ᠵᠠᠰᠠᠭ ᠤᠨ ᠤᠷᠳᠤᠨ ᠤ ᠠᠯᠪᠠᠨ ᠭᠡᠷ
ᠨᠡᠶᠢᠲᠡᠯᠡᠭᠰᠡᠨ ᠴᠠᠭ᠄
2018-04-25
     ᠰᠢᠶᠠᠨ ᠤ ᠵᠠᠰᠠᠭ ᠤᠨ ᠤᠷᠳᠤᠨ ᠤ ᠠᠯᠪᠠᠨ ᠭᠡᠷ ᠪᠣᠯ ᠰᠢᠶᠠᠨ ᠤ ᠵᠠᠰᠠᠭ ᠤᠨ ᠤᠷᠳᠤᠨ ᠤ ᠶᠡᠷᠦᠩᠭᠡᠶᠢᠯᠡᠭᠰᠡᠨ ᠬᠡᠷᠡᠭ ᠡᠷᠬᠢᠯᠡᠬᠦ ᠪᠠᠶᠢᠭᠤᠯᠤᠮᠵᠢ ᠪᠤᠯᠣᠨ᠎ᠠ᠃ ᠭᠤᠣᠯ ᠡᠭᠦᠷᠭᠡ ᠬᠠᠷᠢᠭᠤᠴᠠᠯᠭ᠎ᠠ ᠪᠣᠯ᠄      ᠨᠢᠭᠡ᠂ ᠨᠠᠮ ᠤᠨ ᠱᠤᠭᠤᠮ᠂ ᠴᠢᠭᠯᠡᠯᠳᠡ᠂ ᠲᠥᠷᠦ ᠶᠢᠨ ᠪᠣᠳᠤᠯᠭ᠎ᠠ ᠪᠠ ᠤᠯᠤᠰ ᠤᠨ ᠬᠠᠤᠯᠢ ᠴᠠᠭᠠᠵᠠ᠂ ᠬᠠᠤᠯᠢ ᠲᠤᠭᠳᠠᠭᠠᠯ᠂ ᠳᠦᠷᠢᠮ ᠲᠤᠭᠳᠠᠭᠠᠯ᠂ ᠲᠡᠭᠡᠳᠤ ᠱᠠᠳᠤᠨ ᠤ ᠨᠠᠮ ᠤᠨ ᠬᠤᠷᠢᠶ᠎ᠡ ᠵᠠᠰᠠᠭ ᠤᠨ ᠤᠷᠳᠤᠨ ᠤ ᠠᠵᠢᠯ ᠤᠨ ᠪᠠᠶᠢᠷᠢᠯᠠᠭᠤᠯᠤᠯᠳᠠ ᠶᠢ ᠨᠠᠶᠢᠳᠠᠪᠤᠷᠢᠵᠢᠭᠤᠯᠵᠤ᠂ ᠰᠢᠶᠠᠨ ᠤ  ᠨᠠᠮ ᠤᠨ ᠬᠤᠷᠢᠶ᠎ᠡ᠂ ᠰᠢᠶᠠᠨ ᠤ ᠵᠠᠰᠠᠭ ᠤᠨ ᠤᠷᠳᠤᠨ ᠳᠤ ᠴᠠᠭ ᠲᠤᠬᠠᠢ ᠳᠤ ᠨᠢ ᠪᠠᠶᠢᠳᠠᠯ ᠢ ᠮᠡᠳᠡᠭᠳᠡᠵᠦ᠂ ᠰᠠᠨᠠᠭᠤᠯᠤᠮᠵᠢ ᠲᠤᠷᠠᠳᠤᠨ᠎ᠠ᠃      ᠬᠤᠶᠡᠷ᠂ ᠰᠢᠶᠠᠨ ᠤ ᠵᠠᠰᠠᠭ ᠤᠨ ᠤᠷᠳᠤᠨ ᠤ ᠡᠯ᠎ᠡ ᠰᠠᠯᠠᠭ᠎ᠠ ᠮᠦᠴᠢᠷ ᠤᠨ ᠠᠵᠢᠯ ᠤᠨ ᠪᠠᠶᠢᠳᠠᠯ ᠢ ᠦᠢᠯᠠᠭᠠᠬᠤ ᠪᠠ ᠡᠵᠡᠮᠰᠢᠬᠦ᠂ ᠰᠢᠶᠠᠨ ᠤ  ᠵᠠᠰᠠᠭ ᠤᠨ ᠤᠷᠳᠤᠨ ᠲᠠᠢ ᠨᠡᠪᠳᠡᠷᠡᠯᠴᠡᠬᠦ ᠬᠠᠷᠢᠶ᠎ᠡ ᠪᠠᠶᠢᠭᠤᠯᠭ᠎ᠠ ᠪᠠ ᠡᠯ᠎ᠡ ᠰᠢᠶᠡᠩ ᠪᠠᠯᠭᠠᠰᠤ ᠶᠢᠨ ᠠᠷᠠᠳ ᠤᠨ ᠵᠠᠰᠠᠭ ᠤᠨ ᠤᠷᠳᠤᠨ ᠤ ᠬᠤᠭᠤᠷᠤᠠᠳᠤᠬᠢ ᠲᠡᠭᠡᠳᠤ ᠲᠤᠤᠷᠠᠳᠤ ᠱᠠᠳᠤᠨ ᠤ ᠬᠤᠭᠤᠷᠤᠠᠳᠤᠬᠢ ᠬᠠᠷᠢᠯᠴᠠᠭ᠎ᠠ᠂ ᠡᠯ᠎ᠡ ᠬᠤᠯᠪᠤᠭᠳᠠᠯ ᠪᠦᠬᠦᠢ ᠰᠠᠯᠠᠭ᠎ᠠ ᠮᠦᠴᠢᠷ ᠲᠠᠢ ᠬᠠᠮᠵᠢᠯᠴᠠᠨ᠂ ᠬᠠᠮᠳᠤ ᠪᠠᠷ ᠰᠢᠶᠠᠨ ᠤ ᠵᠠᠰᠠᠭ ᠤᠨ ᠤᠷᠳᠤᠨ ᠤ ᠤᠳᠤᠷᠢᠳᠤᠯᠭ᠎ᠠ ᠶᠢᠨ ᠰᠢᠢᠳᠪᠦᠷᠢᠳᠤ ᠪᠣᠳᠤᠯᠭ᠎ᠠ ᠲᠤᠭᠳᠠᠭᠠᠬᠤ ᠳᠤ ᠦᠢᠯᠡᠴᠢᠯᠡᠬᠦ ᠬᠡᠷᠡᠭᠳᠡᠢ᠃ ᠰᠢᠶᠠᠨ ᠤ  ᠵᠠᠰᠠᠭ ᠤᠨ ᠤᠷᠳᠤᠨ ᠤ ᠡᠯ᠎ᠡ ᠵᠦᠢᠯ ᠤᠨ ᠰᠢᠢᠳᠪᠦᠷᠢᠳᠤ ᠪᠣᠳᠤᠯᠭ᠎ᠠ ᠶᠢ ᠨᠠᠶᠢᠳᠠᠪᠤᠷᠢᠵᠢᠭᠤᠯᠬᠤ ᠬᠡᠷᠡᠭᠳᠡᠢ᠃      ᠭᠤᠷᠪᠠ᠂ ᠰᠢᠶᠠᠨ ᠤ ᠵᠠᠰᠠᠭ ᠤᠨ ᠤᠷᠳᠤᠨ ᠤ ᠤᠳᠤᠷᠢᠳᠬᠤ ᠱᠠᠭᠠᠷᠳᠠᠯᠭ᠎ᠠ ᠶᠢ ᠦᠠᠳᠦᠰᠦᠯᠠᠨ᠂ ᠰᠢᠶᠠᠨ ᠤ  ᠵᠠᠰᠠᠭ ᠤᠨ ᠤᠷᠳᠤᠨ ᠤ ᠠᠵᠢᠯ ᠢ ᠲᠤᠬᠢᠷᠠᠭᠤᠯᠵᠤ᠂ ᠠᠵᠢᠯ ᠤᠨ ᠳ᠋ᠦᠩᠨᠠᠯᠳᠠ᠂ ᠬᠤᠷᠠᠯ ᠤᠨ ᠶᠠᠷᠢᠶ᠎ᠡ᠂ ᠠᠵᠢᠯ ᠤᠨ ᠮᠡᠳᠡᠭᠦᠯᠦᠯᠲᠡ ᠶᠢ ᠬᠠᠷᠢᠭᠤᠴᠠᠭᠤᠯᠵᠤ ᠲᠤᠭᠤᠷᠪᠢᠨ ᠪᠢᠴᠢᠬᠦ᠃ ᠰᠢᠶᠠᠨ ᠤ ᠵᠠᠰᠠᠭ ᠤᠨ ᠤᠷᠳᠤᠨ ᠤ ᠠᠯᠪᠠᠨ ᠭᠡᠷ ᠤᠨ ᠨᠡᠷ᠎ᠡ ᠪᠠᠷ ᠨᠠᠶᠢᠷᠠᠭᠤᠯᠤᠨ ᠲᠠᠷᠬᠠᠭᠠᠭᠰᠠᠨ ᠪᠢᠴᠢᠭ ᠮᠠᠲ᠋ᠧᠷᠢᠶᠡᠯ ᠪᠠ ᠬᠤᠯᠪᠤᠭᠳᠠᠯ ᠪᠦᠬᠦᠢ ᠮᠠᠲ᠋ᠧᠷᠢᠶᠡᠯ ᠢ ᠲᠤᠭᠤᠷᠪᠢᠨ ᠪᠢᠴᠢᠬᠦ ᠪᠣᠶᠤ ᠬᠢᠨᠡᠨ ᠬᠠᠷᠭᠤᠭᠤᠯᠬᠤ᠂ ᠲᠡᠭᠡᠳᠦ ᠱᠠᠳᠤᠨ ᠤ ᠪᠠᠭᠤᠯᠭᠠᠬᠤ ᠪᠠ ᠲᠤᠤᠷᠠᠳᠤ ᠱᠠᠳᠤᠨ ᠤ ᠳᠡᠭᠡᠭᠰᠢ ᠮᠡᠳᠡᠭᠦᠯᠬᠦ ᠡᠯ᠎ᠡ ᠲᠦᠷᠥᠯ ᠤᠨ ᠠᠯᠪᠠᠨ ᠪᠢᠴᠢᠭ ᠢ ᠰᠢᠢᠳᠪᠦᠷᠢᠯᠡᠬᠦ ᠬᠡᠷᠡᠭᠳᠡᠢ᠃      ᠲᠥᠷᠪᠡ᠂ ᠰᠢᠶᠠᠨ ᠤ ᠵᠠᠰᠠᠭ ᠤᠨ ᠤᠷᠳᠤᠨ ᠤ ᠪᠦᠬᠦᠳᠠ ᠬᠤᠷᠠᠯᠳᠤᠭᠠᠨ ᠪᠠᠶᠢᠩᠭᠤ ᠶᠢᠨ ᠬᠤᠷᠠᠯ᠂ ᠰᠢᠶᠠᠨ ᠤ  ᠲᠠᠷᠤᠭ᠎ᠠ ᠨᠠᠷ ᠤᠨ ᠠᠵᠢᠯ ᠤᠨ ᠬᠤᠷᠠᠯ ᠪᠣᠯᠤᠨ‌‍ᠰᠢᠶᠠᠨ ᠤ ᠵᠠᠰᠠᠭ ᠤᠨ ᠤᠷᠳᠤᠨ ᠤ ᠨᠡᠷ᠎ᠠ ᠪᠠᠷ ᠬᠤᠷᠠᠯᠳᠤᠭᠰᠠᠨ ᠡᠯ᠎ᠡ ᠵᠦᠢᠯ ᠤᠨ ᠬᠤᠷᠠᠯ ᠤᠨ ᠵᠤᠬᠢᠶᠠᠨ ᠪᠠᠶᠢᠭᠤᠯᠤᠯᠳᠠ ᠶᠢᠨ ᠠᠵᠢᠯ᠂ ᠬᠤᠷᠠᠯ ᠤᠨ ᠲᠤᠪᠴᠢ ᠲᠡᠮᠳᠡᠭᠯᠡᠯ ᠡᠮᠬᠢᠳᠬᠡᠬᠦ ᠶᠢ ᠬᠠᠷᠢᠭᠤᠴᠠᠨ᠎ᠠ᠃      ᠲᠠᠪᠤ᠂ ᠡᠯ᠎ᠡ ᠲᠥᠷᠦᠯ ᠤᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠴᠤᠭᠯᠠᠭᠤᠯᠬᠤ᠂ ᠡᠮᠬᠢᠳᠬᠡᠬᠦ᠂ ᠳᠠᠮᠵᠢᠭᠤᠯᠬᠤ ᠠᠵᠢᠯ︔ ᠰᠢᠶᠠᠨ ᠤ ᠵᠠᠰᠠᠭ ᠤᠨ ᠤᠷᠳᠤᠨ ᠤ ᠭᠤᠣᠯ ᠠᠵᠢᠯ ᠲᠠᠢ ᠤᠶᠠᠯᠳᠤᠭᠤᠯᠬᠤ ᠪᠠ ᠰᠢᠶᠠᠨ ᠤ  ᠤᠳᠤᠷᠢᠳᠤᠯᠭ᠎ᠠ ᠶᠢᠨ ᠱᠠᠭᠠᠷᠳᠠᠯᠭ᠎ᠠ ᠪᠠᠷ ᠪᠠᠶᠢᠴᠠᠭᠠᠨ ᠰᠤᠳᠤᠯᠤᠯᠳᠠ ᠬᠡᠵᠤ᠂ ᠤᠷᠤᠰᠢᠵᠤ ᠪᠠᠶᠢᠭ᠎ᠠ ᠠᠰᠠᠭᠤᠳᠠᠯ ᠳᠤ ᠳ᠋ᠦᠩᠨᠠᠯᠳᠠ ᠵᠠᠳᠠᠯᠤᠯᠳᠠ ᠬᠢᠵᠤ᠂ ᠤᠳᠤᠷᠢᠳᠤᠯᠭ᠎ᠠ ᠶᠢᠨ ᠰᠢᠢᠳᠪᠦᠷᠢᠳᠤ ᠪᠣᠳᠤᠯᠭ᠎ᠠ ᠲᠤᠭᠳᠠᠭᠠᠬᠤ ᠳᠤ ᠦᠢᠯᠡᠴᠢᠯᠠᠨ᠎ᠠ ᠃        ᠵᠢᠷᠭᠤᠭ᠎ᠠ᠂ ᠪᠦᠬᠦ ᠰᠢᠶᠠᠨ ᠤ  ᠤ ᠵᠠᠰᠠᠭ ᠤᠨ ᠤᠷᠳᠤᠨ ᠤ ᠰᠢᠰᠲ᠋ᠧᠮ ᠤᠨ ᠪᠥᠬᠦ ᠲᠠᠯ᠎ᠠ ᠶᠢᠨ ᠠᠵᠢᠯ ᠬᠠᠷᠠᠯᠲᠠ ᠶᠢ ᠲᠤᠭᠳᠠᠭᠠᠵᠤ᠂ ᠬᠢᠨᠠᠨ ᠬᠠᠷᠭᠤᠭᠤᠯᠬᠤ᠂ ᠳ᠋ᠦᠩᠨᠠᠬᠦ᠂ ᠬᠡᠷᠡᠭᠵᠢᠭᠦᠯᠬᠦ ᠠᠵᠢᠯ ᠪᠠ ᠨᠠᠶᠢᠳᠠᠪᠤᠷᠢᠵᠢᠭᠤᠯᠬᠤ ᠠᠵᠢᠯ ᠢ ᠬᠢᠨᠡᠨ ᠪᠠᠶᠢᠴᠠᠭᠠᠵᠤ ᠬᠠᠷᠢᠭᠤᠴᠠᠨ᠎ᠠ᠃ ᠡᠯ᠎ᠡ ᠰᠢᠶᠡᠩ ᠪᠠᠯᠭᠠᠰᠤ ᠶᠢᠨ ᠵᠠᠰᠠᠭ ᠤᠨ ᠤᠷᠳᠤᠨ ᠪᠠ ᠬᠤᠰᠢᠭᠤᠨ ᠵᠠᠰᠠᠭ ᠤᠨ ᠤᠷᠳᠤᠨ ᠤ ᠡᠯ᠎ᠡ ᠰᠠᠯᠠᠭ᠎ᠠ ᠮᠦᠴᠢᠷ ᠤᠨ ᠲᠥᠷᠦ ᠶᠢᠨ ᠶᠠᠪᠤᠳᠠᠯ ᠤᠨ ᠬᠤᠷᠢᠶ᠎ᠡ᠂ ᠬᠤᠳᠠ᠂ ᠰᠢᠶᠠᠨ ᠤ  ᠵᠠᠰᠠᠭ ᠤᠨ ᠤᠷᠳᠤᠨ ᠤ ᠴᠢᠬᠤᠯᠡ ᠪᠢᠴᠢᠭ ᠮᠠᠲ᠋ᠧᠷᠢᠶᠡᠯ᠂ ᠲᠤᠭᠳᠠᠭᠠᠭᠰᠠᠨ ᠵᠦᠢᠯ᠂ ᠤᠳᠤᠷᠢᠳᠤᠯᠭ᠎ᠠ ᠶᠢᠨ ᠴᠤᠬᠤᠪᠤᠷᠢᠯᠠᠨ ᠰᠢᠢᠳᠪᠦᠷᠢᠯᠡᠬᠦ ᠶᠢ ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ ᠢ ᠬᠢᠨᠠᠨ ᠪᠠᠶᠢᠴᠠᠭᠠᠬᠤ᠃      ᠲᠤᠯᠤᠭ᠎ᠠ᠂ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠵᠦᠪᠯᠡᠯᠬᠡ᠂ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠲᠦᠯᠦᠬᠡᠯᠡᠭᠴᠢᠳ ᠤᠨ ᠰᠠᠨᠠᠭᠠᠤᠯᠭ᠎ᠠ ᠪᠣᠯᠤᠨ ᠤᠯᠤᠰ ᠲᠥᠷᠦ ᠶᠢᠨ ᠵᠦᠪᠯᠡᠯᠭᠡᠨ ᠤ ᠰᠠᠨᠠᠯ ᠲᠤᠷᠠᠳᠤᠯᠭ᠎ᠠ ᠶᠢ ᠰᠢᠢᠳᠪᠤᠶᠢᠯᠡᠬᠦ ᠠᠵᠢᠯ ᠢ ᠵᠤᠬᠢᠶᠠᠨ ᠪᠠᠶᠢᠭᠤᠯᠤᠨ ᠵᠤᠬᠢᠴᠠᠭᠤᠯᠵᠤ᠂ ᠬᠢᠨᠠᠨ ᠪᠠᠶᠢᠴᠠᠭᠠᠨ᠎ᠠ᠃      ᠨᠠᠢᠮᠠ᠂ ᠰᠢᠶᠠᠨ ᠤ ᠵᠠᠰᠠᠭ ᠤᠨ ᠤᠷᠳᠤᠨ ᠤ ᠬᠠᠤᠯᠢ ᠳᠦᠷᠢᠮ ᠤᠨ ᠠᠵᠢᠯ ᠪᠠ ᠵᠠᠰᠠᠭ ᠵᠠᠬᠢᠷᠭᠠᠨ ᠤ ᠲᠠᠬᠢᠨ ᠵᠦᠪᠯᠡᠬᠦ ᠠᠵᠢᠯ ᠢ ᠬᠠᠷᠢᠭᠤᠴᠠᠨ᠎ᠠ᠃     ᠶᠢᠰᠤ᠂ ᠰᠢᠶᠠᠨ ᠤ ᠨᠠᠮ ᠤᠨ ᠬᠤᠷᠢᠶ᠎ᠡ᠂ ᠰᠢᠶᠠᠨ ᠤ ᠵᠠᠰᠠᠭ ᠤᠨ ᠤᠷᠳᠤᠨ ᠤ ᠲᠠᠷᠬᠠᠭᠠᠭᠰᠠᠨ ᠡᠯ᠎ᠡ ᠲᠥᠷᠦᠯ ᠤᠨ ᠪᠢᠴᠢᠭ ᠮᠠᠲ᠋ᠧᠷᠢᠶᠡᠯ ᠢ ᠮᠤᠩᠭᠤᠯᠴᠢᠯᠠᠬᠤ ᠪᠠ ᠡᠬᠡ ᠪᠢᠴᠢᠭ ᠬᠢᠨᠠᠨᠬᠤ ᠠᠵᠢᠯ ᠢ ᠬᠠᠷᠢᠭᠤᠴᠠᠨ᠎ᠠ᠃      ᠠᠷᠪᠠ᠂ ᠰᠢᠶᠠᠨ ᠤ ᠵᠠᠰᠠᠭ ᠤᠨ ᠤᠷᠳᠤᠨ ᠤ ᠤᠳᠤᠷᠢᠳᠤᠭᠰᠠᠨ ᠵᠠᠰᠠᠭ ᠤᠨ ᠶᠠᠪᠤᠳᠠᠯ ᠤᠨ ᠠᠵᠢᠯᠯᠠᠭ᠎ᠠ ᠶᠢ ᠲᠤᠬᠢᠷᠠᠭᠤᠯᠵᠤ᠂ ᠰᠢᠶᠠᠨ ᠤ ᠵᠠᠰᠠᠭ ᠤᠨ ᠤᠷᠳᠤᠨ ᠤ ᠰᠢᠰᠲ᠋ᠧᠮ ᠤᠨ ᠪᠦᠬᠦ ᠰᠢᠶᠠᠨ ᠤ ᠴᠢᠨᠡᠷᠳᠠᠢ ᠲᠤᠮᠤ ᠬᠡᠯᠪᠠᠷᠢ ᠶᠢᠨ ᠠᠵᠢᠯᠯᠠᠭ᠎ᠠ ᠶᠢ ᠵᠤᠬᠢᠶᠠᠨ ᠪᠠᠶᠢᠭᠤᠯᠬᠤ ᠶᠢ ᠵᠤᠬᠢᠴᠠᠭᠤᠯᠤᠨ᠎ᠠ᠃      ᠠᠷᠪᠠᠨ ᠨᠢᠭᠡ᠂ ᠰᠢᠶᠠᠨ ᠤ ᠲᠠᠷᠤᠭ᠎ᠠ ᠶᠢᠨ ᠢᠯᠡ ᠤᠳᠠᠰᠤ ᠶᠢ ᠲᠤᠰᠴᠤ ᠰᠢᠶᠠᠨ ᠤ ᠵᠠᠰᠠᠭ ᠤᠨ ᠤᠷᠳᠤᠨ ᠤ ᠤᠳᠤᠷᠢᠳᠤᠯᠭ᠎ᠠ ᠳᠤ ᠴᠢᠬᠤᠯᠨ ᠪᠠᠶᠢᠳᠠᠯ ᠢ ᠴᠠᠭ ᠲᠤᠬᠠᠢ ᠳᠤ ᠨᠢ ᠮᠡᠳᠡᠭᠦᠯᠤᠨ᠂ ᠤᠯᠠᠨ ᠲᠦᠮᠡᠨ ᠤ ᠢᠷᠡᠭᠦᠯᠦᠭᠰᠡᠨ ᠵᠠᠬᠢᠳᠠᠯ ᠰᠤᠷᠪᠤᠯᠵᠢᠯᠠᠭ᠎ᠠ ᠶᠢ ᠬᠦᠯᠢᠶᠠᠨ ᠠᠪᠬᠤ ᠠᠵᠢᠯ ᠢ ᠰᠢᠢᠳᠪᠦᠷᠢᠯᠡᠨ᠎ᠡ᠃      ᠠᠷᠪᠠᠨ ᠬᠤᠶᠡᠷ᠂ ᠰᠢᠶᠠᠨ ᠤ ᠵᠠᠰᠠᠭ ᠤᠨ ᠤᠷᠳᠤᠨ ᠤ ᠪᠠᠶᠢᠭᠤᠯᠭ᠎ᠠ ᠶᠢᠨ ᠲᠡᠩᠰᠠ ᠡᠪᠬᠡᠮᠡᠯ᠂ ᠨᠢᠭᠤᠴᠠ ᠪᠢᠴᠢᠭ ᠮᠠᠲ᠋ᠧᠷᠢᠶᠡᠯ᠂ ᠨᠢᠭᠤᠴᠠ ᠶᠢ ᠬᠠᠮᠠᠭᠠᠯᠠᠬᠤ᠂ ᠠᠮᠤᠷ ᠢ ᠬᠠᠮᠠᠭᠠᠯᠠᠬᠤ᠂ ᠪᠢᠴᠢᠭ ᠮᠠᠲ᠋ᠧᠷᠢᠶᠡᠯ ᠲᠠᠷᠤᠮᠠᠯᠠᠬᠤ ᠪᠠ ᠮᠡᠳᠡᠭᠡ ᠬᠤᠯᠪᠤᠭᠠᠨ ᠤ ᠠᠵᠢᠯ ᠢ ᠬᠠᠷᠢᠭᠤᠴᠠᠨ᠎ᠠ᠃      ᠠᠷᠪᠠᠨ ᠭᠤᠷᠪᠠ᠂ ᠤᠯᠤᠰ ᠤᠨ ᠲᠤᠳᠤᠭᠠᠳᠤ ᠭᠠᠳᠠᠭᠠᠳᠤ ᠶᠢᠨ ᠵᠤᠴᠢᠳ ᠤᠨ ᠲᠤᠭᠳᠠᠬᠤ ᠰᠢᠶᠠᠨ ᠳᠤ ᠰᠤᠷᠪᠤᠯᠵᠢᠯᠠᠨ ᠠᠶᠢᠯᠴᠢᠯᠠᠬᠤ ᠠᠵᠢᠯᠯᠠᠭ᠎ᠠ ᠶᠢ ᠬᠦᠯᠢᠶᠠᠨ ᠠᠪᠬᠤ ᠠᠵᠢᠯ ᠢ ᠬᠠᠷᠢᠭᠤᠴᠠᠵᠤ᠂ ᠲᠡᠭᠡᠳᠤ ᠱᠠᠳᠤᠨ ᠤ ᠪᠠᠶᠢᠭᠤᠯᠭ᠎ᠠ᠂ ᠲᠤᠭᠳᠠᠬᠤ ᠰᠢᠶᠠᠨ ᠳᠤ ᠰᠠᠭᠤᠭ᠎ᠠ ᠴᠡᠷᠢᠭ ᠠᠩᠭᠢ᠂ ᠪᠠᠶᠢᠭᠤᠯᠭ᠎ᠠ ᠨᠢᠭᠡᠴᠢ ᠶᠢᠨ ᠦᠢᠯᠡᠴᠢᠯᠡᠭᠡ ᠶᠢ ᠵᠤᠬᠢᠴᠠᠭᠤᠯᠬᠤ ᠶᠠᠪᠤᠳᠠᠯ ᠢ ᠲᠠᠭᠠᠭᠠᠴᠢᠯᠠᠨ ᠰᠢᠢᠳᠪᠦᠷᠢᠯᠡᠨ᠎ᠡ᠃      ᠠᠷᠪᠠᠨ ᠲᠦᠷᠪᠠ᠂ ᠲᠤᠭᠳᠠᠬᠤ ᠰᠢᠶᠠᠨ ᠤ ᠵᠠᠰᠠᠭ ᠤᠨ ᠤᠷᠳᠤᠨ ᠤ ᠪᠠᠶᠢᠭᠤᠯᠭ᠎ᠠ ᠶᠢᠨ ᠵᠠᠰᠠᠭ ᠵᠠᠬᠢᠷᠭᠠᠨ ᠤ ᠬᠠᠮᠢᠶᠠᠷᠤᠯᠳᠠ ᠪᠠ ᠠᠮᠤᠷ ᠲᠦᠪᠰᠢᠨ ᠢ ᠬᠠᠮᠠᠭᠠᠯᠠᠬᠤ ᠠᠵᠢᠯ ᠢ ᠬᠠᠷᠢᠭᠤᠴᠠᠨ᠎ᠠ᠃      ᠠᠷᠪᠠᠨ ᠲᠠᠪᠤ᠂ ᠰᠢᠶᠠᠨ ᠤ ᠵᠠᠰᠠᠭ ᠤᠨ ᠤᠷᠳᠤᠨ ᠤ ᠠᠯᠪᠠᠨ ᠭᠡᠷ ᠤᠨ ᠪᠠᠶᠢᠭᠤᠯᠭ᠎ᠠ ᠪᠠ ᠰᠢᠶᠠᠨ ᠤ ᠵᠠᠰᠠᠭ ᠤᠨ ᠤᠷᠳᠤᠨ ᠤ ᠭᠠᠳᠠᠭᠠᠳᠤ ᠳᠤ ᠰᠠᠭᠤᠭ᠎ᠠ ᠪᠠᠶᠢᠭᠤᠯᠤᠮᠵᠢ ᠶᠢᠨ ᠬᠠᠮᠢᠶᠠᠷᠤᠯᠳᠠ ᠶᠢᠨ ᠠᠵᠢᠯ ᠢ ᠬᠠᠷᠢᠭᠤᠴᠠᠨ᠎ᠠ᠃      ᠠᠷᠪᠠᠨ ᠵᠢᠷᠭᠤᠭ᠎ᠠ᠂ ᠪᠦᠬᠦ ᠰᠢᠶᠠᠨ ᠤ ᠨᠠᠮ ᠵᠠᠰᠠᠭ ᠤᠨ ᠪᠠᠶᠢᠭᠤᠯᠭ᠎ᠠ ᠪᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠮᠠᠰᠢᠨ ᠲᠡᠷᠬᠡᠨ ᠤ ᠤᠷᠤᠨ ᠲᠤᠭᠠᠨ ᠤ ᠬᠠᠮᠢᠶᠠᠷᠤᠯᠳᠠ ᠶᠢᠨ ᠠᠵᠢᠯ ᠢ ᠬᠠᠷᠢᠭᠤᠴᠠᠨ᠎ᠠ᠃        ᠠᠷᠪᠠᠨ ᠲᠤᠯᠤᠭ᠎ᠠ᠂ ᠰᠢᠶᠠᠨ ᠤ ᠨᠠᠮ ᠤᠨ ᠬᠤᠷᠢᠶ᠎ᠡ᠂ ᠰᠢᠶᠠᠨ ᠤ ᠵᠠᠰᠠᠭ ᠤᠨ ᠤᠷᠳᠤᠨ ᠤ ᠲᠤᠰᠢᠶᠡᠨ ᠦᠭᠬᠦᠭᠰᠡᠨ ᠪᠤᠰᠤᠤᠨ ᠵᠦᠢᠯᠡᠰ ᠢ ᠲᠠᠭᠠᠭᠠᠴᠢᠯᠠᠨ ᠰᠢᠢᠳᠪᠦᠷᠢᠯᠡᠨ᠎ᠡ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1