ᠲᠣᠭᠲᠠᠬᠤ ᠵᠠᠰᠠᠭ ᠲᠠᠷᠬᠠᠭᠠᠭᠰᠠᠨ ﹇2018﹈ 14 ᠳ᠋ᠦ᠋ᠭᠡᠷ ᠲᠣᠭᠠᠲᠤ | ᠲᠣᠭᠲᠠᠬᠤ ᠰᠢᠶᠠᠨ ᠤ ᠠᠷᠠᠳ ᠤᠨ ᠵᠠᠰᠠᠭ ᠤᠨ ᠣᠷᠳᠣᠨ ᠤ | ︽ᠲᠣᠭᠲᠠᠬᠤ ᠰᠢᠶᠠᠨ ᠤ ᠳᠠᠪᠤᠰᠤᠨ ᠦᠢᠯᠡᠰ ᠤᠨ ᠲᠤᠭᠳᠠᠴᠠ ᠳᠤ ᠥᠭᠡᠷᠡᠴᠢᠯᠡᠯᠲᠡ ᠬᠡᠷᠡᠭᠵᠢᠭᠦᠯᠬᠦ ᠲᠥᠰᠦᠯ ︾ ᠢ | ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ | ᠡᠯ᠎ᠡ ᠪᠠᠯᠭᠠᠰᠤ᠂ ᠾᠧ ᠺᠸᠤ ᠬᠠᠮᠢᠶᠠᠷᠤᠯᠲᠠ ᠶᠢᠨ ᠵᠥᠪᠯᠡᠯ᠂ ᠰᠢᠶᠠᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ | ᠮᠥᠴᠢᠷ᠄ | ︽ᠲᠣᠭᠲᠠᠬᠤ ᠰᠢᠶᠠᠨ ᠤ ᠳᠠᠪᠤᠰᠤᠨ ᠦᠢᠯᠡᠰ ᠤᠨ ᠲᠤᠭᠳᠠᠴᠠ ᠳᠤ ᠥᠭᠡᠷᠡᠴᠢᠯᠡᠯᠲᠡ ᠬᠡᠷᠡᠭᠵᠢᠭᠦᠯᠬᠦ ᠲᠥᠰᠦᠯ | ︾ ᠢ ᠡᠳᠤᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠶ ᠲᠤᠤᠱᠯᠠᠭᠤᠯᠤᠨ ᠬᠡᠷᠡᠭᠵᠢᠭᠦᠯᠲᠦᠭᠡᠶ᠃ | 2018 ᠤᠨ ᠤ 3 ᠰᠠᠷ᠎ᠠ ᠶᠢᠨ 15 ᠡᠳᠤᠷ | ᠲᠣᠭᠲᠠᠬᠤ ᠰᠢᠶᠠᠨ ᠤ ᠳᠠᠪᠤᠰᠤᠨ ᠦᠢᠯᠡᠰ ᠤᠨ ᠲᠤᠭᠳᠠᠴᠠ ᠳᠤ ᠥᠭᠡᠷᠡᠴᠢᠯᠡᠯᠲᠡ ᠬᠡᠷᠡᠭᠵᠢᠭᠦᠯᠬᠦ ᠲᠥᠰᠦᠯ | ᠤᠯᠤᠰ᠂ ᠥᠪᠡᠷᠲᠡᠭᠡᠨ ᠵᠠᠰᠠᠬᠤ ᠣᠷᠣᠨ᠂ ᠬᠥᠬᠡᠬᠤᠲᠠ ᠶᠢᠨ ᠳᠠᠪᠤᠰᠤᠨ ᠦᠢᠯᠡᠰ ᠤᠨ ᠲᠤᠭᠳᠠᠴᠠ ᠳᠤ | ᠥᠭᠡᠷᠡᠴᠢᠯᠡᠯᠲᠡ ᠬᠢᠬᠦ ᠰᠢᠢᠳᠪᠦᠷᠢᠳᠤ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠲᠦᠯᠬᠢᠨ ᠠᠬᠢᠭᠤᠯᠤᠨ | ᠨᠠᠶᠢᠳᠠᠪᠦᠷᠢᠵᠢᠭᠦᠯᠵᠤ᠂ ᠲᠤᠭᠳᠠᠬᠤ ᠰᠢᠶᠠᠨ ᠤ ᠳᠠᠪᠤᠰᠤᠨ ᠡᠬᠢ ᠪᠠᠶᠠᠯᠢᠭ ᠢ ᠪᠦᠲᠦᠮᠵᠢᠲᠡᠶ | ᠲᠣᠬᠢᠷᠠᠭᠤᠯᠬᠤ ᠶᠢ ᠪᠡᠶᠡᠯᠡᠭᠦᠯᠵᠦ᠂ ᠵᠠᠬ᠎ᠠ ᠳᠡᠯᠭᠡᠭᠦᠷ ᠤᠨ ᠠᠮᠢᠳᠤᠯᠢᠭ ᠬᠦᠴᠦᠨ ᠢ ᠤᠯᠠᠮ ᠨᠢᠭᠡ ᠠᠯᠬᠤᠮ ᠨᠡᠭᠡᠭᠡᠵᠦ᠂ | ᠠᠵᠢᠯ ᠲᠥᠷᠥᠯ ᠤᠨ ᠡᠷᠡᠭᠦᠯ ᠢᠶᠠᠷ ᠦᠷᠭᠦᠯᠵᠢᠯᠡᠨ ᠬᠥᠭᠵᠢᠬᠦ ᠶᠢ ᠠᠬᠢᠭᠤᠯᠬᠤ ᠶᠢᠨ ᠲᠦᠯᠦᠭᠡ᠂ ︽ᠬᠥᠬᠡᠬᠤᠲᠠ ᠶᠢᠨ | ᠳᠠᠪᠤᠰᠤᠨ ᠦᠢᠯᠡᠰ ᠤᠨ ᠲᠤᠭᠳᠠᠴᠠ ᠳᠤ ᠥᠭᠡᠷᠡᠴᠢᠯᠡᠯᠲᠡ ᠬᠡᠷᠡᠭᠵᠢᠭᠦᠯᠬᠦ ᠲᠥᠰᠦᠯ ︾ ︵ᠬᠦᠬᠡᠬᠤᠳᠡ ᠵᠠᠰᠠᠭ | ᠦᠰᠦᠭ ﹇2017﹈ 361 ᠳ᠋ᠦ᠋ᠭᠡᠷ ᠨᠣᠮᠧᠷ︶ ᠤᠨ ᠶᠤᠰᠤᠭᠠᠷ᠂ ᠮᠠᠨ ᠤ ᠰᠢᠶᠠᠨ ᠤ ᠪᠤᠳᠠᠳᠤ ᠪᠠᠶᠢᠳᠠᠯ ᠲᠠᠢ | ᠤᠶᠠᠯᠳᠤᠭᠤᠯᠤᠨ᠂ ᠳᠣᠣᠷᠠᠬᠢ ᠮᠡᠲᠦ ᠬᠡᠷᠡᠭᠵᠢᠭᠦᠯᠬᠦ ᠲᠥᠰᠦᠯ ᠶᠢ ᠲᠤᠭᠳᠠᠭᠠᠪᠠ᠃ | ᠨᠢᠭᠡ᠂ ᠶᠡᠷᠦᠩᠬᠡᠶ ᠱᠠᠭᠠᠷᠳᠠᠯᠭ᠎ᠠ | ︵ᠨᠢᠭᠡ︶ ᠵᠢᠯᠣᠭᠤᠳᠬᠤ ᠦᠵᠡᠯ ᠰᠠᠨᠠᠭ᠎ᠠ | ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠠᠷᠪᠠᠳᠤᠭᠠᠷ ᠤᠳᠠᠭ᠎ᠠ ᠶᠢᠨ | ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ᠂ ᠬᠤᠲᠠ ᠶᠢᠨ ᠠᠷᠪᠠᠨ ᠬᠤᠶᠠᠳᠤᠭᠠᠷ ᠤᠳᠠᠭᠠᠨ ᠤ ᠨᠠᠮ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠤᠰᠤᠭᠠᠷ᠂ ︽ᠬᠥᠬᠡᠬᠤᠲᠠ ᠶᠢᠨ ᠳᠠᠪᠤᠰᠤᠨ | ᠦᠢᠯᠡᠰ ᠤᠨ ᠲᠤᠭᠳᠠᠴᠠ ᠳᠤ ᠥᠭᠡᠷᠡᠴᠢᠯᠡᠯᠲᠡ ᠬᠡᠷᠡᠭᠵᠢᠭᠦᠯᠬᠦ ᠲᠥᠰᠦᠯ︾ ᠤᠨ ᠵᠣᠷᠢᠭ ᠰᠠᠨᠠᠭ᠎ᠠ ᠶᠢ ᠯᠠᠪᠳᠠᠭᠤᠨ | ᠪᠠᠲᠤᠲᠠᠶ ᠪᠥᠭᠡᠳ ᠪᠦᠲᠦᠮᠵᠢᠲᠡᠶ ᠨᠠᠶᠢᠳᠠᠪᠤᠷᠢᠵᠢᠭᠤᠯᠵᠤ᠂ ᠳᠠᠪᠤᠰᠤᠨ ᠦᠢᠯᠡᠰ ᠤᠨ ᠲᠤᠭᠳᠠᠴᠠ ᠶᠢᠨ | ᠥᠭᠡᠷᠡᠴᠢᠯᠡᠯᠲᠡ ᠶᠢᠨ ᠴᠢᠬᠤᠯᠠ ᠶᠡᠭᠡ ᠬᠠᠷᠢᠴᠠᠭ᠎ᠠ ᠶᠢ ᠵᠥᠪ ᠢᠶᠠᠷ ᠰᠢᠢᠳᠪᠦᠷᠢᠯᠡᠵᠤ᠂ ᠢᠳᠡᠰᠢᠨ ᠳᠠᠪᠤᠰᠤᠨ ᠤ ᠶᠠᠰᠤ | ᠴᠢᠨᠠᠷ ᠪᠠ ᠬᠠᠩᠭᠠᠯᠭ᠎ᠠ ᠶᠢᠨ ᠠᠶᠤᠯᠭᠦᠶ ᠶᠢ ᠪᠠᠲᠤᠯᠠᠬᠤ ᠪᠠᠷ ᠭᠤᠣᠯ ᠪᠣᠯᠭᠠᠵᠤ᠂ ᠢᠳᠡᠰᠢᠨ ᠳᠠᠪᠤᠰᠤ ᠶᠢ ᠲᠤᠰᠬᠠᠶ | ᠡᠵᠡᠩᠨᠡᠬᠦ ᠲᠦᠷᠢᠮ ᠢ ᠪᠠᠷᠢᠮᠲᠠᠯᠠᠬᠤ ᠰᠠᠭᠤᠷᠢᠨ ᠳᠡᠭᠡᠷ᠎ᠡ᠂ ᠳᠠᠪᠤᠰᠤᠨ ᠦᠢᠯᠡᠰ ᠲᠤ ᠬᠠᠤᠯᠢ ᠪᠠᠷ ᠵᠠᠰᠠᠬᠤ ᠶᠢ | ᠪᠠᠷᠢᠮᠲᠠᠯᠠᠬᠤ᠂ ᠢᠳᠡᠰᠢᠨ ᠳᠠᠪᠤᠰᠤ ᠨᠥᠭᠡᠴᠡᠯᠡᠬᠦ ᠶᠢ ᠲᠡᠭᠦᠯᠳᠡᠷᠵᠢᠭᠦᠯᠵᠦ᠂ ᠬᠠᠮᠢᠶᠠᠷᠤᠯᠲᠠ ᠶᠢᠨ ᠲᠠᠯ᠎ᠠ ᠪᠠᠷ ᠰᠢᠨ᠎ᠡ ᠶᠢ | ᠡᠭᠦᠳᠦᠨ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠲᠠᠰᠤᠷᠠᠯᠳᠠ ᠦᠭᠡᠢ | ᠲᠦᠯᠬᠢᠨ ᠠᠬᠢᠭᠤᠯᠵᠤ᠂ ᠲᠥᠪ ᠭᠤᠣᠯᠴᠢ ᠥᠷᠢᠰᠥᠯᠳᠦᠭᠡᠨ᠂ ᠬᠢᠨᠠᠯᠲᠠ ᠬᠠᠮᠢᠶᠠᠷᠤᠯᠲᠠ ᠶᠢ ᠭᠦᠢᠴᠡᠳ ᠰᠠᠶᠢᠨ ᠬᠢᠬᠦ | ᠵᠠᠬ᠎ᠠ ᠳᠡᠯᠭᠡᠭᠦᠷ ᠤᠨ ᠣᠷᠴᠢᠨ ᠨᠥᠬᠦᠴᠡᠯ ᠢ ᠪᠤᠢ ᠪᠣᠯᠭᠠᠨ᠎ᠠ᠃ | ︵ᠬᠤᠶᠠᠷ︶ ᠦᠨᠳᠦᠰᠦᠨ ᠵᠠᠷᠴᠢᠮ | ᠢᠳᠡᠰᠢᠨ ᠳᠠᠪᠤᠰᠤᠨ ᠤ ᠠᠶᠦᠯᠭᠦᠢ ᠪᠠᠶᠢᠬᠤ ᠶᠢ ᠭᠤᠤᠯᠳᠠᠯᠭ᠎ᠠ ᠪᠤᠯᠭᠠᠬᠤ ᠬᠡᠷᠡᠭᠳᠡᠢ᠃ ᠢᠳᠡᠰᠢᠨ | ᠳᠠᠪᠤᠰᠤᠨ ᠤ ᠬᠢᠨᠠᠨ ᠬᠠᠮᠢᠶᠠᠷᠬᠤ ᠲᠣᠭᠲᠠᠴᠠ ᠶᠢ ᠲᠡᠭᠦᠯᠳᠡᠷᠵᠢᠭᠦᠯᠵᠦ᠂ ᠠᠵᠤ ᠠᠬᠤᠶᠢᠯᠠᠯ ᠤᠨ ᠲᠦᠷᠢᠮᠵᠢᠯ | ᠨᠥᠬᠦᠴᠡᠯ ᠪᠠ ᠢᠲᠡᠭᠡᠮᠵᠢ ᠶᠢᠨ ᠰᠢᠰᠲ᠋ᠧᠮ ᠤᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠵᠤ᠂ ᠢᠳᠡᠰᠢᠨ ᠳᠠᠪᠤᠰᠤ | ᠨᠥᠭᠡᠴᠡᠯᠡᠬᠦ ᠰᠢᠰᠲ᠋ᠧᠮ ᠢ ᠲᠡᠭᠦᠯᠳᠡᠷᠵᠢᠭᠦᠯᠵᠦ᠂ ᠢᠤᠳ᠋ ᠳᠠᠪᠤᠰᠤ ᠬᠠᠩᠭᠠᠬᠤ ᠠᠷᠭ᠎ᠠ ᠵᠠᠮ ᠢ ᠥᠷᠭᠡᠳᠬᠡᠵᠦ᠂ | ᠢᠳᠡᠰᠢᠨ ᠳᠠᠪᠤᠰᠤᠨ ᠤ ᠶᠠᠰᠤ ᠴᠢᠨᠠᠷ ᠢ ᠪᠠᠳᠤᠯᠠᠵᠤ ᠂ ᠰᠢᠨᠵᠢᠯᠡᠬᠦ ᠤᠬᠠᠭᠠᠨᠴᠢ ᠪᠠᠷ ᠢᠣᠳ᠋ ᠨᠥᠬᠦᠪᠥᠷᠢᠯᠡᠬᠦ ᠬᠡᠷᠡᠭᠲᠡᠶ᠃ | | ᠵᠠᠬ᠎ᠠ ᠳᠡᠯᠭᠡᠭᠦᠷ ᠤᠨ ᠠᠮᠢᠳᠤᠯᠢᠭ ᠬᠦᠴᠦᠨ ᠢ ᠦᠷᠭᠡᠳᠭᠡᠬᠦ ᠬᠡᠷᠡᠭᠳᠡᠢ᠃ ᠳᠠᠪᠤᠰᠤᠨ ᠤ ᠦᠢᠯᠡᠳᠪᠦᠷᠢᠯᠡᠯ ᠪᠠ | ᠪᠣᠷᠣᠯᠠᠭᠤᠯᠭ᠎ᠠ ᠶᠢᠨ ᠣᠷᠣᠨ ᠵᠠᠢ ᠶᠢᠨ ᠬᠢᠵᠠᠭᠠᠷᠯᠠᠯ ᠢ ᠦᠭᠡᠶᠢᠰᠭᠡᠵᠤ᠂ ᠢᠳᠡᠰᠢᠨ ᠳᠠᠪᠤᠰᠤᠨ ᠤ ᠦᠨ᠎ᠡ ᠬᠠᠩᠰᠢ | ᠲᠣᠭᠲᠠᠭᠠᠬᠤ ᠲᠣᠭᠲᠠᠴᠠ ᠪᠣᠯᠤᠨ ᠠᠵᠤ ᠦᠢᠯᠡᠳᠪᠦᠷᠢ ᠶᠢᠨ ᠳᠠᠪᠤᠰᠤ ᠶᠢᠨ ᠬᠠᠮᠢᠶᠠᠷᠤᠯᠲᠠ ᠶᠢ ᠦᠭᠡᠷᠡᠴᠢᠯᠡᠨ᠂ | ᠠᠵᠤ ᠠᠬᠤᠶᠢᠯᠠᠯ ᠪᠡᠶ᠎ᠡ ᠪᠠᠨ ᠳᠠᠭᠠᠭᠠᠵᠤ ᠡᠵᠡᠩᠨᠡᠬᠦ ᠶᠢ ᠵᠤᠷᠢᠭᠵᠢᠭᠤᠯᠤᠨ᠂ ᠠᠵᠢᠯ ᠲᠦᠷᠦᠯ ᠤᠨ ᠰᠢᠯᠢᠳᠡᠭ ᠪᠦᠭᠡᠳ | ᠬᠦᠴᠦᠷᠬᠡᠭ᠂ ᠡᠷᠡᠭᠦᠯ ᠢᠶᠠᠷ ᠬᠥᠭᠵᠢᠬᠦ ᠳᠤ ᠬᠦᠳᠡᠯᠭᠡᠭᠴᠢ ᠬᠦᠴᠦᠨ ᠬᠠᠩᠭᠠᠬᠤ ᠬᠡᠷᠡᠭᠳᠡᠢ ᠃ | ᠨᠢᠭᠡᠳᠦᠯᠲᠡᠶ ᠲᠥᠯᠥᠪᠯᠡᠵᠦ ᠨᠡᠶᠢᠲᠡ ᠳᠤᠨᠢ ᠬᠠᠷᠠᠭᠠᠯᠵᠠᠬᠤ ᠶᠢ ᠴᠢᠬᠤᠯᠠᠴᠢᠯᠠᠵᠤ ᠬᠡᠷᠡᠭᠳᠡᠢ᠃ ᠳᠠᠪᠤᠰᠤᠨ ᠤ | ᠬᠡᠷᠡᠭᠯᠡᠭᠡ ᠵᠢᠨᠠᠶᠦᠯᠭᠦᠢ ᠪᠠᠶᠢᠬᠤ ᠶᠢ ᠪᠠᠳᠤᠯᠠᠬᠤ ᠪᠤᠯᠤᠨ ᠵᠠᠬ᠎ᠠ ᠳᠡᠯᠭᠡᠭᠦᠷ ᠤᠨ ᠠᠮᠢᠳᠤᠯᠢᠭ ᠬᠦᠴᠦᠨ ᠤ | ᠬᠦᠭᠵᠢᠯᠳᠡ ᠶᠢ ᠣᠷᠭᠠᠨᠢᠭ ᠢᠶᠠᠷ ᠤᠶᠠᠯᠳᠤᠭᠤᠯᠵᠤ᠂ ᠡᠯ᠎ᠡ ᠵᠦᠢᠯ ᠤᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ | ᠨᠢᠭᠡᠳᠦᠯᠲᠡᠶ ᠲᠥᠯᠥᠪᠯᠡᠨ ᠵᠣᠬᠢᠴᠠᠭᠤᠯᠵᠤ᠂ ᠬᠠᠷᠢᠯᠴᠠᠨ ᠵᠤᠬᠢᠴᠠᠯᠳᠤᠬᠤ ᠲᠣᠭᠲᠠᠴᠠ ᠶᠢ ᠪᠠᠶᠢᠭᠤᠯᠤᠨ᠂ | ᠥᠭᠡᠷᠡᠴᠢᠯᠡᠯᠲᠡ ᠶᠢ ᠯᠠᠪᠳᠠᠭᠤᠨ ᠢᠶᠠᠷ ᠲᠦᠯᠬᠢᠨ ᠠᠬᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ | ᠬᠤᠶᠠᠷ᠂ ᠢᠳᠡᠰᠢᠨ ᠲᠠᠪᠤᠰᠤᠨ ᠤ ᠲᠤᠰᠬᠠᠶᠢᠵᠢᠭᠰᠠᠨ ᠬᠠᠮᠢᠶᠠᠷᠤᠯᠳᠠ ᠢ ᠴᠢᠩᠭᠠᠳᠬᠠᠵᠤ᠂ ᠢᠳᠡᠰᠢᠨ | ᠳᠠᠪᠤᠰᠤ ᠶᠢᠨ ᠲᠤᠰᠬᠠᠶ ᠡᠵᠡᠩᠨᠡᠯᠳᠡ ᠵᠢᠨᠲ᠋ᠦ᠋ᠷᠢᠮ ᠢ ᠲᠡᠭᠦᠯᠳᠡᠷᠵᠢᠭᠦᠯᠬᠦ ᠬᠡᠷᠡᠭᠳᠡᠢ᠃ | ︵ᠭᠤᠷᠪᠠ︶ ᠢᠳᠡᠰᠢᠨ ᠳᠠᠪᠤᠰᠤᠨ ᠤ ᠨᠡᠷᠡᠯᠡᠨ ᠲᠤᠭᠳᠠᠭᠠᠭᠰᠠᠨ ᠦᠢᠯᠡᠳᠪᠦᠷᠢᠯᠡᠯ ᠤᠨ ᠲᠦᠷᠢᠮ ᠢ | ᠲᠡᠭᠦᠯᠳᠡᠷᠵᠢᠭᠦᠯᠦᠨ᠎ᠡ᠃ ᠨᠡᠷᠡᠯᠡᠨ ᠲᠤᠭᠳᠠᠭᠠᠭᠰᠠᠨ ᠦᠢᠯᠡᠳᠪᠦᠷᠢᠯᠡᠯ ᠤᠨ ᠠᠵᠤ ᠠᠬᠤᠶᠢᠯᠠᠯ ᠰᠢᠨ᠎ᠡ ᠪᠠᠷ ᠨᠡᠮᠡᠭᠳᠡᠬᠦ ᠶᠢ | ᠬᠢᠨᠠᠨ ᠵᠦᠪᠰᠢᠶᠡᠷᠡᠵᠤ ᠪᠤᠯᠬᠤ ᠦᠭᠡᠢ᠂ ᠢᠳᠡᠰᠢᠨ ᠳᠠᠪᠤᠰᠤᠨ ᠤ ᠦᠢᠯᠡᠳᠪᠦᠷᠢᠯᠡᠯ ᠤᠨ ᠠᠵᠤ ᠠᠬᠤᠶᠢᠯᠠᠯ ᠤᠨ | ᠲᠤᠭ᠎ᠠ ᠪᠠᠭᠠᠰᠬᠠᠬᠤ ᠠᠴᠠ ᠪᠢᠰᠢ ᠨᠡᠮᠡᠭᠳᠡᠭᠦᠯᠬᠦ ᠦᠭᠡᠶ ᠶᠢ ᠪᠠᠳᠤᠯᠠᠬᠤ ᠬᠡᠷᠡᠭᠳᠡᠢ᠃ ᠤᠯᠤᠰ ᠤᠨ ᠰᠢᠨ᠎ᠡ ᠪᠠᠷ ᠨᠡᠮᠡᠭᠰᠡᠨ | ᠨᠡᠷᠡᠯᠡᠨ ᠲᠤᠭᠳᠠᠭᠠᠭᠰᠠᠨ ᠢᠳᠡᠰᠢᠨ ᠳᠠᠪᠤᠰᠤᠨ ᠤ ᠦᠢᠯᠡᠳᠪᠦᠷᠢᠯᠡᠬᠦ ᠠᠵᠤ ᠠᠬᠤᠶᠢᠯᠠᠯ ᠤᠨ ᠲᠦᠷᠢᠮᠵᠢᠭᠦᠯᠦᠭᠰᠡᠨ | ᠨᠦᠬᠦᠴᠡᠯ ᠶᠤᠰᠤᠭᠠᠷ᠂ ᠤᠳᠤ ᠪᠠᠶᠢᠭ᠎ᠠ ᠨᠡᠷᠡᠯᠡᠨ ᠲᠤᠭᠳᠠᠭᠠᠭᠰᠠᠨ ᠢᠳᠡᠰᠢᠨ ᠳᠠᠪᠤᠰᠤᠨ ᠤ ᠦᠢᠯᠡᠳᠪᠦᠷᠢᠯᠡᠬᠦ ᠠᠵᠤ | ᠠᠬᠤᠶᠢᠯᠠᠯ ᠲᠠᠢ ᠬᠢᠨᠠᠨ ᠬᠠᠷᠭᠤᠭᠤᠯᠬᠤ᠂ ᠪᠠᠷᠢᠮᠵᠢᠶ᠎ᠠ ᠳᠤ ᠬᠦᠷᠦᠭᠰᠡᠨ ᠦᠭᠡᠢ ᠶᠢ ᠬᠤᠭᠤᠴᠠᠭ᠎ᠠ ᠬᠢᠵᠠᠭᠠᠷᠯᠠᠨ | ᠴᠡᠭᠴᠡᠯᠡᠨ ᠥᠭᠡᠷᠡᠴᠢᠯᠡᠭᠰᠡᠨ ᠤ ᠲᠠᠷᠠᠭ᠎ᠠ ᠮᠥᠨ ᠯᠡ ᠪᠤᠳᠠᠳᠠᠢ ᠪᠠᠷᠢᠮᠵᠢᠶ᠎ᠠ ᠳᠤ ᠬᠦᠷᠴᠤ ᠲᠡᠶᠢᠯᠬᠦ ᠦᠭᠡᠢ ᠠᠵᠤ | ᠠᠬᠤᠶᠢᠯᠠᠯ ᠢ ᠨᠡᠷᠡᠯᠡᠨ ᠲᠤᠭᠳᠠᠭᠠᠭᠰᠠᠨ ᠦᠢᠯᠡᠳᠪᠦᠷᠢᠯᠡᠯ ᠤᠨ ᠬᠢᠷᠢ ᠭᠡᠮ ᠢ ᠬᠠᠰᠤᠨ᠎ᠠ᠃ ᠢᠳᠡᠰᠢᠨ ᠳᠠᠪᠤᠰᠤᠨ ᠤ | ᠦᠢᠯᠡᠳᠪᠦᠷᠢᠯᠡᠬᠦ ᠪᠠ ᠪᠦᠭᠡᠮᠯᠡᠨ ᠬᠤᠳᠠᠯᠳᠤᠬᠤ ᠠᠵᠤ ᠠᠬᠤᠶᠢᠯᠠᠯ ᠤᠨ ᠨᠢᠭᠡ ᠴᠣᠭᠴᠠ ᠪᠠᠶᠢᠬᠤ ᠶᠢ | ᠵᠣᠷᠢᠭᠵᠢᠭᠤᠯᠤᠨ᠎ᠠ᠃ ᠨᠡᠶᠢᠭᠡᠮ ᠤᠨ ᠪᠡᠯᠡ ᠮᠦᠩᠭᠦ ᠶᠢ ᠢᠳᠡᠰᠢᠨ ᠳᠠᠪᠤᠰᠤ ᠦᠢᠯᠡᠳᠪᠦᠷᠢᠯᠡᠬᠦ ᠳᠤ ᠤᠷᠤᠯᠴᠠᠭᠤᠯᠤᠨ | ᠤᠳᠤᠬᠢ ᠨᠡᠷᠡᠯᠡᠨ ᠲᠤᠭᠳᠠᠭᠠᠭᠰᠠᠨ ᠦᠢᠯᠡᠳᠪᠦᠷᠢᠯᠡᠯ ᠤᠨ ᠠᠵᠤ ᠠᠬᠤᠶᠢᠯᠠᠯ ᠲᠠᠢ ᠬᠤᠷᠰᠢᠨ ᠠᠵᠢᠯᠯᠠᠬᠤ ᠶᠢ | ᠵᠣᠷᠢᠭᠵᠢᠭᠤᠯᠤᠨ᠎ᠠ ᠃ ︵ᠰᠢᠶᠠᠨ ᠤ ᠠᠵᠤ ᠠᠬᠤᠶ ᠪᠠ ᠰᠤᠷᠠᠭ ᠵᠠᠩᠭᠢ ᠶᠢᠨ ᠲᠣᠪᠴᠢᠶ᠎ᠠ ᠪᠠᠷ ᠲᠦᠷᠦᠭᠦᠯᠡᠭᠦᠯᠦᠨ᠂ | ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠢᠳᠡᠭᠡᠨ ᠪᠠ ᠡᠮ ᠤᠨ ᠵᠦᠢᠯ ᠤᠨ | ᠬᠢᠨᠠᠨ ᠬᠠᠮᠢᠶᠠᠷᠤᠯᠲᠠ ᠶᠢᠨ ᠲᠣᠪᠴᠢᠶ᠎ᠠ᠂ ᠳᠠᠪᠤᠰᠤᠨ ᠤ ᠶᠠᠪᠤᠳᠠᠯ ᠤᠨ ᠺᠣᠮᠫᠠᠨᠢ ᠬᠠᠮᠵᠢᠯᠴᠠᠨ᠎ᠠ︶ | ︵ᠲᠦᠷᠪᠡ︶ ᠢᠳᠡᠰᠢᠨ ᠳᠠᠪᠤᠰᠤ ᠶᠢ ᠪᠥᠭᠡᠮ ᠢᠶᠠᠷ ᠬᠤᠳᠠᠯᠳᠤᠬᠤ ᠭᠤᠭᠴᠤᠭ᠎ᠠ ᠳᠠᠬᠢ ᠲᠤᠰᠬᠠᠶ ᠡᠵᠡᠩᠨᠡᠬᠦ | ᠲᠦᠷᠢᠮ ᠢ ᠲᠡᠭᠦᠯᠳᠡᠷᠵᠢᠭᠦᠯᠬᠦ ᠬᠡᠷᠡᠭᠳᠡᠢ᠃ ᠢᠳᠡᠰᠢᠨ ᠳᠠᠪᠤᠰᠤᠨ ᠤ ᠪᠦᠭᠡᠮᠯᠡᠨ ᠬᠤᠳᠠᠯᠳᠤᠬᠤ ᠲᠤᠰᠬᠠᠢ ᠡᠵᠡᠩᠨᠡᠬᠦ | ᠲᠦᠷᠢᠮ ᠢ ᠪᠠᠷᠢᠮᠳᠠᠯᠠᠨ ᠂ ᠤᠳᠤᠬᠢ ᠨᠡᠷᠡᠯᠡᠨ ᠲᠤᠭᠳᠠᠭᠠᠭᠰᠠᠨ ᠢᠳᠡᠰᠢᠨ ᠳᠠᠪᠤᠰᠤᠨ ᠤ ᠦᠢᠯᠡᠳᠪᠦᠷᠢᠯᠡᠬᠦ ᠠᠵᠤ | ᠠᠬᠤᠶᠢᠯᠠᠯ ᠪᠣᠯᠤᠨ ᠢᠳᠡᠰᠢᠨ ᠳᠠᠪᠤᠰᠤ ᠪᠥᠭᠡᠮ ᠢᠶᠠᠷ ᠬᠤᠳᠠᠯᠳᠤᠬᠤ ᠠᠵᠤ ᠠᠬᠤᠶᠢᠯᠠᠯ ︵ᠡᠭᠦᠨ ᠳᠤ ᠢᠳᠡᠰᠢᠨ | ᠳᠠᠪᠤᠰᠤᠨ ᠤ ︵ᠳᠠᠮᠵᠢᠭᠤᠯᠤᠨ︶ ᠤᠷᠤᠯᠠᠭᠴᠢ ᠪᠦᠭᠡᠮᠯᠡᠨ ᠬᠤᠳᠠᠯᠳᠤᠬᠤ ᠠᠵᠤ ᠠᠬᠤᠶᠢᠯᠠᠯ ᠪᠠᠭᠳᠠᠨ᠎ᠠ︶ ᠢᠶᠠᠷ | ᠰᠠᠭᠤᠷᠢ ᠲᠤᠭ᠎ᠠ ᠪᠣᠯᠭᠠᠵᠤ᠂ ᠢᠳᠡᠰᠢᠨᠲ᠋ᠠᠪᠤᠰᠤ ᠶᠢ ᠪᠥᠭᠡᠮ ᠢᠶᠠᠷ ᠬᠤᠳᠠᠯᠳᠤᠬᠤ ᠠᠵᠤ ᠠᠬᠤᠶᠢᠯᠠᠯ ᠰᠢᠨ᠎ᠡ ᠪᠠᠷ | ᠨᠡᠮᠡᠭᠳᠡᠬᠦ ᠶᠢ ᠬᠢᠨᠠᠨ ᠵᠦᠪᠰᠢᠶᠡᠷᠡᠵᠤ ᠪᠤᠯᠬᠤ ᠦᠭᠡᠢ᠂ ᠤᠳᠤᠬᠢ ᠢᠳᠡᠰᠢᠨ ᠳᠠᠪᠤᠰᠤ ᠶᠢ ᠪᠥᠭᠡᠮ ᠢᠶᠠᠷ ᠬᠤᠳᠠᠯᠳᠤᠬᠤ | ᠠᠵᠤ ᠠᠬᠤᠶᠢᠯᠠᠯ ︵ᠡᠭᠦᠨ ᠳᠤ ᠢᠳᠡᠰᠢᠨ ᠳᠠᠪᠤᠰᠤᠨ ᠤ ︵ᠳᠠᠮᠵᠢᠭᠤᠯᠤᠨ︶ ᠤᠷᠤᠯᠠᠭᠴᠢ ᠪᠦᠭᠡᠮᠯᠡᠨ | ᠬᠤᠳᠠᠯᠳᠤᠬᠤ ᠠᠵᠤ ᠠᠬᠤᠶᠢᠯᠠᠯ ᠪᠠᠭᠳᠠᠨ᠎ᠠ︶ ᠶᠢ᠂ ᠤᠯᠤᠰ ᠤᠨ ᠢᠳᠡᠰᠢᠨ ᠳᠠᠪᠤᠰᠤ ᠶᠢ ᠪᠥᠭᠡᠮ ᠢᠶᠠᠷ ᠬᠤᠳᠠᠯᠳᠤᠬᠤ | ᠠᠵᠤ ᠠᠬᠤᠶᠢᠯᠠᠯ ᠤᠨ ᠰᠢᠨ᠎ᠡ ᠨᠥᠬᠦᠴᠡᠯ ᠶᠣᠰᠣᠭᠠᠷ ᠭᠤᠶᠤᠴᠢᠯᠠᠨ ᠮᠡᠳᠡᠭᠦᠯᠦᠨ᠎ᠡ᠃ ᠨᠦᠬᠦᠴᠡᠯ ᠤᠨ ᠪᠠᠷᠢᠮᠵᠢᠶ᠎ᠠ ᠳᠤ | ᠬᠦᠷᠦᠭᠰᠡᠨ ᠦᠭᠡᠢ ᠪᠥᠭᠡᠳ ᠬᠤᠭᠤᠴᠠᠭ᠎ᠠ ᠬᠢᠵᠠᠭᠠᠷᠯᠠᠨ ᠴᠡᠭᠴᠡᠯᠡᠨ ᠥᠭᠡᠷᠡᠴᠢᠯᠡᠭᠰᠡᠨ ᠤ ᠲᠠᠷᠠᠭ᠎ᠠ ᠮᠥᠨ ᠯᠡ | ᠪᠤᠳᠠᠳᠠᠢ ᠪᠠᠷᠢᠮᠵᠢᠶ᠎ᠠ ᠳᠤ ᠬᠦᠷᠴᠤ ᠲᠡᠶᠢᠯᠬᠦ ᠦᠭᠡᠢ ᠠᠵᠤ ᠠᠬᠤᠶᠢᠯᠠᠯ ᠶᠢ ᠢᠳᠡᠰᠢᠨ ᠳᠠᠪᠤᠰᠤ ᠪᠥᠭᠡᠮ ᠢᠶᠠᠷ | ᠬᠤᠳᠠᠯᠳᠤᠬᠤ ᠬᠢᠷᠢ ᠭᠡᠮ ᠢ ᠬᠦᠴᠦᠨ ᠦᠭᠡᠢ ᠪᠤᠯᠭᠠᠬᠤ ᠬᠡᠷᠡᠭᠲᠡᠶ᠃ ᠢᠳᠡᠰᠢᠨ ᠳᠠᠪᠤᠰᠤ ᠶᠢ ᠪᠥᠭᠡᠮ ᠢᠶᠠᠷ | ᠬᠤᠳᠠᠯᠳᠤᠬᠤ ᠠᠵᠤ ᠠᠬᠤᠶᠢᠯᠠᠯ ᠪᠣᠯᠤᠨ ᠨᠡᠷᠡᠯᠡᠨ ᠲᠣᠭᠲᠠᠭᠠᠭᠰᠠᠨ ᠢᠳᠡᠰᠢᠨ ᠳᠠᠪᠤᠰᠤᠨ ᠤ ᠦᠢᠯᠡᠳᠪᠦᠷᠢᠯᠡᠯ ᠤᠨ | ᠠᠵᠤ ᠠᠬᠤᠶᠢᠯᠠᠯ ᠬᠠᠮᠳᠤᠷᠠᠨ ᠵᠤᠬᠢᠶᠠᠨ ᠪᠠᠶᠢᠭᠤᠯᠬᠤ ᠶᠢ ᠵᠣᠷᠢᠭᠵᠢᠭᠤᠯᠵᠤ᠂ ᠪᠤᠰᠤᠳ ᠡᠯ᠎ᠡ ᠳᠦᠷᠦᠯ ᠤᠨ | ᠲᠠᠸᠠᠷ ᠤᠨ ᠭᠦᠢᠯᠭᠡᠭᠡᠨ ᠤ ᠠᠵᠤ ᠠᠬᠤᠶᠢᠯᠠᠯ ᠢᠳᠡᠰᠢᠨ ᠳᠠᠪᠤᠰᠤ ᠪᠥᠭᠡᠮ ᠢᠶᠠᠷ ᠬᠤᠳᠠᠯᠳᠤᠬᠤ ᠠᠵᠢᠯᠯᠠᠭ᠎ᠠ ᠳᠤ | ᠤᠷᠤᠯᠴᠠᠵᠤ ᠪᠣᠯᠬᠤ ᠤᠢᠭᠡᠢ᠃ ᠤᠯᠤᠰ ᠤᠨ ᠦᠮᠴᠢᠯᠡᠯᠳᠤ ᠢᠳᠡᠰᠢᠨ ᠳᠠᠪᠤᠰᠤ ᠪᠥᠭᠡᠮ ᠢᠶᠠᠷ ᠬᠤᠳᠠᠯᠳᠤᠬᠤ ᠠᠵᠤ | ᠠᠬᠤᠶᠢᠯᠠᠯ ᠨᠢ ᠤᠯᠤᠰ ᠤᠨ ᠥᠮᠴᠢᠯᠡᠯ ᠤᠨ ᠬᠤᠪᠢ ᠡᠵᠡᠮᠳᠡᠭᠰᠡᠨ ᠰᠠᠭᠤᠷᠢᠨ ᠳᠡᠭᠡᠷ᠎ᠡ᠂ ᠪᠡᠯᠡ ᠣᠷᠣᠭᠤᠯᠵᠤ ᠬᠤᠪᠢ | ᠤᠷᠤᠭᠤᠯᠬᠤ ᠪᠠᠷ ᠳᠠᠮᠵᠢᠭᠤᠯᠤᠨ᠂ ᠠᠵᠤ ᠠᠬᠤᠶᠢᠯᠠᠯ ᠢ ᠲᠠᠬᠢᠨ ᠵᠣᠬᠢᠶᠠᠨ ᠪᠠᠶᠢᠭᠤᠯᠬᠤ ᠵᠡᠷᠭᠡ ᠠᠷᠭ᠎ᠠ ᠮᠠᠶ᠋ᠢᠭ ᠢᠶᠠᠷ | ᠨᠡᠶᠢᠭᠡᠮ ᠤᠨ ᠪᠡᠯᠡ ᠮᠦᠩᠭᠦ ᠶᠢ ᠲᠠᠳᠠᠨ ᠣᠷᠣᠭᠤᠯᠵᠤ᠂ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭ᠎ᠠ ᠥᠷᠨᠢᠭᠦᠯᠬᠦ | ᠪᠠ ᠡᠬᠢ ᠪᠠᠶᠠᠯᠢᠭ ᠢᠶᠠᠨ ᠨᠡᠶᠢᠯᠡᠭᠦᠯᠬᠦ ᠶᠢ ᠪᠡᠶᠡᠯᠡᠭᠦᠯᠬᠦ ᠬᠡᠷᠡᠭᠳᠡᠢ᠃ ︵ᠰᠢᠶᠠᠨ ᠤ ᠠᠵᠤ ᠠᠬᠤᠶ ᠪᠠ ᠰᠤᠷᠠᠭ | ᠵᠠᠩᠭᠢ ᠶᠢᠨ ᠲᠣᠪᠴᠢᠶ᠎ᠠ ᠪᠠᠷ ᠲᠦᠷᠦᠭᠦᠯᠡᠭᠦᠯᠦᠨ᠂ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ᠂ ᠢᠳᠡᠭᠡᠨ ᠪᠠ ᠡᠮ ᠤᠨ ᠵᠦᠢᠯ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ᠂ ᠳᠠᠪᠤᠰᠤᠨ ᠤ | ᠶᠠᠪᠤᠳᠠᠯ ᠤᠨ ᠺᠣᠮᠫᠠᠨᠢ ᠬᠠᠮᠵᠢᠯᠴᠠᠨ᠎ᠠ︶ | ︵ᠲᠠᠪᠤ︶ ᠢᠳᠡᠰᠢᠨ ᠳᠠᠪᠤᠰᠤᠨ ᠤ ᠲᠤᠰᠬᠠᠶᠢᠵᠢᠭᠰᠠᠨ ᠬᠢᠨᠠᠯᠲᠠ ᠬᠠᠮᠢᠶᠠᠷᠤᠯᠲᠠ ᠶᠢᠨ ᠲᠤᠭᠳᠠᠴᠠ ᠢ | ᠲᠡᠭᠦᠯᠳᠡᠷᠵᠢᠭᠦᠯᠬᠦ ᠬᠡᠷᠡᠭᠳᠡᠢ᠃ ᠢᠳᠡᠰᠢᠨ ᠳᠠᠪᠤᠰᠤᠨ ᠤ ᠲᠤᠰᠬᠠᠶᠢᠵᠢᠭᠰᠠᠨ ᠬᠢᠨᠠᠯᠲᠠ ᠬᠠᠮᠢᠶᠠᠷᠤᠯᠲᠠ ᠶᠢᠨ | ᠲᠤᠭᠳᠠᠴᠠ ᠶᠢᠨ ᠪᠦᠳᠤᠭᠡᠨ ᠪᠠᠶᠢᠭᠤᠯᠤᠯᠳᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠳᠠᠪᠤᠰᠤᠨ ᠶᠠᠪᠤᠳᠠᠯ ᠤᠨ | ᠲᠣᠪᠴᠢᠶ᠎ᠠ᠂ ᠳᠠᠪᠤᠰᠤᠨ ᠦᠢᠯᠡᠰ ᠤᠨ ᠺᠣᠮᠫᠠᠨᠢ ᠶᠢᠨ ᠵᠠᠰᠠᠭ ᠵᠠᠬᠢᠷᠭ᠎ᠠ ᠪᠤᠯᠤᠨ ᠠᠵᠤ ᠠᠬᠤᠶᠢᠯᠠᠯ ᠶᠢ ᠰᠠᠯᠭᠠᠬᠤ | ᠬᠡᠷᠡᠭᠳᠡᠢ᠃ ᠰᠢᠶᠠᠨ ᠤ ᠳᠠᠪᠤᠰᠤᠨ ᠦᠢᠯᠡᠰ ᠤᠨ ᠺᠣᠮᠫᠠᠨᠢ ᠨᠢ ᠰᠢᠶᠠᠨ ᠤ ᠳᠠᠪᠤᠰᠤᠨ ᠶᠠᠪᠤᠳᠠᠯ ᠤᠨ ᠬᠠᠮᠢᠶᠠᠷᠤᠯᠲᠠ ᠶᠢᠨ | ᠲᠣᠪᠴᠢᠶ᠎ᠠ ᠶᠢᠨ ᠫᠠᠶᠢᠰᠠ ᠶᠢ ᠨᠡᠮᠡᠵᠦ ᠡᠯᠭᠦᠬᠦ ᠶᠢ ᠵᠤᠰᠤᠭᠠᠨᠠ᠃ ᠳᠠᠪᠤᠰᠤᠨ ᠶᠠᠪᠤᠳᠠᠯ ᠤᠨ ᠠᠵᠢᠯ ᠲᠥᠷᠥᠯ ᠤᠨ` | ᠬᠠᠮᠢᠶᠠᠷᠤᠯᠲᠠ ᠶᠢᠨ ᠡᠭᠦᠷᠭᠡ ᠴᠢᠳᠠᠪᠤᠷᠢ ᠶᠢ ᠰᠢᠶᠠᠨ ᠤ ᠠᠵᠤ ᠠᠬᠤᠶ ᠪᠠ ᠰᠤᠷᠠᠭ ᠵᠠᠩᠭᠢ ᠶᠢᠨ ᠰᠠᠯᠠᠭ᠎ᠠ ᠮᠥᠴᠢᠷ | ᠬᠠᠷᠢᠭᠤᠴᠠᠨ᠂ ᠢᠳᠡᠰᠢᠨ ᠳᠠᠪᠤᠰᠤᠨ ᠤ ᠶᠠᠰᠤ ᠴᠢᠨᠠᠷ ᠤᠨ ᠠᠶᠤᠯᠭᠦᠶ ᠶᠢᠨ ᠬᠠᠮᠢᠶᠠᠷᠤᠯᠲᠠ᠂ ᠬᠢᠨᠠᠯᠲᠠ ᠲᠠᠯᠪᠢᠬᠤ | ᠡᠭᠦᠷᠭᠡ ᠴᠢᠳᠠᠪᠤᠷᠢ ᠢ ᠰᠢᠶᠠᠨ ᠤ ᠢᠳᠡᠭᠡᠨ ᠪᠠ ᠡᠮ ᠤᠨ ᠵᠦᠢᠯ ᠢ ᠬᠢᠨᠠᠨ ᠬᠠᠮᠢᠶᠠᠷᠬᠤ ᠰᠠᠯᠠᠭ᠎ᠠ ᠮᠥᠴᠢᠷ ᠬᠠᠮᠢᠶᠠᠷᠤᠨ᠎ᠠ | ᠃ | ᠰᠢᠶᠠᠨ ᠤ ᠳᠠᠪᠤᠰᠤᠨ ᠶᠠᠪᠤᠳᠠᠯ ᠤᠨ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠪᠠᠶᠢᠷᠢᠰᠢᠭᠤᠯᠤᠯ᠂ ᠠᠵᠢᠯᠳᠠᠨ ᠢ | ᠲᠥᠪᠬᠢᠨᠡᠭᠦᠯᠬᠦ ᠲᠥᠰᠦᠯ ᠨᠢ ᠪᠠᠶᠢᠭᠤᠯᠤᠮᠵᠢ ᠶᠢᠨ ᠣᠷᠣᠨ ᠲᠤᠭ᠎ᠠ ᠶᠢᠨ ᠬᠠᠮᠢᠶᠠᠷᠤᠯᠲᠠ ᠶᠢᠨ ᠬᠤᠯᠪᠣᠭᠳᠠᠯ ᠪᠦᠬᠦᠢ | ᠲᠦᠷᠦ ᠶᠢᠨ ᠪᠤᠳᠤᠯᠭ᠎ᠠ ᠶᠣᠰᠣᠭᠠᠷ᠂ ᠬᠥᠬᠡᠬᠤᠲᠠ ᠶᠢᠨ ᠠᠷᠭ᠎ᠠ ᠪᠠᠷᠢᠯ ᠢᠶᠠᠷ ᠯᠠᠪᠯᠠᠯᠲᠠ ᠪᠣᠯᠭᠠᠵᠤ᠂ ᠮᠠᠨ ᠤ ᠰᠢᠶᠠᠨ ᠤ | ᠳᠠᠪᠤᠰᠤᠨ ᠦᠢᠯᠡᠰ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠪᠣᠳᠠᠲᠤ ᠪᠠᠶᠢᠳᠠᠯ ᠲᠠᠢ ᠪᠠᠨᠨᠢᠭᠲᠠ | ᠤᠶᠠᠯᠳᠤᠭᠤᠯᠤᠨ᠂ ᠰᠢᠶᠠᠨᠤ ᠣᠷᠣᠨ ᠲᠣᠭᠠᠨᠤ ᠵᠦᠪᠯᠡᠯ ᠳᠤ ᠲᠤᠰᠢᠶᠠᠵᠤ ᠬᠢᠨᠠᠨ ᠲᠤᠭᠳᠠᠭᠠᠵᠤ ᠬᠡᠷᠡᠭᠵᠢᠭᠦᠯᠬᠦ | ᠬᠡᠷᠡᠭᠲᠡᠶ᠃ ︵ᠰᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠣᠷᠣᠨ ᠲᠣᠭᠠᠨᠤ ᠠᠯᠪᠠᠨ ᠭᠡᠷ᠂ ᠬᠥᠮᠦᠨ ᠬᠦᠴᠤᠨ ᠤ | ᠡᠬᠢ ᠪᠠᠶᠠᠯᠢᠭ ᠪᠤᠯᠤᠨ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠲᠦᠷᠦᠭᠦᠯᠡᠵᠦ᠂ ᠰᠢᠶᠠᠨ ᠤ ᠠᠵᠤ ᠠᠬᠤᠶ ᠪᠠ | ᠰᠤᠷᠠᠭ ᠵᠠᠩᠭᠢ ᠶᠢᠨ ᠲᠣᠪᠴᠢᠶ᠎ᠠ᠂ ᠢᠳᠡᠭᠡᠨ ᠪᠠ ᠡᠮ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ᠂ | ᠬᠥᠭᠵᠢᠭᠦᠯᠦᠯᠲᠡ ᠥᠭᠡᠷᠡᠴᠢᠯᠡᠯᠲᠡ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠳᠠᠪᠤᠰᠤᠨ ᠤ | ᠶᠠᠪᠤᠳᠠᠯ ᠤᠨ ᠺᠣᠮᠫᠠᠨᠢ ᠬᠠᠮᠵᠢᠯᠴᠠᠨ᠎ᠠ︶ | ᠰᠢᠶᠠᠨ ᠤ ᠠᠵᠤ ᠠᠬᠤᠶ ᠪᠠ ᠰᠤᠷᠠᠭ ᠵᠠᠩᠭᠢ ᠶᠢᠨ ᠰᠠᠯᠠᠭ᠎ᠠ ᠮᠥᠴᠢᠷ ᠪᠣᠯᠤᠨ ᠳᠣᠲᠣᠭᠠᠳᠤ ᠶᠢ ᠬᠠᠮᠠᠭᠠᠯᠠᠬᠤ᠂ ᠬᠠᠤᠯᠢ | ᠴᠠᠭᠠᠵᠠ᠂ ᠡᠷᠡᠭᠦᠯ ᠬᠠᠮᠠᠭᠠᠯᠠᠯ ᠲᠦᠯᠦᠪᠯᠡᠯᠭᠡᠳᠤ ᠦᠷᠡᠵᠢᠯ᠂ ᠵᠠᠬ᠎ᠠ ᠳᠡᠯᠭᠡᠭᠦᠷ ᠤᠨ ᠬᠢᠨᠠᠨ ᠬᠠᠮᠢᠶᠠᠷᠬᠤ᠂ ᠢᠳᠡᠭᠡᠨ | ᠪᠠ ᠡᠮ ᠤᠨ ᠬᠢᠨᠠᠨ ᠬᠠᠮᠢᠶᠠᠷᠤᠯᠳᠠ᠂ ᠦᠨ᠎ᠡ ᠬᠠᠩᠰᠢ ᠶᠢᠨ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠲᠠᠢ ᠨᠢᠭᠲᠠ | ᠬᠠᠮᠵᠢᠯᠴᠠᠵᠤ᠂ ᠦᠪᠡᠷ ᠦᠪᠡᠷ ᠤᠨ ᠢᠶᠠᠨ ᠡᠭᠦᠷᠭᠡ ᠲᠤᠰᠢᠶᠠᠯ ᠶᠢ ᠭᠦᠢᠴᠡᠳᠭᠡᠵᠤ᠂ ᠢᠳᠡᠰᠢᠨ ᠳᠠᠪᠤᠰᠤ ᠶᠢᠨ | ᠠᠶᠤᠯᠭᠦᠢ ᠵᠢᠨᠬᠢᠨᠠᠯᠲᠠ ᠬᠠᠮᠢᠶᠠᠷᠤᠯᠲᠠ ᠶᠢ ᠬᠠᠤᠯᠢ ᠶᠣᠰᠣᠭᠠᠷ ᠴᠢᠩᠭᠠᠳᠬᠠᠵᠤ ᠬᠡᠷᠡᠭᠲᠡᠶ᠃ ᠢᠳᠡᠰᠢᠨ ᠤ ᠳᠠᠪᠤᠰᠤ | ᠶᠢᠨ ᠠᠶᠤᠯᠭᠦᠢ ᠶᠢᠨ ᠬᠢᠨᠠᠯᠲᠠ ᠲᠠᠯᠪᠢᠬᠤ ᠪᠠ ᠬᠠᠮᠢᠶᠠᠷᠤᠯᠲᠠ ᠶᠢᠨ ᠡᠯᠧᠭᠲ᠋ᠦᠷᠦᠨ ᠮᠦᠷᠳᠡᠨ ᠬᠠᠮᠢᠶᠠᠷᠠᠬᠤ ᠰᠢᠰᠲ᠋ᠧᠮ ᠢ | ᠲᠦᠷᠭᠡᠪᠴᠢᠯᠡᠨ ᠪᠠᠶᠢᠭᠤᠯᠵᠤ᠂ ᠢᠳᠡᠰᠢᠨ ᠳᠠᠪᠤᠰᠤᠨ ᠤ ᠢᠷᠡᠯᠲᠡ ᠶᠢ ᠨᠢ ᠨᠡᠬᠡᠮᠵᠢᠯᠡᠨ ᠮᠥᠷᠳᠡᠵᠦ ᠪᠣᠯᠬᠤ᠂ | ᠪᠤᠷᠤᠯᠤᠭᠤᠯᠤᠯᠳᠠ ᠶᠢ ᠨᠢ ᠪᠠᠶᠢᠴᠠᠭᠠᠵᠤ ᠪᠤᠯᠬᠤ᠂ ᠠᠶᠤᠯ ᠲᠦᠭᠰᠢᠭᠦᠷᠢ ᠶᠢ ᠰᠡᠷᠭᠡᠶᠢᠯᠡᠬᠦ᠂ ᠬᠠᠷᠢᠭᠤᠴᠠᠯᠭ᠎ᠠ | ᠨᠡᠬᠡᠮᠵᠢᠯᠡᠵᠤ ᠪᠤᠯᠬᠤ ᠶᠢ ᠪᠤᠳᠠᠳᠠᠶᠢᠵᠢᠭᠤᠯᠤᠨ᠎ᠠ᠃ ︵ᠰᠢᠶᠠᠨ ᠤ ᠠᠵᠤ ᠠᠬᠤᠶ ᠪᠠ ᠰᠤᠷᠠᠭ ᠵᠠᠩᠭᠢ ᠶᠢᠨ | ᠲᠣᠪᠴᠢᠶ᠎ᠠ ᠪᠠᠷ ᠲᠦᠷᠦᠭᠦᠯᠡᠭᠦᠯᠦᠨ᠂ ᠰᠢᠶᠠᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠬᠠᠮᠵᠢᠯᠴᠠᠨ᠎ᠠ︶ | ᠭᠤᠷᠪᠠ᠂ ᠳᠠᠪᠤᠰᠤᠨ ᠤ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠠᠬᠢᠭᠤᠯᠵᠤ᠂ | ᠢᠳᠡᠰᠢᠨ ᠳᠠᠪᠤᠰᠤ ᠨᠥᠭᠡᠴᠡᠯᠡᠬᠦ ᠲᠦᠷᠢᠮ ᠢ ᠲᠡᠭᠦᠯᠳᠡᠷᠵᠢᠭᠦᠯᠦᠨ᠎ᠡ ᠃ | ︵ᠵᠢᠷᠭᠤᠭ᠎ᠠ︶ ᠢᠳᠡᠰᠢᠨ ᠳᠠᠪᠤᠰᠤ ᠦᠢᠯᠡᠳᠪᠦᠷᠢᠯᠡᠬᠦ ᠪᠠ ᠪᠥᠭᠡᠮ ᠢᠶᠠᠷ ᠪᠤᠷᠤᠯᠠᠭᠤᠯᠬᠤ ᠬᠦᠷᠢᠶ᠎ᠡ | ᠬᠡᠪᠴᠢᠶᠡᠨ ᠤ ᠬᠢᠵᠠᠭᠠᠷᠯᠠᠯ ᠳᠤ ᠥᠭᠡᠷᠡᠴᠢᠯᠡᠯᠲᠡ ᠬᠢᠨ᠎ᠡ᠃ ᠨᠡᠷᠡᠯᠠᠨ ᠲᠣᠭᠲᠠᠭᠠᠭᠰᠠᠨ ᠢᠳᠡᠰᠢᠨ ᠲᠠᠪᠤᠰᠤ | ᠦᠢᠯᠡᠳᠪᠦᠷᠢᠯᠡᠬᠦ ᠠᠵᠤ ᠠᠬᠤᠶᠢᠯᠠᠯ ᠨᠢ ᠵᠠᠪᠠᠯ ᠨᠡᠷᠡᠯᠠᠨ ᠲᠣᠭᠲᠠᠭᠠᠭᠰᠠᠨ ᠪᠥᠭᠡᠮ ᠢᠶᠠᠷ ᠪᠤᠷᠤᠯᠠᠭᠤᠯᠬᠤ ᠠᠵᠤ | ᠠᠬᠤᠶᠢᠯᠠᠯ ᠳᠤ ᠪᠤᠷᠤᠯᠠᠭᠤᠯᠬᠤ ᠬᠡᠷᠡᠭᠳᠡᠢ ᠭᠡᠰᠡᠨ ᠲᠣᠭᠲᠠᠭᠠᠯ ᠢ ᠬᠦᠴᠦᠨ ᠦᠭᠡᠢ ᠪᠣᠯᠭᠠᠵᠤ᠂ ᠢᠳᠡᠰᠢᠨ ᠳᠠᠪᠤᠰᠤ | ᠦᠢᠯᠡᠳᠪᠦᠷᠢᠯᠡᠬᠦ ᠠᠵᠤ ᠠᠬᠤᠶᠢᠯᠠᠯ ᠨᠢ ᠥᠪᠡᠷ ᠤᠨ ᠨᠡᠷᠡᠳᠤ ᠦᠢᠯᠡᠳᠬᠦᠨ ᠢᠶᠠᠨ ᠭᠦᠢᠯᠭᠡᠭᠡ ᠪᠤᠯᠤᠨ ᠪᠣᠷᠣᠯᠠᠭᠤᠯᠭ᠎ᠠ | ᠶᠢᠨ ᠬᠦᠷᠢᠶᠡᠨ ᠳᠤ ᠤᠷᠤᠭᠤᠯᠵᠤ᠂ ᠡᠵᠡᠨ ᠮᠡᠳᠡᠵᠦ ᠦᠢᠯᠡᠳᠪᠦᠷᠢᠯᠡᠨ ᠪᠣᠷᠣᠯᠠᠭᠤᠯᠤᠭᠰᠠᠨ ᠲᠤᠭ᠎ᠠ | ᠲᠤᠭᠳᠠᠭᠠᠬᠤ ᠶᠢᠨ ᠬᠠᠮᠳᠤ ᠪᠣᠷᠣᠯᠠᠭᠤᠯᠭ᠎ᠠ ᠶᠢᠨ ᠠᠷᠭ᠎ᠠ ᠵᠠᠮ ᠪᠠᠶᠢᠭᠤᠯᠵᠤ᠂ ᠦᠢᠯᠡᠳᠪᠦᠷᠢᠯᠡᠬᠦ ᠪᠠ ᠪᠣᠷᠣᠯᠠᠭᠤᠯᠬᠤ ᠶᠢ | ᠨᠢᠭᠡ ᠴᠣᠭᠴᠠ ᠪᠤᠯᠭᠠᠨ᠂ ᠡᠰᠡᠬᠦᠯ᠎ᠡ ᠢᠳᠡᠰᠢᠨ ᠳᠠᠪᠤᠰᠤ ᠪᠥᠭᠡᠮ ᠢᠶᠠᠷ ᠪᠤᠷᠤᠯᠠᠭᠤᠯᠬᠤ ᠬᠢᠷᠢ ᠴᠢᠳᠠᠮᠵᠢ ᠲᠠᠢ ᠠᠵᠤ | ᠠᠬᠤᠶᠢᠯᠠᠯ ᠳᠤ ᠨᠠᠶᠢᠳᠠᠵᠤ ᠤᠷᠤᠯᠠᠭᠤᠯᠤᠨ ᠪᠣᠷᠣᠯᠠᠭᠤᠯᠵᠤ ᠪᠣᠯᠤᠨ᠎ᠠ᠃ ᠢᠳᠡᠰᠢᠨ ᠳᠠᠪᠤᠰᠤ ᠪᠥᠭᠡᠮ ᠢᠶᠠᠷ | ᠪᠤᠷᠤᠯᠠᠭᠤᠯᠬᠤ ᠬᠢᠷᠢ ᠬᠡᠮ ᠶᠢ ᠴᠢᠩᠭ᠎ᠠ ᠬᠢᠨᠠᠨ ᠪᠠᠶᠢᠴᠠᠭᠠᠵᠤ᠂ ᠨᠡᠷᠡᠯᠠᠨ ᠲᠣᠭᠲᠠᠭᠠᠭᠰᠠᠨ ᠢᠳᠡᠰᠢᠨ ᠲᠠᠪᠤᠰᠤ | ᠦᠢᠯᠡᠳᠪᠦᠷᠢᠯᠡᠬᠦ ᠠᠵᠤ ᠠᠬᠤᠶᠢᠯᠠᠯ ᠪᠣᠯᠤᠨ ᠢᠳᠡᠰᠢᠨ ᠳᠠᠪᠤᠰᠤ ᠪᠥᠭᠡᠮ ᠢᠶᠠᠷ ᠪᠤᠷᠤᠯᠠᠭᠤᠯᠬᠤ ᠬᠢᠷᠢ ᠬᠡᠮ ᠦᠭᠡᠢ | ᠡᠯ᠎ᠡ ᠳᠦᠷᠦᠯ ᠤᠨ ᠲᠠᠸᠠᠷ ᠤᠨ ᠭᠦᠢᠯᠭᠡᠭᠡᠨ ᠤ ᠠᠵᠤ ᠠᠬᠤᠶᠢᠯᠠᠯ ᠪᠤᠶᠤ ᠢᠳᠡᠰᠢᠨ ᠳᠠᠪᠤᠰᠤ ᠶᠢ ᠪᠥᠭᠡᠮ ᠢᠶᠠᠷ | ᠪᠤᠷᠤᠯᠠᠭᠤᠯᠬᠤ ᠬᠤᠳᠠᠯᠳᠤᠭᠠᠴᠢᠳ ᠲᠠᠢ ᠬᠠᠮᠳᠤᠷᠠᠬᠤ ᠶᠢ ᠡᠷᠡᠰ ᠵᠦᠪᠰᠢᠶᠡᠷᠡᠬᠦ ᠦᠭᠡᠢ᠃ | ᠢᠳᠡᠰᠢᠨ ᠳᠠᠪᠤᠰᠤ ᠦᠢᠯᠡᠳᠪᠦᠷᠢᠯᠡᠬᠦ ᠠᠵᠤ ᠠᠬᠤᠶᠢᠯᠠᠯ ᠵᠦᠪᠬᠡᠨ ᠲᠤᠭᠳᠠᠭᠰᠠᠨ ᠭᠡᠪᠴᠢᠶᠡᠨ ᠳᠠᠬᠢ | ᠪᠤᠷᠤᠯᠠᠭᠤᠯᠤᠯᠳᠠ ᠶᠢ ᠦᠭᠡᠶᠢᠰᠭᠡᠵᠦ᠂ ᠨᠡᠷᠡᠯᠠᠨ ᠲᠣᠭᠲᠠᠭᠠᠭᠰᠠᠨ ᠢᠳᠡᠰᠢᠨ ᠲᠠᠪᠤᠰᠤ ᠦᠢᠯᠡᠳᠪᠦᠷᠢᠯᠡᠬᠦ ᠠᠵᠤ | ᠠᠬᠤᠶᠢᠯᠠᠯ ᠠᠴᠠ ᠤᠷᠤᠨ ᠠᠯᠤᠰᠯᠠᠨ ᠪᠤᠰᠤᠳ ᠭᠠᠵᠠᠷ ᠲᠤ ᠪᠤᠷᠤᠯᠠᠭᠤᠯᠬᠤ ᠶᠢ ᠵᠦᠪᠰᠢᠶᠡᠷᠡᠨ᠎ᠡ᠃ ᠢᠳᠡᠰᠢᠨ | ᠳᠠᠪᠤᠰᠤ ᠦᠢᠯᠡᠳᠪᠦᠷᠢᠯᠡᠬᠦ ᠠᠵᠤ ᠠᠬᠤᠶᠢᠯᠠᠯ ᠲᠤᠤᠷ ᠰᠦᠯᠵᠢᠶ᠎ᠡ ᠶᠢ ᠠᠰᠢᠭᠯᠠᠨ ᠡᠯᠧᠭᠲᠷᠦᠨ ᠬᠤᠳᠠᠯᠳᠤᠭ᠎ᠠ᠂ | ᠬᠡᠯᠬᠢᠶ᠎ᠡ ᠡᠵᠡᠩᠨᠡᠯᠳᠡ᠂ ᠪᠤᠳᠠᠰ ᠤᠨ ᠭᠦᠢᠯᠭᠡᠭᠡ ᠲᠤᠬᠢᠷᠠᠭᠤᠯᠤᠨ ᠭᠦᠷᠭᠡᠬᠦ ᠵᠡᠷᠭᠡ ᠪᠤᠷᠤᠯᠠᠭᠤᠯᠤᠯᠳᠠ ᠶᠢᠨ ᠠᠷᠭ᠎ᠠ | ᠵᠠᠮ ᠢ ᠶᠡᠬᠡᠪᠡᠷ ᠬᠦᠭᠵᠢᠭᠦᠯᠦᠨ᠂ ᠶᠡᠷᠦᠩᠬᠡᠶᠢᠯᠡᠭᠰᠡᠨ ᠴᠢᠨᠠᠷᠳᠠᠢ ᠲᠠᠸᠠᠷ ᠤᠨ ᠭᠦᠢᠯᠭᠡᠭᠡᠨ ᠤ ᠦᠢᠯᠡᠰ ᠢ ᠦᠷᠨᠢᠭᠦᠯᠬᠦ | ᠬᠡᠷᠡᠭᠳᠡᠢ᠃ ︵ᠰᠢᠶᠠᠨ ᠤ ᠠᠵᠤ ᠠᠬᠤᠶ ᠪᠠ ᠰᠤᠷᠠᠭ ᠵᠠᠩᠭᠢ ᠶᠢᠨ ᠲᠣᠪᠴᠢᠶ᠎ᠠ ᠲᠦᠷᠦᠭᠦᠯᠡᠵᠦ᠂ ᠰᠢᠶᠠᠨ ᠤ | ᠬᠥᠭᠵᠢᠭᠦᠯᠦᠯᠲᠡ ᠥᠭᠡᠷᠡᠴᠢᠯᠡᠯᠲᠡ ᠶᠢᠨ ᠲᠣᠪᠴᠢᠶ᠎ᠠ᠂ ᠰᠢᠶᠠᠨ ᠤ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ | ᠲᠣᠪᠴᠢᠶ᠎ᠠ᠂ ᠰᠢᠶᠠᠨ ᠤ ᠢᠳᠡᠭᠡᠨ ᠪᠠ ᠡᠮ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ᠂ ᠳᠠᠪᠤᠰᠤᠨ ᠤ ᠶᠠᠪᠤᠳᠠᠯ ᠤᠨ | ᠺᠣᠮᠫᠠᠨᠢ ᠬᠠᠮᠵᠢᠯᠴᠠᠨ᠎ᠠ︶ | ︵ᠲᠤᠯᠤᠭ᠎ᠠ︶ ᠢᠳᠡᠰᠢᠨ ᠳᠠᠪᠤᠰᠤ ᠶᠢᠨ ᠦᠨ᠎ᠡ ᠬᠠᠩᠰᠢ ᠶᠢ ᠵᠠᠰᠠᠭ ᠤᠨ ᠣᠷᠳᠣᠨ ᠠᠴᠠ ᠲᠣᠭᠲᠠᠭᠠᠬᠤ | ᠲᠣᠭᠲᠠᠴᠠ ᠶᠢ ᠦᠭᠡᠷᠡᠴᠢᠯᠡᠬᠦ ᠬᠡᠷᠡᠭᠲᠡᠶ᠃ ᠢᠳᠡᠰᠢᠨ ᠳᠠᠪᠤᠰᠤᠨ ᠤ ᠦᠢᠯᠡᠳᠪᠦᠷᠢ ᠠᠴᠠ ᠭᠠᠷᠭᠠᠬᠤ᠂ ᠪᠥᠭᠡᠮ ᠢᠶᠠᠷ | ᠪᠤᠷᠤᠯᠠᠭᠤᠯᠬᠤ ᠪᠠ ᠵᠢᠵᠢᠭᠯᠡᠨ ᠬᠤᠳᠠᠯᠳᠤᠬᠤ ᠦᠨ᠎ᠡ ᠶᠢ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ | ᠥᠪᠡᠷ ᠤᠨ ᠦᠷᠳᠡᠭ᠂ ᠲᠠᠪᠤᠰᠤᠨ ᠤ ᠴᠢᠨᠠᠷ ᠴᠢᠨᠰᠠᠭ᠎ᠠ᠂ ᠵᠠᠬ᠎ᠠ ᠳᠡᠯᠭᠡᠭᠦᠷ ᠤᠨ ᠬᠠᠩᠭᠠᠯᠭ᠎ᠠ ᠬᠡᠷᠡᠭᠴᠡᠭᠡᠨ ᠤ | ᠪᠠᠶᠢᠳᠠᠯ ᠵᠡᠷᠭᠡ ᠶᠢ ᠦᠨᠳᠦᠰᠦᠯᠡᠨ᠂ ᠦᠨ᠎ᠡ ᠬᠩᠰᠢ ᠶᠢ ᠴᠢᠯᠥᠭᠡᠲᠡᠶ ᠪᠣᠯᠭᠠᠵᠤ᠂ ᠠᠵᠤ ᠠᠬᠤᠶᠢᠯᠠᠯ ᠠᠴᠠ | ᠲᠠᠪᠤᠰᠤᠨ ᠤ ᠦᠨ᠎ᠡ ᠬᠩᠰᠢ ᠶᠢ ᠲᠣᠭᠲᠠᠭᠠᠨ᠎ᠠ᠃ ᠦᠨ᠎ᠡ ᠬᠠᠩᠰᠢ ᠶᠢᠨ ᠬᠠᠮᠢᠶᠠᠷᠤᠯᠲᠠ ᠶᠢᠨ ᠰᠠᠯᠠᠭ᠎ᠠ | ᠮᠥᠴᠢᠷ ᠤᠨ ᠬᠢᠨ ᠢᠳᠡᠰᠢᠨ ᠳᠠᠪᠤᠰᠤ ᠵᠢᠵᠢᠭᠯᠡᠨ ᠬᠤᠳᠠᠯᠳᠤᠬᠤ ᠦᠨ᠎ᠡ ᠳᠤ ᠵᠠᠬ᠎ᠠ ᠳᠡᠯᠭᠡᠭᠦᠷ ᠤᠨ ᠬᠢᠨᠠᠨ | ᠬᠠᠮᠢᠶᠠᠷᠤᠯᠳᠠ ᠬᠢᠵᠤ᠂ ᠰᠢᠶᠠᠨ ᠤ ᠠᠵᠤ ᠠᠬᠤᠶ ᠪᠠ ᠰᠤᠷᠠᠭ ᠵᠠᠩᠭᠢ ᠶᠢᠨ ᠰᠠᠯᠠᠭ᠎ᠠ ᠮᠥᠴᠢᠷ ᠲᠠᠢ ᠬᠠᠮᠵᠢᠯᠴᠠᠨ | ᠠᠷᠭ᠎ᠠ ᠬᠡᠮᠵᠢᠶ᠎ᠡ ᠠᠪᠴᠤ᠂ ᠦᠨ᠎ᠡ ᠬᠠᠩᠰᠢ ᠶᠢᠨ ᠦᠨᠳᠦᠰᠦᠨ ᠳᠡᠭᠡᠨ ᠲᠣᠭᠲᠠᠪᠤᠷᠢᠲᠠᠶ ᠪᠠᠶᠢᠬᠤ ᠶᠢ ᠪᠠᠲᠤᠯᠠᠬᠤ | ᠬᠡᠷᠡᠭᠳᠡᠢ᠂ ᠣᠨᠴᠠᠭᠠᠶ ᠪᠠᠶᠢᠳᠠᠯ ᠳᠣᠣᠷ᠎ᠠ ᠬᠠᠤᠯᠢ ᠶᠣᠰᠣᠭᠠᠷ ᠲᠦᠷ ᠴᠠᠭ ᠤᠨ ᠦᠨ᠎ᠡ ᠬᠠᠩᠰᠢ ᠶᠢᠨ | ᠬᠠᠮᠢᠶᠠᠷᠤᠯᠲᠠ ᠪᠤᠶᠤ ᠪᠤᠰᠤᠳ ᠪᠠᠴᠢᠮ ᠠᠷᠭ᠎ᠠ ᠬᠡᠮᠵᠢᠶ᠎ᠡ ᠠᠪᠴᠤ᠂ ᠪᠦᠬᠦ ᠰᠢᠶᠠᠨ ᠤ ᠢᠳᠡᠰᠢᠨ ᠳᠠᠪᠤᠰᠤᠨ ᠤ | ᠦᠨ᠎ᠡ ᠳᠤ ᠬᠡᠪ ᠤᠨ ᠪᠤᠰᠤ ᠬᠡᠯᠪᠡᠯᠵᠡᠯ ᠭᠠᠷᠬᠤ ᠶᠢ ᠣᠨᠴᠠᠭᠠᠶ ᠰᠡᠷᠭᠡᠶᠢᠯᠡᠬᠦ ᠬᠡᠷᠡᠭᠲᠡᠶ᠃ ︵ᠰᠢᠶᠠᠨ ᠤ | ᠬᠥᠭᠵᠢᠭᠦᠯᠦᠯᠲᠡ ᠥᠭᠡᠷᠡᠴᠢᠯᠡᠯᠲᠡ ᠶᠢᠨ ᠲᠣᠪᠴᠢᠶ᠎ᠠ ᠲᠦᠷᠦᠭᠦᠯᠡᠵᠦ᠂ ᠰᠢᠶᠠᠨ ᠤ ᠠᠵᠤ ᠠᠬᠤᠶ ᠪᠠ ᠰᠤᠷᠠᠭ | ᠵᠠᠩᠭᠢ ᠶᠢᠨ ᠲᠣᠪᠴᠢᠶ᠎ᠠ᠂ ᠰᠢᠶᠠᠨ ᠤ ᠢᠳᠡᠭᠡᠨ ᠪᠠ ᠡᠮ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ᠂ ᠳᠠᠪᠤᠰᠤᠨ ᠤ | ᠶᠠᠪᠤᠳᠠᠯ ᠤᠨ ᠺᠣᠮᠫᠠᠨᠢ ᠬᠠᠮᠵᠢᠯᠴᠠᠨ᠎ᠠ︶ | ︵ᠨᠠᠢᠮᠠ︶ ᠠᠵᠤ ᠦᠢᠯᠡᠳᠪᠦᠷᠢ ᠶᠢᠨ ᠳᠠᠪᠤᠰᠤᠨ ᠤ ᠵᠦᠭᠡᠭᠡᠪᠦᠷᠢᠯᠡᠯᠳᠡ᠂ ᠪᠣᠷᠣᠯᠠᠭᠤᠯᠤᠯᠲᠠ ᠶᠢᠨ | ᠬᠠᠮᠢᠶᠠᠷᠤᠯᠲᠠ ᠳᠤ ᠥᠭᠡᠷᠡᠴᠢᠯᠡᠯᠲᠡ ᠬᠢᠨ᠎ᠡ᠃ ᠠᠵᠤ ᠦᠢᠯᠡᠳᠪᠦᠷᠢ ᠶᠢᠨ ᠳᠠᠪᠤᠰᠤᠨ ᠤ ᠵᠦᠭᠡᠭᠡᠪᠦᠷᠢᠯᠡᠯᠳᠡ | ᠪᠣᠷᠣᠯᠠᠭᠤᠯᠤᠯᠲᠠ ᠶᠢᠨ ᠬᠠᠮᠢᠶᠠᠷᠤᠯᠲᠠ ᠶᠢᠨ ᠲᠦᠷᠢᠮ ᠶᠢ ᠴᠢᠯᠥᠭᠡᠲᠡᠶ ᠪᠤᠯᠭᠠᠨ᠎ᠠ᠃ ᠰᠢᠶᠠᠨ ᠤ ᠠᠵᠤ ᠠᠬᠤᠶ ᠪᠠ | ᠰᠤᠷᠠᠭ ᠵᠠᠩᠭᠢ ᠶᠢᠨ ᠲᠣᠪᠴᠢᠶ᠎ᠠ ᠠᠴᠠ ᠠᠵᠤ ᠦᠢᠯᠡᠳᠪᠦᠷᠢ ᠶᠢᠨ ᠳᠠᠪᠤᠰᠤᠨ ︵ᠠᠵᠤ ᠦᠢᠯᠡᠳᠪᠦᠷᠢ ᠶᠢᠨ | ᠭᠡᠭᠡᠭᠳᠡᠮᠡᠯ ᠰᠢᠭᠠᠷᠤ ᠳᠠᠪᠤᠰᠤ︶ ᠤ ᠦᠢᠯᠡᠳᠪᠦᠷᠢᠯᠡᠯ᠂ ᠪᠣᠷᠣᠯᠠᠭᠤᠯᠤᠯᠲᠠ᠂ ᠶᠠᠰᠤ ᠴᠢᠨᠠᠷ ᠢ ᠬᠢᠨᠠᠵᠤ ᠬᠠᠮᠢᠶᠠᠷᠬᠤ | ᠵᠡᠷᠭᠡ ᠬᠠᠮᠢᠶᠠᠷᠤᠯᠲᠠ ᠶᠢᠨ ᠨᠠᠷᠢᠨ ᠳᠦᠷᠢᠮ ᠪᠠ ᠬᠠᠷᠢᠭᠤᠴᠠᠯᠭ᠎ᠠ ᠨᠡᠬᠡᠮᠵᠢᠯᠡᠬᠦ ᠳᠦᠷᠢᠮ ᠢ ᠪᠠᠶᠢᠭᠤᠯᠵᠤ᠂ ᠢᠳᠡᠰᠢᠨ | ᠳᠠᠪᠤᠰᠤᠨ ᠤ ᠵᠠᠬ᠎ᠠ ᠳᠡᠯᠭᠡᠭᠦᠷ ᠲᠤ ᠠᠵᠤ ᠦᠢᠯᠡᠳᠪᠦᠷᠢ ᠶᠢᠨ ᠳᠠᠪᠤᠰᠤ ᠣᠷᠣᠵᠤ ᠢᠷᠡᠬᠦ ᠶᠢ ᠬᠤᠷᠢᠭᠯᠠᠨ | ᠰᠡᠷᠭᠡᠶᠢᠯᠡᠵᠤ᠂ ᠢᠳᠡᠰᠢᠨ ᠳᠠᠪᠤᠰᠤ ᠶᠢᠨ ᠠᠶᠦᠯᠭᠦᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠠᠵᠤ | ᠦᠢᠯᠡᠳᠪᠦᠷᠢ ᠶᠢᠨ ᠳᠠᠪᠤᠰᠤ ︵ᠠᠵᠤ ᠦᠢᠯᠡᠳᠪᠦᠷᠢ ᠶᠢᠨ ᠭᠡᠭᠡᠭᠳᠡᠮᠡᠯ ᠰᠢᠭᠠᠷᠤ ᠳᠠᠪᠤᠰᠤ︶ ᠦᠢᠯᠡᠳᠪᠦᠷᠢᠯᠡᠬᠦ ᠠᠵᠤ | ᠠᠬᠤᠶᠢᠯᠠᠯ ᠨᠢ ᠦᠢᠯᠡᠳᠪᠦᠷᠢᠯᠡᠯ ᠪᠠ ᠪᠣᠷᠣᠯᠠᠭᠤᠯᠤᠯᠲᠠ ᠶᠢᠨ ᠪᠦᠷᠢᠨ ᠪᠦᠲᠦᠨ ᠲᠡᠮᠳᠡᠭᠯᠡᠯ ᠪᠠᠶᠢᠭᠤᠯᠤᠨᠬᠠᠳᠠᠭᠠᠯᠠᠬᠤ | ᠬᠡᠷᠡᠭᠲᠡᠶ᠃ ᠢᠳᠡᠭᠡᠨ ᠪᠠ ᠡᠮ ᠤᠨ ᠬᠢᠨᠠᠨ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠠᠵᠤ ᠦᠢᠯᠡᠳᠪᠦᠷᠢ ᠶᠢᠨ | ᠳᠠᠪᠤᠰᠤᠨ ᠦᠢᠯᠡᠳᠭᠦᠨ ᠤ ᠶᠠᠰᠤ ᠴᠢᠨᠠᠷ ᠢ ᠬᠢᠨᠠᠨ ᠬᠠᠮᠢᠶᠠᠷᠤᠯᠳᠠ ᠶᠢ ᠴᠢᠩᠭᠠᠳᠬᠠᠵᠤ᠂ ᠬᠢᠷᠢ ᠲᠡᠩᠴᠡᠭᠦ ᠦᠭᠡᠶ | ᠦᠢᠯᠡᠳᠬᠦᠨ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠬᠦ ᠬᠡᠷᠡᠭᠲᠡᠶ᠃ ᠵᠠᠬ᠎ᠠ ᠳᠡᠯᠭᠡᠭᠦᠷ ᠤᠨ ᠬᠢᠨᠠᠨ | ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠬᠤᠳᠠᠯ ᠬᠠᠭᠤᠷᠮᠠᠭ ᠵᠠᠷ ᠪᠠ ᠡᠷᠬᠡ ᠳᠤ ᠬᠠᠯᠳᠠᠭᠰᠠᠨ ᠬᠠᠭᠤᠷᠮᠠᠭ | ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠬᠦ ᠬᠡᠷᠡᠭᠲᠡᠶ᠃ ︵ᠰᠢᠶᠠᠨ ᠤ ᠠᠵᠤ ᠠᠬᠤᠶ ᠪᠠ | ᠰᠤᠷᠠᠭ ᠵᠠᠩᠭᠢ ᠶᠢᠨ ᠲᠣᠪᠴᠢᠶ᠎ᠠ ᠪᠠᠷ ᠲᠦᠷᠦᠭᠦᠯᠡᠭᠦᠯᠦᠨ᠂ ᠰᠢᠶᠠᠨ ᠤ ᠵᠠᠬ᠎ᠠ ᠳᠡᠯᠭᠡᠭᠦᠷ ᠤᠨ ᠬᠢᠨᠠᠨ | ᠬᠠᠮᠢᠶᠠᠷᠤᠯᠲᠠ ᠶᠢᠨ ᠲᠣᠪᠴᠢᠶ᠎ᠠ᠂ ᠢᠳᠡᠭᠡᠨ ᠪᠠ ᠡᠮ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ᠂ ᠳᠠᠪᠤᠰᠤᠨ ᠤ | ᠶᠠᠪᠤᠳᠠᠯ ᠤᠨ ᠺᠣᠮᠫᠠᠨᠢ ᠬᠠᠮᠵᠢᠯᠴᠠᠨ᠎ᠠ︶ | ︵ᠶᠢᠰᠦ︶ ᠢᠳᠡᠰᠢᠨ ᠳᠠᠪᠤᠰᠤ ᠨᠥᠭᠡᠴᠡᠯᠡᠬᠦ ᠰᠢᠰᠲ᠋ᠧᠮ ᠢ ᠥᠭᠡᠷᠡᠴᠢᠯᠡᠨ᠎ᠡ᠃ ᠵᠠᠰᠠᠭ ᠤᠨ ᠣᠷᠳᠣᠨ ᠠᠴᠠ | ᠨᠥᠭᠡᠴᠡᠯᠡᠬᠦ ᠪᠠ ᠠᠵᠤ ᠠᠬᠤᠶᠢᠯᠠᠯ ᠤᠨ ᠨᠡᠶᠢᠭᠡᠮ ᠤᠨ ᠬᠠᠷᠢᠭᠤᠴᠠᠯᠭ᠎ᠠ ᠲᠠᠢ ᠪᠠᠷ ᠨᠥᠭᠡᠴᠡᠯᠡᠬᠦ ᠶᠢ | ᠤᠶᠠᠯᠳᠤᠭᠤᠯᠤᠭᠰᠠᠨ ᠪᠦᠬᠦ ᠨᠡᠶᠢᠭᠡᠮ ᠤᠨ ᠢᠳᠡᠰᠢᠨ ᠳᠠᠪᠤᠰᠤ ᠨᠥᠭᠡᠴᠡᠯᠡᠬᠦ ᠰᠢᠰᠲ᠋ᠧᠮ ᠪᠠᠶᠢᠭᠤᠯᠵᠤ᠂ ᠵᠠᠰᠠᠭ ᠤᠨ | ᠣᠷᠳᠣᠨ ᠤ ᠨᠥᠭᠡᠴᠡᠯᠡᠬᠦ ᠡᠭᠦᠷᠭᠡ ᠶᠢ ᠰᠢᠶᠠᠨ ᠤ ᠳᠠᠪᠤᠰᠤᠨ ᠶᠠᠪᠤᠳᠠᠯ ᠤᠨ ᠺᠣᠮᠫᠠᠨᠢ ᠬᠠᠷᠢᠭᠤᠴᠠᠨ ᠳᠠᠭᠠᠭᠠᠨ | ᠨᠦᠬᠡᠴᠡᠯᠡᠨ᠎ᠡ᠂ ᠪᠠᠶᠢᠭᠠᠯᠢ ᠶᠢᠨ ᠭᠠᠮᠰᠢᠭ ᠪᠠ ᠭᠡᠨᠡᠳᠲᠡ ᠶᠢᠨ ᠬᠡᠷᠡᠭ ᠭᠠᠷᠬᠤ ᠦᠶ᠎ᠡ ᠳᠤ ᠢᠳᠡᠰᠢᠨ ᠲᠠᠪᠤᠰᠤ ᠶᠢ | ᠭᠦᠢᠴᠡᠳ ᠬᠠᠩᠭᠠᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠠᠵᠤ ᠠᠬᠤᠶᠢᠯᠠᠯ ᠤᠨ ᠢᠳᠡᠰᠢᠨ ᠳᠠᠪᠤᠰᠤ ᠨᠥᠭᠡᠴᠡᠯᠡᠬᠦ | ᠲᠦᠷᠢᠮ ᠢ ᠲᠡᠭᠦᠯᠳᠡᠷᠵᠢᠭᠦᠯᠵᠦ᠂ ᠪᠥᠭᠡᠮ ᠢᠶᠠᠷ ᠪᠤᠷᠤᠯᠠᠭᠤᠯᠬᠤ ᠠᠵᠤ ᠠᠬᠤᠶᠢᠯᠠᠯ ᠤᠨ ᠬᠥᠮᠥᠷᠭᠡ ᠳᠤ ᠬᠠᠳᠠᠭᠠᠯᠠᠵᠤ | ᠪᠠᠶᠢᠭ᠎ᠠ ᠬᠠᠮᠤᠭ ᠤᠨ ᠥᠨᠳᠥᠷ ᠬᠠᠳᠠᠭᠠᠯᠠᠮᠵᠢ ᠪᠠ ᠬᠠᠮᠤᠭ ᠤᠨ ᠳᠣᠣᠷ᠎ᠠ ᠬᠠᠳᠠᠭᠠᠯᠠᠮᠵᠢ ᠶᠢ ᠬᠢᠵᠠᠭᠠᠷᠯᠠᠨ ᠲᠤᠭᠳᠠᠭᠠᠵᠤ | ᠂ ᠢᠳᠡᠰᠢᠨ ᠳᠠᠪᠤᠰᠤᠨ ᠤ ᠵᠠᠬ᠎ᠠ ᠳᠡᠯᠭᠡᠭᠦᠷ ᠳᠠᠬᠢ ᠬᠠᠩᠭᠠᠯᠭ᠎ᠠ ᠳᠤᠲᠠᠭᠳᠠᠵᠤ ᠪᠠᠶᠢᠬᠤ ᠪᠠ ᠬᠤᠷᠠᠮᠳᠤᠭᠤᠯᠤᠨ | ᠳᠠᠷᠤᠵᠤ ᠬᠤᠨᠵᠢᠨ ᠱᠠᠮᠰᠢᠬᠤ ᠠᠵᠢᠯᠯᠠᠯᠭᠠ ᠶᠢ ᠰᠡᠷᠭᠡᠶᠢᠯᠡᠨ᠎ᠡ᠃ ᠲᠡᠭᠦᠨ ᠤ ᠳᠣᠲᠣᠷᠠᠬᠢ ᠬᠠᠮᠤᠭ | ᠳᠣᠣᠷ᠎ᠠ ᠬᠠᠳᠠᠭᠠᠯᠠᠮᠵᠢ ᠨᠢ ᠲᠤᠰ ᠠᠵᠤ ᠠᠬᠤᠶᠢᠯᠠᠯ ᠤᠨ ᠬᠡᠪ ᠤᠨ ᠪᠠᠶᠢᠳᠠᠯ ᠲᠤᠤᠷᠠᠬᠢ ᠨᠢᠭᠡ ᠰᠠᠷ᠎ᠠ ᠶᠢᠨ ᠳᠤᠮᠳᠠᠴᠢ | ᠪᠣᠷᠣᠯᠠᠭᠤᠯᠭ᠎ᠠ ᠠᠴᠠ ᠳᠣᠣᠷ᠎ᠠ ᠪᠠᠶᠢᠵᠤ ᠪᠣᠯᠬᠤ ᠦᠭᠡᠢ᠂ ᠬᠥᠮᠥᠷᠭᠡ ᠳᠤ ᠬᠠᠳᠠᠭᠠᠯᠠᠵᠤ ᠪᠠᠶᠢᠭ᠎ᠠ ᠪᠣᠳᠠᠲᠠᠶ | ᠪᠠᠷᠢᠮᠵᠢᠶ᠎ᠠ ᠶᠢ ᠥᠪᠡᠷᠲᠡᠭᠡᠨ ᠵᠠᠰᠠᠬᠤ ᠣᠷᠣᠨᠤ ᠠᠵᠤ ᠠᠬᠤᠶ ᠪᠠ ᠰᠤᠷᠠᠭ ᠵᠠᠩᠭᠢ ᠶᠢᠨ ᠰᠠᠯᠠᠭ᠎ᠠ ᠮᠥᠴᠢᠷ ᠠᠴᠠ | ᠬᠢᠨᠠᠨ ᠲᠤᠭᠳᠠᠭᠠᠵᠤ᠂ ᠬᠥᠮᠥᠷᠭᠡ ᠳᠤ ᠬᠠᠳᠠᠭᠠᠯᠠᠵᠤ ᠪᠠᠶᠢᠭ᠎ᠠ ᠪᠠᠶᠢᠳᠠᠯ ᠤᠨ ᠬᠢᠨᠠᠨ ᠪᠠᠶᠢᠴᠠᠭᠠᠯᠳᠠ ᠶᠢ ᠴᠢᠩᠭᠠᠳᠬᠠᠬᠤ | ᠬᠡᠷᠡᠭᠲᠡᠶ᠃ | ᠲᠦᠷᠪᠡ᠂ ᠢᠳᠡᠰᠢᠨ ᠲᠠᠪᠤᠰᠤᠨ ᠤ ᠬᠠᠮᠢᠶᠠᠷᠤᠯᠳᠠ ᠶᠢᠨ ᠳᠦᠷᠢᠮ ᠤᠨ ᠪᠠᠶᠢᠭᠤᠯᠤᠯᠲᠠ ᠶᠢ ᠴᠢᠩᠭᠠᠳᠬᠠᠬᠤ᠂ | ᠢᠳᠡᠰᠢᠨ ᠳᠠᠪᠤᠰᠤᠨ ᠤ ᠬᠠᠩᠭᠠᠯᠭ᠎ᠠ ᠶᠢᠨ ᠠᠶᠤᠯᠭᠦᠶ ᠶᠢ ᠪᠠᠶᠢᠬᠤ ᠪᠠᠲᠤᠯᠠᠬᠤ ᠬᠡᠷᠡᠭᠳᠡᠢ᠃ | ︵ᠠᠷᠪᠠ︶ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠲᠦᠷᠭᠡᠳᠬᠡᠨ᠎ᠡ᠃ ᠰᠢᠶᠠᠨ ᠤ ᠠᠵᠤ ᠠᠬᠤᠶ | ᠪᠠ ᠰᠤᠷᠠᠭ ᠵᠠᠩᠭᠢ ᠶᠢᠨ ᠰᠠᠯᠠᠭ᠎ᠠ ᠮᠥᠴᠢᠷ ᠠᠴᠠ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ᠂ ᠠᠵᠢᠯ | ᠲᠥᠷᠥᠯ ᠤᠨ ᠨᠡᠶᠢᠭᠡᠮᠯᠢᠭ ᠠᠴᠠ ᠢᠳᠡᠰᠢᠨ ᠳᠠᠪᠤᠰᠤ ᠶᠢ ᠪᠥᠭᠡᠮ ᠢᠶᠠᠷ ᠪᠤᠷᠤᠯᠠᠭᠤᠯᠬᠤ ᠠᠵᠤ ᠠᠬᠤᠶᠢᠯᠠᠯ ᠬᠢᠭᠡᠳ | ᠲᠡᠭᠦᠨ ᠤ ᠬᠠᠷᠢᠭᠤᠴᠠᠯᠭᠠᠲᠠᠨ ᠪᠠ ᠳᠡᠭᠡᠳᠦ ᠵᠡᠷᠭᠡ ᠶᠢᠨ ᠬᠠᠮᠢᠶᠠᠷᠤᠯᠲᠠ ᠶᠢᠨ ᠠᠵᠢᠯᠳᠠᠨ ᠤ ᠢᠲᠡᠭᠡᠮᠵᠢ ᠶᠢᠨ ᠲᠡᠮᠳᠡᠭᠯᠡᠯ | ᠪᠠᠶᠢᠭᠤᠯᠵᠤ᠂ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠳᠤ ᠣᠷᠣᠭᠤᠯᠬᠤ ᠬᠡᠷᠡᠭᠲᠡᠶ᠃ ︵ᠰᠢᠶᠠᠨ ᠤ | ᠬᠥᠭᠵᠢᠭᠦᠯᠦᠯᠲᠡ ᠥᠭᠡᠷᠡᠴᠢᠯᠡᠯᠲᠡ ᠶᠢᠨ ᠲᠣᠪᠴᠢᠶ᠎ᠠ᠂ ᠠᠵᠤ ᠠᠬᠤᠶ ᠪᠠ ᠰᠤᠷᠠᠭ ᠵᠠᠩᠭᠢ ᠶᠢᠨ ᠲᠣᠪᠴᠢᠶ᠎ᠠ ᠪᠠᠷ | ᠲᠦᠷᠦᠭᠦᠯᠡᠭᠦᠯᠦᠨ᠂ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠢᠳᠡᠭᠡᠨ ᠪᠠ ᠡᠮ ᠤᠨ ᠬᠢᠨᠠᠨ | ᠬᠠᠮᠢᠶᠠᠷᠤᠯᠲᠠ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ᠂ | ᠳᠠᠪᠤᠰᠤᠨ ᠶᠠᠪᠤᠳᠠᠯ ᠤᠨ ᠺᠣᠮᠫᠠᠨᠢ ᠬᠠᠮᠵᠢᠯᠴᠠᠨ᠎ᠠ︶ | ︵ᠠᠷᠪᠠᠨ ᠨᠢᠭᠡ︶ ᠰᠢᠨᠵᠢᠯᠡᠬᠦ ᠤᠬᠠᠭᠠᠨᠴᠢ ᠪᠠᠷ ᠢᠣᠳ᠋ ᠨᠥᠬᠦᠪᠥᠷᠢᠯᠡᠬᠦ ᠠᠵᠢᠯ ᠢ ᠴᠢᠩᠭᠠᠳᠬᠠᠵᠤ ᠬᠡᠷᠡᠭᠲᠡᠶ᠃ | ᠢᠳᠡᠰᠢᠨ ᠳᠠᠪᠤᠰᠤ ᠪᠥᠭᠡᠮ ᠢᠶᠠᠷ ᠪᠤᠷᠤᠯᠠᠭᠤᠯᠬᠤ ᠠᠵᠤ ᠠᠬᠤᠶᠢᠯᠠᠯ ᠤᠨ ᠬᠠᠩᠭᠠᠯᠭ᠎ᠠ ᠶᠢ ᠪᠠᠲᠤᠯᠠᠬᠤ ᠦᠢᠯᠡᠳᠦᠯ ᠢ | ᠭᠦᠢᠴᠡᠳ ᠪᠠᠳᠠᠷᠠᠭᠤᠯᠵᠤ᠂ ᠢᠤᠳ᠋ᠵᠢᠭᠤᠯᠤᠭᠰᠠᠨ ᠳᠠᠪᠤᠰᠤ ᠪᠦᠲᠦᠮᠵᠢᠲᠡᠶ ᠬᠠᠩᠭᠠᠬᠤ ᠠᠷᠭ᠎ᠠ ᠵᠠᠮ ᠢ ᠥᠷᠭᠡᠳᠬᠡᠨ᠂ | ᠢᠤᠳ᠋ᠵᠢᠭᠤᠯᠤᠭᠰᠠᠨ ᠳᠠᠪᠤᠰᠤ ᠶᠢᠨ ᠬᠢᠷᠢ ᠲᠡᠩᠴᠡᠭᠰᠡᠨ ᠪᠦᠷᠬᠦᠴᠡ ᠶᠢᠨ ᠨᠤᠷᠮ᠎ᠠ ᠶᠢ 90 % ᠠᠴᠠ ᠳᠡᠭᠡᠭᠰᠢ | ᠪᠠᠶᠢᠯᠭᠠᠬᠤ ᠬᠡᠷᠡᠭᠲᠡᠶ᠂ ᠡᠭᠦᠨ ᠤ ᠬᠠᠮᠲᠤ ᠣᠨᠴᠠ ᠱᠠᠭᠠᠷᠳᠠᠯᠭ᠎ᠠ ᠲᠠᠢ ᠬᠥᠮᠦᠰ ᠤᠨ ᠢᠤᠳ᠋ᠵᠢᠭᠤᠯᠤᠭᠰᠠᠨ ᠪᠤᠰᠤ | ᠳᠠᠪᠤᠰᠤ ᠶᠢᠨ ᠬᠡᠷᠡᠭᠯᠡᠭᠡᠨ ᠤ ᠬᠡᠷᠡᠭᠴᠡᠭᠡ ᠶᠢ ᠬᠠᠩᠭᠠᠬᠤ ᠬᠡᠷᠡᠭᠳᠡᠢ᠃ ᠰᠢᠭᠤᠳ ᠢᠳᠡᠭᠡᠨ ᠳᠤ ᠬᠡᠷᠡᠭᠯᠡᠬᠦ ᠳᠠᠪᠤᠰᠤ | ᠡᠷᠬᠡᠪᠰᠢ ᠵᠢᠵᠢᠭ ᠪᠣᠭᠤᠳᠠᠯ ᠤᠨ ᠬᠡᠯᠪᠡᠷᠢ ᠪᠠᠷ ᠵᠠᠬ᠎ᠠ ᠳᠡᠯᠭᠡᠭᠦᠷ ᠲᠤ ᠭᠠᠷᠭᠠᠨ ᠪᠣᠷᠣᠯᠠᠭᠤᠯᠵᠤ᠂ ᠰᠢᠨᠵᠢᠯᠡᠬᠦ | ᠤᠬᠠᠭᠠᠨᠴᠢ ᠪᠠᠷ ᠢᠣᠳ᠋ ᠨᠥᠬᠦᠪᠥᠷᠢᠯᠡᠬᠦ ᠲᠤᠬᠠᠶ ᠤᠬᠠᠭᠤᠯᠭ᠎ᠠ ᠬᠥᠮᠦᠵᠢᠯ ᠢ ᠢᠳᠡᠪᠬᠢᠲᠡᠶ ᠦᠷᠨᠢᠭᠦᠯᠵᠦ᠂ ᠵᠢᠷᠮᠦᠰᠦᠨ | ᠪᠦᠰᠡᠭᠦᠶ᠂ ᠬᠡᠦᠬᠡᠳ ᠪᠠ ᠢᠣᠳ᠋ ᠳᠤᠲᠠᠭᠳᠠᠭᠰᠠᠨ ᠭᠠᠵᠠᠷ ᠣᠷᠣᠨ ᠤ ᠣᠯᠠᠨ ᠲᠦᠮᠡᠨ ᠤ ᠰᠢᠨᠵᠢᠯᠡᠬᠦ ᠤᠬᠠᠭᠠᠨᠴᠢ | ᠢᠣᠳ᠋ ᠨᠥᠬᠦᠪᠥᠷᠢᠯᠡᠬᠦ ᠦᠵᠡᠯᠳᠡ ᠶᠢ ᠲᠡᠭᠡᠭᠰᠢᠯᠡᠭᠦᠯᠬᠦ ᠬᠡᠷᠡᠭᠲᠡᠶ᠃ ᠰᠢᠶᠠᠨ ᠤ ᠡᠷᠡᠭᠦᠯ ᠬᠠᠮᠠᠭᠠᠯᠠᠯ ᠤᠨ ᠰᠠᠯᠠᠭ᠎ᠠ | ᠮᠦᠴᠢᠷ ᠵᠤᠬᠢᠶᠠᠨ ᠪᠠᠶᠢᠭᠤᠯᠤᠨ ᠬᠠᠷᠢᠭᠤᠴᠠᠵᠤ ᠲᠤᠰ ᠤᠷᠤᠨ ᠨᠤᠳᠤᠭ ᠤᠨ ᠢᠶᠠᠨ ᠢᠣᠳ᠋ ᠲᠤᠳᠠᠭᠳᠠᠬᠤ | ᠡᠪᠡᠳᠴᠢᠨ ᠳᠤ ᠬᠢᠨᠠᠨ ᠪᠠᠶᠢᠴᠠᠭᠠᠯᠳᠠ ᠬᠢᠵᠤ᠂ ᠴᠠᠭ ᠲᠤᠬᠠᠢ ᠲᠤᠨᠢ ᠠᠵᠤ ᠠᠬᠤᠶ ᠪᠠ ᠰᠤᠷᠠᠭ ᠵᠠᠩᠭᠢ ᠶᠢᠨ | ᠲᠣᠪᠴᠢᠶ᠎ᠠ ᠳᠤ ᠮᠡᠳᠡᠭᠦᠯᠦᠨ᠂ ᠶᠠᠳᠠᠭᠤ ᠬᠦᠴᠢᠷᠳᠡᠯᠳᠡᠢ ᠭᠠᠵᠠᠷ ᠤᠷᠤᠨ ᠤ ᠠᠷᠠᠳ ᠲᠦᠮᠡᠨ ᠳᠤ ᠬᠢᠷᠢ ᠲᠡᠩᠴᠡᠭᠰᠡᠨ | ᠲᠠᠪᠤᠰᠤ ᠢᠳᠡᠭᠦᠯᠬᠦ ᠶᠢ ᠪᠠᠳᠤᠯᠠᠬᠤ ᠬᠡᠷᠡᠭᠳᠡᠢ᠃ | ︵ᠠᠵᠤ ᠠᠬᠤᠶ ᠪᠠ ᠰᠤᠷᠠᠭ ᠵᠠᠩᠭᠢ ᠶᠢᠨ ᠲᠣᠪᠴᠢᠶ᠎ᠠ᠂ ᠰᠢᠶᠠᠨ ᠤ ᠡᠷᠡᠭᠦᠯ ᠬᠠᠮᠠᠭᠠᠯᠠᠯ ᠲᠦᠯᠦᠪᠯᠡᠯᠭᠡᠳᠦ | ᠦᠷᠡᠵᠢᠯ ᠤᠨ ᠲᠤᠪᠴᠢᠶ᠎ᠠ ᠪᠠᠷ ᠲᠦᠷᠦᠭᠦᠯᠡᠭᠦᠯᠦᠨ᠂ ᠰᠢᠶᠠᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠲᠣᠪᠴᠢᠶ᠎ᠠ | ᠂ ᠰᠢᠶᠠᠨ ᠤ ᠡᠳ᠋ ᠤᠨ ᠵᠠᠰᠠᠭ ᠤᠨ ᠲᠤᠪᠴᠢᠶ᠎ᠠ᠂ ᠢᠳᠡᠭᠡᠨ ᠪᠠ ᠡᠮ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ᠂ | ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ᠂ ᠳᠠᠪᠤᠰᠤᠨ ᠶᠠᠪᠤᠳᠠᠯ ᠤᠨ ᠺᠣᠮᠫᠠᠨᠢ ᠬᠠᠮᠵᠢᠯᠴᠠᠨ᠎ᠠ︶ | ︵ᠠᠷᠪᠠᠨ ᠬᠤᠶᠠᠷ︶ ᠪᠠᠴᠢᠮ ᠪᠠᠶᠢᠳᠠᠯ ᠢ ᠠᠷᠭᠠᠴᠠᠭᠠᠬᠤ ᠲᠣᠭᠲᠠᠴᠠ ᠶᠢᠨ ᠪᠠᠶᠢᠭᠤᠯᠤᠯᠲᠠ ᠶᠢ ᠴᠢᠩᠭᠠᠳᠬᠠᠬᠤ | ᠬᠡᠷᠡᠭᠲᠡᠶ᠃ ᠰᠢᠶᠠᠨ ᠤ ᠠᠵᠤ ᠠᠬᠤᠶ ᠪᠠ ᠰᠤᠷᠠᠭ ᠵᠠᠩᠭᠢ ᠶᠢᠨ ᠲᠣᠪᠴᠢᠶ᠎ᠠ ᠪᠦᠬᠦ ᠰᠢᠶᠠᠨ ᠤ ᠢᠳᠡᠰᠢᠨ ᠳᠠᠪᠤᠰᠤᠨ ᠤ | ᠬᠠᠩᠭᠠᠯᠭ᠎ᠠ ᠳᠤ ᠪᠠᠴᠢᠮ ᠭᠡᠨᠡᠳᠲᠡ ᠶᠢᠨ ᠬᠡᠷᠡᠭ ᠶᠢ ᠵᠣᠬᠢᠴᠠᠭᠤᠯᠤᠨ ᠰᠢᠢᠳᠪᠦᠷᠢᠯᠡᠬᠦ ᠠᠵᠢᠯ ᠳᠤ ᠬᠠᠷᠢᠭᠤᠴᠠᠨ᠂ | ᠪᠠᠴᠢᠮ ᠪᠠᠶᠢᠳᠠᠯ ᠶᠢ ᠠᠷᠭᠠᠴᠠᠬᠤ ᠪᠡᠯᠡᠳᠬᠡᠯ ᠲᠥᠰᠦᠯ ᠶᠢ ᠰᠤᠳᠤᠯᠤᠨ ᠲᠣᠭᠲᠠᠭᠠᠵᠤ᠂ ᠰᠢᠶᠠᠨ ᠤ ᠵᠠᠰᠠᠭ ᠤᠨ | ᠣᠷᠳᠣᠨ ᠤ ᠪᠠᠴᠢᠮ ᠪᠠᠶᠢᠳᠠᠯ ᠶᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠮᠡᠳᠡᠭᠦᠯᠦᠨ | ᠳᠠᠩᠰᠠᠯᠠᠭᠤᠯᠬᠤ ᠬᠡᠷᠡᠭᠲᠡᠶ᠃ ᠪᠠᠴᠢᠮ ᠭᠡᠨᠡᠳᠲᠡ ᠶᠢᠨ ᠪᠠᠶᠢᠳᠠᠯ ᠳᠣᠣᠷ᠎ᠠ᠂ ᠠᠵᠤ ᠠᠬᠤᠶ ᠪᠠ ᠰᠤᠷᠠᠭ ᠵᠠᠩᠭᠢ ᠶᠢᠨ | ᠰᠠᠯᠠᠭ᠎ᠠ ᠮᠥᠴᠢᠷ ᠤᠳ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠤᠨ ᠲᠣᠭᠲᠠᠭᠠᠯ ᠶᠣᠰᠣᠭᠠᠷ᠂ | ᠵᠠᠰᠠᠭ ᠤᠨ ᠣᠷᠳᠣᠨ ᠤ ᠨᠥᠭᠡᠴᠡᠯᠡᠬᠦ ᠂ ᠠᠵᠤ ᠠᠬᠤᠶᠢᠯᠠᠯ ᠤᠨ ᠨᠡᠶᠢᠭᠡᠮ ᠤᠨ ᠬᠠᠷᠢᠭᠤᠴᠠᠯᠭ᠎ᠠ ᠡᠴᠠᠨᠥ᠋ᠭᠡᠴᠡᠯᠡᠬᠦ | ᠵᠡᠷᠭᠡ ᠠᠷᠭ᠎ᠠ ᠮᠠᠶ᠋ᠢᠭ ᠢᠶᠠᠷ ᠢᠳᠡᠰᠢᠨ ᠳᠠᠪᠤᠰᠤᠨ ᠤ ᠵᠠᠬ᠎ᠠ ᠳᠡᠯᠭᠡᠭᠦᠷ ᠤᠨ ᠠᠮᠤᠷ ᠲᠦᠪᠰᠢᠨ ᠪᠠ ᠲᠣᠭᠲᠠᠭᠤᠨ | ᠪᠠᠶᠢᠳᠠᠯ ᠢ ᠦᠨᠡᠨ ᠬᠦ ᠪᠠᠲᠤᠯᠠᠬᠤ ᠬᠡᠷᠡᠭᠲᠡᠶ᠃ ︵ᠰᠢᠶᠠᠨ ᠤ ᠠᠵᠤ ᠠᠬᠤᠶ ᠪᠠ ᠠᠵᠤ ᠠᠬᠤᠶ ᠵᠢᠨᠲ᠋ᠣᠪᠴᠢᠶ᠎ᠠ ᠪᠠᠷ | ᠲᠦᠷᠦᠭᠦᠯᠡᠭᠦᠯᠦᠨ᠂ ᠰᠢᠶᠠᠨ ᠤ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ᠂ ᠡᠳ᠋ ᠤᠨ ᠵᠠᠰᠠᠭ ᠤᠨ | ᠲᠣᠪᠴᠢᠶ᠎ᠠ᠂ ᠳᠠᠪᠤᠰᠤᠨ ᠶᠠᠪᠤᠳᠠᠯ ᠤᠨ ᠺᠣᠮᠫᠠᠨᠢ ᠬᠠᠮᠵᠢᠯᠴᠠᠨ᠎ᠠ︶ | ︵ᠠᠷᠪᠠᠨ ᠭᠤᠷᠪᠠ︶ ᠳᠠᠪᠤᠰᠤᠨ ᠤ ᠦᠢᠯᠡᠰ ᠤᠨ ᠠᠵᠤ ᠠᠬᠤᠶᠢᠯᠠᠯ ᠢ ᠰᠢᠯᠢᠳᠡᠭᠵᠢᠭᠦᠯᠦᠨ | ᠬᠦᠴᠤᠷᠬᠡᠭᠵᠢᠭᠦᠯᠬᠦ ᠶᠢ ᠲᠦᠯᠬᠢᠨ ᠠᠬᠢᠭᠤᠯᠬᠤ ᠬᠡᠷᠡᠭᠳᠡᠢ᠃ ᠤᠯᠤᠰ ᠤᠨ ᠦᠮᠴᠢᠯᠡᠯᠳᠤ ᠠᠵᠤ ᠠᠬᠤᠶᠢᠯᠠᠯ ᠤᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ᠂ ᠤᠯᠤᠰ ᠤᠨ | ᠦᠮᠴᠢᠯᠡᠯᠳᠤ ᠳᠠᠪᠤᠰᠤᠨ ᠦᠢᠯᠡᠰ ᠤᠨ ᠠᠵᠤ ᠠᠬᠤᠶᠢᠯᠠᠯ ᠤᠨ ᠺᠣᠮᠫᠠᠨᠢ ᠶᠢᠨ ᠲᠥᠷᠢᠮ᠂ ᠬᠤᠪᠢ ᠣᠷᠣᠭᠤᠯᠬᠤ | ᠳᠦᠷᠢᠮ ᠤᠨ ᠥᠭᠡᠷᠡᠴᠢᠯᠡᠯᠲᠡ ᠶᠢ ᠲᠦᠷᠭᠡᠳᠬᠡᠵᠦ᠂ ᠲᠦᠷᠢᠮᠵᠢᠭᠰᠡᠨ ᠺᠣᠮᠫᠠᠨᠢ ᠶᠢᠨ ᠬᠠᠤᠯᠢ ᠶᠢᠨ ᠡᠷᠬᠡᠳᠡᠨ ᠤ | ᠪᠦᠲᠦᠴᠡ ᠶᠢ ᠪᠠᠶᠢᠭᠤᠯᠤᠨ᠂ ᠬᠤᠯᠢᠮᠠᠭ ᠥᠮᠴᠢᠯᠡᠯ ᠤᠨ ᠳᠦᠷᠢᠮ ᠢ ᠢᠳᠡᠪᠬᠢᠳᠡᠢ ᠬᠦᠭᠵᠢᠭᠦᠯᠦᠨ᠂ ᠡᠵᠡᠩᠨᠡᠯᠲᠡ ᠶᠢᠨ | ᠲᠣᠭᠲᠠᠴᠠ ᠶᠢ ᠬᠤᠪᠢᠷᠠᠭᠤᠯᠬᠤ᠂ ᠠᠵᠤ ᠠᠬᠤᠶᠢᠯᠠᠯ ᠤᠨ ᠬᠦᠷᠦᠩᠭᠡ ᠬᠤᠭᠰᠢᠯ ᠢ ᠠᠮᠢᠯᠠᠭᠤᠯᠤᠨ᠂ ᠠᠮᠢᠵᠢᠷᠠᠯ ᠤᠨ | ᠬᠦᠴᠦᠨ ᠪᠠ ᠠᠮᠢᠳᠤ ᠰᠣᠷᠭᠤᠭ ᠬᠦᠴᠦᠨ ᠴᠢᠳᠠᠯ ᠢ ᠨᠡᠮᠡᠭᠳᠡᠭᠦᠯᠵᠦ᠂ ᠢᠳᠡᠰᠢᠨ ᠳᠠᠪᠤᠰᠤ ᠦᠢᠯᠡᠳᠪᠦᠷᠢᠯᠡᠬᠦ ᠪᠠ | ᠪᠥᠭᠡᠮ ᠢᠶᠠᠷ ᠪᠤᠷᠤᠯᠠᠭᠤᠯᠬᠤ ᠠᠵᠤ ᠠᠬᠤᠶᠢᠯᠠᠯ ᠢ ᠨᠡᠶᠢᠯᠡᠭᠦᠯᠦᠨ ᠳᠠᠬᠢᠨ ᠵᠣᠬᠢᠶᠠᠨ ᠪᠠᠶᠢᠭᠤᠯᠬᠤ ᠶᠢ | ᠵᠤᠷᠢᠭᠵᠢᠭᠤᠯᠤᠨ᠎ᠠ᠃ | ︵ᠠᠷᠪᠠᠨ ᠲᠦᠷᠪᠡ︶ ᠳᠠᠪᠤᠰᠤᠨ ᠤ ᠦᠢᠯᠡᠰ ᠤᠨ ᠬᠠᠤᠯᠢ ᠲᠦᠷᠢᠮ ᠤᠨ ᠰᠢᠰᠲ᠋ᠧᠮ ᠢ ᠲᠡᠭᠦᠯᠳᠡᠷᠵᠢᠭᠦᠯᠬᠦ | ᠬᠡᠷᠡᠭᠳᠡᠢ᠃ ᠰᠢᠶᠠᠨ ᠤ ᠠᠵᠤ ᠠᠬᠤᠶ ᠪᠠ ᠰᠤᠷᠠᠭ ᠵᠠᠩᠭᠢ ᠶᠢᠨ ᠲᠣᠪᠴᠢᠶ᠎ᠠ ᠪᠠᠷ ᠲᠦᠷᠦᠭᠦᠯᠡᠭᠦᠯᠦᠨ᠂ ᠬᠠᠮᠢᠶ᠎ᠠ | ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ᠂ ᠬᠤᠯᠪᠣᠭᠳᠠᠯ ᠪᠦᠬᠦᠢ ᠬᠠᠤᠯᠢ ᠴᠠᠭᠠᠵᠠ ᠲᠦᠷᠢᠮ ᠲᠣᠭᠲᠠᠭᠠᠯ ᠪᠠ | ᠲᠦᠷᠦ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠬᠥᠬᠡᠬᠤᠲᠠ ᠶᠢᠨ ︽ᠳᠠᠪᠤᠰᠤᠨ ᠤ | ᠦᠢᠯᠡᠰ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠦᠯ︾ ᠤᠨ ᠵᠣᠷᠢᠭ ᠰᠠᠨᠠᠭ᠎ᠠ ᠪᠠᠷ᠂ ᠤᠳᠤ ᠶᠢᠨ | ᠬᠡᠷᠡᠭᠵᠢᠭᠦᠯᠵᠦ ᠪᠠᠶᠢᠭ᠎ᠠ ᠳᠠᠪᠤᠰᠤᠨ ᠦᠢᠯᠡᠰ ᠤᠨ ᠬᠠᠮᠢᠶᠠᠷᠤᠯᠲᠠ ᠶᠢᠨ ᠬᠠᠤᠯᠢ ᠲᠣᠭᠲᠠᠭᠠᠯ ᠲᠥᠷᠥ ᠶᠢᠨ | ᠪᠣᠳᠣᠯᠭ᠎ᠠ ᠶᠢ ᠴᠡᠭᠴᠡᠯᠡᠨ᠂ ︽ᠲᠣᠭᠲᠠᠭᠠᠬᠤ᠂ ᠵᠠᠰᠠᠬᠤ᠂ ᠬᠦᠴᠦᠨ ᠦᠭᠡᠢ ᠪᠣᠯᠭᠠᠬᠤ︾ ᠳᠠᠷᠠᠭᠠᠯᠠᠯ ᠶᠣᠰᠣᠭᠠᠷ | ᠰᠠᠨᠠᠭᠤᠯᠭ᠎ᠠ ᠲᠤᠷᠠᠳᠤᠨ᠂ ᠬᠠᠤᠯᠢ ᠲᠣᠭᠲᠠᠭᠠᠯ ᠲᠦᠷᠦ ᠶᠢᠨ ᠪᠤᠳᠤᠯᠭ᠎ᠠ ᠶᠢᠨ ᠰᠢᠰᠲ᠋ᠧᠮ ᠢ ᠲᠡᠭᠦᠯᠳᠡᠷᠵᠢᠭᠦᠯᠬᠦ ᠢ | ᠲᠦᠯᠬᠢᠨ ᠠᠬᠢᠭᠤᠯᠵᠤ᠂ ᠳᠠᠪᠤᠰᠤᠨ ᠦᠢᠯᠡᠰ ᠡᠷᠡᠭᠦᠯ ᠢᠶᠠᠷ ᠬᠥᠭᠵᠢᠬᠦ ᠶᠢ ᠠᠬᠢᠭᠤᠯᠬᠤ ᠬᠡᠷᠡᠭᠲᠡᠶ᠃ ︵ᠰᠢᠶᠠᠨ ᠤ | ᠠᠵᠤ ᠠᠬᠤᠶ ᠪᠠ ᠰᠤᠷᠠᠭ ᠵᠠᠩᠭᠢ ᠵᠢᠨᠲ᠋ᠣᠪᠴᠢᠶ᠎ᠠ ᠪᠠᠷ ᠲᠦᠷᠦᠭᠦᠯᠡᠭᠦᠯᠦᠨ᠂ ᠰᠢᠶᠠᠨ ᠤ ᠬᠥᠭᠵᠢᠭᠦᠯᠦᠯᠲᠡ | ᠥᠭᠡᠷᠡᠴᠢᠯᠡᠯᠲᠡ ᠶᠢᠨ ᠲᠣᠪᠴᠢᠶ᠎ᠠ᠂ ᠬᠠᠤᠯᠢ ᠳᠦᠷᠢᠮ ᠤᠨ ᠠᠵᠢᠯ ᠤᠨ ᠠᠯᠪᠠᠨ ᠭᠡᠷ᠂ ᠢᠳᠡᠭᠡᠨ ᠪᠠ ᠡᠮ ᠤᠨ ᠬᠢᠨᠠᠨ | ᠬᠠᠮᠢᠶᠠᠷᠤᠯᠲᠠ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠲᠣᠪᠴᠢᠶ᠎ᠠ᠂ ᠳᠠᠪᠤᠰᠤᠨ ᠤ | ᠶᠠᠪᠤᠳᠠᠯ ᠤᠨ ᠺᠣᠮᠫᠠᠨᠢ ᠬᠠᠮᠵᠢᠯᠴᠠᠨ᠎ᠠ︶ | ᠲᠠᠪᠤ᠂ ᠤᠳᠤᠷᠢᠳᠤᠯᠭ᠎ᠠ ᠶᠢᠨ ᠵᠤᠬᠢᠶᠠᠨ ᠪᠠᠶᠢᠭᠤᠯᠤᠯᠳᠠ ᠶᠢ ᠴᠢᠩᠭᠠᠳᠬᠠᠵᠤ᠂ ᠥᠭᠡᠷᠡᠴᠢᠯᠡᠯᠲᠡ ᠶᠢᠨ | ᠡᠭᠦᠷᠭᠡ ᠶᠢ ᠨᠠᠶᠢᠳᠠᠪᠤᠷᠢᠵᠢᠭᠤᠯᠬᠤ ᠬᠡᠷᠡᠭᠳᠡᠢ᠃ | ︵ᠠᠷᠪᠠᠨ ᠲᠠᠪᠤ︶ ᠥᠭᠡᠷᠡᠴᠢᠯᠡᠯᠲᠡ ᠶᠢᠨ ᠠᠵᠢᠯ ᠤᠨᠤᠳᠤᠷᠢᠳᠤᠯᠭ᠎ᠠ ᠶᠢᠨ ᠵᠤᠬᠢᠶᠠᠨ ᠪᠠᠶᠢᠭᠤᠯᠤᠯᠳᠠ ᠶᠢ | ᠴᠢᠩᠭᠠᠳᠬᠠᠬᠤ ᠬᠡᠷᠡᠭᠲᠡᠶ᠃ ᠰᠢᠶᠠᠨ ᠤ ᠳᠠᠪᠤᠰᠤᠨ ᠦᠢᠯᠡᠰ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠠᠵᠢᠯ ᠢ | ᠰᠢᠶᠠᠨ ᠤ ᠠᠷᠠᠳ ᠤᠨ ᠵᠠᠰᠠᠭ ᠤᠨ ᠣᠷᠳᠣᠨ ᠠᠴᠠ ᠶᠡᠷᠦᠩᠬᠡᠶ ᠲᠤᠨᠢ ᠬᠠᠷᠢᠭᠤᠴᠠᠵᠤ᠂ ᠰᠢᠶᠠᠨ ᠤ | ᠳᠠᠪᠤᠰᠤᠨ ᠦᠢᠯᠡᠰ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠠᠵᠢᠯ ᠤᠨ ᠤᠳᠤᠷᠢᠳᠬᠤ ᠳᠤᠭᠤᠶᠢᠯᠠᠩ ᠨᠢ | ᠰᠢᠶᠠᠨ ᠤ ᠠᠷᠠᠳ ᠤᠨ ᠵᠠᠰᠠᠭ ᠤᠨ ᠣᠷᠳᠣᠨ ᠤ ᠤᠳᠤᠷᠢᠳᠤᠯᠭ᠎ᠠ ᠶᠢᠨ ᠳᠣᠣᠷ᠎ᠠ ᠥᠷᠨᠢᠭᠦᠯᠵᠦ᠂ ᠪᠦᠬᠦ ᠰᠢᠶᠠᠨ ᠤ | ᠳᠠᠪᠤᠰᠤᠨ ᠦᠢᠯᠡᠰ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠠᠵᠢᠯ ᠢ ᠰᠠᠶᠢᠲᠤᠷ ᠬᠢᠬᠦ ᠬᠡᠷᠡᠭᠲᠡᠶ᠃ ᠢᠳᠡᠰᠢᠨ | ᠳᠠᠪᠤᠰᠤᠨ ᠤ ᠶᠠᠰᠤ ᠴᠢᠨᠠᠷ ᠤᠨ ᠠᠶᠦᠯᠭᠦᠢ ᠪᠠ ᠥᠭᠡᠷᠡᠴᠢᠯᠡᠯᠲᠡ ᠶᠢᠨ ᠠᠬᠢᠴᠠ ᠤᠷᠤᠭᠰᠢᠲᠠᠶ ᠶᠠᠪᠤᠭᠳᠠᠬᠤ ᠶᠢ | ᠪᠡᠶᠡᠯᠡᠭᠦᠯᠬᠦ ᠶᠢᠨ ᠲᠥᠯᠥᠭᠡ᠂ ᠳᠠᠪᠤᠰᠤᠨ ᠦᠢᠯᠡᠰ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠤᠳᠤᠷᠢᠳᠬᠤ | ᠳᠤᠭᠤᠶᠢᠯᠠᠩ ︵ᠳᠣᠷᠣᠭᠰᠢ ᠤᠳᠤᠷᠢᠳᠬᠤ ᠳᠤᠭᠤᠶᠢᠯᠠᠩ ᠭᠡᠵᠦ ᠲᠣᠪᠴᠢᠯᠠᠨ᠎ᠠ︶ ᠪᠠᠶᠢᠭᠤᠯᠤᠭᠳᠠᠪᠠ᠃ | ᠳᠤᠭᠤᠶᠢᠯᠠᠩ ᠤᠨ ᠲᠠᠷᠤᠭ᠎ᠠ᠄ | ᠲᠢᠶᠠᠨ ᠸᠧᠨ ᠭᠧ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ | ᠪᠠᠶᠢᠩᠭᠤ ᠶᠢᠨ ᠳᠡᠳ᠋ ᠳᠠᠷᠤᠭ᠎ᠠ | ᠳᠡᠳ᠋ ᠳᠠᠷᠤᠭ᠎ᠠ᠄ ᠯᠢᠦ ᡁᠢ ᠴᠢᠶᠠᠩ ᠰᠢᠶᠠᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ | ᠭᠡᠰᠢᠭᠦᠨ᠄ | ᠰᠢᠤᠢ ᡁᠢ ᠭᠠᠩ ᠰᠢᠶᠠᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠳᠡᠳ᠋ ᠳᠠᠷᠤᠭ᠎ᠠ | | ᠰᠢᠤᠢ ᠫᠧᠩ ᠰᠢᠶᠠᠨ ᠤ ᠵᠠᠰᠠᠭ ᠤᠨ ᠣᠷᠳᠣᠨ ᠤ ᠠᠯᠪᠠᠨ ᠭᠡᠷ ᠤᠨ ᠳᠡᠳ᠋ ᠡᠷᠬᠢᠯᠡᠭᠴᠢ | ᠵᠠᠩ ᠷᠦᠢ ᠰᠢᠤᠸᠠᠢ ᠰᠢᠶᠠᠨ ᠤ ᠵᠠᠰᠠᠭ ᠤᠨ ᠣᠷᠳᠣᠨ ᠤ ᠰᠢᠪᠳᠠᠭᠤᠯᠤᠨ ᠪᠠᠶᠢᠴᠠᠭᠠᠬᠤ ᠠᠯᠪᠠᠨ ᠭᠡᠷ ᠤᠨ | ᠡᠷᠬᠢᠯᠡᠭᠴᠢ | ᠳ᠋ᠤᠸᠠᠨ ᠱᠧᠩ ᠰᠢᠶᠠᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠲᠣᠪᠴᠢᠶ᠎ᠠ ᠶᠢᠨ ᠲᠣᠪᠴᠢᠶᠠᠨ ᠳᠠᠷᠤᠭ᠎ᠠ | | ᠼᠠᠢ ᠶᠠᠨ ᠿᠦ ᠰᠢᠶᠠᠨ ᠤ ᠠᠵᠤ ᠠᠬᠤᠶ ᠪᠠ ᠰᠤᠷᠠᠭ ᠵᠠᠩᠭᠢ ᠶᠢᠨ ᠲᠣᠪᠴᠢᠶ᠎ᠠ ᠶᠢᠨ ᠲᠣᠪᠴᠢᠶᠠᠨ | ᠳᠠᠷᠤᠭ᠎ᠠ | ᠯᠦ ᠢᠦᠢ ᠵᠦᠩ ᠰᠢᠶᠠᠨ ᠤ ᠡᠳ᠋ ᠤᠨ ᠵᠠᠰᠠᠭ ᠤᠨ ᠲᠣᠪᠴᠢᠶᠠᠨ ᠤ ᠳᠠᠷᠤᠭ᠎ᠠ | ᠴᠧᠨ ᠴᠢᠶᠦ᠋ᠩ ᠰᠢᠶᠠᠨ ᠳᠤ ᠣᠷᠣᠨ ᠲᠣᠭᠠᠨ ᠤ ᠠᠯᠪᠠᠨ ᠭᠡᠷ ᠤᠨᠡᠷᠬᠢᠯᠡᠭᠴᠢ | ᠵᠤᠤ ᠱᠧᠩ ᠯᠢ ᠰᠢᠶᠠᠨ ᠤ ᠬᠥᠮᠦᠨ ᠤ ᠬᠦᠴᠤᠨ ᠤ ᠡᠬᠢ ᠪᠠᠶᠠᠯᠢᠭ ᠪᠤᠯᠤᠨᠨᠡᠶᠢᠭᠡᠮ ᠤᠨ ᠪᠠᠲᠤᠯᠠᠭᠠᠨ ᠤ | ᠲᠣᠪᠴᠢᠶᠠᠨ ᠤ ᠲᠣᠪᠴᠢᠶᠠᠨ ᠳᠠᠷᠤᠭ᠎ᠠ | ᠵᠠᠩ ᠭᠦᠸᠧ ᠵᠢᠶᠦ᠋ᠨ ᠰᠢᠶᠠᠨ ᠤ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ ᠶᠢᠨ | ᠲᠣᠪᠴᠢᠶᠠᠨ ᠳᠠᠷᠤᠭ᠎ᠠ | ᠸᠠᠩ ᠰᠢᠶᠤᠤ ᠰᠢᠶᠠ ᠰᠢᠶᠠᠨ ᠤ ᠡᠷᠡᠭᠦᠯ ᠬᠠᠮᠠᠭᠠᠯᠠᠯ ᠲᠦᠯᠦᠪᠯᠡᠯᠭᠡᠳᠤ ᠦᠷᠡᠵᠢᠯ ᠦᠨᠲ᠋ᠣᠪᠴᠢᠶᠠ ᠶᠢᠨ | ᠲᠣᠪᠴᠢᠶᠠᠨ ᠳᠠᠷᠤᠭ᠎ᠠ | ᠭᠦᠩ ᠸᠧᠢ ᠪᠢᠩ ᠰᠢᠶᠠᠨ ᠤ ᠢᠳᠡᠭᠡᠨ ᠪᠠ ᠡᠮ ᠤᠨ ᠵᠦᠢᠯ ᠤᠨ ᠬᠢᠨᠠᠨ ᠬᠠᠮᠢᠶᠠᠷᠤᠯᠳᠠ ᠵᠢᠨᠲ᠋ᠣᠪᠴᠢᠶᠠᠨ ᠤ | ᠲᠣᠪᠴᠢᠶᠠᠨ ᠳᠠᠷᠤᠭ᠎ᠠ | ᠯᠦ ᠭᠧᠨ ᠱᠤᠸᠠᠨ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠡᠳ᠋ ᠳᠠᠷᠤᠭ᠎ᠠ | ᠸᠠᠩ ᠢᠦᠢ ᠫᠢᠩ ᠰᠢᠶᠠᠨ ᠤ ᠳᠠᠪᠤᠰᠤᠨ ᠤ ᠶᠠᠪᠤᠳᠠᠯ ᠤᠨ ᠲᠣᠪᠴᠢᠶᠠᠨ ᠤ ᠳᠠᠷᠤᠭ᠎ᠠ | ᠬᠠᠨ ᠢᠦᠢ ᠰᠢᠶᠠᠨ ᠤ ᠵᠠᠰᠠᠭ ᠤᠨ ᠣᠷᠳᠣᠨ ᠤ ᠬᠠᠤᠯᠢ ᠲᠦᠷᠢᠮ ᠤᠨ ᠠᠵᠢᠯ ᠤᠨ ᠠᠯᠪᠠᠨ ᠬᠡᠷ ᠤᠨ | ᠬᠠᠷᠢᠭᠤᠴᠠᠯᠭᠠᠲᠠᠨ | ᠤᠳᠤᠷᠢᠳᠬᠤ ᠳᠤᠭᠤᠶᠢᠯᠠᠩ ᠤᠨ ᠠᠯᠪᠠᠨ ᠭᠡᠷ ᠶᠢ ᠰᠢᠶᠠᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ | ᠲᠣᠪᠴᠢᠶ᠎ᠠ ᠳᠤ ᠪᠠᠶᠢᠷᠢᠯᠠᠭᠤᠯᠵᠤ᠂ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠳ᠋ᠤᠸᠠᠨ ᠱᠧᠩ ᠨᠥᠬᠦᠷ | ᠬᠠᠪᠰᠤᠷᠭᠠᠨ ᠬᠠᠷᠢᠭᠤᠴᠠᠵᠤ᠂ ᠳᠠᠪᠤᠰᠤᠨ ᠦᠢᠯᠡᠰ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠠᠵᠢᠯ ᠢ | ᠨᠢᠭᠡᠳᠦᠯᠲᠡᠶ ᠲᠥᠯᠥᠪᠵᠢᠭᠦᠯᠦᠨ ᠵᠣᠬᠢᠴᠠᠭᠤᠯᠬᠤ ᠶᠠᠪᠤᠳᠠᠯ ᠢ ᠪᠦᠬᠦ ᠲᠠᠯ᠎ᠠ ᠪᠠᠷ ᠬᠠᠷᠢᠭᠤᠴᠠᠵᠤ᠂ ᠴᠢᠬᠤᠯᠠ ᠶᠡᠭᠡ | ᠠᠰᠠᠭᠤᠳᠠᠯ ᠢ ᠴᠠᠭ ᠲᠤᠬᠠᠶ ᠳᠤᠨᠢ ᠰᠢᠶᠠᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠬᠦ ᠬᠡᠷᠡᠭᠲᠡᠶ᠃ | ︵ᠠᠷᠪᠠᠨ ᠵᠢᠷᠭᠤᠭ᠎ᠠ︶ ᠰᠢᠯᠵᠢᠯᠲᠡ ᠶᠢᠨ ᠦᠶ᠎ᠡ ᠶᠢᠨ ᠥᠭᠡᠷᠡᠴᠢᠯᠡᠯᠲᠡ ᠶᠢ ᠠᠯᠬᠤᠮ ᠬᠤᠪᠢᠶᠠᠨ | ᠬᠡᠷᠡᠭᠵᠢᠭᠦᠯᠬᠦ ᠬᠡᠷᠡᠭᠲᠡᠶ᠃ 2017 ᠤᠨ ᠤ 1 ᠰᠠᠷ᠎ᠠ ᠶᠢᠨ 1 ᠡᠳᠤᠷ ᠠᠴᠠ ᠡᠬᠢᠯᠡᠵᠦ᠂ ᠪᠣᠶ ᠪᠥᠬᠦᠶ ᠳᠠᠪᠤᠰᠤᠨ | ᠦᠢᠯᠡᠳᠭᠦᠨ ᠤ ᠦᠨ᠎ᠡ ᠶᠢ ᠴᠢᠯᠥᠭᠡᠲᠡᠶ ᠪᠠᠶᠢᠯᠭᠠᠵᠤ᠂ ᠢᠳᠡᠰᠢᠨ ᠳᠠᠪᠤᠰᠤᠨ ᠤ ᠲᠡᠭᠡᠭᠡᠪᠦᠷᠢ ᠶᠢᠨ ᠵᠥᠪᠰᠢᠶᠡᠷᠡᠯ ᠤᠨ | ᠦᠨᠡᠮᠯᠡᠯ ᠢ ᠬᠦᠴᠦᠨ ᠦᠭᠡᠢ ᠪᠣᠯᠭᠠᠬᠤ᠂ ᠤᠳᠤᠬᠢ ᠨᠡᠷᠡᠯᠡᠨ ᠲᠤᠭᠳᠠᠭᠠᠭᠰᠠᠨ ᠢᠳᠡᠰᠢᠨ ᠳᠠᠪᠤᠰᠤᠨ ᠤ | ᠦᠢᠯᠡᠳᠪᠦᠷᠢᠯᠡᠬᠦ ᠠᠵᠤ ᠠᠬᠤᠶᠢᠯᠠᠯ ᠭᠦᠢᠴᠡᠳᠬᠡᠬᠦ ᠵᠢᠷᠤᠮ ᠳᠤ ᠤᠷᠤᠭᠰᠠᠨ ᠤ ᠳᠠᠷᠠᠭ᠎ᠠ᠂ ᠥᠪᠡᠷ ᠤᠨ ᠨᠡᠷᠡᠳᠤ | ᠳᠡᠮᠳᠡᠭ ᠢᠶᠠᠷ ᠵᠶ᠋ᠡᠨᠬᠦ᠋ᠢᠯᠭᠡᠭᠡ ᠪᠠ ᠪᠣᠷᠣᠯᠠᠭᠤᠯᠤᠯᠲᠠ ᠶᠢᠨ ᠬᠦᠷᠢᠶᠡᠨ ᠳᠤ ᠤᠷᠤᠵᠤ ᠪᠤᠯᠤᠨ᠎ᠠ᠂ ᠢᠳᠡᠰᠢᠨ | ᠳᠠᠪᠤᠰᠤ ᠶᠢ ᠪᠥᠭᠡᠮ ᠢᠶᠠᠷ ᠬᠤᠳᠠᠯᠳᠤᠬᠤ ᠠᠵᠤ ᠠᠬᠤᠶᠢᠯᠠᠯ ᠨᠢ ᠭᠦᠢᠴᠡᠳᠬᠡᠬᠦ ᠵᠢᠷᠤᠮ ᠤᠷᠤᠭᠰᠠᠨ ᠵᠶ᠋ᠡᠨᠮᠡᠳᠡᠭᠳᠡᠭᠰᠡᠨ | ᠤ ᠳᠠᠷᠠᠭ᠎ᠠ᠂ ᠣᠷᠣᠨ ᠠᠯᠤᠰᠯᠠᠭᠰᠠᠨ ᠡᠵᠡᠩᠨᠡᠯᠲᠡ ᠥᠷᠨᠢᠭᠦᠯᠵᠦ ᠪᠣᠯᠤᠨ᠎ᠠ᠃ ᠬᠦᠴᠦᠨ ᠲᠠᠢ ᠬᠤᠭᠤᠴᠠᠭ᠎ᠠ ᠨᠢ | 2018 ᠤᠨ ᠤ 12 ᠰᠠᠷ᠎ᠠ ᠶᠢᠨ 31 ᠡᠳᠤᠷ ᠪᠤᠯᠳᠠᠯ᠎ᠠ ᠤᠷᠳᠤᠳᠬᠠᠨ᠎ᠠ᠃ 2018 ᠤᠨ ᠤ 1 ᠰᠠᠷ᠎ᠠ ᠶᠢᠨ 1 | ᠡᠳᠤᠷ ᠠᠴᠠ ᠡᠬᠢᠯᠡᠵᠦ᠂ ᠤᠳᠤ ᠪᠠᠶᠢᠭ᠎ᠠ ᠢᠳᠡᠰᠢᠨ ᠳᠠᠪᠤᠰᠤ ᠪᠥᠭᠡᠮ ᠢᠶᠠᠷ ᠬᠤᠳᠠᠯᠳᠤᠬᠤ ᠠᠵᠤ ᠠᠬᠤᠶᠢᠯᠠᠯ ᠰᠢᠨ᠎ᠡ | ᠲᠣᠭᠲᠠᠭᠠᠯ ᠶᠣᠰᠣᠭᠠᠷ ᠵᠥᠪᠰᠢᠶᠡᠷᠡᠯ ᠭᠤᠶᠤᠴᠢᠯᠠᠵᠤ᠂ ᠵᠥᠪᠰᠢᠶᠡᠷᠡᠯ ᠤᠨ ᠬᠡᠪᠴᠢᠶ᠎ᠡ ᠶᠢ ᠦᠨᠳᠦᠰᠦᠯᠡᠨ ᠵᠣᠬᠢᠴᠠᠩᠭᠤᠶ | ᠡᠵᠡᠩᠨᠡᠯᠲᠡ ᠶᠢᠨ ᠠᠵᠢᠯᠯᠠᠭ᠎ᠠ ᠡᠷᠭᠢᠯᠡᠵᠦ ᠪᠣᠯᠤᠨ᠎ᠠ᠃ ︵ᠰᠢᠶᠠᠨ ᠤ ᠠᠵᠤ ᠠᠬᠤᠶ ᠪᠠ ᠰᠤᠷᠠᠭ ᠵᠠᠩᠭᠢ ᠶᠢᠨ | ᠲᠣᠪᠴᠢᠶ᠎ᠠ ᠪᠠᠷ ᠲᠦᠷᠦᠭᠦᠯᠡᠭᠦᠯᠦᠨ᠂ ᠰᠢᠶᠠᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠲᠣᠪᠴᠢᠶ᠎ᠠ᠂ ᠢᠳᠡᠭᠡᠨ ᠪᠠ | ᠡᠮ ᠤᠨ ᠵᠦᠢᠯ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ᠂ ᠬᠠᠤᠯᠢ ᠳᠦᠷᠢᠮ ᠤᠨ ᠠᠵᠢᠯ ᠤᠨ ᠠᠯᠪᠠᠨ ᠭᠡᠷ᠂ | ᠳᠠᠪᠤᠰᠤᠨ ᠶᠠᠪᠤᠳᠠᠯ ᠤᠨ ᠺᠣᠮᠫᠠᠨᠢ ᠬᠠᠮᠵᠢᠯᠴᠠᠨ᠎ᠠ︶ | ︵ᠠᠷᠪᠠᠨ ᠲᠤᠯᠤᠭ᠎ᠠ︶ ᠠᠵᠢᠯ ᠤᠨ ᠬᠠᠷᠢᠭᠤᠴᠠᠯᠭ᠎ᠠ ᠶᠢ ᠦᠨᠡᠨᠬᠦ ᠨᠠᠶᠢᠳᠠᠪᠤᠷᠢᠵᠢᠭᠤᠯᠬᠤ ᠬᠡᠷᠡᠭᠲᠡᠶ᠃ | ᠵᠠᠰᠠᠭ ᠤᠨ ᠣᠷᠳᠣᠨ ᠠᠴᠠ ᠢᠳᠡᠰᠢᠨ ᠳᠠᠪᠤᠰᠤ ᠨᠥᠭᠡᠴᠡᠯᠡᠬᠦ᠂ ᠶᠠᠳᠠᠭᠤ ᠬᠦᠴᠢᠷᠳᠡᠯᠲᠡᠶ ᠭᠠᠵᠠᠷ ᠣᠷᠣᠨ ᠪᠣᠯᠤᠨ | ᠠᠵᠤ ᠠᠬᠤᠶ ᠬᠥᠭᠵᠢᠭᠡᠳᠦᠶ ᠬᠢᠯᠢ ᠬᠢᠵᠠᠭᠠᠷ ᠤᠨ ᠦᠨᠳᠦᠰᠦᠲᠡᠨ ᠤ ᠭᠠᠵᠠᠷ ᠣᠷᠣᠨ ᠳᠤ ᠢᠤᠳ᠋ᠵᠢᠭᠤᠯᠤᠭᠰᠠᠨ | ᠳᠠᠪᠤᠰᠤ ᠬᠠᠩᠭᠠᠬᠤ ᠡᠳ᠋ ᠤᠨ ᠵᠠᠰᠠᠭ ᠤᠨ ᠨᠥᠬᠦᠪᠥᠷᠢ ᠥᠭᠬᠦ ᠵᠡᠷᠭᠡ ᠠᠵᠢᠯ ᠢ ᠰᠠᠶᠢᠲᠤᠷ ᠲᠣᠬᠢᠷᠠᠭᠤᠯᠵᠤ᠂ | ᠲᠥᠷᠥ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠶᠢ ᠱᠠᠯᠠᠪᠳᠠᠨ ᠲᠣᠭᠲᠠᠭᠠᠵᠤ᠂ ᠬᠠᠷᠢᠯᠴᠠᠨ ᠬᠠᠮᠵᠢᠯᠴᠠᠬᠤ ᠬᠠᠮᠲᠤᠷᠠᠨ | ᠬᠥᠳᠡᠯᠦᠯᠴᠡᠬᠦ ᠲᠣᠭᠲᠠᠴᠠ ᠶᠢ ᠪᠠᠶᠢᠭᠤᠯᠵᠤ᠂ ᠬᠢᠨᠠᠯᠲᠠ ᠬᠠᠮᠢᠶᠠᠷᠤᠯᠲᠠ ᠶᠢᠨ ᠨᠡᠶᠢᠯᠡᠯ ᠬᠦᠴᠦᠨ ᠢ ᠪᠤᠢ ᠪᠣᠯᠭᠠᠬᠤ | ᠬᠡᠷᠡᠭᠲᠡᠶ᠃ |