᠵᠠᠰᠠᠭ ᠵᠠᠬᠢᠷᠭᠠᠨ ᠤ ᠬᠢᠨᠠᠨ ᠬᠠᠮᠢᠶᠠᠷᠤᠯᠲᠠ ᠶᠢᠨ ᠬᠠᠷᠢᠭᠤᠴᠠᠯᠭ᠎ᠠ ᠪᠣᠯᠤᠨ ᠠᠵᠤ ᠠᠬᠤᠶᠢᠯᠠᠯ ᠤᠨ ᠴᠠᠯᠢᠩ ᠤᠯᠭᠤᠬᠤ ᠬᠠᠷᠢᠭᠤᠴᠠᠯᠭ᠎ᠠ ᠂ ᠴᠠᠯᠢᠩ ᠤᠯᠭᠤᠬᠤ ᠪᠠᠲᠤᠯᠠᠭ᠎ᠠ ᠶᠢᠨ ᠳᠦᠷᠢᠮ ᠢ ᠨᠠᠶᠢᠳᠠᠪᠦᠷᠢᠵᠢᠭᠦᠯᠦᠭᠰᠡᠨ᠂ ᠡᠷᠬᠡ ᠠᠰᠢᠭ ᠢ ᠬᠠᠮᠠᠭᠠᠯᠠᠬᠤ ᠲᠣᠭᠲᠠᠴᠠ ᠶᠢ ᠲᠡᠭᠦᠯᠳᠡᠷᠵᠢᠭᠦᠯᠦᠭᠰᠡᠨ᠂ ᠡᠬᠢ ᠡᠭᠦᠰᠦᠯ ᠠᠴᠠ ᠨᠢ ᠵᠠᠰᠠᠭᠰᠠᠨ ᠦᠷ᠎ᠡ ᠪᠦᠲᠦᠮᠵᠢ ᠨᠢ ᠢᠯᠡᠳᠲᠡ᠂ ᠴᠠᠯᠢᠩ ᠤᠯᠭᠤᠬᠤ ᠠᠷᠭ᠎ᠠ ᠵᠠᠮ ᠨᠢ ᠰᠢᠯᠤᠭᠤᠬᠠᠨ ᠲᠦᠷᠭᠡᠨ᠂ ᠡᠷᠬᠡ ᠬᠠᠮᠠᠭᠠᠯᠠᠬᠤ ᠬᠠᠤᠯᠢ ᠬᠡᠷᠡᠭᠵᠢᠭᠦᠯᠬᠦ  ᠪᠠᠲᠤᠯᠠᠪᠤᠷᠢ ᠲᠠᠢ᠂ ᠬᠦᠴᠦᠨ ᠪᠦᠬᠦᠢ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠪᠠ ᠶᠠᠷᠢᠶ᠎ᠠ ᠬᠡᠯᠡᠯᠴᠡᠭᠡᠨ ᠤ ᠬᠦᠳᠤᠯᠪᠦᠷᠢ ᠲᠠᠢ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠬᠦᠯᠦᠰᠦᠨ ᠠᠵᠢᠯᠴᠢᠨ ᠤ ᠴᠠᠯᠢᠩ ᠥᠷᠢᠲᠦᠬᠦ ᠶᠢ ᠴᠡᠭᠴᠡᠯᠡᠬᠦ ᠠᠵᠢᠯ ᠳᠤ ᠮᠡᠳᠡᠭᠳᠡᠬᠦ᠋ᠢᠴᠡ ᠠᠮᠵᠢᠯᠲᠠ ᠪᠦᠲᠦᠮᠵᠢ ᠤᠯᠤᠭᠰᠠᠨ︔  2 . ᠬᠢᠨᠠᠨ ᠰᠢᠯᠭᠠᠯᠳᠠ ᠶᠢᠨ ᠦᠷ᠎ᠡ  ᠳ᠋ᠦᠩ ᠨᠢ ᠪᠦᠬᠦ ᠰᠢᠶᠠᠨ ᠤ ᠡᠮᠦᠨ᠎ᠡ ᠬᠤᠶᠠᠷ  ᠨᠡᠷᠡᠰ ᠲᠤ ᠪᠠᠶᠢᠭ᠎ᠠ      ︵ᠬᠤᠶᠠᠷ︶ ᠳᠣᠣᠷ᠎ᠠ ᠵᠢᠭᠰᠠᠭᠠᠭᠰᠠᠨ ᠪᠠᠶᠢᠳᠠᠯ ᠤᠳ ᠤᠨ ᠨᠢᠭᠡ ᠲᠤᠨᠢ ᠪᠠᠶᠢᠪᠠᠯ᠂ ᠬᠢᠨᠠᠨ ᠰᠢᠯᠭᠠᠯᠳᠠ ᠶᠢᠨ ᠦᠷ᠎ᠡ ᠳ᠋ᠦᠩ ᠢ  C  ᠳᠡᠰ ᠲᠤ ᠬᠤᠪᠢᠶᠠᠨ᠎ᠠ  ᠄  1 . ᠬᠥᠯᠥᠰᠥᠨ ᠠᠵᠢᠯᠴᠢᠨ ᠳᠤ ᠴᠠᠯᠢᠩ ᠤᠯᠭᠤᠬᠤ ᠠᠵᠢᠯ ᠨᠢ ᠪᠠᠳᠤᠯᠠᠭ᠎ᠠ ᠦᠭᠡᠢ᠂ ᠦᠷ᠎ᠡ ᠪᠦᠲᠦᠮᠵᠢ ᠪᠠᠷ ᠢᠯᠡᠷᠬᠡᠶ ᠪᠢᠰᠢ᠂ ᠴᠠᠯᠢᠩ ᠥᠷᠢᠲᠦᠬᠦ ᠠᠰᠠᠭᠤᠳᠠᠯ ᠲᠤᠪᠤᠶᠢᠮ᠎ᠠ︔      2 . 2 ᠤᠳᠠᠭ᠎ᠠ ᠵᠢᠴᠢ 2 ᠤᠳᠠᠭ᠎ᠠ ᠠᠴᠠ ᠳᠡᠭᠡᠭᠰᠢᠬᠢ ᠬᠥᠯᠥᠰᠥᠨ ᠠᠵᠢᠯᠴᠢᠨ ᠤ ᠴᠠᠯᠢᠩ ᠢ ᠤᠳᠠᠭᠠᠰᠢᠷᠠᠭᠤᠯᠤᠨ ᠦᠷᠢᠳᠤᠭ᠍ᠰᠡᠨ ᠠᠴᠠ ᠪᠤᠯᠵᠦ ᠬᠦᠯᠦᠰᠦᠨ ᠠᠵᠢᠯᠴᠢᠨ ᠱᠠᠳᠤ ᠠᠯᠤᠰᠯᠠᠨ ᠬᠤᠳᠠ ᠶᠢᠨ ᠱᠠᠳᠤᠨ ᠠᠴᠠ ᠳᠡᠭᠡᠭᠰᠢᠬᠢ ᠤᠯᠠᠨ ᠲᠦᠮᠡᠨᠴᠢ ᠴᠢᠨᠠᠷᠲᠠᠶ ᠬᠡᠷᠡᠭ ᠭᠠᠷᠤᠭᠰᠠᠨ ᠪᠤᠶᠤ 1 ᠤᠳᠠᠭ᠎ᠠ ᠵᠢᠴᠢ 1 ᠤᠳᠠᠭ᠎ᠠ ᠠᠴᠠ ᠳᠡᠭᠡᠭᠰᠢᠬᠢ ᠵᠠᠰᠠᠭ ᠤᠨ ᠣᠷᠳᠣᠨ ᠤ ᠪᠡᠯᠠ ᠣᠷᠣᠭᠤᠯᠤᠯᠲᠠ ᠶᠢᠨ ᠪᠠᠷᠢᠯᠭ᠎ᠠ ᠶᠢᠨ ᠲᠦᠷᠦᠯ ᠵᠦᠢᠯ ᠤᠨ ᠬᠥᠯᠥᠰᠥᠨ ᠠᠵᠢᠯᠴᠢᠨ ᠤ ᠴᠠᠯᠢᠩ ᠢ ᠤᠳᠠᠭᠠᠰᠢᠷᠠᠭᠤᠯᠤᠨ ᠦᠷᠢᠳᠡᠭᠡᠳ  ᠱᠠᠳᠤ ᠠᠯᠤᠰᠯᠠᠨ ᠬᠤᠳᠠ ᠶᠢᠨ ᠱᠠᠳᠤᠨ ᠠᠴᠠ ᠳᠡᠭᠡᠭᠰᠢᠬᠢ ᠤᠯᠠᠨ ᠲᠦᠮᠡᠨᠴᠢ ᠴᠢᠨᠠᠷᠲᠠᠶ ᠬᠡᠷᠡᠭ ᠭᠠᠷᠤᠭᠰᠠᠨ︔  3 . 1 ᠤᠳᠠᠭ᠎ᠠ ᠵᠢᠴᠢ 1 ᠤᠳᠠᠭ᠎ᠠ ᠠᠴᠠ ᠳᠡᠭᠡᠭᠰᠢ ᠬᠥᠯᠥᠰᠥᠨ ᠠᠵᠢᠯᠴᠢᠨ ᠤ ᠴᠠᠯᠢᠩ ᠢ ᠥᠷᠢᠲᠦᠵᠦ  ᠤᠳᠠᠰᠢᠷᠠᠭᠤᠯᠤᠭᠰᠠᠨ ᠠᠴᠠ ᠪᠤᠯᠵᠤ ᠬᠡᠳᠦᠷᠡᠮᠳᠦᠬᠡᠢ ᠬᠡᠷᠡᠭ  ᠭᠠᠷᠤᠭᠰᠠᠨ ᠪᠥᠭᠡᠳ ᠦᠷ᠎ᠡ ᠳ᠋ᠦᠩ ᠨᠢ ᠬᠦᠨᠳᠦ ᠨᠣᠴᠢᠲᠠᠶ ᠨᠦᠯᠦᠭᠡ ᠶᠡᠬᠡᠳᠡᠢ ᠬᠡᠷᠡᠭ ᠭᠠᠷᠤᠭᠰᠠᠨ᠃              ︵ᠭᠤᠷᠪᠠ︶ ᠬᠢᠨᠠᠨ ᠰᠢᠯᠭᠠᠯᠳᠠ ᠶᠢᠨ ᠦᠷ᠎ᠡ ᠳ᠋ᠦᠩ ᠨᠢ A ᠲᠡᠰ ᠪᠠ C ᠲᠡᠰ ᠠᠴᠠ ᠪᠤᠰᠤᠳ ᠢ B ᠳᠡᠰ  ᠲᠤ ᠬᠤᠪᠢᠶᠠᠨ᠎ᠠ᠃      ᠶᠢᠰᠦᠳᠦᠭᠡᠷ ᠵᠦᠢᠯ   ᠪᠤᠰᠤᠳ ᠡᠯ᠎ᠡ ᠬᠤᠯᠪᠣᠭᠳᠠᠯ ᠪᠦᠬᠦᠢ ᠪᠠᠶᠢᠭᠤᠯᠭ᠎ᠠ ᠪᠣᠯᠤᠨ ᠰᠠᠯᠠᠭ᠎ᠠ ᠮᠥᠴᠢᠷ ᠬᠢᠨᠠᠨ ᠰᠢᠯᠭᠠᠯᠳᠠ ᠬᠢᠬᠦ ᠳᠡᠭᠡᠨ᠂ ᠲᠡᠰ ᠬᠤᠪᠢᠶᠠᠨ ᠦᠨᠡᠯᠡᠨ ᠲᠣᠭᠲᠠᠭᠠᠬᠤ ᠠᠷᠭ᠎ᠠ ᠠᠪᠴᠤ᠂ ᠬᠢᠨᠠᠨ ᠰᠢᠯᠭᠠᠯᠳᠠ ᠶᠢᠨ ᠦᠷ᠎ᠡ ᠳ᠋ᠦᠩ ᠢ A᠂ B᠂ C ᠭᠤᠷᠪᠠᠨ ᠳᠡᠰ ᠬᠤᠪᠢᠶᠠᠨ᠎ᠠ  ᠃       ︵ᠨᠢᠭᠡ︶ ᠳᠣᠣᠷ᠎ᠠ ᠵᠢᠭᠰᠠᠭᠠᠭᠰᠠᠨ ᠨᠥᠬᠦᠴᠡᠯ ᠳᠤ ᠨᠡᠶᠢᠴᠡᠭᠰᠡᠨ ᠪᠠᠶᠢᠪᠠᠯ ᠬᠢᠨᠠᠨ ᠰᠢᠯᠭᠠᠯᠳᠠ ᠶᠢᠨ ᠦᠷ᠎ᠡ ᠳ᠋ᠦᠩ ᠢ  A ᠳᠡᠰ ᠲᠤ ᠬᠤᠪᠢᠶᠠᠨ᠎ᠠ  ᠄  1 . ᠤᠳᠤᠷᠢᠳᠤᠯᠭ᠎ᠠ ᠠᠴᠠ ᠴᠢᠬᠤᠯᠠᠴᠢᠯᠠᠨ᠂ ᠵᠠᠰᠠᠭ ᠵᠠᠬᠢᠷᠭᠠᠨ ᠤ ᠬᠢᠨᠠᠨ ᠬᠠᠮᠢᠶᠠᠷᠤᠯᠲᠠ ᠶᠢᠨ ᠬᠠᠷᠢᠭᠤᠴᠠᠯᠭ᠎ᠠ ᠪᠣᠯᠤᠨ ᠠᠵᠤ ᠠᠬᠤᠶᠢᠯᠠᠯ ᠤᠨ ᠴᠠᠯᠢᠩ ᠤᠯᠭᠤᠬᠤ ᠬᠠᠷᠢᠭᠤᠴᠠᠯᠭ᠎ᠠ ᠂ ᠴᠠᠯᠢᠩ ᠤᠯᠭᠤᠬᠤ ᠪᠠᠲᠤᠯᠠᠭ᠎ᠠ ᠶᠢᠨ ᠳᠦᠷᠢᠮ ᠢ ᠨᠠᠶᠢᠳᠠᠪᠦᠷᠢᠵᠢᠭᠦᠯᠦᠭᠰᠡᠨ᠂ ᠡᠷᠬᠡ ᠠᠰᠢᠭ ᠢ ᠬᠠᠮᠠᠭᠠᠯᠠᠬᠤ ᠲᠣᠭᠲᠠᠴᠠ ᠶᠢ ᠲᠡᠭᠦᠯᠳᠡᠷᠵᠢᠭᠦᠯᠦᠭᠰᠡᠨ᠂ ᠡᠬᠢ ᠡᠭᠦᠰᠦᠯ ᠠᠴᠠ ᠨᠢ ᠵᠠᠰᠠᠭᠰᠠᠨ ᠦᠷ᠎ᠡ ᠪᠦᠲᠦᠮᠵᠢ ᠨᠢ ᠢᠯᠡᠳᠲᠡ᠂ ᠴᠠᠯᠢᠩ ᠤᠯᠭᠤᠬᠤ ᠠᠷᠭ᠎ᠠ ᠵᠠᠮ ᠨᠢ ᠰᠢᠯᠤᠭᠤᠬᠠᠨ ᠲᠦᠷᠭᠡᠨ᠂ ᠡᠷᠬᠡ ᠬᠠᠮᠠᠭᠠᠯᠠᠬᠤ ᠬᠠᠤᠯᠢ ᠬᠡᠷᠡᠭᠵᠢᠭᠦᠯᠬᠦ  ᠪᠠᠲᠤᠯᠠᠪᠤᠷᠢ ᠲᠠᠢ᠂ ᠬᠦᠴᠦᠨ ᠪᠦᠬᠦᠢ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠪᠠ ᠶᠠᠷᠢᠶ᠎ᠠ ᠬᠡᠯᠡᠯᠴᠡᠭᠡᠨ ᠤ ᠬᠦᠳᠤᠯᠪᠦᠷᠢ ᠲᠠᠢ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠬᠦᠯᠦᠰᠦᠨ ᠠᠵᠢᠯᠴᠢᠨ ᠤ ᠴᠠᠯᠢᠩ ᠥᠷᠢᠲᠦᠬᠦ ᠶᠢ ᠴᠡᠭᠴᠡᠯᠡᠬᠦ ᠠᠵᠢᠯ ᠳᠤ ᠮᠡᠳᠡᠭᠳᠡᠬᠦ᠋ᠢᠴᠡ ᠠᠮᠵᠢᠯᠲᠠ ᠪᠦᠲᠦᠮᠵᠢ ᠤᠯᠤᠭᠰᠠᠨ︔  2 . ᠬᠢᠨᠠᠨ ᠰᠢᠯᠭᠠᠯᠳᠠ ᠶᠢᠨ ᠦᠷ᠎ᠡ  ᠳ᠋ᠦᠩ ᠨᠢ ᠪᠦᠬᠦ ᠰᠢᠶᠠᠨ ᠤ ᠡᠮᠦᠨ᠎ᠡ ᠬᠤᠶᠠᠷ  ᠨᠡᠷᠡᠰ ᠲᠤ ᠪᠠᠶᠢᠭ᠎ᠠ      ︵ᠬᠤᠶᠠᠷ︶ ᠳᠣᠣᠷ᠎ᠠ ᠵᠢᠭᠰᠠᠭᠠᠭᠰᠠᠨ ᠪᠠᠶᠢᠳᠠᠯ ᠤᠳ ᠤᠨ ᠨᠢᠭᠡ ᠲᠤᠨᠢ ᠪᠠᠶᠢᠪᠠᠯ᠂ ᠬᠢᠨᠠᠨ ᠰᠢᠯᠭᠠᠯᠳᠠ ᠶᠢᠨ ᠦᠷ᠎ᠡ ᠳ᠋ᠦᠩ ᠢ  C  ᠳᠡᠰ ᠲᠤ ᠬᠤᠪᠢᠶᠠᠨ᠎ᠠ  ᠄  1 . ᠬᠥᠯᠥᠰᠥᠨ ᠠᠵᠢᠯᠴᠢᠨ ᠳᠤ ᠴᠠᠯᠢᠩ ᠤᠯᠭᠤᠬᠤ ᠠᠵᠢᠯ ᠨᠢ ᠪᠠᠳᠤᠯᠠᠭ᠎ᠠ ᠦᠭᠡᠢ᠂ ᠦᠷ᠎ᠡ ᠪᠦᠲᠦᠮᠵᠢ ᠪᠠᠷ ᠢᠯᠡᠷᠬᠡᠶ ᠪᠢᠰᠢ᠂ ᠴᠠᠯᠢᠩ ᠥᠷᠢᠲᠦᠬᠦ ᠠᠰᠠᠭᠤᠳᠠᠯ ᠲᠤᠪᠤᠶᠢᠮ᠎ᠠ︔      2 . 2 ᠤᠳᠠᠭ᠎ᠠ ᠵᠢᠴᠢ 2 ᠤᠳᠠᠭ᠎ᠠ ᠠᠴᠠ ᠳᠡᠭᠡᠭᠰᠢᠬᠢ ᠬᠥᠯᠥᠰᠥᠨ ᠠᠵᠢᠯᠴᠢᠨ ᠤ ᠴᠠᠯᠢᠩ ᠢ ᠤᠳᠠᠭᠠᠰᠢᠷᠠᠭᠤᠯᠤᠨ ᠦᠷᠢᠳᠤᠭ᠍ᠰᠡᠨ ᠠᠴᠠ ᠪᠤᠯᠵᠦ ᠬᠦᠯᠦᠰᠦᠨ ᠠᠵᠢᠯᠴᠢᠨ ᠱᠠᠳᠤ ᠠᠯᠤᠰᠯᠠᠨ ᠬᠤᠳᠠ ᠶᠢᠨ ᠱᠠᠳᠤᠨ ᠠᠴᠠ ᠳᠡᠭᠡᠭᠰᠢᠬᠢ ᠤᠯᠠᠨ ᠲᠦᠮᠡᠨᠴᠢ ᠴᠢᠨᠠᠷᠲᠠᠶ ᠬᠡᠷᠡᠭ ᠭᠠᠷᠤᠭᠰᠠᠨ ᠪᠤᠶᠤ 1 ᠤᠳᠠᠭ᠎ᠠ ᠵᠢᠴᠢ 1 ᠤᠳᠠᠭ᠎ᠠ ᠠᠴᠠ ᠳᠡᠭᠡᠭᠰᠢᠬᠢ ᠵᠠᠰᠠᠭ ᠤᠨ ᠣᠷᠳᠣᠨ ᠤ ᠪᠡᠯᠠ ᠣᠷᠣᠭᠤᠯᠤᠯᠲᠠ ᠶᠢᠨ ᠪᠠᠷᠢᠯᠭ᠎ᠠ ᠶᠢᠨ ᠲᠦᠷᠦᠯ ᠵᠦᠢᠯ ᠤᠨ ᠬᠥᠯᠥᠰᠥᠨ ᠠᠵᠢᠯᠴᠢᠨ ᠤ ᠴᠠᠯᠢᠩ ᠢ ᠤᠳᠠᠭᠠᠰᠢᠷᠠᠭᠤᠯᠤᠨ ᠦᠷᠢᠳᠡᠭᠡᠳ  ᠱᠠᠳᠤ ᠠᠯᠤᠰᠯᠠᠨ ᠬᠤᠳᠠ ᠶᠢᠨ ᠱᠠᠳᠤᠨ ᠠᠴᠠ ᠳᠡᠭᠡᠭᠰᠢᠬᠢ ᠤᠯᠠᠨ ᠲᠦᠮᠡᠨᠴᠢ ᠴᠢᠨᠠᠷᠲᠠᠶ ᠬᠡᠷᠡᠭ ᠭᠠᠷᠤᠭᠰᠠᠨ︔  3 . 1 ᠤᠳᠠᠭ᠎ᠠ ᠵᠢᠴᠢ 1 ᠤᠳᠠᠭ᠎ᠠ ᠠᠴᠠ ᠳᠡᠭᠡᠭᠰᠢ ᠬᠥᠯᠥᠰᠥᠨ ᠠᠵᠢᠯᠴᠢᠨ ᠤ ᠴᠠᠯᠢᠩ ᠢ ᠥᠷᠢᠲᠦᠵᠦ  ᠤᠳᠠᠰᠢᠷᠠᠭᠤᠯᠤᠭᠰᠠᠨ ᠠᠴᠠ ᠪᠤᠯᠵᠤ ᠬᠡᠳᠦᠷᠡᠮᠳᠦᠬᠡᠢ ᠬᠡᠷᠡᠭ  ᠭᠠᠷᠤᠭᠰᠠᠨ ᠪᠥᠭᠡᠳ ᠦᠷ᠎ᠡ ᠳ᠋ᠦᠩ ᠨᠢ ᠬᠦᠨᠳᠦ ᠨᠣᠴᠢᠲᠠᠶ ᠨᠦᠯᠦᠭᠡ ᠶᠡᠬᠡᠳᠡᠢ ᠬᠡᠷᠡᠭ ᠭᠠᠷᠤᠭᠰᠠᠨ᠃              ︵ᠭᠤᠷᠪᠠ︶ ᠬᠢᠨᠠᠨ ᠰᠢᠯᠭᠠᠯᠳᠠ ᠶᠢᠨ ᠦᠷ᠎ᠡ ᠳ᠋ᠦᠩ ᠨᠢ A ᠲᠡᠰ ᠪᠠ C ᠲᠡᠰ ᠠᠴᠠ ᠪᠤᠰᠤᠳ ᠢ B ᠳᠡᠰ  ᠲᠤ ᠬᠤᠪᠢᠶᠠᠨ᠎ᠠ᠃      ᠠᠷᠪᠠᠳᠤᠭᠠᠷ ᠵᠦᠢᠯ  ᠬᠢᠨᠠᠨ ᠰᠢᠯᠭᠠᠭᠰᠠᠨ ᠦᠷ᠎ᠡ ᠳ᠋ᠦᠩ ᠢ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠢᠶᠠᠷ   ᠵᠦᠪᠰᠢᠶᠡᠷᠡᠭᠦᠯᠦᠭᠰᠡᠨ ᠤ ᠲᠠᠷᠠᠭ᠎ᠠ᠂ ᠬᠢᠨᠠᠨ ᠰᠢᠯᠭᠠᠯᠳᠠ ᠶᠢᠨ ᠲᠤᠰᠬᠠᠶ ᠳᠤᠭᠤᠶᠢᠯᠠᠩ ᠠᠴᠠ ᠵᠠᠷᠯᠠᠨ ᠮᠡᠳᠡᠭᠡᠯᠡᠬᠦ ᠶᠢᠨ ᠬᠠᠮᠳᠤ ᠰᠢᠶᠠᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠳᠤ ᠬᠠᠭᠤᠯᠤᠨ ᠮᠡᠳᠡᠭᠦᠯᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠤᠳᠤᠷᠢᠳᠬᠤ ᠪᠠᠭ ᠪᠣᠯᠤᠨ ᠬᠤᠯᠪᠣᠭᠳᠠᠯ ᠪᠦᠬᠦᠢ ᠤᠳᠤᠷᠢᠳᠬᠤ ᠺᠠᠳ᠋ᠷ ᠤᠨ ᠶᠡᠷᠦᠩᠬᠡᠢ ᠬᠢᠨᠠᠨ ᠰᠢᠯᠭᠠᠯᠳᠠ ᠶᠢᠨ ᠦᠨᠡᠯᠡᠯᠳᠡ ᠬᠢᠬᠦ ᠳᠤ ᠯᠠᠪᠯᠠᠯᠲᠠ ᠪᠤᠯᠭᠠᠨ᠎ᠠ᠃ ᠬᠢᠨᠠᠨ ᠰᠢᠯᠭᠠᠯᠳᠠ ᠳᠤ C ᠲᠡᠰ ᠲᠤ ᠤᠷᠤᠭᠰᠠᠨ ᠰᠠᠯᠠᠭ᠎ᠠ ᠮᠥᠴᠢᠷ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠲᠠᠢ ᠪᠣᠯᠵᠣᠨ ᠶᠠᠷᠢᠯᠴᠠᠵᠤ᠂ ᠬᠤᠭᠤᠴᠠᠭ᠎ᠠ ᠬᠢᠵᠠᠭᠠᠷᠯᠠᠨ ᠵᠠᠯᠠᠷᠠᠭᠤᠯᠬᠤ ᠱᠠᠭᠠᠷᠳᠠᠯᠭ᠎ᠠ ᠲᠠᠯᠪᠢᠨ᠎ᠠ᠃ ᠪᠤᠯᠵᠤᠨ ᠶᠠᠷᠢᠯᠴᠠᠭᠳᠠᠭᠰᠠᠨ ᠰᠠᠯᠠᠭ᠎ᠠ ᠮᠥᠴᠢᠷ ᠨᠢ ᠴᠡᠭᠴᠡᠯᠡᠨ ᠥᠭᠡᠷᠡᠴᠢᠯᠡᠬᠦ ᠠᠷᠭ᠎ᠠ ᠬᠡᠮᠵᠢᠶ᠎ᠡ ᠲᠣᠭᠲᠠᠭᠠᠵᠤ᠂ ᠪᠤᠯᠵᠤᠨ ᠶᠠᠷᠢᠯᠴᠠᠭᠳᠠᠭᠰᠠᠨ ᠤ ᠲᠠᠷᠠᠭᠠᠬᠢ ᠨᠢᠭᠡ ᠭᠠᠷᠠᠭ ᠤᠨ ᠳᠣᠲᠣᠷ᠎ᠠ ᠪᠢᠴᠢᠭ ᠤᠨ ᠮᠡᠳᠡᠭᠦᠯᠦᠯᠲᠡ ᠢᠶᠠᠨ ᠲᠤᠰᠢᠶᠠᠨ᠎ᠠ᠃ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠪᠳᠠᠭᠤᠯᠤᠨ ᠪᠠᠶᠢᠴᠠᠭᠠᠬᠤ ᠠᠯᠪᠠᠨ ᠭᠡᠷ ᠬᠠᠷᠢᠭᠤᠴᠠᠨ ᠨᠠᠶᠢᠳᠠᠪᠤᠷᠢᠵᠢᠭᠤᠯᠬᠤ ᠠᠵᠢᠯ  ᠳᠤ ᠬᠠᠷᠢᠭᠤᠴᠠᠨ᠎ᠠ᠃ ᠬᠢᠨᠠᠨ ᠰᠢᠯᠭᠠᠯᠳᠠ ᠶᠢᠨ ᠠᠵᠢᠯ ᠳᠤᠮᠳᠠ ᠬᠤᠳᠠᠯ ᠬᠠᠭᠤᠷᠮᠠᠭ᠂ ᠨᠢᠭᠤᠵᠤ ᠲᠠᠯᠲᠠᠯᠠᠬᠤ ᠂ ᠬᠤᠳᠠᠯ ᠢᠶᠠᠷ ᠮᠡᠳᠡᠭᠦᠯᠦᠨ ᠬᠢᠨᠠᠨ ᠰᠢᠯᠭᠠᠯᠳᠠ ᠶᠢᠨ ᠦᠷ᠎ᠡ ᠳ᠋ᠦᠩ ᠢ ᠭᠠᠵᠢᠭᠤᠳᠠᠭᠤᠯᠤᠭᠰᠠᠳ ᠢ ᠢᠯᠡ ᠪᠠᠷ ᠵᠠᠷᠯᠠᠨ ᠰᠢᠭᠦᠮᠵᠢᠯᠡᠨ᠎ᠡ︔ ᠬᠢᠨᠠᠨ ᠰᠢᠯᠭᠠᠯᠳᠠ ᠶᠢᠨ ᠶᠠᠪᠤᠴᠠ ᠳᠤᠮᠳᠠ ᠬᠠᠷᠢᠭᠤᠴᠠᠯᠭ᠎ᠠ ᠨᠡᠬᠡᠮᠵᠢᠯᠡᠬᠦ ᠴᠢᠬᠤᠯᠠᠲᠠᠶ ᠠᠰᠠᠭᠤᠳᠠᠯ ᠤᠨ ᠰᠦᠪᠡᠭᠴᠢ ᠪᠠᠶᠢᠪᠠᠯ ᠂ ᠰᠢᠶᠠᠨ ᠤ ᠰᠠᠬᠢᠯᠭ᠎ᠠ ᠪᠠᠲᠤ ᠪᠠᠶᠢᠴᠠᠭᠠᠬᠤ ᠪᠠᠶᠢᠭᠤᠯᠭ᠎ᠠ ᠳᠤ ᠰᠢᠯᠵᠢᠭᠦᠯᠦᠨ ᠲᠤᠰᠢᠶᠠᠨ᠎ᠠ᠃ ᠦᠢᠯᠡ ᠠᠵᠢᠯᠠᠯᠭ᠎ᠠ ᠨᠢ ᠬᠦᠨᠳᠦ ᠨᠣᠴᠢᠲᠠᠶ ᠪᠠᠶᠢᠪᠠᠯ᠂ ᠰᠠᠬᠢᠯᠭ᠎ᠠ ᠪᠠᠲᠤ ᠬᠠᠤᠯᠢ ᠴᠠᠭᠠᠵᠠ ᠶᠢᠨ ᠲᠤᠭᠳᠠᠭᠠᠯ ᠶᠣᠰᠣᠭᠠᠷ ᠬᠠᠮᠢᠶ᠎ᠠ ᠪᠦᠬᠦᠢ ᠠᠵᠢᠯᠳᠠᠨ ᠤ ᠬᠠᠤᠯᠢ ᠶᠢᠨ ᠬᠠᠷᠢᠭᠤᠴᠠᠯᠭ᠎ᠠ  ᠨᠡᠬᠡᠮᠵᠢᠯᠡᠨ᠎ᠡ᠃      ᠠᠷᠪᠠᠨ ᠨᠢᠭᠡᠳᠦᠭᠡᠷ ᠵᠦᠢᠯ  ᠲᠤᠰ ᠠᠷᠭ᠎ᠠ ᠶᠢ ᠨᠡᠶᠢᠲᠡᠯᠡᠭᠰᠡᠨ ᠡᠳᠦᠷ ᠠᠴᠠ ᠡᠬᠢᠯᠡᠨ 30 ᠡᠳᠦᠷ ᠤᠨ ᠳᠠᠷᠠᠭ᠎ᠠ ᠬᠡᠷᠡᠭᠵᠢᠭᠦᠯᠦᠨ᠎ᠡ᠂ ᠬᠦᠴᠦᠨ ᠲᠠᠢ ᠬᠤᠭᠤᠴᠠᠭ᠎ᠠ ᠨᠢ 3 ᠵᠢᠯ᠂ ᠲᠦᠷᠢᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠨᠢᠭᠡᠳᠤᠯᠳᠡᠢ ᠳ᠋ᠤᠭᠠᠷᠯᠠᠬᠤ ᠨᠣᠮᠧᠷ  ᠄ TXZG — 2018 — 3 ᠳ᠋ᠤᠭᠠᠷ ᠲᠤᠭᠠᠳᠤ᠃      
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1