ᠬᠦᠬᠡᠬᠤᠳᠠ ᠶᠢᠨ ᠦᠨᠳᠦᠰᠦᠲᠡᠨ ᠤ ᠵᠥᠪᠯᠡᠯ ᠲᠤᠭᠳᠠᠬᠤ ᠰᠢᠶᠠᠨ ᠤ ᠦᠨᠳᠦᠰᠦᠲᠡᠨ ᠤ ᠠᠵᠢᠯ  ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2018-04-28
ᠬᠦᠬᠡᠬᠤᠳᠠ ᠶᠢᠨ ᠦᠨᠳᠦᠰᠦᠲᠡᠨ ᠤ ᠵᠥᠪᠯᠡᠯ ᠲᠤᠭᠳᠠᠬᠤ ᠰᠢᠶᠠᠨ ᠤ ᠦᠨᠳᠦᠰᠦᠲᠡᠨ ᠤ ᠠᠵᠢᠯ  ᠳᠤ ᠪᠠᠶᠢᠴᠠᠭᠠᠨ ᠰᠤᠳᠤᠯᠤᠯᠲᠠ ᠬᠢᠪᠡ
     ᠬᠦᠬᠡᠬᠤᠳᠠ ᠶᠢᠨ ᠦᠨᠳᠦᠰᠦᠲᠡᠨ ᠤ ᠵᠥᠪᠯᠡᠯ ᠤᠨ ᠸᠠᠩ ᠸᠧᠨ ᠯᠢᠨ ᠡᠷᠬᠢᠯᠡᠭᠴᠢ ᠪᠠᠷ ᠲᠤᠯᠤᠭᠠᠶᠢᠯᠠᠭᠤᠯᠤᠭᠰᠠᠨ ᠪᠠᠶᠢᠴᠠᠭᠠᠨ ᠰᠤᠳᠤᠯᠤᠯᠲᠠ ᠶᠢᠨ ᠪᠦᠯᠬᠦᠮ 4 ᠳ᠋ᠦ᠋ᠭᠡᠷ ᠰᠠᠷ᠎ᠠ ᠶᠢᠨ 25 ᠤ ᠡᠳᠦᠷ ᠲᠤᠭᠳᠠᠬᠤ ᠰᠢᠶᠠᠨ ᠤ ᠦᠨᠳᠦᠰᠦᠲᠡᠨ ᠤ ᠠᠵᠢᠯ ᠳᠤ ᠪᠠᠶᠢᠴᠠᠭᠠᠨ ᠰᠤᠳᠤᠯᠤᠨ ᠵᠢᠭᠠᠨ ᠵᠢᠯᠤᠭᠤᠳᠤᠯᠭ᠎ᠠ ᠬᠢᠪᠡ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ ᠲᠢᠶᠠᠨ ᠸᠧᠨ ᠭᠧ ᠨᠦᠬᠦᠷ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠯᠢ ᠳ᠋ᠦᠩ ᠲᠤᠤ ᠨᠦᠬᠦᠷ ᠵᠢᠴᠢ ᠠᠷᠠᠳ ᠤᠨ ᠶᠠᠪᠤᠳᠠᠯ ᠦᠨᠳᠦᠰᠦᠲᠡᠨ ᠱᠠᠰᠢᠨ ᠰᠤᠷᠲᠠᠬᠤᠨ ᠤ ᠬᠡᠷᠡᠭ  ᠡᠷᠬᠢᠯᠡᠬᠦ ᠲᠣᠪᠴᠢᠶᠠᠨ ᠤ ᠳᠠᠷᠤᠭ᠎ᠠ ᠶᠦᠨ ᠯᠢ ᠪᠢᠩ᠂ ᠲᠣᠪᠴᠢᠶᠠᠨ ᠤ ᠳᠡᠳ᠋ ᠳᠠᠷᠤᠭ᠎ᠠ ᠴᠢ ᠬᠤᠸᠠᠷ ᠵᠡᠷᠭᠡ ᠨᠦᠬᠦᠳ ᠪᠠᠷ᠎ᠠ ᠪᠣᠯᠵᠤ ᠪᠠᠶᠢᠴᠠᠭᠠᠨ ᠰᠤᠳᠤᠯᠤᠯᠲᠠ  ᠳᠤ ᠤᠷᠤᠯᠴᠠᠪᠠ᠃
      ᠦᠳᠡ ᠶᠢᠨ ᠡᠮᠤᠨ᠎ᠡ᠂ ᠦᠨᠳᠦᠰᠦᠲᠡᠨ ᠤ ᠠᠵᠢᠯ ᠤᠨ ᠲᠤᠬᠠᠶ ᠶᠠᠷᠢᠯᠴᠠᠬᠤ ᠬᠤᠷᠠᠯ ᠳᠡᠭᠡᠷ᠎ᠡ᠂ ᠪᠠᠶᠢᠴᠠᠭᠠᠨ ᠰᠤᠳᠤᠯᠤᠯᠲᠠ ᠶᠢᠨ ᠪᠦᠯᠬᠦᠮ ᠨᠢ ᠶᠦᠨ ᠯᠢ ᠪᠢᠩ ᠨᠦᠬᠦᠷ ᠤᠨ ᠦᠨᠳᠦᠰᠦᠲᠡᠨ ᠤ ᠠᠵᠢᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠪᠠ᠃ ᠸᠠᠩ ᠸᠧᠨ ᠯᠢᠨ ᠡᠷᠬᠢᠯᠡᠭᠴᠢ ᠬᠠᠷᠢᠭᠤ ᠮᠡᠳᠡᠭᠦᠯᠦᠯᠳᠡ ᠶᠢ ᠰᠤᠨᠤᠰᠦᠭ᠌ᠰᠠᠨ ᠤ ᠲᠠᠷᠠᠭ᠎ᠠ᠂ ᠮᠣᠩᠭᠤᠯ ᠬᠢᠲᠠᠳ ᠥᠰᠥᠭ ᠢ ᠵᠡᠷᠭᠡᠪᠡᠷ ᠬᠡᠷᠡᠭᠯᠡᠬᠦ᠂ ᠬᠤᠳᠠ ᠶᠢᠨ ᠭᠡᠪᠴᠢᠶᠡᠨ ᠤ ᠦᠨᠳᠦᠰᠦᠲᠡᠨ ᠤ ᠠᠵᠢᠯ ᠂ ᠴᠥᠭᠡᠨ ᠲᠣᠭᠠᠲᠤ ᠦᠨᠳᠦᠰᠦᠲᠡᠨ ᠤ ᠬᠥᠭᠵᠢᠭᠦᠯᠦᠯᠲᠡ ᠶᠢᠨ ᠪᠡᠯᠡ ᠮᠥᠩᠭᠦ ᠬᠤᠪᠢᠶᠠᠷᠢᠯᠠᠬᠤ᠂ ᠦᠨᠳᠦᠰᠦᠲᠡᠨ ᠤ ᠰᠤᠷᠭᠠᠨ ᠬᠥᠮᠦᠵᠢᠯ ᠵᠡᠷᠭᠡ ᠤᠨ ᠠᠵᠢᠯ ᠳᠤ ᠪᠣᠳᠠᠲᠠᠶ ᠱᠠᠭᠠᠷᠳᠠᠯᠭ᠎ᠠ ᠳᠤᠷᠠᠳᠴᠠᠶ᠃
     ᠦᠳᠡ ᠵᠢᠨ‌ᠬᠤᠶᠢᠨ᠎ᠠ᠂ ᠦᠨᠳᠦᠰᠦᠲᠡᠨ ᠤ ᠠᠵᠢᠯ ᠤᠨ ᠦᠷᠨᠢᠭᠦᠯᠵᠤ ᠪᠠᠶᠢᠭ᠎ᠠ ᠪᠠᠶᠢᠳᠠᠯ ᠳᠤ ᠲᠤᠬᠠᠢ ᠶᠢᠨ ᠭᠠᠵᠠᠷ  ᠤᠨ ᠪᠠᠶᠢᠴᠠᠭᠠᠯᠳᠠ ᠬᠢᠪᠡ  ᠃
    ᠸᠠᠩ ᠸᠧᠨ ᠯᠢᠨ ᠠᠴᠠ ᠡᠷᠬᠢᠯᠡᠭᠴᠢ ᠶᠢᠨ ᠲᠠᠷᠢᠶᠠᠯᠠᠩ᠂ ᠨᠡᠶᠢᠭᠡᠮ ᠲᠣᠭᠤᠷᠢᠭ ᠠᠴᠠ ᠦᠨᠳᠦᠰᠦᠲᠡᠨ ᠤ ᠰᠤᠷᠭᠠᠭᠤᠯᠢ ᠬᠦᠷᠳᠡᠯ᠎ᠡ ᠠᠵᠢᠯ ᠤᠨ ᠪᠠᠶᠢᠴᠠᠭᠠᠯᠳᠠ ᠬᠢᠭᠰᠡᠨ ᠤ ᠲᠠᠷᠠᠭ᠎ᠠ᠂ ᠲᠤᠭᠳᠠᠬᠤ ᠰᠢᠶᠠᠨ ᠤ ᠦᠨᠳᠦᠰᠦᠲᠡᠨ ᠤ ᠠᠵᠢᠯ ᠤᠨ ᠠᠮᠵᠢᠯᠲᠠ ᠶᠢ ᠭᠦᠶ᠋ᠴᠡᠳ ᠨᠤᠲᠠᠯᠠᠵᠤ᠂ ᠦᠨᠳᠦᠰᠦᠲᠡᠨ ᠤ ᠠᠵᠢᠯ ᠳᠤ ᠪᠠᠭ᠎ᠠ ᠶᠠᠪᠤᠳᠠᠯ ᠭᠡᠵᠦ ᠪᠠᠶᠢᠬᠤ ᠦᠭᠡᠢ᠂ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠴᠢᠩᠭ᠎ᠠ ᠵᠢᠷᠤᠮᠯᠠᠨ᠂ ᠵᠢᠯᠣᠭᠤᠳᠤᠮᠵᠢ ᠪᠣᠯᠭᠠᠵᠤ᠂ ᠰᠢᠨ᠎ᠡ ᠴᠠᠭ ᠦᠶ᠎ᠡ  ᠶᠢᠨ ᠦᠨᠳᠦᠰᠦᠲᠡᠨ ᠤ ᠠᠵᠢᠯ ᠢ ᠬᠦᠴᠤᠯᠡᠨ ᠦᠷᠨᠢᠭᠦᠯᠬᠦ ᠪᠠᠷ ᠴᠢᠷᠮᠠᠶᠢᠬᠤ ᠬᠡᠷᠡᠭᠳᠡᠢ ᠭᠡᠵᠤ ᠵᠢᠭᠠᠨ ᠭᠠᠷᠭᠠᠪᠠ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1