ᠠᠷᠠᠳ ᠤᠨ ᠶᠠᠪᠤᠳᠠᠯ ᠤᠨ ᠲᠣᠪᠴᠢᠶ᠎ᠠ
ᠨᠡᠶᠢᠲᠡᠯᠡᠭᠰᠡᠨ ᠴᠠᠭ᠄
2018-04-25
     ᠨᠢᠭᠡ᠂ ᠪᠦᠬᠦ ᠰᠢᠶᠠᠨ ᠤ ᠬᠤᠲᠠ ᠪᠠᠯᠭᠠᠰᠤ ᠪᠣᠯᠣᠨ ᠬᠦᠳᠡᠭᠡ ᠲᠤᠰᠬᠤᠨ ᠮᠠᠯᠵᠢᠬᠤ ᠣᠷᠣᠨ ᠤ ᠬᠠᠮᠤᠭ ᠳᠣᠣᠷ᠎ᠠ ᠠᠮᠢᠳᠤᠷᠠᠯ ᠤᠨ ᠪᠠᠲᠤᠯᠠᠭ᠎ᠠ ᠶᠢᠨ ᠠᠵᠢᠯ︔      ᠬᠤᠶᠠᠷ᠂ ᠭᠠᠮᠰᠢᠭ ᠠᠴᠠ ᠠᠪᠤᠷᠠᠵᠤ ᠲᠡᠳᠬᠦᠬᠦ᠂ ︽ᠠᠷᠠᠳ ᠤᠨ ᠪᠠᠶᠢᠳᠠᠯ ᠢ ᠣᠶᠢᠯᠠᠭᠠᠬᠤ᠂ ᠠᠷᠠᠳ ᠤᠨ ᠬᠦᠴᠢᠷᠳᠡᠯ ᠢ ᠰᠢᠢᠳᠪᠦᠷᠢᠯᠡᠬᠦ᠂ ᠠᠷᠠᠳ ᠲᠠᠢ ᠰᠡᠳᠬᠢᠯ ᠢᠶᠠᠨ ᠬᠤᠯᠪᠤᠬᠤ︾ ᠠᠵᠢᠯᠯᠠᠭ᠎ᠠ᠂ ︽ᠲᠠᠪᠤᠨ ᠪᠠᠲᠤᠯᠠᠭ᠎ᠠ︾ ᠂ ︽ᠭᠤᠷᠪᠠ ᠦᠭᠡᠢ︾ ᠵᠢᠴᠢ ︽ᠦᠨᠦᠴᠢᠨ ᠬᠡᠥᠬᠡᠳ︾ ᠤᠨ ᠬᠠᠮᠢᠶᠠᠷᠤᠯᠲᠠ ᠶᠢᠨ ᠠᠵᠢᠯ︔        ᠭᠤᠷᠪᠠ᠂ ᠡᠷᠭᠦᠵᠦ ᠲᠡᠵᠢᠭᠡᠭᠰᠡᠨ ᠲᠡᠮᠳᠡᠭᠯᠡᠯ ᠪᠣᠯᠤᠨ ᠨᠡᠶᠢᠭᠡᠮ ᠤᠨ ᠠᠰᠠᠷᠠᠮᠵᠢ ᠶᠢᠨ ᠠᠵᠤ ᠠᠬᠤᠶᠢᠯᠠᠯ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠬᠠᠮᠢᠶ᠎ᠠ ᠪᠦᠬᠦᠢ ᠰᠠᠯᠠᠭ᠎ᠠ ᠮᠦᠴᠢᠷ ᠲᠠᠢ ᠬᠠᠮᠵᠢᠯᠴᠠᠨ ᠨᠡᠶᠢᠭᠡᠮ ᠳᠡᠭᠡᠷᠡᠬᠢ ᠲᠡᠨᠦᠭᠦᠯᠴᠢ ᠭᠤᠶᠢᠷᠠᠨᠴᠢ ᠶᠢ ᠠᠪᠤᠷᠠᠨ ᠲᠤᠰᠠᠯᠠᠬᠤ ᠠᠵᠢᠯ ᠢ ᠰᠠᠶᠢᠲᠤᠷ ᠪᠡᠶᠡᠯᠡᠭᠦᠯᠦᠨ᠎ᠡ᠃      ᠲᠦᠷᠪᠡ᠂ ᠪᠦᠬᠦ ᠰᠢᠶᠠᠨ ᠤ ᠬᠠᠷᠠᠭᠠᠯᠵᠠᠯ᠂ ᠳᠠᠷᠤᠢ ᠴᠡᠷᠢᠭ ᠠᠴᠠ ᠬᠠᠯᠠᠭᠳᠠᠭᠰᠠᠳ ᠢ ᠳᠣᠬᠢᠷᠠᠭᠤᠯᠬᠤ ᠠᠵᠢᠯ ᠪᠣᠯᠤᠨ ᠴᠡᠷᠢᠭ ᠠᠩᠬᠢ ᠶᠢᠨ ᠠᠵᠢᠯ ᠠᠴᠠ ᠪᠠᠨ ᠳᠠᠷᠬᠠᠯᠠᠭᠰᠠᠨ ᠺᠠᠳ᠋ᠷᠴᠤᠳ ᠶᠢᠨ ᠬᠠᠮᠢᠶᠠᠷᠤᠯᠲᠠ᠂ ᠦᠢᠯᠡᠴᠢᠯᠡᠭᠡ ᠵᠢᠴᠢ ᠴᠡᠷᠢᠭ ᠠᠩᠭᠢ ᠪᠠ ᠭᠠᠵᠠᠷ ᠣᠷᠣᠨ ᠳᠤ ᠬᠡᠷᠡᠭᠯᠡᠬᠦ ᠴᠢᠳᠠᠪᠦᠷᠢᠲᠠᠨ ᠢ ᠬᠦᠮᠦᠵᠢᠭᠦᠯᠬᠦ ᠠᠵᠢᠯ︔      ᠲᠠᠪᠤ᠂ ︽ᠬᠤᠶᠠᠷ ᠢ ᠬᠦᠷᠢᠶᠡᠯᠡᠬᠦ︾ ᠪᠦᠲᠦᠭᠡᠨ ᠪᠠᠶᠢᠭᠤᠯᠤᠯᠲᠠ ᠶᠢᠨ ᠡᠳᠦᠷ ᠲᠣᠳᠣᠮ ᠤᠨ ᠠᠵᠢᠯ ᠪᠣᠯᠤᠨ ᠦᠷᠡᠭᠳᠡᠭᠰᠡᠨ ᠪᠠᠭᠠᠲᠤᠷᠴᠤᠳ ᠤᠨ ᠪᠣᠩᠬᠤᠨ ᠤ ᠬᠠᠮᠢᠶᠠᠷᠤᠯᠲᠠ ᠶᠢᠨ ᠠᠵᠢᠯ︔      ᠵᠢᠷᠭᠤᠭ᠎ᠠ᠂ ᠦᠨᠳᠦᠰᠦᠨ ᠱᠠᠲᠤᠨ ᠤ ᠵᠠᠰᠠᠭ ᠤᠨ ᠡᠷᠬᠡ ᠶᠢᠨ ᠪᠠᠶᠢᠭᠤᠯᠤᠯᠲᠠ ᠶᠢᠨ ᠠᠵᠢᠯ ᠵᠢᠴᠢ ᠨᠡᠶᠢᠭᠡᠮ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠠᠵᠢᠯ︔        ᠲᠤᠯᠤᠭ᠎ᠠ᠂ ᠣᠷᠤᠰᠢᠭᠤᠯᠭ᠎ᠠ ᠵᠢᠨ‌ᠦᠭᠡᠷᠡᠴᠢᠯᠡᠯᠲᠡ ᠪᠣᠯᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃          ᠨᠠᠢᠮᠠ᠂ ᠪᠦᠬᠦ ᠰᠢᠶᠠᠨ ᠤ ᠨᠡᠶᠢᠭᠡᠮ ᠤᠨ ᠪᠦᠯᠬᠦᠮ ᠤᠨ ᠪᠦᠷᠢᠳᠬᠡᠯ ᠪᠣᠯᠤᠨ ᠬᠠᠮᠢᠶᠠᠷᠤᠯᠲᠠ ᠶᠢᠨ ᠠᠵᠢᠯ ᠵᠢᠴᠢ ᠠᠵᠤ ᠠᠬᠤᠶᠢᠯᠠᠯ ᠤᠨ ᠪᠣᠰᠣ ᠠᠷᠠᠳ ᠠᠴᠠ ᠡᠷᠬᠢᠯᠡᠭᠰᠡᠨ ᠪᠠᠶᠢᠭᠤᠯᠭ᠎ᠠ ᠶᠢ ᠳᠠᠬᠢᠨ ᠪᠠᠶᠢᠴᠠᠭᠠᠨ ᠳᠠᠩᠰᠠᠯᠠᠬᠤ ᠪᠣᠯᠤᠨ ᠬᠠᠮᠢᠶᠠᠷᠬᠤ ᠠᠵᠢᠯ︔      ᠶᠢᠰᠤ᠂ ᠵᠠᠰᠠᠭ ᠵᠠᠬᠢᠷᠭᠠᠨ ᠤ ᠬᠤᠪᠢᠶᠠᠷᠢᠯᠠᠯ᠂ ᠬᠢᠯᠢ ᠬᠢᠵᠠᠭᠠᠷ ᠤᠨ ᠬᠠᠮᠢᠶᠠᠷᠤᠯᠲᠠ ᠵᠢᠴᠢ ᠭᠠᠵᠠᠷ ᠤᠨ ᠨᠡᠷ᠎ᠡ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃      ᠠᠷᠪᠠ᠂ ︽ᠤᠷᠤᠭ ᠤᠨ ᠬᠠᠤᠯᠢ︾ ᠶᠢ ᠲᠤᠤᠱᠯᠠᠭᠤᠯᠤᠨ ᠨᠠᠶᠢᠳᠠᠪᠦᠷᠢᠵᠢᠭᠤᠯᠬᠤ ᠪᠣᠯᠤᠨ ᠪᠦᠬᠦ ᠰᠢᠶᠠᠨ ᠤ ᠤᠷᠤᠭ ᠳᠠᠩᠰᠠᠯᠠᠨ ᠬᠠᠮᠢᠶᠠᠷᠬᠤ ᠠᠵᠢᠯ︔      ᠠᠷᠪᠠᠨ ᠨᠢᠭᠡ᠂ ᠨᠠᠰᠤᠲᠠᠶᠢᠴᠤᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠠᠵᠢᠯ︔      ᠠᠷᠪᠠᠨ ᠬᠤᠶᠠᠷ᠂ ᠠᠷᠠᠳ ᠤᠨ ᠶᠠᠪᠤᠳᠠᠯ ᠤᠨ ᠡᠳ᠋ ᠤᠨ ᠵᠠᠰᠠᠭ ᠤᠨ ᠪᠦᠷᠢᠳᠬᠡᠯ ᠵᠢᠴᠢ ᠳᠣᠲᠤᠭᠠᠳᠤ ᠶᠢᠨ ᠬᠢᠨᠠᠨ ᠪᠣᠳᠤᠬᠤ ᠠᠵᠢᠯ︔      ᠠᠷᠪᠠᠨ ᠭᠤᠷᠪᠠ᠂  ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠴᠢ ᠳᠡᠭᠡᠳᠦ ᠱᠠᠲᠤᠨ ᠤ ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠳᠠᠭᠠᠭᠠᠯᠭᠠᠭᠰᠠᠨ ᠪᠣᠰᠤᠳ ᠠᠵᠢᠯ ᠢ ᠬᠠᠷᠢᠭᠤᠴᠠᠨ᠎ᠠ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1