ᠬᠠᠤᠯᠢ ᠴᠠᠭᠠᠵᠠ ᠶᠢᠨ ᠲᠣᠪᠴᠢᠶ᠎ᠠ
ᠨᠡᠶᠢᠲᠡᠯᠡᠭᠰᠡᠨ ᠴᠠᠭ᠄
2018-04-25
     ᠨᠢᠭᠡ᠂ ᠨᠠᠮ ᠤᠨ ᠱᠣᠭᠤᠮ᠂ ᠴᠢᠭᠯᠡᠯᠲᠡ᠂ ᠲᠥᠷᠦ ᠶᠢᠨ ᠪᠣᠳᠤᠯᠭ᠎ᠠ ᠶᠢ ᠡᠯ᠎ᠡ ᠪᠠᠶᠢᠭᠤᠯᠭ᠎ᠠ ᠳᠤ ᠲᠤᠤᠱᠯᠠᠭᠤᠯᠬᠤ ᠶᠢ ᠬᠠᠷᠢᠭᠤᠴᠠᠵᠤ᠂ ᠲᠣᠭᠲᠠᠭᠤᠨ ᠪᠠ ᠪᠦᠯᠬᠦᠮᠳᠡᠯ ᠢ ᠬᠠᠮᠠᠭᠠᠯᠠᠬᠤ ᠪᠠ ᠪᠦᠬᠦ ᠰᠢᠶᠠᠨ ᠤ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠢᠯᠭᠤᠮ ᠶᠠᠪᠤᠭᠳᠠᠬᠤ ᠳᠤ ᠬᠠᠤᠯᠢ ᠶᠢᠨ ᠦᠢᠯᠡᠴᠢᠯᠡᠭᠡ ᠬᠠᠩᠭᠠᠨ᠎ᠠ᠃            ᠬᠤᠶᠠᠷ᠂ ᠪᠦᠬᠦ ᠰᠢᠶᠠᠨ ᠤ ᠬᠠᠤᠯᠢ ᠳᠦᠷᠢᠮ ᠤᠨ ᠤᠬᠠᠭᠤᠯᠭ᠎ᠠ ᠬᠦᠮᠦᠵᠢᠯ᠂ ᠬᠠᠤᠯᠢ ᠪᠠᠷ ᠵᠠᠰᠠᠬᠤ ᠠᠵᠢᠯ ᠤᠨ ᠠᠯᠤᠰ ᠤᠨ ᠲᠥᠯᠥᠪᠵᠢᠭᠦᠯᠭᠡ ᠪᠠ ᠬᠠᠤᠯᠢ ᠳᠦᠷᠢᠮ ᠤᠨ ᠤᠬᠠᠭᠤᠯᠭ᠎ᠠ ᠪᠣᠯᠤᠨ ᠬᠠᠤᠯᠢ ᠪᠠᠷ ᠵᠠᠰᠠᠬᠤ ᠠᠵᠢᠯ ᠤᠨ ᠨᠢᠭᠡ ᠬᠤᠭᠤᠴᠠᠭᠠᠨ ᠤ ᠲᠥᠯᠥᠪᠵᠢᠭᠦᠯᠭᠡ ᠶᠢ ᠳᠤᠭᠤᠷᠪᠢᠵᠤ ᠬᠡᠷᠡᠭᠵᠢᠭᠦᠯᠦᠨ᠎ᠡ᠃      ᠭᠤᠷᠪᠠ᠂ ᠪᠦᠬᠦ ᠰᠢᠶᠠᠨ ᠤ ᠬᠠᠤᠯᠢ ᠲᠦᠭᠡᠮᠡᠯᠵᠢᠭᠦᠯᠬᠦ ᠬᠦᠮᠦᠵᠢᠯ᠂ ᠬᠠᠤᠯᠢ ᠳᠦᠷᠢᠮ ᠤᠨ ᠤᠬᠠᠭᠤᠯᠭ᠎ᠠ ᠶᠢᠨ ᠠᠵᠢᠯ ᠢ ᠬᠠᠷᠢᠭᠤᠴᠠᠨ᠎ᠠ᠃      ᠳᠥᠷᠪᠡ᠂ ᠪᠦᠬᠦ ᠰᠢᠶᠠᠨ ᠤ ᠬᠠᠤᠯᠢᠴᠢ ᠪᠣᠯᠤᠨ ᠠᠯᠪᠠᠨ ᠭᠡᠷᠡᠴᠢᠯᠡᠭᠡ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃      ᠲᠠᠪᠤ᠂ ᠪᠦᠬᠦ ᠰᠢᠶᠠᠨ ᠤ ᠨᠡᠶᠢᠭᠡᠮ ᠲᠣᠭᠤᠷᠢᠭ ᠤᠨ ᠵᠠᠰᠠᠵᠤ ᠵᠠᠯᠠᠷᠠᠭᠤᠯᠬᠤ ᠪᠣᠯᠤᠨ ᠳᠣᠬᠢᠷᠠᠭᠤᠯᠵᠤ ᠲᠦᠪᠬᠢᠨᠡᠭᠦᠯᠬᠦ ᠶᠢ ᠬᠠᠪᠰᠤᠷᠤᠨ ᠬᠦᠮᠦᠵᠢᠭᠦᠯᠬᠦ ᠠᠵᠢᠯ ᠢ ᠬᠠᠷᠢᠭᠤᠴᠠᠨ᠎ᠠ᠃      ᠵᠢᠷᠭᠤᠭ᠎ᠠ᠂ ᠪᠦᠬᠦ ᠰᠢᠶᠠᠨ ᠤ ᠬᠠᠤᠯᠢ ᠶᠢᠨ ᠲᠤᠰᠠᠯᠠᠮᠵᠢ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃          ᠳᠣᠯᠤᠭ᠎ᠠ᠂ ᠪᠦᠬᠦ ᠰᠢᠶᠠᠨ ᠤ ᠬᠠᠤᠯᠢ ᠴᠠᠭᠠᠵᠠ ᠶᠢᠨ ᠰᠠᠯᠪᠤᠷᠢ ᠶᠢᠨ ᠪᠦᠲᠦᠭᠡᠨ ᠪᠠᠶᠢᠭᠤᠯᠤᠯᠲᠠ ᠶᠢ ᠬᠠᠷᠢᠭᠤᠴᠠᠨ᠎ᠠ᠃ ᠡᠯ᠎ᠡ ᠰᠢᠶᠠᠩ ᠪᠠᠯᠭᠠᠰᠤᠨ ᠤ ᠬᠠᠤᠯᠢ ᠴᠠᠭᠠᠵᠠ ᠶᠢᠨ ᠰᠠᠯᠪᠤᠷᠢ ᠶᠢ ᠤᠳᠤᠷᠢᠳᠴᠤ᠂ ᠦᠨᠳᠦᠰᠦᠨ ᠱᠠᠲᠤᠨ ᠤ ᠬᠠᠤᠯᠢ ᠴᠠᠭᠠᠵᠠ ᠶᠢᠨ ᠴᠠᠭᠳᠠᠭ᠎ᠠ ᠶᠢᠨ ᠲᠤᠰᠢᠶᠠᠯ ᠲᠣᠮᠢᠯᠠᠯ᠂ ᠳᠣᠬᠢᠷᠠᠭᠤᠯᠤᠯᠭ᠎ᠠ᠂ ᠬᠢᠨᠠᠨ ᠦᠨᠡᠯᠡᠯᠲᠡ᠂ ᠱᠠᠩᠨᠠᠯ ᠲᠣᠷᠭᠠᠭᠤᠯᠢ᠂ ᠳᠠᠪᠲᠠᠨ ᠪᠣᠯᠪᠠᠰᠤᠷᠠᠯ ᠤᠨ ᠠᠵᠢᠯ ᠢ ᠬᠠᠷᠢᠭᠤᠴᠠᠨ᠎ᠠ᠃ ᠠᠷᠠᠳ ᠤᠨ ᠡᠶᠡᠳᠡᠭᠦᠯᠭᠡ ᠶᠢᠨ ᠠᠵᠢᠯ ᠢ ᠵᠢᠯᠤᠭᠤᠳᠤᠨ᠂ ᠬᠢᠨᠠᠵᠤ ᠬᠠᠮᠢᠶᠠᠷᠤᠨ᠎ᠠ᠃      ᠨᠠᠢᠮᠠ᠂ ᠦᠨᠳᠦᠰᠦᠨ ᠱᠠᠲᠤᠨ ᠤ ᠬᠠᠤᠯᠢ ᠶᠢᠨ ᠦᠢᠯᠡᠴᠢᠯᠡᠭᠡ ᠶᠢ ᠵᠢᠯᠤᠭᠤᠳᠤᠨ᠂ ᠵᠤᠬᠢᠴᠠᠭᠤᠯᠵᠤ᠂ ᠬᠠᠮᠢᠶᠠᠷᠤᠨ᠎ᠠ᠃      ᠶᠢᠰᠦ᠂ ᠨᠡᠶᠢᠭᠡᠮ ᠤᠨ ᠠᠮᠤᠷ ᠢ ᠬᠠᠮᠠᠭᠠᠯᠠᠬᠤ ᠶᠡᠷᠦᠩᠬᠡᠶᠢᠯᠡᠨ ᠵᠠᠰᠠᠬᠤ ᠠᠵᠢᠯ ᠳᠤ ᠤᠷᠤᠯᠴᠠᠨ᠎ᠠ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1