ᠲᠤᠭᠳᠠᠬᠤ ᠰᠢᠶᠠᠨ ᠤ ᠬᠤᠶᠠᠳᠤᠭᠠᠷ ᠲᠤᠮᠳᠠᠳᠤ ᠰᠤᠷᠭᠠᠭᠤᠯᠢ ᠶᠡᠷᠦᠩᠬᠡᠶ ᠱᠦᠵᠢ ᠰᠢ ᠶᠢᠨ ᠫᠢᠩ ᠤᠨ ᠪᠦᠬᠦ ᠤᠯᠤᠰ ᠤᠨ ︿ᠬᠤᠶᠠᠷ ᠬᠤᠷᠠᠯ﹀ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2018-04-28
ᠲᠤᠭᠳᠠᠬᠤ ᠰᠢᠶᠠᠨ ᠤ ᠬᠤᠶᠠᠳᠤᠭᠠᠷ ᠲᠤᠮᠳᠠᠳᠤ ᠰᠤᠷᠭᠠᠭᠤᠯᠢ ᠶᠡᠷᠦᠩᠬᠡᠶ ᠱᠦᠵᠢ ᠰᠢ ᠶᠢᠨ ᠫᠢᠩ ᠤᠨ ᠪᠦᠬᠦ ᠤᠯᠤᠰ ᠤᠨ ︿ᠬᠤᠶᠠᠷ ᠬᠤᠷᠠᠯ﹀ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠦᠷᠨᠢᠭᠦᠯᠪᠡ      ᠰᠢᠶᠠᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ︽ᠶᠡᠷᠦᠩᠬᠡᠶ ᠱᠦᠵᠢ ᠰᠢ ᠶᠢᠨ ᠫᠢᠩ ᠤᠨ ᠪᠦᠬᠦ ᠤᠯᠤᠰ ᠤᠨ ︽ᠬᠤᠶᠠᠷ ᠬᠤᠷᠠᠯ︾ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ  ᠶᠢ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠦᠷᠨᠢᠭᠦᠯᠬᠦ ᠲᠤᠬᠠᠢ ᠮᠡᠳᠡᠭᠳᠡᠯ ︾ ᠶᠢ ᠨᠠᠶᠢᠳᠠᠪᠤᠷᠢᠵᠢᠭᠤᠯᠬᠤ ᠶᠢᠨ ᠲᠦᠯᠦᠭᠡ  ᠂ 2018 ᠤᠨ ᠤ 4 ᠳ᠋ᠦ᠋ᠭᠡᠷ ᠰᠠᠷ᠎ᠠ ᠶᠢᠨ19 ᠤ ᠡᠳᠦᠷ ᠤᠨ ᠦᠳᠡ ᠶᠢᠨ ᠬᠤᠶᠢᠨ᠎ᠠ᠂ ᠲᠤᠭᠳᠠᠬᠤ ᠰᠢᠶᠠᠨ ᠤ ᠬᠤᠶᠠᠳᠤᠭᠠᠷ ᠲᠤᠮᠳᠠᠳᠤ ᠰᠤᠷᠭᠠᠭᠤᠯᠢ  ᠠᠴᠠ ︽ᠲᠠᠯ᠎ᠠ ᠨᠤᠲᠤᠭ ᠤᠨ  ᠭᠥᠩᠭᠡᠨ ᠮᠣᠷᠢᠲᠤ ᠴᠡᠷᠢᠭ︾ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠬᠦᠨ ᠸᠠᠩ ᠢᠦᠢ ᠵᠤ᠋ ᠪᠠᠭᠰᠢ ᠶᠢ ᠤᠷᠢᠵᠤ᠂ ᠶᠡᠷᠦᠩᠬᠡᠶ ᠱᠦᠵᠢ ᠰᠢ ᠶᠢᠨ ᠫᠢᠩ ᠤᠨ ᠪᠦᠬᠦ ᠤᠯᠤᠰ ᠤᠨ ︽ᠬᠤᠶᠠᠷ ᠬᠤᠷᠠᠯ︾ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠦᠷᠢᠯᠠᠯᠳᠠ ᠬᠢᠯᠭᠡᠪᠡ᠃ ᠲᠤᠭᠳᠠᠬᠤ ᠰᠢᠶᠠᠨ ᠤ ᠬᠤᠶᠠᠳᠤᠭᠠᠷ ᠲᠤᠮᠳᠠᠳᠤ ᠰᠤᠷᠭᠠᠭᠤᠯᠢ ᠶᠢᠨ ᠭᠤᠭᠴᠤᠭ᠎ᠠ ᠲᠡᠰ ᠠᠴᠠ ᠳᠡᠭᠡᠭᠰᠢᠬᠢ ᠺᠠᠳ᠋ᠷ ᠪᠤᠯᠤᠨ ᠪᠦᠬᠦ ᠪᠠᠭᠰᠢ ᠠᠵᠢᠯᠲᠠᠨ ᠤᠬᠠᠭᠤᠯᠤᠨ ᠲᠠᠶᠢᠯᠪᠤᠷᠢᠯᠠᠬᠤ ᠰᠤᠷᠤᠯᠴᠠᠬᠤ ᠬᠤᠷᠠᠯ ᠳᠤ ᠣᠷᠣᠯᠴᠠᠭᠰᠠᠨ ᠪᠠᠶᠢᠨ᠎ᠠ᠃      ᠤᠬᠠᠭᠤᠯᠤᠨ ᠲᠠᠶᠢᠯᠪᠤᠷᠢᠯᠠᠬᠤ ᠬᠤᠷᠠᠯ ᠳᠡᠭᠡᠷ᠎ᠡ ᠸᠠᠩ ᠪᠠᠭᠰᠢ ᠠᠴᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠨ ᠬᠠᠤᠯᠢ ᠳᠤ ᠵᠠᠰᠠᠪᠤᠷᠢ ᠣᠷᠣᠭᠤᠯᠬᠤ ᠲᠥᠰᠦᠯ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠢᠨᠠᠨ ᠪᠠᠶᠢᠴᠠᠭᠠᠬᠤ ᠬᠠᠤᠯᠢ︾ ᠵᠢᠴᠢ ᠬᠢᠨᠠᠨ ᠪᠠᠶᠢᠴᠠᠭᠠᠬᠤ ᠬᠤᠷᠢᠶ᠎ᠠ ᠶᠢᠨ ᠲᠣᠭᠲᠠᠭᠠᠯᠲᠠ ᠪᠠ ᠡᠭᠦᠷᠭᠡ ᠬᠠᠷᠢᠭᠤᠴᠠᠯᠭ᠎ᠠ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠵᠡᠷᠭᠡ ᠬᠡᠳᠦᠨ ᠲᠠᠯ᠎ᠠ ᠪᠠᠷ ᠲᠠᠶᠢᠯᠪᠤᠷᠢ ᠬᠢᠭᠰᠡᠨ ᠪᠠᠶᠢᠨ᠎ᠠ᠃ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠨ ᠬᠠᠤᠯᠢ ᠳᠤ ᠵᠠᠰᠠᠪᠤᠷᠢ ᠣᠷᠣᠭᠤᠯᠬᠤ ᠲᠥᠰᠦᠯ︾ ᠪᠣᠯᠤᠨ ᠰᠢ ᠶᠢᠨ ᠫᠢᠩ ᠪᠣᠯ ᠨᠡᠷ᠎ᠡ ᠨᠢᠳᠡᠷ ᠲᠡᠭᠡᠨ ᠳᠣᠭᠢᠷᠬᠠᠰᠠᠨ ᠠᠷᠠᠳ ᠲᠦᠮᠡᠨ ᠤ ᠤᠳᠤᠷᠢᠳᠤᠭᠴᠢ ᠪᠤᠯᠬᠤ ᠶᠢ ᠪᠦᠬᠦ ᠲᠠᠯ᠎ᠠ ᠪᠠᠷ᠂ ᠨᠠᠷᠢᠯᠢᠭ ᠣᠨᠣᠴᠠᠲᠠᠶ ᠲᠠᠶᠢᠯᠪᠤᠷᠢᠯᠠᠯᠲᠠ ᠬᠢᠵᠡᠶ᠃      ᠤᠬᠠᠭᠤᠯᠤᠨ ᠲᠠᠶᠢᠯᠪᠤᠷᠢᠯᠠᠬᠤ ᠪᠠᠷ ᠲᠠᠮᠵᠢᠨ᠂ ᠪᠦᠬᠦ ᠤᠯᠤᠰ ᠤᠨ ᠬᠤᠶᠠᠷ ᠬᠤᠷᠠᠯ ᠲᠡᠭᠡᠷ᠎ᠡ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭᠠᠨ ᠤ ᠴᠢᠬᠤᠯᠠ ᠶᠡᠭᠡ ᠠᠴᠢ ᠬᠤᠯᠪᠣᠭᠳᠠᠯ  ᠶᠢ ᠨᠡᠩ ᠭᠦᠨᠵᠡᠭᠡᠢ ᠤᠶᠢᠯᠠᠭᠠᠵᠤ᠂ ᠪᠦᠬᠦ ᠠᠵᠢᠯᠳᠠᠨ ᠠᠵᠢᠯᠴᠢᠨ ᠤ ᠡᠭᠦᠷᠭᠡ ᠬᠠᠷᠢᠭᠤᠴᠠᠯᠭᠠᠳᠤ ᠰᠡᠳᠬᠢᠯᠭᠡ ᠪᠣᠯᠤᠨ ᠵᠣᠷᠢᠭ ᠰᠠᠨᠠᠭ᠎ᠠ ᠶᠢ ᠤᠯᠠᠮ ᠨᠢᠭᠡ ᠠᠯᠬᠤᠮ ᠡᠷᠴᠢᠯᠡᠪᠡ᠃      ᠬᠤᠷᠠᠯ ᠤᠨ ᠳᠠᠷᠠᠭ᠎ᠠ᠂ ᠪᠥᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠪᠠ ᠶᠡᠷᠦᠩᠬᠡᠶ ᠱᠦᠵᠢ ᠰᠢ ᠶᠢᠨ ᠫᠢᠩ ᠤᠨ ᠪᠦᠬᠦ ᠤᠯᠤᠰ ᠤᠨ ᠬᠤᠶᠠᠷ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠪᠠᠷ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠵᠤ᠂ ︽ᠲᠦᠷᠪᠡᠨ ᠤᠬᠠᠮᠰᠠᠷ︾ ᠢ ᠤᠯᠠᠮ ᠨᠢᠭᠡ ᠠᠯᠬᠤᠮ ᠪᠠᠲᠤ ᠪᠤᠯᠭᠠᠨ᠂ ︽ᠲᠦᠷᠪᠡᠡ ᠢᠲᠡᠭᠡᠯ︾ ᠢ ᠪᠠᠷᠢᠮᠳᠠᠯᠠᠨ᠂ ᠶᠡᠷᠦᠩᠬᠡᠶ ᠱᠦᠵᠢ ᠰᠢ ᠶᠢᠨ ᠫᠢᠩ ᠤᠨ ᠪᠦᠬᠦ ᠤᠯᠤᠰ ᠤᠨ ᠬᠤᠶᠠᠷ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠠᠷ ᠰᠤᠷᠭᠠᠨ ᠬᠥᠮᠦᠵᠢᠯ ᠵᠢᠭᠠᠨ‌‍ᠰᠤᠷᠭᠠᠯᠲᠠ ᠶᠢᠨ ᠠᠵᠢᠯ ᠤᠨ ᠬᠦᠴᠦᠨ ᠴᠢᠳᠠᠯ ᠤᠨ ᠡᠬᠢ ᠰᠤᠷᠪᠤᠯᠵᠢ ᠪᠣᠯᠭᠠᠨ ᠬᠤᠪᠢᠷᠠᠭᠤᠯᠵᠤ᠂ ᠲᠤᠭᠳᠠᠬᠤ ᠰᠢᠶᠠᠨ ᠤ ᠬᠤᠶᠠᠳᠤᠭᠠᠷ ᠲᠤᠮᠳᠠᠳᠤ ᠰᠤᠷᠭᠠᠭᠤᠯᠢ ᠶᠢᠨ ᠰᠤᠷᠭᠠᠨ ᠬᠦᠮᠦᠵᠢᠯ ᠪᠠ ᠵᠢᠭᠠᠨ ᠰᠤᠷᠭᠠᠯᠲᠠ ᠶᠢᠨ ᠠᠵᠢᠯ ᠤᠨ ᠰᠢᠨ᠎ᠡ ᠴᠠᠭ ᠦᠶ᠎ᠡ ᠶᠢᠨ ᠰᠢᠨ᠎ᠡ ᠬᠡᠪ ᠪᠠᠶᠢᠳᠠᠯ ᠢ ᠪᠤᠢ ᠪᠣᠯᠭᠠᠬᠤ ᠶᠢᠨ ᠲᠥᠯᠥᠭᠡ ᠴᠢᠷᠮᠠᠶᠢᠨ ᠲᠡᠮᠡᠴᠡᠨ᠎ᠡ ᠭᠡᠵᠤ ᠬᠤᠷᠠᠯ ᠳᠤ ᠤᠷᠤᠯᠴᠠᠭᠰᠠᠳ ᠲᠤᠰ ᠲᠤᠰ ᠢᠯᠡᠷᠬᠡᠶᠢᠯᠡᠵᠤ ᠪᠠᠶᠢᠯ᠎ᠠ  ︕
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1