ᠰᠤᠷᠪᠤᠯᠵᠢᠯᠠᠭᠰᠠᠨ ᠴᠠᠭ ᠄ 2018 ᠤᠨ ᠤ 4 ᠰᠠᠷ᠎ᠠ ᠶᠢᠨ 13 ᠡᠳᠤᠷ15᠄ 30 —16᠄ 00 | ᠵᠣᠴᠢᠨ᠄ ᠬᠥᠬᠡᠬᠤᠲᠠ ᠶᠢᠨ ᠲᠣᠭᠲᠠᠬᠤ ᠰᠢᠶᠠᠨ ᠤ ᠵᠠᠰᠠᠭ ᠤᠨ ᠣᠷᠳᠣᠨ ᠤ ᠲᠤᠰᠢᠶᠠᠯ ᠡᠭᠦᠷᠭᠡᠯᠡᠭᠰᠡᠨ ᠳᠡᠳ᠋ | ᠳᠠᠷᠤᠭ᠎ᠠ᠂ ᠲᠠᠷᠢᠶᠠᠯᠠᠩ ᠤᠨ ᠬᠥᠭᠵᠢᠭᠦᠯᠦᠯᠲᠡ ᠶᠢᠨ ᠪᠠᠩᠬᠢ ᠶᠢᠨ ᠲᠣᠭᠲᠠᠬᠤ ᠰᠢᠶᠠᠨ ᠤ ᠰᠠᠯᠪᠤᠷᠢ ᠪᠠᠩᠬᠢ ᠶᠢᠨ | ᠳᠠᠷᠤᠭ᠎ᠠ — ᠵᠠᠩ ᠸᠧᠨ ᠵᠤ᠋ | | | [ ᠬᠠᠮᠢᠶᠠᠷᠤᠭᠴᠢ ] ᠲᠤᠰ ᠤᠳᠠᠭᠠᠨ ᠤ ᠰᠤᠷᠪᠤᠯᠵᠢᠯᠠᠭ᠎ᠠ ᠶᠠᠷᠢᠯᠴᠠᠭ᠎ᠠ ᠪᠣᠯ ᠬᠥᠬᠡᠬᠤᠲᠠ ᠶᠢᠨ | ᠵᠠᠰᠠᠭ ᠤᠨ ᠣᠷᠳᠣᠨ ᠤ ᠰᠦᠯᠵᠢᠶ᠎ᠡ᠂ ᠬᠥᠬᠡᠬᠤᠲᠠ ᠶᠢᠨ ᠷᠠᠳᠢᠣ᠋ ᠨᠡᠪᠲᠡᠷᠡᠭᠦᠯᠭᠡ ᠲᠧᠯᠸᠢᠰ ᠬᠤᠷᠢᠶᠠᠨ ᠤ ᠤᠳᠬ᠎ᠠ | ᠤᠷᠠᠯᠢᠭ ᠤᠨ ᠨᠡᠪᠲᠡᠷᠡᠭᠦᠯᠭᠡ ᠬᠠᠮᠳᠤᠷᠠᠨ ᠡᠷᠬᠢᠯᠡᠭᠰᠡᠨ ᠲᠤᠰᠬᠠᠶ ᠰᠤᠷᠪᠤᠯᠵᠢᠯᠠᠭ᠎ᠠ ᠪᠤᠯᠤᠨ᠎ᠠ᠂ ᠰᠦᠯᠵᠢᠶᠡᠨ ᠠᠨᠳᠠ | ᠮᠠᠨ ᠤ ᠶᠠᠷᠢᠯᠴᠠᠭᠠᠨ ᠳᠤ ᠢᠳᠡᠪᠬᠢᠲᠡᠶ ᠤᠷᠤᠯᠴᠠᠬᠤ ᠶᠢ ᠪᠠᠶᠠᠷᠯᠠᠨ ᠤᠭᠲᠤᠵᠤ ᠪᠠᠶᠢᠨ᠎ᠠ᠃ ﹇15᠄ 31᠄ 00 ﹈ | | ﹇ᠬᠥᠲᠥᠯᠥᠭᠴᠢ﹈ ᠣᠯᠠᠨ ᠤ ᠮᠡᠳᠡᠭᠡᠵᠢ ᠪᠠᠷ᠂ ᠮᠥᠩᠭᠦᠨ ᠭᠦᠢᠯᠭᠡᠭᠡᠨ ᠤ ᠠᠵᠢᠯ ᠪᠤᠯ ᠣᠷᠣᠨ ᠨᠤᠲᠤᠭ ᠤᠨ | ᠠᠵᠤ ᠠᠬᠤᠶ ᠶᠢᠨ ᠬᠥᠭᠵᠢᠯᠲᠡ᠂ ᠮᠥᠩᠭᠦᠨ ᠭᠦᠢᠯᠭᠡᠭᠡᠨ ᠤ ᠠᠮᠢ ᠠᠬᠤᠶ ᠶᠢᠨ ᠪᠦᠲᠦᠭᠡᠨ ᠪᠠᠶᠢᠭᠤᠯᠤᠯᠲᠠ᠂ | ᠮᠥᠩᠭᠦᠨ ᠭᠦᠢᠯᠭᠡᠭᠡᠨ ᠤ ᠠᠵᠤ ᠦᠢᠯᠡᠰ ᠤᠨ ᠪᠠᠶᠢᠷᠢᠰᠢᠯ ᠵᠡᠷᠭᠡ ᠠᠯᠢ ᠣᠯᠠᠨ ᠠᠰᠠᠭᠤᠳᠠᠯ ᠳᠤ ᠬᠤᠯᠪᠣᠭᠳᠠᠬᠤ | ᠲᠤᠯᠠ᠂ ᠮᠥᠩᠭᠦᠨ ᠭᠦᠢᠯᠭᠡᠭᠡᠨ ᠤ ᠠᠵᠢᠯ ᠢ ᠰᠠᠶᠢᠲᠤᠷ ᠠᠳᠬᠤᠬᠤ ᠪᠣᠯ ᠣᠷᠣᠨ ᠨᠤᠲᠤᠭ ᠤᠨ ᠵᠠᠰᠠᠭ ᠤᠨ | ᠣᠷᠳᠣᠨ ᠤ ᠠᠵᠢᠯ ᠤᠨ ᠴᠢᠬᠤᠯᠠ ᠨᠢᠭᠡ ᠠᠭᠤᠯᠭ᠎ᠠ ᠪᠣᠯᠬᠤ ᠶᠤᠮ᠃ ᠲᠤᠤᠷ᠎ᠠ ᠲᠠᠷᠤᠭ᠎ᠠ ᠲᠠ 2017 ᠣᠨ ᠳᠤ | ᠲᠣᠭᠲᠠᠬᠤ ᠰᠢᠶᠠᠨ ᠤ ᠮᠥᠩᠭᠦᠨ ᠭᠦᠢᠯᠭᠡᠭᠡᠨ ᠤ ᠠᠵᠢᠯ ᠤᠨ ᠦᠨᠳᠦᠰᠦᠨ ᠪᠠᠶᠢᠳᠠᠯ ᠢ ᠲᠤᠪᠴᠢᠯᠠᠨ ᠲᠠᠨᠢᠯᠴᠠᠭᠤᠯᠬᠤ | ᠪᠣᠯᠪᠠᠤ ︖ ﹇15᠄ 36᠄ 00 ﹈ | ﹇ᠵᠣᠴᠢᠨ﹈ 2017 ᠣᠨ ᠳᠤ᠂ ᠲᠣᠭᠲᠠᠬᠤ ᠰᠢᠶᠠᠨ ᠤ ᠮᠥᠩᠭᠦᠨ ᠭᠦᠢᠯᠭᠡᠭᠡᠨ ᠤ ᠰᠠᠯᠠᠭ᠎ᠠ ᠮᠥᠴᠢᠷ ᠨᠢ | ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠵᠥᠪ ᠤᠳᠤᠷᠢᠳᠤᠯᠭ᠎ᠠ ᠪᠠ ᠲᠡᠭᠡᠳᠤ ᠱᠠᠲᠤᠨ ᠤ | ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠪᠣᠳᠠᠲᠠᠶ ᠵᠢᠯᠤᠭᠤᠳᠤᠯᠭ᠎ᠠ ᠳᠣᠣᠷ᠎ᠠ᠂ ᠵᠣᠬᠢᠴᠠᠭᠤᠯᠤᠨ | ᠦᠢᠯᠡᠴᠢᠯᠡᠬᠦ ᠠᠵᠢᠯ ᠢ ᠢᠳᠡᠪᠬᠢᠲᠡᠶ ᠰᠠᠶᠢᠳᠤᠷ ᠬᠢᠵᠤ᠂ ᠣᠷᠣᠨ ᠨᠤᠲᠤᠭ ᠤᠨ ᠠᠵᠤ ᠠᠬᠤᠶ ᠶᠢᠨ ᠬᠥᠭᠵᠢᠯᠲᠡ ᠶᠢ | ᠶᠡᠬᠡᠪᠡᠷ ᠲᠡᠮᠵᠢᠨ᠂ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠬᠢᠷᠢ ᠬᠡᠮᠵᠢᠶ᠎ᠡ ᠪᠠᠨ ᠴᠢᠷᠮᠠᠶᠢᠨ ᠲᠡᠭᠡᠭᠰᠢᠯᠡᠭᠦᠯᠵᠦ᠂ | ᠮᠥᠩᠭᠦᠨ ᠭᠦᠢᠯᠭᠡᠭᠡᠨ ᠤ ᠲᠦᠯᠬᠢᠭᠴᠢ ᠪᠠᠭᠠᠵᠢ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠮᠥᠩᠭᠦᠨ | ᠭᠦᠢᠯᠭᠡᠭᠡᠨ ᠤ ᠦᠢᠯᠡᠰ ᠤᠨ ᠣᠷᠣᠨ ᠨᠤᠲᠤᠭ ᠤᠨ ᠠᠵᠤ ᠠᠬᠤᠶ ᠶᠢᠨ ᠬᠥᠭᠵᠢᠯᠲᠡ ᠳᠤ ᠦᠵᠡᠭᠦᠯᠦᠭᠰᠡᠨ ᠬᠤᠪᠢ | ᠨᠡᠮᠡᠷᠢ ᠢᠯᠡᠳᠲᠡ ᠲᠡᠭᠡᠭᠰᠢᠯᠡᠪᠡ᠃ ᠪᠦᠬᠦ ᠰᠢᠶᠠᠨ ᠳᠤ ᠤᠳᠤ 8 ᠮᠥᠩᠭᠦᠨ ᠭᠦᠢᠯᠭᠡᠭᠡᠨ ᠤ ᠪᠠᠶᠢᠭᠤᠯᠤᠮᠵᠢ ᠂ 10 | ᠳᠠᠭᠠᠳᠬᠠᠯ ᠤᠨ ᠺᠣᠮᠫᠠᠨᠢ ᠪᠠᠶᠢᠵᠤ᠂ 568 ᠠᠵᠢᠯᠳᠠᠨ ᠲᠠᠢ᠃ ᠡᠭᠦᠨ ᠳᠤ ᠠᠷᠠᠳ ᠤᠨ ᠪᠠᠩᠬᠢ ᠨᠢᠭᠡ᠂ | ᠲᠦᠷᠦ ᠶᠢᠨ ᠪᠤᠳᠤᠯᠭ᠎ᠠ ᠶᠢᠨ ᠴᠢᠨᠠᠷᠲᠠᠶ ᠪᠠᠩᠬᠢ ᠨᠢᠭᠡ᠂ ᠲᠠᠷᠢᠶᠠᠯᠠᠩ ᠤᠨ ᠬᠥᠭᠵᠢᠯᠲᠡ ᠶᠢᠨ ᠪᠠᠩᠬᠢ ᠨᠢᠭᠡ᠂ | ᠬᠤᠳᠠᠯᠳᠤᠭᠠᠨ ᠤ ᠴᠢᠨᠠᠷᠲᠠᠶ ᠪᠠᠩᠬᠢ ᠵᠢᠷᠭᠤᠭ᠎ᠠ ᠂ ᠡᠵᠡᠩᠨᠡᠯᠲᠡ ᠶᠢᠨ ᠴᠢᠨᠠᠷᠲᠠᠶ ᠪᠠᠩᠬᠢ ᠲᠤᠯᠤᠭ᠎ᠠ ᠪᠠᠶᠢᠵᠤ᠂ | ᠨᠡᠶᠢᠲᠡ 33 ᠪᠠᠶᠢᠭᠤᠯᠤᠮᠵᠢ ᠲᠠᠢ᠂ ᠥᠪᠡᠷ ᠤᠨ ᠦᠢᠯᠡᠴᠢᠯᠡᠭᠡᠨ ᠤ ᠪᠠᠩᠬᠢ ᠨᠠᠶᠠᠨ ᠬᠤᠶᠠᠷ ᠪᠠᠶᠢᠵᠤ᠂ ᠮᠥᠩᠭᠦᠨ | ᠭᠦᠢᠯᠭᠡᠭᠡᠨ ᠤ ᠦᠢᠯᠡᠴᠢᠯᠡᠭᠡᠨ ᠤ ᠴᠢᠭ ᠪᠦᠬᠦ ᠰᠢᠶᠠᠨ ᠤ ᠡᠯ᠎ᠡ ᠰᠢᠶᠠᠩ ᠪᠠᠯᠭᠠᠰᠤᠨ ᠳᠤ ᠨᠡᠶᠢᠳᠡᠮ ᠲᠠᠷᠬᠠᠵᠤ | ᠪᠠᠶᠢᠳᠠᠭ᠃ 2017 ᠣᠨ ᠤ ᠡᠴᠦᠰ ᠪᠣᠯᠲᠠᠯ᠎ᠠ᠂ ᠪᠦᠬᠦ ᠰᠢᠶᠠᠨ ᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ | ᠠᠷᠠᠳ ᠤᠨ ᠵᠣᠭᠤᠰ ᠤᠨ ᠡᠯ᠎ᠡ ᠵᠦᠢᠯ ᠤᠨ ᠬᠠᠳᠠᠭᠠᠯᠠᠮᠵᠢ ᠶᠢᠨ ᠦᠯᠡᠳᠡᠪᠦᠷᠢ ᠲᠤᠭ᠎ᠠ 91.15 ᠳ᠋ᠦᠩᠰᠢᠭᠤᠷ | ᠲᠥᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 5.5 ᠳ᠋ᠦᠩᠰᠢᠭᠤᠷ ᠲᠥᠭᠦᠷᠢᠭ ᠨᠡᠮᠡᠭᠳᠡᠨ 6.42% | ᠨᠡᠮᠡᠭᠳᠡᠪᠡ︔ ᠠᠷᠠᠳ ᠤᠨ ᠵᠣᠭᠤᠰ ᠤᠨ ᠡᠯ᠎ᠡ ᠵᠦᠢᠯ ᠤᠨ ᠵᠢᠭᠡᠯᠡᠯᠭᠡ ᠶᠢᠨ ᠦᠯᠡᠳᠡᠪᠦᠷᠢ ᠲᠤᠭ᠎ᠠ 85.91 | ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ10.32 ᠳ᠋ᠦᠩᠰᠢᠭᠤᠷ ᠲᠥᠭᠦᠷᠢᠭ | ᠨᠡᠮᠡᠭᠳᠡᠨ 13.65 % ᠨᠡᠮᠡᠭᠳᠡᠵᠡᠢ᠃ ﹇ 15᠄ 36᠄ 00 ﹈ | ﹇ᠬᠥᠲᠥᠯᠥᠭᠴᠢ﹈ 2017 ᠣᠨ ᠤ ᠮᠥᠩᠭᠦᠨ ᠭᠦᠢᠯᠭᠡᠭᠡᠨ ᠤ ᠠᠵᠢᠯᠯᠠᠭᠠᠨ ᠤ ᠪᠠᠶᠢᠳᠠᠯ ᠤᠨ ᠲᠤᠬᠠᠶ | ᠪᠣᠳᠠᠲᠠᠶ ᠶᠠᠷᠢᠬᠤ ᠪᠣᠯᠪᠠᠤ ︖ ﹇ 15᠄ 36᠄ 00 ﹈ | ﹇ᠵᠣᠴᠢᠨ﹈ 2017 ᠣᠨ ᠳᠤ᠂ ᠮᠠᠨ ᠤ ᠰᠢᠶᠠᠨ ᠤ ᠮᠥᠩᠭᠦᠨ ᠭᠦᠢᠯᠭᠡᠭᠡᠨ ᠤ ᠰᠢᠰᠲ᠋ᠧᠮ ᠨᠢ ᠤᠯᠤᠰ ᠤᠨ | ᠳᠣᠲᠣᠭᠠᠳᠤ ᠭᠠᠳᠠᠭᠠᠳᠤ ᠶᠢᠨ ᠶᠡᠭᠡ ᠣᠷᠴᠢᠨ ᠨᠥᠬᠦᠴᠡᠯ ᠪᠠ ᠠᠵᠤ ᠠᠬᠤᠶ ᠶᠢᠨ ᠪᠠᠭᠤᠷᠠᠯᠲᠠ ᠶᠢᠨ ᠨᠥᠯᠥᠭᠡᠯᠡᠯ | ᠳᠣᠣᠷ᠎ᠠ᠂ ᠶᠡᠷᠦᠩᠬᠡᠶ ᠪᠠᠶᠢᠳᠠᠯ ᠰᠠᠶᠢᠨ ᠪᠠᠶᠢᠵᠤ᠂ ᠵᠢᠭᠡᠯᠡᠯᠭᠡ ᠶᠢᠨ ᠦᠯᠡᠳᠡᠪᠦᠷᠢ ᠲᠤᠭ᠎ᠠ ᠨᠡᠮᠡᠭᠳᠡᠬᠦ ᠪᠠᠶᠢᠳᠠᠯ ᠮᠥᠨ | ᠯᠡ ᠦᠷᠭᠦᠯᠵᠢᠯᠡᠭᠰᠡᠭᠡᠷ ᠪᠠᠶᠢᠨ᠎ᠠ᠃ ᠨᠢᠭᠡ ᠳᠤ᠂ ᠠᠷᠠᠳ ᠤᠨ ᠵᠣᠭᠤᠰ ᠤᠨ ᠡᠯ᠎ᠡ ᠵᠦᠢᠯ ᠤᠨ ᠬᠠᠳᠠᠭᠠᠯᠠᠮᠵᠢ ᠶᠢᠨ | ᠦᠯᠡᠳᠡᠪᠦᠷᠢ ᠲᠤᠭ᠎ᠠ ᠦᠷᠭᠦᠯᠵᠢᠯᠡᠨ ᠨᠡᠮᠡᠭᠳᠡᠪᠡ᠃ ᠬᠠᠳᠠᠭᠠᠯᠠᠮᠵᠢ ᠶᠢᠨ ᠪᠦᠲᠦᠴᠡ ᠠᠴᠠ ᠦᠵᠡᠪᠡᠯ᠂ 2017 | ᠣᠨ ᠤ ᠡᠴᠦᠰ ᠪᠣᠯᠲᠠᠯ᠎ᠠ᠂ ᠰᠠᠭᠤᠭᠠᠯᠢ ᠠᠷᠠᠳ ᠤᠨ ᠬᠠᠳᠠᠭᠠᠯᠠᠮᠵᠢ ᠶᠢᠨ ᠵᠣᠭᠤᠰᠣᠨ ᠤ ᠦᠯᠡᠳᠡᠪᠦᠷᠢ 59. | 66ᠳ᠋ᠦᠩᠰᠢᠭᠤᠷ ᠲᠥᠭᠦᠷᠢᠭ ᠲᠤ ᠭᠦᠷᠴᠤ᠂ ᠪᠦᠬᠦ ᠬᠠᠳᠠᠭᠠᠯᠠᠮᠵᠢ ᠶᠢᠨ ᠮᠥᠩᠭᠦᠨ ᠤ ᠦᠯᠡᠳᠡᠪᠦᠷᠢ ᠶᠢᠨ 65.45 | % ᠶᠢ ᠡᠵᠡᠯᠡᠵᠤ᠂ ᠵᠢᠯ ᠤᠨ ᠡᠬᠢᠨ ᠤ ᠬᠢ ᠠᠴᠠ 9.74 ᠳ᠋ᠦᠩᠰᠢᠭᠤᠷ ᠲᠥᠭᠦᠷᠢᠭ ᠨᠡᠮᠡᠭᠳᠡᠵᠡᠢ︔ ᠮᠥᠩᠭᠦᠨ | ᠭᠦᠢᠯᠭᠡᠭᠡᠨ ᠤ ᠪᠤᠰᠤ ᠠᠵᠤ ᠠᠬᠤᠶᠢᠯᠠᠯ ᠤᠨ ᠬᠠᠳᠠᠭᠠᠯᠠᠮᠵᠢ ᠶᠢᠨ ᠵᠣᠭᠤᠰᠣᠨ ᠤ ᠦᠯᠡᠳᠡᠪᠦᠷᠢ 15.34 ᠳ᠋ᠦᠩᠰᠢᠭᠤᠷ | ᠲᠥᠭᠦᠷᠢᠭ ᠲᠤ ᠭᠦᠷᠴᠤ᠂ ᠪᠦᠬᠦ ᠬᠠᠳᠠᠭᠠᠯᠠᠮᠵᠢ ᠶᠢᠨ ᠮᠥᠩᠭᠦᠨ ᠤ ᠦᠯᠡᠳᠡᠪᠦᠷᠢ ᠶᠢᠨ 16.83% ᠶᠢ ᠡᠵᠡᠯᠡᠨ᠂ | ᠵᠢᠯ ᠤᠨ ᠡᠬᠢᠨ ᠤ ᠬᠢ ᠠᠴᠠ 3312 ᠳ᠋ᠦᠩᠰᠢᠭᠤᠷ ᠲᠥᠭᠦᠷᠢᠭ ᠨᠠᠮᠡᠭᠳᠡᠵᠡᠢ᠃ ᠬᠤᠶᠠᠷ ᠲᠤ᠂ ᠠᠷᠠᠳ ᠤᠨ | ᠵᠣᠭᠤᠰᠣᠨ ᠤ ᠵᠢᠭᠡᠯᠡᠯᠭᠡ ᠶᠢᠨ ᠦᠯᠡᠳᠡᠪᠦᠷᠢ ᠲᠤᠭ᠎ᠠ ᠨᠡᠯᠢᠶᠡᠳ ᠲᠦᠷᠭᠡᠨ ᠨᠡᠮᠡᠭᠳᠡᠪᠡ᠃ ᠵᠢᠭᠡᠯᠡᠯᠭᠡ ᠶᠢᠨ | ᠪᠦᠲᠦᠴᠡ ᠠᠴᠠ ᠦᠵᠡᠪᠡᠯ᠂ ᠣᠬᠤᠷ ᠬᠤᠭᠤᠴᠠᠭᠠᠨ ᠤ ᠵᠢᠭᠡᠯᠡᠯᠭᠡ ᠶᠢᠨ ᠦᠯᠡᠳᠡᠪᠦᠷᠢ ᠲᠤᠭ᠎ᠠ 40.59 | ᠳ᠋ᠦᠩᠰᠢᠭᠤᠷ ᠲᠥᠭᠦᠷᠢᠭ ᠪᠤᠯᠵᠤ᠂ ᠪᠦᠭᠦ ᠵᠢᠭᠡᠯᠡᠯᠭᠡ ᠶᠢᠨ 52.75% ᠶᠢ ᠡᠵᠡᠯᠡᠵᠤ᠂ ᠵᠢᠯ ᠤᠨ ᠡᠬᠢᠨ ᠤ ᠬᠢ ᠠᠴᠠ | 3.89 ᠳ᠋ᠦᠩᠰᠢᠭᠤᠷ ᠲᠥᠭᠦᠷᠢᠭ ᠨᠠᠮᠡᠭᠳᠡᠵᠡᠢ︔ ᠤᠷᠲᠤ ᠰᠢᠭ᠋ ᠪᠠ ᠤᠷᠲᠤ ᠬᠤᠭᠤᠴᠠᠭᠠᠨ ᠤ ᠵᠢᠭᠡᠯᠡᠯᠭᠡ ᠶᠢᠨ | ᠦᠯᠡᠳᠡᠪᠦᠷᠢ ᠲᠤᠭ᠎ᠠ 45.32 ᠳ᠋ᠦᠩᠰᠢᠭᠤᠷ ᠲᠥᠭᠦᠷᠢᠭ ᠪᠤᠯᠵᠤ᠂ ᠪᠦᠭᠦ ᠵᠢᠭᠡᠯᠡᠯᠭᠡ ᠶᠢᠨ 52.75% ᠶᠢ | ᠡᠵᠡᠯᠡᠵᠤ᠂ ᠵᠢᠯ ᠤᠨ ᠡᠬᠢᠨ ᠤ ᠬᠢ ᠠᠴᠠ 6.43 ᠳ᠋ᠦᠩᠰᠢᠭᠤᠷ ᠲᠥᠭᠦᠷᠢᠭ ᠨᠡᠮᠡᠭᠳᠡᠪᠡ᠃ ᠡᠭᠦᠨ ᠤ ᠳᠣᠲᠣᠷ᠎ᠠ | ᠬᠡᠷᠡᠭᠯᠡᠭᠡᠨ ᠤ ᠵᠢᠭᠡᠯᠡᠯᠭᠡ ᠶᠢᠨ ᠦᠯᠡᠳᠡᠪᠦᠷᠢ ᠲᠤᠭ᠎ᠠ 12.07 ᠳ᠋ᠦᠩᠰᠢᠭᠤᠷ ᠲᠥᠭᠦᠷᠢᠭ ᠲᠤ ᠬᠦᠷᠴᠤ᠂ ᠪᠦᠭᠦ | ᠵᠢᠭᠡᠯᠡᠯᠭᠡ ᠶᠢᠨ 14.05 % ᠶᠢ ᠡᠵᠡᠯᠡᠵᠤ᠂ ᠵᠢᠯ ᠤᠨ ᠡᠬᠢᠨ ᠤ ᠬᠢ ᠠᠴᠠ 9940 ᠲᠦᠮᠡᠨ ᠲᠥᠭᠦᠷᠢᠭ | ᠨᠡᠮᠡᠭᠳᠡᠪᠡ᠃ ᠡᠵᠡᠩᠨᠡᠯᠲᠡ ᠶᠢᠨ ᠴᠢᠨᠠᠷᠲᠠᠶ ᠵᠢᠭᠡᠯᠡᠯᠭᠡ ᠶᠢᠨ ᠦᠯᠡᠳᠡᠪᠦᠷᠢ ᠲᠤᠭ᠎ᠠ 23.38 ᠳ᠋ᠦᠩᠰᠢᠭᠤᠷ ᠲᠥᠭᠦᠷᠢᠭ | ᠪᠤᠯᠵᠤ᠂ ᠪᠦᠭᠦ ᠵᠢᠭᠡᠯᠡᠯᠭᠡ ᠶᠢᠨ 27.21% ᠶᠢ ᠡᠵᠡᠯᠡᠵᠤ ᠂ ᠵᠢᠯ ᠤᠨ ᠡᠬᠢᠨ ᠤ ᠬᠢ ᠠᠴᠠ 3.7 ᠳ᠋ᠦᠩᠰᠢᠭᠤᠷ | ᠲᠥᠭᠦᠷᠢᠭ ᠨᠡᠮᠡᠭᠳᠡᠪᠡ᠃ ᠭᠤᠷᠪᠠ ᠳᠤ᠂ ᠳᠠᠭᠠᠳᠬᠠᠯ ᠤᠨ ᠵᠠᠬ᠎ᠠ ᠳᠡᠯᠭᠡᠭᠦᠷ ᠯᠠᠪᠳᠠᠭᠤᠨ ᠢᠶᠠᠷ ᠬᠦᠭᠵᠢᠵᠦ ᠪᠠᠶᠢᠨ᠎ᠠ᠃ | 2017 ᠣᠨ ᠤ ᠡᠴᠦᠰ ᠪᠣᠯᠲᠠᠯ᠎ᠠ᠂ ᠪᠦᠬᠦ ᠰᠢᠶᠠᠨ ᠤ ᠳᠠᠭᠠᠳᠬᠠᠯ ᠤᠨ ᠪᠠᠶᠢᠭᠤᠯᠤᠮᠵᠢ ᠨᠢ ᠳᠠᠭᠠᠳᠬᠠᠯ ᠤᠨ | ᠰᠦᠢᠳᠭᠡᠯ ᠤᠨ ᠣᠷᠣᠯᠭ᠎ᠠ ᠨᠡᠶᠢᠳᠡ 8778 ᠲᠦᠮᠡᠨᠲ᠋ᠥ᠋ᠭᠦᠷᠢᠭ ᠢ ᠪᠡᠶᠡᠯᠡᠭᠦᠯᠵᠡᠢ᠃ ᠡᠭᠦᠨ ᠳᠤ᠂ ᠡᠳ᠋ | ᠬᠦᠷᠦᠩᠭᠡ ᠶᠢᠨ ᠳᠠᠭᠠᠳᠬᠠᠯ ᠤᠨ ᠰᠦᠢᠳᠭᠡᠯ ᠤᠨ ᠣᠷᠣᠯᠭ᠎ᠠ 8434 ᠲᠦᠮᠡᠨ ᠲᠥᠭᠦᠷᠢᠭ ᠢ ᠪᠡᠶᠡᠯᠡᠭᠦᠯᠵᠦ ᠂ | ᠬᠥᠮᠦᠨ ᠤ ᠪᠡᠶ᠎ᠡ ᠶᠢᠨ ᠳᠠᠭᠠᠳᠬᠠᠯ ᠤᠨ ᠰᠦᠢᠳᠭᠡᠯ ᠤᠨ ᠣᠷᠣᠯᠭ᠎ᠠ 344 ᠲᠦᠮᠡᠨ ᠲᠥᠭᠦᠷᠢᠭ ᠢ ᠪᠡᠶᠡᠯᠡᠭᠦᠯᠵᠦ᠂ | ᠳᠠᠭᠠᠳᠬᠠᠯ ᠤᠨ ᠲᠤᠬᠠᠶᠢᠯᠠᠭᠰᠠᠨ ᠠᠵᠢᠯ ᠳᠤ ᠲᠥᠯᠥᠪᠦᠷᠢ ᠥᠭᠬᠦ ᠵᠠᠷᠤᠯᠭ᠎ᠠ 6704 ᠲᠦᠮᠡᠨᠲ᠋ᠥ᠋ᠭᠦᠷᠢᠭ ᠲᠤ | ᠬᠦᠷᠴᠡᠢ᠃ ᠲᠦᠷᠪᠡ ᠳᠤ᠂ ᠪᠢᠴᠢᠯ ᠵᠢᠭᠡᠯᠡᠯᠭᠡ ᠶᠢᠨ ᠺᠣᠮᠫᠠᠨᠢ ᠶᠢᠨ ᠲᠤᠬᠠᠶᠢᠯᠠᠭᠰᠠᠨ ᠠᠵᠢᠯ ᠵᠣᠭᠰᠣᠩᠭᠢ | ᠪᠠᠶᠢᠳᠠᠯ ᠳᠤ ᠤᠷᠤᠵᠠᠢ᠃ ᠪᠦᠬᠦ ᠰᠢᠶᠠᠨ ᠳᠤ ᠨᠡᠶᠢᠲᠡ ᠪᠢᠴᠢᠯ ᠵᠢᠭᠡᠯᠡᠯᠭᠡ ᠶᠢᠨ ᠺᠣᠮᠫᠠᠨᠢ ᠭᠤᠷᠪᠠ ᠪᠠᠶᠢᠵᠤ᠂ | ᠳᠠᠩᠰᠠᠯᠠᠭᠤᠯᠤᠭᠰᠠᠨ ᠬᠦᠷᠦᠩᠭᠡ ᠨᠢ 6000 ᠲᠦᠮᠡᠨ ᠲᠥᠭᠦᠷᠢᠭ ᠪᠣᠯᠤᠨ᠎ᠠ᠃ ᠭᠤᠷᠪᠠᠨ ᠪᠢᠴᠢᠯ ᠵᠢᠭᠡᠯᠡᠯᠭᠡ ᠶᠢᠨ | ᠺᠣᠮᠫᠠᠨᠢ ᠶᠢᠨ ᠵᠢᠯ ᠤᠨ ᠰᠡᠭᠦᠯᠴᠢ ᠶᠢᠨ ᠦᠯᠡᠳᠡᠪᠦᠷᠢ 8712 ᠲᠦᠮᠡᠨ ᠲᠥᠭᠦᠷᠢᠭ ᠬᠦᠷᠴᠤ᠂ ᠨᠡᠶᠢᠲᠡ120 | ᠡᠷᠤᠬᠡ ᠳᠤ 126 ᠤᠳᠠᠭ᠎ᠠ ᠵᠢᠭᠡᠯᠡᠯᠭᠡ ᠲᠠᠯᠪᠢᠵᠠᠢ᠃ ᠠᠵᠤ ᠠᠬᠤᠶ ᠶᠢᠨ ᠨᠦᠯᠦᠭᠡᠯᠡᠯ ᠢᠶᠠᠷ᠂ ᠪᠢᠴᠢᠯ | ᠵᠢᠭᠡᠯᠡᠯᠭᠡ ᠶᠢᠨ ᠺᠣᠮᠫᠠᠨᠢ ᠶᠢᠨ ᠵᠢᠭᠡᠯᠡᠯᠭᠡ ᠲᠠᠯᠪᠢᠬᠤ ᠪᠠ ᠵᠢᠭᠡᠯᠡᠯᠭᠡ ᠶᠢ ᠪᠤᠴᠠᠭᠠᠵᠤ ᠠᠪᠴᠢᠷᠠᠬᠤ ᠳᠤ ᠲᠤᠩ | ᠬᠦᠴᠢᠷᠳᠡᠯᠳᠡᠢ ᠪᠠᠶᠢᠬᠤ ᠨᠢ ᠲᠤᠬᠠᠶᠢᠯᠠᠭᠰᠠᠨ ᠠᠵᠢᠯ ᠢ ᠬᠦᠨᠳᠦ ᠨᠣᠴᠢᠲᠠᠶ ᠵᠣᠭᠰᠣᠩᠭᠢ ᠪᠠᠶᠢᠳᠠᠯ ᠳᠤ ᠤᠷᠤᠭᠤᠯᠵᠤ᠂ | ᠪᠢᠴᠢᠯ ᠵᠢᠭᠡᠯᠡᠯᠭᠡ ᠶᠢᠨ ᠺᠣᠮᠫᠠᠨᠢ ᠶᠢᠨ ᠣᠷᠣᠰᠢᠨ ᠲᠤᠭᠳᠠᠨᠢᠬᠤ ᠪᠠ ᠬᠥᠭᠵᠢᠬᠦ ᠳᠤ ᠲᠤᠯᠭᠠᠷᠠᠵᠤ ᠪᠠᠶᠢᠭ᠎ᠠ ᠭᠤᠤᠯ | ᠠᠰᠠᠭᠤᠳᠠᠯ ᠪᠤᠯᠵᠠᠢ᠃ ﹇ 15᠄ 39᠄ 00 ﹈ | ﹇ᠬᠥᠲᠥᠯᠥᠭᠴᠢ﹈ ᠢᠷᠡᠭᠡᠳᠦᠶ ᠶᠢᠨ ᠬᠥᠭᠵᠢᠯᠲᠡ ᠳᠤ ᠴᠢᠭᠯᠡᠭᠦᠯᠦᠨ᠂ ᠲᠣᠭᠲᠠᠬᠤ ᠰᠢᠶᠠᠨ ᠤ ᠣᠳᠣᠬᠠᠨ ᠤ | ᠮᠥᠩᠭᠦᠨ ᠭᠦᠢᠯᠭᠡᠭᠡᠨ ᠤ ᠠᠵᠢᠯᠯᠠᠭᠠᠨ ᠳᠤ ᠶᠠᠮᠠᠷ ᠶᠠᠮᠠᠷ ᠠᠰᠠᠭᠤᠳᠠᠯ ᠣᠷᠣᠰᠢᠵᠤ ᠪᠠᠶᠢᠬᠤ ᠪᠤᠢ︖ ﹇ 15᠄ 40 | ᠄ 00 ﹈ | ﹇ᠵᠣᠴᠢᠨ﹈ ᠣᠳᠣᠬᠠᠨ ᠤ ᠪᠠᠶᠢᠳᠠᠯ ᠠᠴᠠ ᠦᠵᠡᠪᠡᠯ᠂ ᠮᠠᠨ ᠤ ᠰᠢᠶᠠᠨ ᠤ ᠮᠥᠩᠭᠦᠨ ᠭᠦᠢᠯᠭᠡᠭᠡᠨ ᠤ | ᠠᠵᠢᠯᠯᠠᠭᠠᠨ ᠳᠤ ᠭᠤᠤᠯᠳᠠᠭᠤ ᠭᠤᠷᠪᠠᠨ ᠠᠰᠠᠭᠤᠳᠠᠯ ᠣᠷᠣᠰᠢᠵᠤ ᠪᠠᠶᠢᠨ᠎ᠠ᠄ ᠨᠢᠭᠡ ᠳᠤ᠂ ᠪᠠᠩᠬᠢ ᠶᠢᠨ ᠦᠢᠯᠡᠰ ᠤᠨ | ᠮᠥᠩᠭᠦᠨ ᠭᠦᠢᠯᠭᠡᠭᠡᠨ ᠤ ᠪᠠᠶᠢᠭᠤᠯᠤᠮᠵᠢ ᠨᠢ ᠬᠠᠷᠢᠶ᠎ᠠ ᠣᠷᠣᠨ ᠳᠠᠬᠢ ᠳᠤᠮᠳᠠ ᠵᠢᠵᠢᠭ ᠠᠵᠤ ᠠᠬᠤᠶᠢᠯᠠᠯ ᠳᠤ | ᠢᠲᠡᠭᠡᠮᠵᠢᠲᠦ ᠵᠢᠭᠡᠯᠡᠯᠭᠡ ᠶᠢᠨ ᠳᠡᠮᠵᠢᠯᠭᠡ ᠦᠵᠡᠭᠦᠯᠵᠤ ᠪᠠᠶᠢᠭ᠎ᠠ ᠨᠢ ᠭᠦᠢᠴᠡᠳ ᠦᠭᠡᠢ᠂ ᠨᠥᠭᠡᠴᠡ ᠬᠦᠴᠦᠨ | ᠬᠦᠷᠦᠯᠴᠡᠬᠦ ᠦᠭᠡᠢ ᠪᠠᠶᠢᠨ᠎ᠠ᠃ ᠮᠠᠨ ᠤ ᠰᠢᠶᠠᠨ ᠤ ᠠᠵᠤ ᠠᠬᠤᠶ ᠶᠢᠨ ᠶᠡᠷᠦᠩᠬᠡᠶ ᠬᠡᠮᠵᠢᠶ᠎ᠡ ᠪᠠᠭ᠎ᠠ᠂ ᠠᠵᠤ | ᠦᠢᠯᠡᠰ ᠤᠨ ᠳᠡᠰ ᠳᠠᠪᠬᠤᠷᠭ᠎ᠠ ᠪᠠᠷ ᠳᠣᠣᠷ᠎ᠠ᠂ ᠰᠢᠶᠠᠨ ᠤ ᠳᠣᠲᠣᠷᠠᠬᠢ ᠵᠠᠷᠢᠮ ᠠᠵᠤ ᠠᠬᠤᠶᠢᠯᠠᠯ ᠤᠨ | ᠬᠠᠮᠢᠶᠠᠷᠤᠯᠲᠠ ᠨᠢ ᠪᠦᠳᠦᠭᠦᠯᠢᠭ᠂ ᠬᠦᠴᠦᠨ ᠪᠦᠬᠦᠢ ᠡᠳ᠋ ᠬᠦᠷᠦᠩᠭᠡ ᠲᠤᠳᠠᠮᠠᠭ᠂ ᠲᠠᠨᠵᠢᠯᠠᠨ ᠲᠠᠭᠠᠭᠠᠴᠢᠯᠠᠬᠤ | ᠴᠢᠳᠠᠪᠤᠷᠢ ᠨᠢ ᠨᠡᠯᠢᠶᠡᠳ ᠪᠠᠭᠤᠷᠠᠶ ᠤᠴᠢᠷ ᠠᠴᠠ ᠪᠠᠩᠬᠢ ᠶᠢᠨ ᠵᠢᠭᠡᠯᠡᠯᠭᠡ ᠶᠢᠨ ᠵᠦᠪᠰᠢᠶᠡᠷᠡᠯ ᠤᠯᠬᠤ ᠨᠥᠬᠦᠴᠡᠯ | ᠬᠠᠩᠭᠠᠬᠤ ᠳᠤ ᠬᠦᠴᠢᠷ ᠪᠠᠶᠢᠨ᠎ᠠ᠃ ᠲᠡᠷᠡᠴᠢᠯᠡᠨ ᠣᠳᠣᠬᠠᠨ ᠳᠤ ᠡᠯ᠎ᠡ ᠬᠤᠳᠠᠯᠳᠤᠭᠠᠨ ᠤ ᠪᠠᠩᠬᠢ ᠨᠢ ᠵᠢᠭᠡᠯᠡᠯᠭᠡ | ᠲᠠᠯᠪᠢᠬᠤ ᠬᠢᠨᠠᠨ ᠵᠥᠪᠰᠢᠶᠡᠷᠡᠬᠦ ᠡᠷᠬᠡ ᠶᠢ ᠬᠤᠷᠢᠶᠠᠨ ᠠᠪᠴᠤ᠂ ᠰᠠᠯᠪᠤᠷᠢ ᠪᠠᠩᠬᠢ ᠠᠴᠠ ᠢᠳᠡᠭᠡᠮᠵᠢᠳᠤ ᠵᠢᠭᠡᠯᠡᠯᠭᠡ | ᠣᠯᠭᠤᠬᠤ ᠡᠷᠬᠡ ᠶᠢᠨ ᠬᠡᠪᠴᠢᠶ᠎ᠡ ᠨᠢ ᠮᠠᠰᠢ ᠪᠠᠭ᠎ᠠ᠂ ᠠᠶᠤᠯ ᠲᠦᠭᠰᠢᠭᠦᠷᠢ ᠶᠢᠨ ᠢᠲᠡᠭᠡᠮᠵᠢ ᠣᠯᠭᠤᠬᠤ ᠵᠡᠷᠭᠡ | ᠨᠥᠯᠥᠭᠡ ᠠᠯᠬᠤᠮ ᠠᠯᠬᠤᠮ ᠢᠶᠠᠷ ᠪᠠᠭᠠᠰᠬᠠᠬᠤ᠂ ᠵᠢᠭᠡᠯᠡᠯᠭᠡ ᠶᠢᠨ ᠨᠥᠬᠦᠴᠡᠯ ᠪᠠ ᠲᠦᠷᠢᠮ ᠤᠯᠠᠮ ᠴᠢᠩᠭ᠎ᠠ | ᠪᠤᠯᠤᠭᠰᠠᠨ ᠠᠴᠠ ᠠᠵᠤ ᠠᠬᠤᠶᠢᠯᠠᠯ ᠤᠨ ᠪᠠᠩᠬᠢ ᠶᠢᠨ ᠳᠡᠮᠵᠢᠯᠭᠡ ᠶᠢ ᠤᠯᠬᠤ ᠨᠢ ᠨᠡᠩ ᠪᠡᠷᠬᠡ ᠪᠤᠯᠵᠠᠢ ᠃ | ᠬᠤᠶᠠᠷ ᠲᠤ᠂ ᠪᠡᠯᠡ ᠬᠤᠷᠠᠮᠳᠤᠭᠤᠯᠬᠤ ᠠᠷᠭ᠎ᠠ ᠵᠠᠮ ᠳᠠᠩ ᠴᠤᠯᠭᠤᠶ᠂ ᠪᠡᠯᠡ ᠬᠤᠷᠠᠮᠳᠤᠭᠤᠯᠬᠤ ᠴᠢᠳᠠᠪᠤᠷᠢ ᠪᠠᠷ | ᠨᠡᠯᠢᠶᠡᠳ ᠪᠠᠭᠤᠷᠠᠶ ᠪᠠᠶᠢᠭᠰᠠᠭᠠᠷ᠃ ᠰᠢᠶᠠᠨ ᠤ ᠲᠤᠳᠤᠷᠠᠬᠢ ᠠᠵᠤ ᠠᠬᠤᠶᠢᠯᠠᠯ ᠤᠨ ᠰᠢᠭᠤᠳ ᠪᠡᠯᠡ | ᠬᠤᠷᠠᠮᠳᠤᠭᠤᠯᠬᠤ ᠦᠵᠡᠯ ᠤᠬᠠᠮᠰᠠᠷ ᠨᠢ ᠲᠤᠷᠤᠢ ᠪᠥᠭᠡᠳ ᠳᠡᠭᠡᠳᠦ ᠰᠢᠨ᠎ᠡ ᠲᠧᠭᠨᠢᠭ ᠮᠡᠷᠭᠡᠵᠢᠯ ᠤᠨ ᠪᠠ ᠰᠢᠨ᠎ᠡ ᠶᠢ | ᠡᠭᠦᠳᠬᠦ ᠴᠢᠳᠠᠪᠤᠷᠢ ᠲᠤᠳᠠᠭᠤ᠂ ᠣᠯᠠᠩᠬᠢ ᠲᠣᠭᠠᠨ ᠤ ᠳᠤᠮᠳᠠ ᠪᠠᠭ᠎ᠠ ᠠᠵᠤ ᠠᠬᠤᠶᠢᠯᠠᠯ ᠨᠢ ᠦᠨᠳᠦᠰᠦᠨ ᠳᠡᠭᠡᠨ | ᠰᠢᠭᠤᠳ ᠪᠡᠯᠡ ᠬᠤᠷᠠᠮᠳᠤᠭᠤᠯᠬᠤ ᠨᠥᠬᠦᠴᠡᠯ ᠪᠦᠷᠢᠯᠳᠦᠭᠦᠯᠦᠭᠰᠡᠨ ᠦᠭᠡᠢ᠂ ᠠᠵᠤ ᠠᠬᠤᠶᠢᠯᠠᠯ ᠤᠨ ᠪᠡᠯᠡ | ᠬᠤᠷᠠᠮᠳᠤᠭᠤᠯᠬᠤ ᠬᠡᠷᠡᠭᠴᠡᠭᠡ ᠶᠢ ᠭᠤᠣᠯᠳᠠᠭᠤ ᠤᠯᠠᠮᠵᠢᠯᠠᠯᠲᠤ ᠪᠠᠩᠬᠢ ᠶᠢᠨ ᠪᠡᠯᠡ ᠬᠤᠷᠠᠮᠳᠤᠭᠤᠯᠬᠤ ᠳᠤ | ᠲᠦᠰᠢᠭᠯᠡᠳᠡᠭ᠂ ᠰᠢᠭᠤᠳ ᠪᠡᠯᠡ ᠬᠤᠷᠠᠮᠳᠤᠭᠤᠯᠬᠤ ᠬᠦᠷᠢᠶᠡᠨ ᠳᠤ ᠮᠥᠨ ᠯᠡ ᠬᠤᠭᠤᠰᠣᠨ ᠪᠠᠶᠢᠭᠰᠠᠭᠠᠷ᠃ | ᠭᠤᠷᠪᠠ ᠳᠤ᠂ ᠮᠥᠩᠭᠦᠨ ᠭᠦᠢᠯᠭᠡᠭᠡᠨ ᠤ ᠠᠮᠢ ᠠᠬᠤᠶ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠬᠦ ᠴᠢᠬᠤᠯᠠᠲᠠᠶ | ᠪᠠᠶᠢᠨ᠎ᠠ᠃ ᠡᠨᠡ ᠵᠢᠯ ᠠᠴᠠ ᠨᠠᠰᠢ ᠵᠠᠷᠢᠮ ᠠᠵᠤ ᠠᠬᠤᠶᠢᠯᠠᠯ ᠤᠨ ᠪᠡᠯᠡ ᠮᠥᠩᠭᠦ ᠶᠢᠨ ᠬᠦᠴᠢᠷᠳᠡᠯ ᠠᠴᠠ ᠪᠤᠯᠵᠤ᠂ | ᠦᠢᠯᠡᠳᠪᠦᠷᠢᠯᠡᠯ ᠡᠵᠡᠩᠨᠡᠯᠲᠡ ᠨᠢ ᠬᠢᠵᠭᠠᠷᠯᠠᠭᠳᠠᠵᠤ᠂ ᠰᠢᠶᠠᠨ ᠤ ᠳᠣᠲᠣᠷᠠᠬᠢ ᠪᠢᠴᠢᠯ ᠵᠢᠭᠡᠯᠡᠯᠭᠡ ᠶᠢᠨ ᠺᠣᠮᠫᠠᠨᠢ ᠨᠢ | ᠵᠢᠭᠡᠯᠡᠯᠭᠡ ᠪᠠᠨ ᠬᠤᠭᠤᠴᠠᠭ᠎ᠠ ᠶᠣᠰᠣᠭᠠᠷ ᠬᠤᠷᠢᠶᠠᠨ ᠠᠪᠴᠤ ᠲᠡᠶᠢᠯᠬᠦ ᠦᠭᠡᠢ᠂ ᠡᠵᠡᠩᠨᠡᠯᠲᠡ ᠨᠢ ᠬᠦᠴᠢᠷᠳᠡᠯ ᠲᠠᠢ | ᠪᠠᠶᠢᠬᠤ ᠪᠠᠶᠢᠳᠠᠯ ᠭᠠᠷᠴᠤ ᠂ ᠵᠢᠭᠡᠯᠡᠯᠭᠡ ᠲᠠᠯᠪᠢᠬᠤ ᠢᠳᠡᠪᠬᠢᠵᠢᠯ ᠰᠢᠭᠤᠳ ᠨᠦᠯᠦᠭᠡᠯᠡᠭᠳᠡᠵᠦ᠂ ᠢᠳᠡᠭᠡᠮᠵᠢᠳᠦ | ᠵᠢᠭᠡᠯᠡᠯᠭᠡ ︽ᠬᠤᠶᠠᠷ ᠲᠦᠪᠡᠭᠲᠡᠶ︾ ᠪᠠᠶᠢᠳᠠᠯ ᠲᠠᠢ ᠪᠤᠯᠵᠡᠢ᠃ ﹇ 15᠄ 40᠄ 00 ﹈ | ﹇ᠬᠥᠲᠥᠯᠥᠭᠴᠢ﹈ ᠠᠵᠤ ᠠᠬᠤᠶ ᠶᠢᠨ ᠪᠠᠶᠢᠳᠠᠯ ᠡᠶᠢᠮᠦ ᠬᠦᠨᠳᠦ ᠰᠦᠷᠡᠬᠡᠶ ᠪᠠᠶᠢᠭ᠎ᠠ ᠪᠠᠶᠢᠳᠠᠯ ᠳᠣᠣᠷ᠎ᠠ᠂ | ᠲᠣᠭᠲᠠᠬᠤ ᠰᠢᠶᠠᠨ ᠤ ᠤᠳᠤᠬᠢ ᠣᠷᠣᠰᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ᠂ ᠲᠠᠷᠠᠭᠠᠴᠢ ᠶᠢᠨ ᠠᠯᠬᠤᠮ ᠳᠤ | ᠠᠯᠢ ᠠᠯᠢ ᠲᠠᠯ᠎ᠠ ᠶᠢᠨ ᠠᠵᠢᠯ ᠢ ᠰᠠᠶᠢᠲᠤᠷ ᠬᠢᠬᠦ ᠴᠢᠬᠤᠯᠠᠳᠠᠢ ᠪᠤᠢ︖ ﹇ 15᠄ 40᠄ 00 ﹈ | ﹇ᠵᠣᠴᠢᠨ﹈ ᠲᠠᠷᠠᠭᠠᠴᠢ ᠶᠢᠨ ᠠᠯᠬᠤᠮ ᠳᠤ᠂ ᠪᠢᠳᠡ ᠪᠦᠬᠦ ᠤᠯᠤᠰ ᠤᠨ ᠮᠥᠩᠭᠦᠨ ᠭᠦᠢᠯᠭᠡᠭᠡᠨ ᠤ | ᠠᠵᠢᠯ ᠤᠨ ᠬᠤᠷᠠᠯᠳᠤᠭᠠᠨ ᠤ ᠵᠣᠷᠢᠭ ᠰᠠᠨᠠᠭᠠᠨ ᠤ ᠲᠤᠭᠤᠷᠢᠨ ᠳᠤ᠂ ᠲᠣᠭᠲᠠᠬᠤ ᠰᠢᠶᠠᠨ ᠤ ᠬᠥᠭᠵᠢᠯᠲᠡ ᠶᠢᠨ | ᠲᠥᠯᠥᠪᠵᠢᠭᠦᠯᠭᠡ ᠲᠠᠢ ᠤᠶᠠᠯᠳᠤᠭᠤᠯᠤᠨ᠂ ᠪᠣᠳᠠᠲᠤ ᠴᠣᠭᠴᠠ ᠶᠢᠨ ᠠᠵᠤ ᠠᠬᠤᠶ ᠳᠤ ᠦᠢᠯᠡᠴᠢᠯᠡᠬᠦ ᠂ ᠮᠥᠩᠭᠦᠨ | ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ᠂ ᠮᠥᠩᠭᠦᠨ ᠭᠦᠢᠯᠭᠡᠭᠡᠨ ᠤ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠵᠡᠷᠭᠡ ᠭᠤᠷᠪᠠᠨ ᠡᠭᠦᠷᠭᠡ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ ᠂ ᠮᠥᠩᠭᠦᠨ | ᠭᠦᠢᠯᠭᠡᠭᠡᠨ ᠤ ᠲᠤᠬᠢᠷᠠᠭᠤᠯᠤᠯ ᠡᠵᠡᠮᠳᠡᠯ ᠳᠤ ᠰᠢᠨ᠎ᠡ ᠶᠢ ᠡᠭᠦᠳᠬᠦ᠂ ᠮᠥᠩᠭᠦᠨ ᠭᠦᠢᠯᠭᠡᠭᠡᠨ ᠤ ᠵᠠᠬ᠎ᠠ ᠳᠡᠯᠭᠡᠭᠦᠷ ᠤᠨ | ᠰᠢᠰᠲ᠋ᠧᠮ ᠢ ᠲᠡᠭᠦᠯᠳᠡᠷᠵᠢᠭᠦᠯᠵᠦ᠂ ᠤᠳᠤ ᠦᠶ᠎ᠡ ᠶᠢᠨ ᠮᠥᠩᠭᠦᠨ ᠭᠦᠢᠯᠭᠡᠭᠡᠨ ᠤ ᠬᠢᠨᠠᠨ ᠬᠠᠮᠢᠶᠠᠷᠤᠯᠲᠠ ᠶᠢᠨ ᠪᠣᠷᠣ | ᠲᠥᠯᠥᠪ ᠢ ᠪᠠᠶᠢᠭᠤᠯᠵᠤ᠂ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠲᠦᠯᠬᠢᠨ ᠠᠬᠢᠭᠤᠯᠤᠨ᠎ᠠ ᠃ | ᠮᠥᠩᠭᠦᠨ ᠭᠦᠢᠯᠭᠡᠭᠡᠨ ᠤ ᠬᠥᠭᠵᠢᠯᠲᠡ ᠶᠢᠨ ᠠᠷᠭ᠎ᠠ ᠮᠠᠶ᠋ᠢᠭ ᠢ ᠲᠦᠷᠭᠡᠪᠴᠢᠯᠡᠨ ᠬᠤᠪᠢᠷᠠᠭᠤᠯᠵᠤ᠂ ᠮᠥᠩᠭᠦᠨ | ᠭᠦᠢᠯᠭᠡᠭᠡ ᠶᠢ ᠬᠠᠤᠯᠢ ᠪᠠᠷ ᠵᠠᠰᠠᠬᠤ ᠠᠵᠢᠯ ᠢ ᠲᠡᠭᠦᠯᠳᠡᠷᠵᠢᠭᠦᠯᠵᠦ᠂ ᠮᠥᠩᠭᠦᠨ ᠭᠦᠢᠯᠭᠡᠭᠡᠨ ᠤ ᠠᠶᠤᠯ | ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠰᠢᠪᠳᠤᠯᠤᠯᠳᠡ ᠶᠢᠨ ᠲᠠᠶᠢᠨ ᠢ ᠪᠦᠬᠦ ᠬᠦᠴᠦ ᠪᠠᠷ ᠢᠶᠠᠨ ᠰᠠᠶᠢᠲᠤᠷ | ᠬᠢᠬᠦ ᠳᠤ ᠭᠤᠣᠯᠳᠠᠭᠤ ᠳᠣᠣᠷᠠᠬᠢ ᠬᠡᠳᠦᠨ ᠲᠠᠯ᠎ᠠ ᠶᠢᠨ ᠠᠵᠢᠯ ᠢ ᠴᠢᠩᠭ᠎ᠠ ᠠᠳᠬᠤᠬᠤ ᠬᠡᠷᠡᠭᠲᠡᠶ᠃ ᠨᠢᠭᠡ ᠳᠤ᠂ | ᠠᠩᠬᠠᠷᠤᠯ ᠢᠶᠠᠨ ᠲᠥᠪᠯᠡᠷᠡᠭᠦᠯᠵᠦ᠂ ᠰᠢᠶᠠᠨ ᠤ ᠬᠡᠪᠴᠢᠶᠡᠨ ᠤ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ | ᠰᠡᠷᠭᠡᠶᠢᠯᠡᠬᠦ᠂ ᠰᠢᠯᠢᠳᠡᠭ ᠮᠥᠩᠭᠦᠨ ᠭᠦᠢᠯᠭᠡᠭᠡᠨ ᠤ ᠠᠮᠢ ᠠᠬᠤᠶ ᠶᠢᠨ ᠣᠷᠴᠢᠨ ᠨᠥᠬᠦᠴᠡᠯ ᠢ ᠪᠤᠢ ᠪᠣᠯᠭᠠᠨ᠎ᠠ᠃ | ᠨᠠᠮ ᠤᠨ ᠲᠥᠪ ᠬᠤᠷᠢᠶ᠎ᠠ᠂ ᠲᠥᠷᠦ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠪᠣᠯᠤᠨ | ᠬᠥᠬᠡᠬᠤᠲᠠ ᠶᠢᠨ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠲᠤᠬᠠᠶ ᠰᠢᠢᠳᠪᠦᠷᠢᠲᠦ | ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠦᠷᠭᠦᠯᠵᠢᠯᠡᠨ ᠨᠠᠷᠢᠨ ᠬᠢᠨᠠᠮᠠᠭᠠᠶ ᠲᠤᠤᠱᠯᠠᠭᠤᠯᠵᠤ᠂ ᠬᠠᠤᠯᠢ ᠪᠤᠰᠤ ᠪᠠᠷ | ᠪᠡᠯᠡ ᠮᠥᠩᠭᠦ ᠴᠤᠭᠯᠠᠭᠤᠯᠬᠤ ᠶᠢ ᠰᠡᠷᠭᠡᠶᠢᠯᠡᠨ ᠰᠢᠢᠳᠪᠦᠷᠢᠯᠡᠬᠦ ᠰᠢᠷᠢᠰ ᠱᠠᠭᠠᠷᠳᠠᠯᠭ᠎ᠠ ᠪᠠᠷ ᠮᠥᠩᠭᠦᠨ ᠭᠦᠢᠯᠭᠡᠭᠡᠨ ᠤ | ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠰᠢᠪᠳᠤᠯᠤᠯᠳᠠ ᠶᠢᠨ ᠲᠠᠶᠢᠨ ᠢ ᠰᠠᠶᠢᠲᠤᠷ ᠬᠢᠬᠦ ᠬᠡᠷᠡᠭᠲᠡᠶ᠃ ᠬᠠᠤᠯᠢ | ᠪᠤᠰᠤ ᠪᠠᠷ ᠪᠡᠯᠡ ᠮᠥᠩᠭᠦ ᠴᠤᠭᠯᠠᠭᠤᠯᠤᠭᠰᠠᠨ ᠠᠵᠢᠯᠯᠠᠭ᠎ᠠ ᠵᠢᠴᠢ ᠢᠨᠲ᠋ᠧᠷ ᠰᠦᠯᠵᠢᠶ᠎ᠡ ᠶᠢᠨ ᠮᠥᠩᠭᠦᠨ | ᠭᠦᠢᠯᠭᠡᠭᠡᠨ ᠤ ᠠᠶᠤᠯ ᠲᠦᠭᠰᠢᠭᠦᠷᠢ ᠶᠢ ᠲᠤᠰᠬᠠᠶ ᠪᠠᠶᠢᠴᠠᠭᠠᠬᠤ ᠪᠤᠯᠤᠨ ᠴᠡᠭᠴᠡᠯᠡᠨ ᠵᠠᠰᠠᠬᠤ ᠠᠵᠢᠯᠯᠠᠭ᠎ᠠ | ᠥᠷᠨᠢᠭᠦᠯᠬᠦ ᠪᠠᠷ ᠳᠠᠮᠵᠢᠭᠤᠯᠤᠨ᠂ ᠬᠠᠤᠯᠢ ᠪᠤᠰᠤ ᠪᠠᠷ ᠪᠡᠯᠡ ᠮᠥᠩᠭᠦ ᠴᠤᠭᠯᠠᠭᠤᠯᠤᠭᠰᠠᠳ ᠢ ᠢᠯᠡᠴᠢᠯᠡᠨ | ᠮᠡᠳᠡᠭᠦᠯᠦᠭᠰᠡᠳ ᠲᠤ ᠱᠠᠩᠨᠠᠯ ᠤᠯᠭᠤᠬᠤ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠤᠨ᠂ ᠪᠦᠬᠦ ᠰᠢᠶᠠᠨ ᠤ | ᠮᠥᠩᠭᠦᠨ ᠭᠦᠢᠯᠭᠡᠭᠡᠨ ᠤ ᠠᠮᠢ ᠠᠬᠤᠶ ᠶᠢᠨ ᠠᠮᠤᠷ ᠲᠦᠪᠰᠢᠨ ᠪᠠ ᠡᠮᠬᠢ ᠵᠢᠷᠤᠮ ᠲᠠᠢ ᠲᠣᠭᠲᠠᠭᠤᠨ ᠪᠠᠶᠢᠯᠭᠠᠬᠤ ᠶᠢ | ᠦᠨᠡᠨ ᠬᠦ ᠪᠠᠳᠤᠯᠠᠬᠤ ᠬᠡᠷᠡᠭᠲᠡᠶ᠃ ᠬᠤᠶᠠᠷ ᠲᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ | ᠠᠵᠢᠯ ᠳᠤ ᠲᠦᠪᠯᠡᠷᠡᠭᠦᠯᠦᠨ᠂ ᠮᠥᠩᠭᠦᠨ ᠭᠦᠢᠯᠭᠡᠭᠡᠨ ᠢᠶᠠᠷ ᠶᠠᠳᠠᠭᠤ ᠶᠢ ᠲᠡᠳᠬᠦᠬᠦ ᠠᠵᠢᠯ ᠢ ᠪᠦᠬᠦ ᠬᠦᠴᠦᠨ ᠢᠶᠠᠷ | ᠰᠠᠶᠢᠲᠤᠷ ᠬᠢᠬᠦ ᠬᠡᠷᠡᠭᠲᠡᠶ᠃ ᠰᠢᠶᠠᠨ ᠤ ᠲᠠᠷᠢᠶᠠᠯᠠᠩ ᠤᠨ ᠬᠥᠭᠵᠢᠭᠦᠯᠦᠯᠲᠡ ᠶᠢᠨ ᠪᠠᠩᠬᠢ᠂ ᠲᠠᠷᠢᠶᠠᠯᠠᠩ ᠤᠨ ᠪᠠᠩᠬᠢ᠂ | ᠬᠦᠳᠡᠭᠡ ᠲᠤᠰᠬᠤᠨ ᠤ ᠬᠤᠳᠠᠯᠳᠤᠭᠠᠨ ᠤ ᠪᠠᠩᠭᠢ ᠵᠡᠷᠭᠡ ᠪᠠᠩᠭᠢ ᠶᠢᠨ ᠬᠤᠭᠤᠷᠤᠨᠳᠤᠬᠢ ᠵᠤᠯᠭᠤᠭᠠᠯᠤᠯᠳᠠ ᠶᠢ | ᠴᠢᠩᠭᠠᠳᠬᠠᠨ᠂ ᠲᠣᠭᠲᠠᠬᠤ ᠰᠢᠶᠠᠨ ᠤ ᠮᠥᠩᠭᠦᠨ ᠭᠦᠢᠯᠭᠡᠭᠡ ᠪᠠᠷ ᠨᠠᠷᠢᠯᠢᠭ ᠤᠨᠤᠪᠴᠢᠳᠠᠢ ᠶᠠᠳᠠᠭᠤ ᠶᠢ ᠲᠡᠳᠬᠦᠬᠦ | ᠠᠵᠢᠯ ᠤᠨ ᠬᠡᠷᠡᠭᠵᠢᠭᠦᠯᠬᠦ ᠲᠥᠰᠦᠯ ᠢ ᠰᠠᠶᠢᠲᠤᠷ ᠨᠠᠶᠢᠳᠠᠪᠤᠷᠢᠵᠢᠭᠤᠯᠵᠤ᠂ ᠡᠯ᠎ᠡ ᠬᠤᠯᠪᠣᠭᠳᠠᠯ ᠪᠦᠬᠦᠢ ᠮᠥᠩᠭᠦᠨ | ᠭᠦᠢᠯᠭᠡᠭᠡᠨ ᠤ ᠪᠠᠶᠢᠭᠤᠯᠤᠮᠵᠢ ᠨᠤᠭᠤᠳ ᠢ ᠬᠠᠪᠰᠤᠷᠤᠨ ᠰᠢᠮᠳᠠᠭᠤᠯᠵᠤ ᠪᠠᠶᠢᠭᠠᠳ ︽ᠶᠠᠳᠠᠭᠤ ᠶᠢ ᠲᠡᠳᠬᠦᠬᠦ ᠪᠢᠴᠢᠯ | ᠵᠢᠭᠡᠯᠡᠯᠭᠡ︾ ᠲᠠᠯᠪᠢᠬᠤ ᠠᠵᠢᠯ ᠦᠷᠨᠢᠭᠦᠯᠵᠦ ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠠᠴᠠ ︽ᠶᠠᠳᠠᠭᠤ | ᠬᠦᠴᠢᠷᠳᠡᠯᠲᠡᠶ ᠡᠷᠦᠬᠡ ︾ ᠶᠢᠨ ᠪᠤᠳᠠᠳᠤ ᠪᠠᠶᠢᠳᠠᠯ ᠤᠨ ᠣᠨᠴᠠᠯᠢᠭ ᠲᠤ ᠴᠢᠭᠯᠡᠭᠦᠯᠦᠨ᠂ ᠰᠢᠨ᠎ᠡ ᠮᠠᠶ᠋ᠢᠭ ᠤᠨ | ᠢᠳᠡᠭᠡᠮᠵᠢᠳᠤ ᠵᠢᠭᠡᠯᠡᠯᠭᠡ ᠶᠢᠨ ᠦᠢᠯᠡᠳᠬᠦᠨ ᠭᠠᠷᠭᠠᠬᠤ ᠶᠢ ᠲᠦᠷᠭᠡᠪᠴᠢᠯᠡᠨ ᠲᠦᠯᠬᠢᠨ ᠠᠬᠢᠭᠤᠯᠬᠤ ᠬᠡᠷᠡᠭᠳᠡᠢ᠃ | ᠭᠤᠷᠪᠠ ᠳᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠠᠮᠲᠤᠷᠠᠨ ᠠᠵᠢᠯᠯᠠᠬᠤ ᠶᠢ ᠤᠯᠠᠮ ᠨᠢᠭᠡ ᠠᠯᠬᠤᠮ | ᠴᠢᠩᠭᠠᠳᠬᠠᠬᠤ ᠬᠡᠷᠡᠭᠲᠡᠶ᠃ ᠮᠥᠩᠭᠦᠨ ᠭᠦᠢᠯᠭᠡᠭᠡᠨ ᠤ ᠠᠯᠪᠠᠨ ᠭᠡᠷ ᠤᠨ ᠡᠭᠦᠷᠭᠡ ᠴᠢᠳᠠᠪᠤᠷᠢ ᠶᠢᠨ ᠦᠢᠯᠡᠳᠦᠯ ᠢ | ᠢᠳᠡᠪᠬᠢᠲᠡᠶ ᠪᠠᠳᠠᠷᠠᠭᠤᠯᠵᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠬᠤᠭᠤᠷᠤᠨᠳᠤᠬᠢ ᠬᠠᠮᠲᠤᠷᠠᠨ ᠠᠵᠢᠯᠯᠠᠬᠤ ᠶᠢ | ᠴᠢᠩᠭᠠᠳᠬᠠᠵᠤ᠂ ᠢᠲᠡᠭᠡᠮᠵᠢᠲᠦ ᠵᠢᠭᠡᠯᠡᠯᠭᠡ ᠶᠢᠨ ᠲᠥᠷᠥ ᠶᠢᠨ ᠪᠤᠳᠤᠯᠭ᠎ᠠ ᠶᠢ ᠴᠠᠭ ᠲᠤᠬᠠᠢ ᠳᠤᠨᠢ ᠤᠶᠢᠯᠠᠭᠠᠵᠤ᠂ | ᠮᠠᠨ ᠤ ᠰᠢᠶᠠᠨ ᠤ ᠰᠢᠯᠢᠳᠡᠭ ᠰᠠᠶᠢᠨ ᠠᠵᠤ ᠠᠬᠤᠶᠢᠯᠠᠯ ᠳᠤ ᠨᠡᠩ ᠤᠯᠠᠨ ᠢᠲᠡᠭᠡᠮᠵᠢᠲᠦ ᠵᠢᠭᠡᠯᠡᠯᠭᠡ ᠶᠢᠨ ᠳᠡᠮᠵᠢᠯᠭᠡ | ᠦᠵᠡᠭᠦᠯᠬᠦ ᠶᠢ ᠢᠳᠡᠪᠬᠢᠲᠡᠶ ᠪᠠᠷ ᠲᠦᠯᠬᠢᠨ ᠤᠷᠤᠭᠰᠢᠯᠠᠭᠤᠯᠵᠤ᠂ ᠪᠦᠬᠦ ᠰᠢᠶᠠᠨ ᠤ ᠠᠵᠤ ᠠᠬᠤᠶ ᠶᠢᠨ ᠴᠢᠨᠠᠷ | ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ᠃ ᠲᠦᠷᠪᠡ ᠳᠤ ᠂ ᠮᠥᠩᠭᠦᠨ ᠭᠦᠢᠯᠭᠡᠭᠡᠨ ᠤ ᠦᠢᠯᠡᠳᠬᠦᠨ ᠤ | ᠰᠢᠨ᠎ᠡ ᠶᠢ ᠡᠭᠦᠳᠬᠦ ᠴᠢᠳᠠᠪᠦᠷᠢ ᠶᠢ ᠤᠯᠠᠮ ᠨᠢᠭᠡ ᠠᠯᠬᠤᠮ᠂ᠴᠢᠩᠭᠠᠷᠠᠭᠤᠯᠤᠨ᠎ᠠ᠃ ᠡᠯ᠎ᠡ ᠪᠠᠩᠬᠢ ᠶᠢᠨ ᠪᠠᠶᠢᠭᠤᠯᠤᠮᠵᠢ | ᠲᠠᠢ ᠬᠠᠮᠵᠢᠯᠴᠠᠨ᠂ ᠡᠯ᠎ᠡ ᠱᠠᠲᠤᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ | ᠱᠠᠭᠠᠷᠳᠠᠯᠭ᠎ᠠ ᠶᠢ ᠢᠳᠡᠪᠬᠢᠲᠡᠶ ᠨᠠᠶᠢᠳᠠᠪᠤᠷᠢᠵᠢᠭᠤᠯᠵᠤ᠂ ᠰᠢᠨ᠎ᠡ ᠦᠢᠯᠡᠳᠬᠦᠨ ᠪᠠ ᠦᠢᠯᠡᠴᠢᠯᠡᠭᠡ ᠶᠢ ᠬᠠᠨᠳᠤᠯᠭᠠᠲᠤ | ᠴᠢᠨᠠᠷ ᠲᠠᠢ ᠪᠠᠷ ᠴᠢᠩᠭᠠᠳᠭᠠᠬᠤ ᠶᠢᠨ ᠬᠠᠮᠳᠤ ᠲᠠᠭᠠᠴᠢᠯᠠᠨ ᠪᠠᠳᠤᠯᠠᠬᠤ ᠠᠷᠭ᠎ᠠ ᠬᠡᠯᠪᠡᠷᠢ ᠶᠢ ᠰᠢᠨᠡᠳᠭᠡᠨ | ᠰᠢᠯᠢᠳᠡᠭᠵᠢᠭᠦᠯᠵᠦ᠂ ᠪᠢᠴᠢᠯ ᠠᠵᠤ ᠠᠬᠤᠶᠢᠯᠠᠯ ᠤᠨ ᠪᠡᠯᠡ ᠬᠤᠷᠠᠮᠳᠠᠭᠤᠯᠬᠤ ᠳᠤ ᠬᠦᠴᠢᠷᠲᠡᠶ᠂ ᠪᠡᠯᠡ ᠬᠤᠷᠠᠮᠳᠤᠯᠭ᠎ᠠ | ᠦᠨᠡᠲᠡᠶ ᠪᠠᠶᠢᠬᠤ ᠵᠡᠷᠭᠡ ᠠᠰᠠᠭᠤᠳᠠᠯ ᠢ ᠦᠨᠡᠨ ᠪᠣᠳᠠᠲᠠᠶ ᠰᠢᠢᠳᠪᠦᠷᠢᠯᠡᠬᠦ ᠬᠡᠷᠡᠭᠳᠡᠢ᠃ ᠲᠠᠪᠤ ᠳᠤ᠂ ᠬᠦᠷᠦᠩᠭᠡ ᠶᠢᠨ | ᠵᠠᠬ᠎ᠠ ᠳᠡᠯᠭᠡᠭᠦᠷ ᠢ ᠪᠤᠶᠢᠵᠢᠭᠤᠯᠬᠤ ᠠᠵᠢᠯ ᠢ ᠬᠦᠴᠦᠲᠡᠶ ᠠᠳᠬᠤᠬᠤ ᠬᠡᠷᠡᠭᠲᠡᠶ᠃ 2018 ᠣᠨ ᠳᠤ ᠵᠢᠶᠠᠨ ᠯᠦᠩ | ᠠᠮᠢᠳᠤ ᠪᠣᠳᠠᠰ ᠪᠠ ᠵᠧᠩ ᠯᠦᠩ ᠠᠮᠤ ᠪᠤᠳᠠᠭᠠᠨ ᠤ ᠺᠤᠮᠫᠠᠨᠢ ᠵᠡᠷᠭᠡ ᠬᠤᠶᠠᠷ ᠠᠵᠤ ᠠᠬᠤᠶᠢᠯᠠᠯ ᠤᠨ ᠵᠠᠬ᠎ᠠ | ᠳᠡᠯᠭᠡᠭᠦᠷ ᠲᠤ ᠭᠠᠷᠭᠠᠬᠤ ᠠᠵᠢᠯ ᠢ ᠭᠤᠣᠯᠳᠠᠯᠭ᠎ᠠ ᠲᠠᠢ ᠲᠦᠯᠬᠢᠨ ᠠᠬᠢᠭᠤᠯᠵᠤ᠂ ᠮᠠᠨ ᠤ ᠰᠢᠶᠠᠨ ᠤ | ᠭᠤᠣᠯᠳᠠᠯᠭ᠎ᠠ ᠲᠠᠢ ᠨᠥᠬᠦᠴᠡᠯ ᠳᠤ ᠨᠡᠶᠢᠴᠡᠬᠦ ᠠᠵᠤ ᠠᠬᠤᠶᠢᠯᠠᠯ᠂ ᠪᠡᠯᠡᠳᠬᠡᠯ ᠠᠵᠤ ᠠᠬᠤᠶᠢᠯᠠᠯ ᠢ ᠦᠷᠭᠦᠯᠵᠢᠯᠡᠨ | ᠪᠤᠶᠢᠵᠢᠭᠤᠯᠵᠤ᠂ ᠡᠬᠢ ᠪᠠᠶᠠᠯᠢᠭ ᠤᠨ ᠬᠥᠮᠥᠷᠭᠡ ᠳᠤ ᠣᠷᠣᠬᠤ ᠶᠢ ᠲᠡᠮᠵᠢᠨ᠎ᠡ᠂ ᠬᠥᠮᠥᠷᠭᠡ ᠳᠤ ᠤᠷᠤᠭᠰᠠᠨ ᠪᠡᠯᠡᠳᠬᠡᠯ | ᠠᠵᠤ ᠠᠬᠤᠶᠢᠯᠠᠯ ᠳᠤ ᠲᠣᠭᠲᠠᠮᠠᠯ ᠬᠤᠭᠤᠴᠠᠭ᠎ᠠ ᠲᠠᠢ ᠪᠠᠷ ᠰᠤᠷᠪᠤᠯᠵᠢᠯᠠᠭ᠎ᠠ ᠪᠠ ᠮᠥᠷᠳᠡᠵᠦ ᠦᠢᠯᠡᠴᠢᠯᠡᠬᠦ | ᠬᠥᠳᠡᠯᠦᠩᠭᠦᠶ ᠬᠠᠮᠢᠶᠠᠷᠤᠯᠲᠠ ᠶᠢ ᠬᠡᠷᠡᠭᠵᠢᠭᠦᠯᠬᠦ ᠬᠡᠷᠡᠭᠲᠡᠶ᠃ ᠵᠢᠷᠭᠤᠭ᠎ᠠ ᠳᠤ᠂ ᠮᠥᠩᠭᠦᠨ ᠭᠦᠢᠯᠭᠡᠭᠡᠨ ᠤ | ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠵᠦ᠂ ᠥᠷᠢᠰᠥᠯᠳᠦᠭᠡᠨ ᠤ ᠴᠢᠨᠠᠷᠲᠠᠶ ᠮᠥᠩᠭᠦᠨ ᠭᠦᠢᠯᠭᠡᠭᠡᠨ ᠤ ᠵᠠᠬ᠎ᠠ | ᠳᠡᠯᠭᠡᠭᠦᠷ ᠢ ᠪᠤᠢ ᠪᠤᠯᠭᠠᠬᠤ ᠬᠡᠷᠡᠭᠳᠡᠢ᠃ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠳᠠ ᠶᠢᠨ ᠪᠠᠩᠬᠢ᠂ ᠥᠪᠥᠷ | ᠮᠣᠩᠭᠤᠯ ᠤᠨ ᠬᠤᠪᠢᠶᠠᠷᠢ ᠪᠠᠩᠬᠢ ᠪᠠ ᠥᠪᠥᠷ ᠮᠣᠩᠭᠤᠯ ᠪᠠᠩᠬᠢ ᠮᠠᠨ ᠤ ᠰᠢᠶᠠᠨ ᠳᠤ ᠰᠠᠯᠪᠤᠷᠢ ᠪᠠᠶᠢᠭᠤᠯᠤᠮᠵᠢ | ᠪᠠᠶᠢᠭᠤᠯᠬᠤ ᠶᠢ ᠦᠷᠭᠦᠯᠵᠢᠯᠡᠨ ᠲᠦᠯᠬᠢᠨ ᠠᠬᠢᠭᠤᠯᠬᠤ ᠬᠡᠷᠡᠭᠲᠡᠶ᠃ ᠨᠥᠬᠦᠴᠡᠯ ᠪᠦᠬᠦᠢ ᠠᠷᠠᠳ ᠠᠴᠠ ᠡᠵᠡᠩᠨᠡᠭᠰᠡᠨ | ᠠᠵᠤ ᠠᠬᠤᠶᠢᠯᠠᠯ ᠪᠣᠯᠤᠨ ᠠᠷᠠᠳ ᠤᠨ ᠲᠤᠳᠤᠷᠠᠬᠢ ᠬᠥᠷᠥᠩᠭᠡ ᠲᠠᠢ ᠬᠦᠮᠦᠰ ᠪᠢᠴᠢᠯ ᠵᠢᠭᠡᠯᠡᠯᠭᠡ ᠶᠢᠨ ᠺᠣᠮᠫᠠᠨᠢ᠂ | ᠪᠡᠯᠡ ᠬᠤᠷᠠᠮᠳᠠᠭᠤᠯᠬᠤ ᠴᠢᠨᠠᠷᠲᠠᠶ ᠲᠠᠨᠵᠢᠯᠠᠬᠤ ᠺᠣᠮᠫᠠᠨᠢ ᠵᠡᠷᠭᠡ ᠰᠢᠨ᠎ᠡ ᠮᠠᠶ᠋ᠢᠭ ᠤᠨ ᠮᠥᠩᠭᠦᠨ ᠭᠦᠢᠯᠭᠡᠭᠡᠨ ᠤ | ᠪᠠᠶᠢᠭᠤᠯᠤᠮᠵᠢ ᠪᠠᠶᠢᠭᠤᠯᠬᠤ ᠶᠢ ᠵᠤᠷᠢᠭᠵᠢᠭᠤᠯᠤᠨ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠠᠴᠠ ᠨᠡᠶᠢᠭᠡᠮ | ᠲᠣᠭᠤᠷᠢᠭ᠂ ᠰᠢᠶᠠᠩ ᠪᠠᠯᠭᠠᠰᠤ ᠪᠣᠯᠤᠨ ᠭᠤᠤᠯᠳᠠᠯᠭ᠎ᠠ ᠲᠠᠢ ᠲᠣᠰᠬᠤᠨ ᠳᠤ ᠦᠢᠯᠡᠴᠢᠯᠡᠭᠡᠨ ᠤ ᠲᠣᠣᠷ ᠴᠡᠭ ᠢ | ᠥᠷᠭᠡᠳᠬᠡᠵᠦ᠂ ᠪᠣᠳᠠᠲᠤ ᠴᠣᠭᠴᠠ ᠶᠢᠨ ᠠᠵᠤ ᠠᠬᠤᠶ ᠪᠣᠯᠤᠨ ᠪᠢᠴᠢᠯ ᠠᠵᠤ ᠠᠬᠤᠶᠢᠯᠠᠯ ᠳᠤ ᠮᠥᠩᠭᠦᠨ | ᠭᠦᠢᠯᠭᠡᠭᠡᠨ ᠤ ᠦᠢᠯᠡᠴᠢᠯᠡᠭᠡ ᠦᠵᠡᠭᠦᠯᠬᠦ ᠶᠢ ᠲᠦᠷᠭᠡᠳᠬᠡᠵᠦ᠂ ᠣᠷᠣᠨ ᠨᠤᠲᠤᠭ ᠤᠨ ᠠᠵᠤ ᠠᠬᠤᠶ ᠶᠢᠨ | ᠵᠢᠭᠡᠯᠡᠯᠭᠡ ᠶᠢᠨ ᠲᠤᠭ᠎ᠠ ᠶᠢ ᠨᠡᠮᠡᠭᠳᠡᠭᠦᠯᠬᠦ ᠱᠠᠩᠨᠠᠯ ᠤᠨ ᠠᠷᠭ᠎ᠠ ᠶᠢ ᠨᠡᠶᠢᠲᠡᠯᠡᠨ ᠬᠡᠷᠡᠭᠵᠢᠭᠦᠯᠵᠦ᠂ ᠮᠥᠩᠭᠦᠨ | ᠭᠦᠢᠯᠭᠡᠭᠡᠨ ᠤ ᠪᠠᠶᠢᠭᠤᠯᠤᠮᠵᠢ ᠶᠢᠨ ᠥᠷᠢᠰᠥᠯᠳᠦᠭᠡᠨ ᠤ ᠴᠢᠨᠠᠷᠲᠠᠶ ᠮᠥᠩᠭᠦᠨ ᠭᠦᠢᠯᠭᠡᠭᠡᠨ ᠤ ᠵᠠᠬ᠎ᠠ ᠳᠡᠯᠭᠡᠭᠦᠷ ᠶᠢ | ᠠᠯᠬᠤᠮ ᠠᠯᠬᠤᠮ ᠢᠶᠠᠷ ᠪᠤᠢ ᠪᠣᠯᠭᠠᠵᠤ᠂ ᠪᠦᠬᠦ ᠰᠢᠶᠠᠨ ᠤ ᠠᠵᠤ ᠠᠬᠤᠶ ᠨᠡᠶᠢᠭᠡᠮ ᠤᠨ ᠬᠡᠯᠪᠡᠷᠢ ᠬᠤᠪᠢᠷᠠᠨ ᠴᠢᠨᠠᠷ | ᠰᠠᠶᠢᠲᠠᠶ ᠬᠥᠭᠵᠢᠯᠲᠡ ᠳᠤ ᠪᠦᠬᠦ ᠲᠠᠯ᠎ᠠ ᠶᠢᠨ᠂ ᠤᠯᠠᠨ ᠳᠠᠪᠬᠤᠷᠭ᠎ᠠ ᠶᠢᠨ ᠮᠥᠩᠭᠦᠨ ᠭᠦᠢᠯᠭᠡᠭᠡᠨ ᠤ ᠦᠢᠯᠡᠴᠢᠯᠡᠭᠡ | ᠬᠠᠩᠭᠠᠬᠤ ᠬᠡᠷᠡᠭᠲᠡᠶ᠃ ﹇ 15᠄ 43᠄ 00 ﹈ | ﹇ᠵᠣᠴᠢᠨ﹈ ᠰᠦᠯᠵᠢᠶᠡᠨ ᠤ ᠠᠨᠳᠠ ᠨᠠᠷ ᠤᠨ ᠮᠥᠩᠭᠦᠨ ᠭᠦᠢᠯᠭᠡᠭᠡ ᠪᠠᠷ ︿ᠠᠷᠠᠳ ᠲᠤ ᠠᠰᠢᠭ ᠬᠦᠷᠲᠡᠭᠡᠬᠦ﹀ | ᠠᠰᠠᠭᠤᠳᠠᠯ ᠤᠨ ᠲᠤᠬᠠᠶ ᠤᠢᠢᠷ᠎ᠠ ᠶᠢᠨ ᠬᠡᠳᠦᠨ ᠵᠢᠯ ᠳᠤ ᠮᠠᠨ ᠤ ᠰᠢᠶᠠᠨ ᠭᠤᠣᠯᠳᠠᠭᠤ ᠳᠣᠣᠷᠠᠬᠢ ᠮᠡᠲᠦ ᠬᠡᠳᠦᠨ | ᠲᠠᠯ᠎ᠠ ᠶᠢᠨ ᠠᠵᠢᠯ ᠢ ᠬᠢᠭᠰᠡᠨ ᠪᠠᠶᠢᠨ᠎ᠠ ᠄ | ᠨᠢᠭᠡ ᠳᠤ᠂ ᠲᠠᠷᠢᠶᠠᠯᠠᠩ ᠳᠤ ᠳᠡᠮᠵᠢᠬᠦ ᠳᠠᠬᠢᠨᠲᠠ ᠵᠢᠭᠡᠯᠡᠯᠭᠡ ᠶᠢᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠬᠡᠷᠡᠭᠲᠡᠶ | ᠃ ︽ᠲᠠᠷᠢᠶᠠᠯᠠᠩ᠂ ᠬᠥᠳᠡᠭᠡ ᠲᠣᠰᠬᠤᠨ᠂ ᠲᠠᠷᠢᠶᠠᠴᠢᠨ︾ ᠳᠤ ᠦᠢᠯᠡᠴᠢᠯᠡᠬᠦ ᠪᠠᠷ ᠵᠣᠷᠢᠯᠲᠠ ᠪᠤᠯᠭᠠᠨ ᠂ 2017 | ᠣᠨ ᠳᠤ ᠮᠥᠩᠭᠦᠨ ᠭᠦᠢᠯᠭᠡᠭᠡᠨ ᠤ ᠰᠢᠰᠲ᠋ᠧᠮ ᠨᠡᠶᠢᠲᠡ 9000 ᠲᠦᠮᠡᠨ ᠲᠥᠭᠦᠷᠢᠭ ᠤᠨ ᠲᠠᠷᠢᠶᠠᠯᠠᠩ ᠢ ᠳᠡᠮᠵᠢᠬᠦ | ᠲᠤᠰᠬᠠᠶ ᠵᠦᠢᠯ ᠤᠨ ᠳᠠᠬᠢᠨᠲᠠ ᠵᠢᠭᠡᠯᠡᠯᠭᠡ ᠲᠠᠯᠪᠢᠪᠠ᠃ ᠡᠭᠦᠨ ᠤ ᠳᠣᠲᠣᠷ᠎ᠠ ᠲᠣᠭᠲᠠᠬᠤ ᠰᠢᠶᠠᠨ ᠤ ᠬᠥᠳᠡᠭᠡ | ᠲᠣᠰᠬᠤᠨ ᠤ ᠬᠤᠳᠠᠯᠳᠤᠭᠠᠨ ᠤ ᠪᠠᠩᠬᠢ 5000 ᠲᠦᠮᠡᠨ ᠲᠥᠭᠦᠷᠢᠭ ᠂ ᠲᠣᠭᠲᠠᠬᠤ ᠰᠢᠶᠠᠨ ᠤ ᠯᠢ ᠨᠦᠩ | ᠬᠥᠳᠡᠭᠡ ᠪᠠᠯᠭᠠᠰᠤᠨ ᠤ ᠪᠠᠩᠬᠢ 4000 ᠲᠦᠮᠡᠨ ᠲᠥᠭᠦᠷᠢᠭ ᠵᠢᠭᠡᠯᠡᠯᠭᠡ ᠲᠠᠯᠪᠢᠵᠠᠢ᠃ ᠠᠷᠠᠳ ᠤᠨ ᠪᠠᠩᠭᠢ ᠶᠢᠨ | ᠲᠠᠷᠢᠶᠠᠯᠠᠩ ᠶᠢ ᠳᠡᠮᠵᠢᠬᠦ ᠳᠠᠬᠢᠨᠲᠠ ᠵᠢᠭᠡᠯᠡᠯᠭᠡ ᠶᠢᠨ ᠬᠦᠦ ᠮᠥᠩᠭᠦᠨ ᠤ ᠰᠠᠭᠤᠷᠢ ᠪᠠᠷᠢᠮᠵᠢᠶ᠎ᠠ ᠨᠤᠷᠮ᠎ᠠ 2 .75 % | ᠪᠠᠷ ᠬᠡᠷᠡᠭᠵᠢᠭᠦᠯᠵᠦ ᠪᠠᠶᠢᠨ᠎ᠠ᠂ ᠲᠠᠷᠢᠶᠠᠴᠢᠳ ᠤᠨ ᠵᠢᠭᠡᠯᠡᠯᠭᠡ ᠠᠪᠬᠤ ᠦᠶ᠎ᠡ ᠶᠢᠨ ᠳᠤᠮᠳᠠᠴᠢ ᠬᠦᠦ ᠮᠥᠩᠭᠦ ᠶᠢᠨ | ᠨᠤᠷᠮ᠎ᠠ 6.75 % ᠪᠠᠶᠢᠵᠤ᠂ ᠪᠤᠰᠤᠳ ᠪᠠᠩᠬᠢ ᠶᠢᠨ ᠬᠤᠪᠢᠨ ᠤ ᠪᠡᠯᠡ ᠮᠥᠩᠭᠦ ᠶᠢᠨ ᠬᠦᠦ ᠮᠥᠩᠭᠦ ᠶᠢᠨ ᠨᠣᠷᠮ᠎ᠠ | 9.25 % ᠲᠠᠢ ᠬᠠᠷᠢᠴᠠᠭᠤᠯᠪᠠᠯ ᠪᠠᠷᠤᠭ ᠲᠠᠷᠢᠶᠠᠴᠢᠳ ᠲᠤ 200 ᠭᠠᠷᠤᠶ ᠲᠦᠮᠡᠨ ᠲᠥᠭᠦᠷᠢᠭ ᠤᠨ ᠬᠦᠦ | ᠮᠥᠩᠭᠦ ᠶᠢᠨ ᠵᠠᠷᠤᠯᠭ᠎ᠠ ᠠᠷᠪᠢᠯᠠᠵᠤ ᠦᠭᠴᠡᠢ᠃ ᠲᠠᠷᠢᠶᠠᠯᠠᠩ ᠶᠢ ᠳᠡᠮᠵᠢᠬᠦ ᠳᠠᠬᠢᠨᠲᠠ ᠵᠢᠭᠡᠯᠡᠯᠭᠡ ᠨᠢ ︽ | ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠯ ᠢ ᠠᠬᠢᠭᠤᠯᠵᠤ᠂ ᠪᠡᠯᠡ ᠮᠥᠩᠭᠦ ᠶᠢᠨ ᠰᠢᠯᠢᠳᠡᠭ ᠣᠷᠴᠢᠯ ᠢ | ᠪᠡᠶᠡᠯᠡᠭᠦᠯᠵᠦ᠂ ᠬᠦᠤ ᠮᠦᠩᠭᠦ ᠠᠷᠪᠢᠯᠠᠭᠰᠠᠨ ᠦᠷ᠎ᠡ ᠪᠦᠲᠦᠮᠵᠢ ᠢᠯᠡᠷᠬᠡᠶ︾ ᠵᠣᠷᠢᠯᠭ᠎ᠠ ᠳᠤ ᠬᠦᠷᠦᠭᠰᠡᠨ ᠪᠣᠯᠬᠤᠷ᠂ | ︽ᠲᠠᠷᠢᠶᠠᠯᠠᠩ᠂ ᠬᠥᠳᠡᠭᠡ ᠲᠣᠰᠬᠤᠨ᠂ ᠲᠠᠷᠢᠶᠠᠴᠢᠨ︾ ᠤ ᠠᠵᠢᠯ ᠳᠤ ᠬᠦᠴᠦᠷᠬᠡᠭ ᠶᠡᠭᠡ ᠢᠲᠡᠭᠡᠮᠵᠢᠲᠦ | ᠵᠢᠭᠡᠯᠡᠯᠭᠡ ᠶᠢᠨ ᠪᠡᠯᠡ ᠮᠥᠩᠭᠦ ᠶᠢᠨ ᠳᠡᠮᠵᠢᠯᠭᠡ ᠬᠠᠩᠭᠠᠵᠤ᠂ ᠮᠠᠨ ᠤ ᠰᠢᠶᠠᠨ ᠤ ᠬᠥᠳᠡᠭᠡ ᠲᠣᠰᠬᠤᠨ ᠤ ᠠᠵᠤ | ᠠᠬᠤᠶ ᠶᠢᠨ ᠡᠶ᠎ᠡ ᠵᠣᠬᠢᠴᠠᠯ ᠲᠠᠢ ᠬᠥᠭᠵᠢᠯᠲᠡ ᠶᠢ ᠪᠦᠲᠦᠮᠵᠢᠲᠡᠶ ᠠᠬᠢᠭᠤᠯᠪᠠ᠃ ᠬᠤᠶᠠᠷ ᠲᠤ᠂ ︽ᠲᠠᠷᠢᠶᠠᠯᠠᠩ ᠳᠤ | ᠬᠠᠪᠰᠤᠷᠬᠤ︾ ᠲᠤᠬᠠᠶᠢᠯᠠᠭᠰᠠᠨ ᠠᠵᠢᠯ ᠤᠨ ᠵᠢᠭᠡᠯᠡᠯᠭᠡ ᠶᠢ ᠬᠡᠷᠡᠭᠵᠢᠭᠦᠯᠦᠨ᠎ᠡ᠃ ᠲᠠᠷᠢᠶᠠᠯᠠᠩ ᠤᠨ ᠰᠢᠨ᠎ᠡ ᠮᠠᠶ᠋ᠢᠭ ᠤᠨ | ᠡᠵᠡᠩᠨᠡᠯᠲᠡ ᠶᠢᠨ ᠪᠡᠶᠡᠴᠢ ᠴᠣᠭᠴᠠ ᠶᠢ ᠪᠤᠶᠢᠵᠢᠭᠤᠯᠤᠨ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ | ᠢᠲᠡᠭᠡᠮᠵᠢᠲᠦ ᠵᠢᠭᠡᠯᠡᠯᠭᠡ ᠶᠢᠨ ᠪᠡᠯᠡ ᠮᠥᠩᠭᠦ ᠶᠢ ᠥᠷᠭᠡᠳᠬᠡᠬᠦ ᠶᠢ ᠲᠡᠮᠵᠢᠨ ᠵᠣᠷᠢᠭᠵᠢᠭᠤᠯᠵᠤ᠂ ᠲᠠᠷᠢᠶᠠᠯᠠᠩ ᠤᠨ | ᠰᠢᠨ᠎ᠡ ᠮᠠᠶ᠋ᠢᠭ ᠤᠨ ᠡᠵᠡᠩᠨᠡᠯᠲᠡ ᠶᠢᠨ ᠪᠡᠶᠡᠴᠢ ᠴᠣᠭᠴᠠ ᠶᠢᠨ ᠤᠷᠴᠢᠯ ᠪᠡᠯᠡ ᠮᠥᠩᠭᠦᠨ ᠤ ᠳᠤᠲᠠᠭᠳᠠᠬᠤ | ᠠᠰᠠᠭᠤᠳᠠᠯ ᠢ ᠨᠠᠮᠳᠠᠭᠤᠯᠬᠤ ᠶᠢᠨ ᠲᠦᠯᠦᠭᠡ᠂ ︽ᠲᠣᠭᠲᠠᠬᠤ ᠰᠢᠶᠠᠨ ᠤ ᠢᠲᠡᠭᠡᠮᠵᠢ ᠨᠡᠮᠡᠭᠳᠡᠭᠦᠯᠬᠦ ︿ | ᠲᠠᠷᠢᠶᠠᠯᠠᠩ ᠳᠤ ᠲᠤᠰᠠᠯᠠᠬᠤ ᠵᠢᠭᠡᠯᠡᠯᠭᠡ ﹀ ᠶᠢᠨ ᠲᠤᠬᠠᠶᠢᠯᠠᠭᠰᠠᠨ ᠠᠵᠢᠯ ᠤᠨ ᠲᠤᠷᠰᠢᠨ ᠬᠡᠷᠡᠭᠵᠢᠭᠦᠯᠬᠦ ᠲᠥᠰᠦᠯ︾ | ᠢ ᠲᠤᠭᠳᠠᠭᠠᠵᠤ ᠦᠷᠨᠢᠭᠦᠯᠪᠡ᠃ ︽ᠲᠠᠷᠢᠶᠠᠯᠠᠩ ᠳᠤ ᠲᠤᠰᠠᠯᠠᠬᠤ ᠤᠨ ᠵᠢᠭᠡᠯᠡᠯᠭᠡ︾ ᠪᠣᠯ ᠬᠤᠷᠰᠢᠨ | ᠬᠠᠮᠳᠤᠷᠠᠭᠰᠠᠨ ᠪᠠᠩᠬᠢ ᠠᠴᠠ ᠨᠥᠬᠦᠴᠡᠯ ᠳᠤ ᠨᠡᠶᠢᠴᠡᠭᠰᠡᠨ ᠲᠠᠷᠢᠶᠠᠴᠢᠨ ᠤ ᠲᠤᠰᠬᠠᠶ ᠠᠵᠢᠯ ᠤᠨ ᠬᠤᠷᠰᠢᠶ᠎ᠠ ᠂ | ᠲᠤᠰᠬᠠᠶ ᠠᠵᠢᠯ ᠤᠨ ᠲᠤᠮᠤ ᠡᠷᠤᠬᠡ ᠵᠡᠷᠭᠡ ᠲᠠᠷᠢᠶᠠᠯᠠᠩ ᠤᠨ ᠰᠢᠨ᠎ᠡ ᠮᠠᠶ᠋ᠢᠭ ᠤᠨ ᠡᠵᠡᠩᠨᠡᠯᠲᠡ ᠶᠢᠨ ᠪᠡᠶᠡᠴᠢ | ᠴᠣᠭᠴᠠ ᠳᠤ ᠣᠯᠭᠤᠬᠤ᠂ ᠵᠠᠰᠠᠭ ᠤᠨ ᠣᠷᠳᠣᠨ ᠠᠴᠠ ᠬᠠᠩᠭᠠᠭᠰᠠᠨ ︽ᠠᠶᠤᠯ ᠲᠦᠭᠰᠢᠭᠦᠷᠢ ᠶᠢᠨ ᠨᠥᠬᠦᠪᠥᠷᠢ | ᠮᠥᠩᠭᠦ ︾ ᠪᠠᠷ ᠢᠲᠡᠭᠡᠮᠵᠢ ᠨᠡᠮᠡᠭᠳᠡᠭᠦᠯᠬᠦ ᠠᠷᠭ᠎ᠠ ᠬᠡᠷᠡᠭᠯᠡᠭᠦᠷ ᠪᠤᠯᠭᠠᠭᠰᠠᠨ ᠢᠲᠡᠭᠡᠮᠵᠢᠲᠦ ᠵᠢᠭᠡᠯᠡᠯᠭᠡ ᠶᠢᠨ | ᠲᠤᠬᠠᠶᠢᠯᠠᠭᠰᠠᠨ ᠠᠵᠢᠯ ᠢ ᠬᠡᠯᠡᠨ᠎ᠡ᠃ ᠲᠤᠰ ᠤᠳᠠᠭᠠᠨ ᠤ ᠲᠠᠷᠢᠶᠠᠯᠠᠩ ᠳᠤ ᠲᠤᠰᠠᠯᠠᠬᠤ ᠵᠢᠭᠡᠯᠡᠯᠭᠡ ᠶᠢᠨ ᠵᠢᠯ ᠤᠨ | ᠬᠦᠤ ᠮᠦᠩᠭᠦ ᠶᠢᠨ ᠨᠤᠷᠮ᠎ᠠ 7.83% ᠬᠦᠷᠴᠦ᠂ ᠬᠦᠦ ᠶᠢᠨ ᠨᠤᠷᠮ᠎ᠠ 0.1589 ᠵᠠᠭᠤᠨ ᠤ ᠬᠤᠪᠢ ᠪᠠᠷ | ᠲᠤᠷᠤᠭᠰᠢᠯᠠᠭᠤᠯᠵᠤ᠂ ᠲᠠᠷᠢᠶᠠᠯᠠᠩ ᠤᠨ ᠰᠢᠨ᠎ᠡ ᠮᠠᠶ᠋ᠢᠭ ᠤᠨ ᠡᠵᠡᠩᠨᠡᠯᠲᠡ ᠶᠢᠨ ᠪᠡᠶᠡᠴᠢ ᠴᠣᠭᠴᠠ ᠶᠢᠨ ᠲᠡᠰᠦᠷᠡᠯᠳᠠ | ᠤᠢᠭᠡᠢ ᠬᠦᠭᠵᠢᠬᠦ ᠶᠢ ᠬᠦᠴᠦᠲᠡᠶ ᠠᠬᠢᠭᠤᠯᠵᠤ᠂ ︽ᠲᠠᠷᠢᠶᠠᠯᠠᠩ᠂ ᠬᠥᠳᠡᠭᠡ ᠲᠣᠰᠬᠤᠨ᠂ ᠲᠠᠷᠢᠶᠠᠴᠢᠨ︾ ᠤ | ᠬᠥᠭᠵᠢᠯᠲᠡ ᠳᠤ ᠨᠡᠩ ᠰᠠᠶᠢᠲᠤᠷ ᠦᠢᠯᠡᠴᠢᠯᠡᠵᠦ ᠪᠠᠶᠢᠨ᠎ᠠ᠃ ᠭᠤᠷᠪᠠ ᠳᠤ᠂ ᠦᠨᠳᠦᠰᠦᠲᠡᠨ ᠤ ᠠᠷᠠᠯᠵᠢᠶᠠᠨ ᠤ | ᠠᠵᠤ ᠠᠬᠤᠶᠢᠯᠠᠯ ᠪᠠ ᠠᠵᠤ ᠦᠢᠯᠡᠰᠵᠢᠭᠰᠡᠨ ᠲᠣᠯᠣᠭᠠᠶᠢᠯᠠᠭᠴᠢ ᠠᠵᠤ ᠠᠬᠤᠶᠢᠯᠠᠯ ᠤᠨ ᠬᠦᠦ ᠮᠥᠩᠭᠦ ᠶᠢ ᠨᠢ | ᠤᠷᠤᠯᠠᠨ ᠦᠭᠬᠦ ᠵᠢᠭᠡᠯᠡᠯᠭᠡ ᠶᠢ ᠦᠷᠭᠡᠳᠭᠡᠵᠡᠢ ᠃ ᠨᠥᠬᠦᠴᠡᠯ ᠳᠤ ᠨᠡᠶᠢᠴᠡᠬᠦ ᠦᠨᠳᠦᠰᠦᠲᠡᠨ ᠤ ᠠᠷᠠᠯᠵᠢᠶᠠᠨ ᠤ | ᠠᠵᠤ ᠠᠬᠤᠶᠢᠯᠠᠯ ᠳᠤ ᠡᠳ᠋ ᠤᠨ ᠵᠠᠰᠠᠭ ᠠᠴᠠ 2.88 % ᠬᠦᠦ ᠮᠥᠩᠭᠦ ᠶᠢ ᠨᠢ ᠤᠷᠤᠯᠠᠨ ᠦᠭᠴᠦ᠂ ᠠᠵᠤ | ᠦᠢᠯᠡᠰᠵᠢᠯᠲᠡ ᠶᠢᠨ ᠲᠠᠭᠠᠭᠤᠯᠤᠭᠴᠢ ᠠᠵᠤ ᠠᠬᠤᠶᠢᠯᠠᠯ ᠨᠢ ᠠᠵᠤ ᠠᠬᠤᠶᠢᠯᠠᠯ ᠤᠨ ᠠᠯᠪᠠᠨ ᠭᠡᠷ ᠠᠴᠠ ᠬᠦᠦ | ᠮᠥᠩᠭᠦ ᠶᠢ ᠨᠢ ᠤᠷᠤᠯᠠᠨ ᠦᠭᠴᠦ᠂ ᠬᠤᠶᠠᠷ ᠵᠦᠢᠯ ᠤᠨ ᠬᠦᠦ ᠮᠥᠩᠭᠦ ᠶᠢ ᠨᠢ ᠤᠷᠤᠯᠠᠨ ᠦᠭᠭᠦᠭᠰᠡᠨ ᠠᠴᠠ | ᠠᠵᠤ ᠠᠬᠤᠶᠢᠯᠠᠯ ᠤᠨ ᠳᠠᠷᠤᠭᠠᠰᠤ ᠬᠥᠩᠭᠡᠷᠡᠵᠦ᠂ ᠠᠰᠢᠭ ᠬᠤᠨᠵᠢᠪᠣᠷᠢ ᠤᠯᠬᠤ ᠴᠢᠳᠠᠪᠤᠷᠢ ᠪᠠ ᠬᠥᠭᠵᠢᠯᠲᠡ ᠶᠢᠨ | ᠴᠢᠳᠠᠪᠤᠷᠢ ᠨᠢ ᠨᠡᠮᠡᠭᠳᠡᠭᠰᠡᠨ ᠪᠠᠶᠢᠨ᠎ᠠ ᠃ ﹇ 15᠄ 43᠄ 00 ﹈ | ﹇ᠵᠣᠴᠢᠨ﹈ ᠰᠦᠯᠵᠢᠶᠡᠨ ᠤ ᠨᠠᠶᠢᠵᠠ ᠨᠠᠷ ᠤᠨ ︿ ᠬᠦᠭᠵᠢᠯᠳᠡ﹀ ᠶᠢᠨ ᠠᠰᠠᠭᠤᠳᠠᠯ ᠤᠨ ᠲᠤᠬᠠᠶ ᠂ | ᠣᠳᠣᠬᠠᠨ ᠪᠣᠯᠲᠠᠯ᠎ᠠ᠂ ᠪᠦᠬᠦ ᠰᠢᠶᠠᠨ ᠤ ᠵᠠᠬ᠎ᠠ ᠳᠡᠯᠭᠡᠭᠦᠷ ᠲᠤ ᠭᠠᠷᠤᠭᠰᠠᠨ ᠨᠤᠲᠤᠭ ᠤᠰᠤᠨ ᠤ ᠠᠵᠤ ᠠᠬᠤᠶᠢᠯᠠᠯ | ︵ ᠶᠢᠨ ᠾᠧ ᠬᠤᠪᠢ ᠤᠷᠤᠭᠤᠯᠤᠯᠳᠠ︶ ᠨᠢᠭᠡ ᠪᠠᠶᠢᠵᠤ ᠂ ᠫᠠᠶᠢᠰᠠ ᠡᠯᠭᠦᠵᠤ ᠵᠠᠬ᠎ᠠ ᠳᠡᠯᠭᠡᠭᠦᠷ ᠲᠤ ᠭᠠᠷᠭᠠᠬᠤ | ᠪᠡᠯᠡᠳᠬᠡᠯ ᠠᠵᠢᠯ ᠢ ᠦᠨᠡᠨᠬᠦ ᠦᠷᠨᠢᠭᠦᠯᠵᠦ ᠪᠠᠶᠢᠭ᠎ᠠ ᠪᠡᠯᠡᠳᠬᠡᠯ ᠠᠵᠤ ᠠᠬᠤᠶᠢᠯᠠᠯ ᠬᠤᠶᠠᠷ ᠪᠠᠶᠢᠵᠤ᠂ ︽ᠰᠢᠨ᠎ᠡ | ᠭᠤᠷᠪᠠᠳᠤᠭᠠᠷ ᠰᠠᠮᠪᠠᠷ᠎ᠠ︾ ᠳᠤ ᠫᠠᠶᠢᠰᠠ ᠡᠯᠭᠦᠭᠰᠡᠨ ᠠᠵᠤ ᠠᠬᠤᠶᠢᠯᠠᠯ ︵ᠵᠢᠶᠠᠨ ᠯᠦᠩ ᠺᠣᠮᠫᠠᠨᠢ︶ ᠨᠢᠭᠡ | ᠪᠠᠶᠢᠵᠤ ᠂ ᠥᠪᠥᠷ ᠮᠣᠩᠭᠤᠯ ᠤᠨ ᠰᠲ᠋ᠣᠺ ᠤᠨ ᠠᠷᠠᠯᠵᠢᠶᠠᠨ ᠤ ᠲᠥᠪ ᠲᠤ ᠫᠠᠶᠢᠰᠠ ᠡᠯᠭᠦᠵᠦ ᠪᠠᠶᠢᠭ᠎ᠠ ᠠᠵᠤ | ᠠᠬᠤᠶᠢᠯᠠᠯ 15 ᠪᠠᠶᠢᠨ᠎ᠠ᠃ ᠥᠪᠥᠷ ᠮᠣᠩᠭᠤᠯ ᠤᠨ ᠰᠲ᠋ᠣᠺ ᠤᠨ ᠠᠷᠠᠯᠵᠢᠶᠠᠨ ᠤ ᠲᠥᠪ ᠲᠤ ᠨᠡᠷ᠎ᠡ | ᠲᠡᠮᠳᠡᠭᠯᠡᠭᠦᠯᠬᠦ ᠪᠠᠷ ᠴᠢᠷᠮᠠᠶᠢᠵᠤ ᠪᠠᠶᠢᠭ᠎ᠠ ᠠᠵᠤ ᠠᠬᠤᠶᠢᠯᠠᠯ ᠭᠤᠷᠪᠠ ᠪᠠᠶᠢᠬᠤ ᠮᠦᠷᠳᠡᠭᠡᠨ ᠥᠪᠥᠷ ᠮᠣᠩᠭᠤᠯ ᠤᠨ | ᠰᠲ᠋ᠣᠺ ᠤᠨ ᠠᠷᠠᠯᠵᠢᠶᠠᠨ ᠤ ᠲᠥᠪ ᠲᠤ ᠲᠣᠭᠲᠠᠬᠤ ᠰᠢᠶᠠᠨ ᠤ ᠠᠵᠢᠯ ᠤᠨ ᠦᠷᠳᠡᠭᠡ ᠪᠠᠶᠢᠭᠤᠯᠬᠤ ᠪᠠᠷ | ᠲᠦᠰᠦᠪᠯᠡᠵᠤ ᠵᠢᠱᠢᠯᠲᠡ ᠪᠠᠷ ᠵᠢᠯ ᠤᠨ ᠳᠣᠲᠣᠷ᠎ᠠ ᠪᠡᠶᠡᠯᠡᠭᠳᠡᠨ᠎ᠡ᠃ ᠥᠪᠡᠷᠲᠡᠭᠡᠨ ᠵᠠᠰᠠᠬᠤ ᠣᠷᠣᠨ᠂ | ᠬᠥᠬᠡᠬᠤᠲᠠ ᠶᠢᠨ ᠠᠵᠤ ᠠᠬᠤᠶᠢᠯᠠᠯ ᠢ ᠵᠣᠷᠢᠭᠵᠢᠭᠤᠯᠤᠨ ᠲᠡᠮᠵᠢᠵᠤ ᠪᠠᠶᠢᠭᠠᠳ ᠵᠠᠬ᠎ᠠ ᠳᠡᠯᠭᠡᠭᠦᠷ ᠲᠤ ᠭᠠᠷᠴᠤ ᠪᠡᠯᠡ | ᠬᠤᠷᠠᠮᠳᠠᠭᠤᠯᠬᠤ ᠬᠤᠯᠪᠣᠭᠳᠠᠯ ᠪᠦᠬᠦᠢ ᠲᠦᠷᠦ ᠶᠢᠨ ᠪᠤᠳᠤᠯᠭ᠎ᠠ ᠶᠢᠨ ᠶᠣᠰᠣᠭᠠᠷ ᠮᠠᠨ ᠤ ᠰᠢᠶᠠᠨ ᠤ ᠵᠠᠬ᠎ᠠ | ᠳᠡᠯᠭᠡᠭᠦᠷ ᠲᠤ ᠭᠠᠷᠭᠠᠬᠤ ᠪᠠ ᠰᠢᠭᠤᠳ ᠪᠡᠯᠡ ᠬᠤᠷᠠᠮᠳᠠᠭᠤᠯᠭ᠎ᠠ ᠶᠢᠨ ᠠᠵᠢᠯ ᠢ ᠦᠷᠭᠦᠯᠵᠢᠯᠡᠨ ᠲᠦᠯᠬᠢᠨ | ᠠᠬᠢᠭᠤᠯᠵᠤ᠂ ᠲᠣᠭᠲᠠᠬᠤ ᠰᠢᠶᠠᠨ ᠤ ᠨᠤᠲᠤᠭ ᠤᠰᠤᠨ ᠤ ᠠᠵᠤ ᠠᠬᠤᠶᠢᠯᠠᠯ ᠤᠨ ᠬᠥᠭᠵᠢᠯᠲᠡ ᠳᠤ ᠰᠠᠶᠢᠨ ᠰᠠᠶᠢᠬᠠᠨ | ᠮᠥᠩᠭᠦᠨ ᠭᠦᠢᠯᠭᠡᠭᠡᠨ ᠤ ᠣᠷᠴᠢᠨ ᠨᠥᠬᠦᠴᠡᠯ ᠢ ᠪᠤᠢ ᠪᠤᠯᠭᠠᠬᠤ ᠶᠢᠨ ᠲᠦᠯᠦᠭᠡ ᠴᠢᠷᠮᠠᠶᠢᠵᠤ ᠪᠠᠶᠢᠨ᠎ᠠ᠃ | ﹇ 15᠄ 48᠄ 00 ﹈ | ﹇ᠬᠥᠲᠥᠯᠥᠭᠴᠢ﹈ ᠲᠣᠭᠲᠠᠬᠤ ᠶᠢᠨ ᠬᠥᠭᠵᠢᠯᠲᠡ ᠶᠢ ᠪᠢᠳᠡ ᠦᠷᠭᠦᠯᠵᠢᠯᠡᠨ ᠠᠩᠬᠠᠷᠴᠤ᠂ ᠢᠷᠡᠭᠡᠳᠤᠢ ᠶᠢᠨ | ᠲᠤᠭᠳᠠᠬᠤ ᠨᠡᠩ ᠰᠠᠶᠢᠨ ᠰᠠᠶᠢᠬᠠᠨ ᠪᠤᠯᠬᠤ ᠶᠢ ᠵᠦᠩᠨᠡᠵᠦ ᠪᠠᠶᠢᠨ᠎ᠠ︕ ᠲᠠᠷᠤᠭ᠎ᠠ ᠲᠠᠨ ᠳᠤ ᠪᠠᠶᠠᠷᠯᠠᠯ᠎ᠠ ﹇ 15᠄ | 48᠄ 00 ﹈ | [ ᠬᠠᠮᠢᠶᠠᠷᠤᠭᠴᠢ ] ᠬᠥᠬᠡᠬᠤᠲᠠ ᠶᠢᠨ ᠲᠣᠭᠲᠠᠬᠤ ᠰᠢᠶᠠᠨ ᠤ ᠵᠠᠰᠠᠭ ᠤᠨ ᠣᠷᠳᠣᠨ ᠤ ᠲᠤᠰᠢᠶᠠᠯ | ᠡᠭᠦᠷᠭᠡᠯᠡᠭᠰᠡᠨ ᠳᠡᠳ᠋ ᠳᠠᠷᠤᠭ᠎ᠠ ᠂ ᠲᠠᠷᠢᠶᠠᠯᠠᠩ ᠤᠨ ᠬᠥᠭᠵᠢᠭᠦᠯᠦᠯᠲᠡ ᠶᠢᠨ ᠪᠠᠩᠬᠢ ᠶᠢᠨ ᠲᠣᠭᠲᠠᠬᠤ ᠰᠢᠶᠠᠨ ᠤ | ᠰᠠᠯᠪᠤᠷᠢ ᠪᠠᠩᠬᠢ ᠶᠢᠨ ᠳᠠᠷᠤᠭ᠎ᠠ ᠵᠠᠩ ᠸᠧᠨ ᠵᠤ᠋ ᠨᠦᠬᠦᠷ ᠲᠤ ᠪᠠᠶᠠᠷᠯᠠᠯ᠎ᠠ ᠂ ᠰᠦᠯᠵᠢᠶᠡᠨ ᠤ ᠠᠨᠳᠠ ᠨᠠᠷ ᠤᠨ | ᠠᠩᠬᠠᠷᠤᠯ ᠲᠠᠯᠪᠢᠨ ᠢᠳᠡᠪᠬᠢᠳᠡᠢ ᠤᠷᠤᠯᠴᠠᠭᠰᠠᠨ ᠳᠤ ᠲᠠᠯᠠᠷᠬᠠᠵᠤ ᠪᠠᠶᠢᠨ᠎ᠠ᠂ ᠲᠣᠰ ᠬᠤᠭᠤᠴᠠᠭᠠᠨ ᠤ | ᠰᠤᠷᠪᠤᠯᠵᠢᠯᠠᠭ᠎ᠠ ᠠᠳᠡ ᠭᠦᠷᠦᠭᠡᠳ ᠲᠡᠭᠦᠰᠦᠯ᠎ᠡ᠂ ᠪᠠᠶᠠᠷᠯᠠᠯ᠎ᠠ ︕ ﹇ 15᠄ 48᠄ 00 ﹈ |