ᠲᠣᠭᠲᠠᠬᠤ ᠰᠢᠶᠠᠨ ᠤ ᠤᠷᠠᠯᠢᠭᠴᠢᠳ ᠤᠨ ᠨᠡᠶᠢᠭᠡᠮᠯᠢᠭ ᠬᠤᠶᠠᠳᠤᠭᠠᠷ ᠤᠳᠠᠭᠠᠨ ᠤ ᠭᠡᠰᠢᠭᠦᠳ ᠤᠨ ᠲᠥᠯᠥᠭᠡᠯᠡᠭᠴᠢᠳ ᠤᠨ ᠶᠡᠭᠡ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2018-05-14
     ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ‌‍ᠤ ᠬᠤᠶᠠᠳᠤᠭᠠᠷ᠂ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠵᠤ ᠂ ᠡᠯ᠎ᠡ ᠤᠳᠬ᠎ᠠ ᠤᠷᠠᠯᠢᠭ ᠤᠨ ᠨᠡᠶᠢᠭᠡᠮᠯᠢᠭ ᠤᠨ ᠠᠵᠢᠯ ᠤᠨ ᠢᠳᠡᠪᠬᠢᠵᠢᠯ ᠢ ᠭᠦᠢᠴᠡᠳ  ᠲᠠᠶᠢᠴᠢᠯᠠᠨ᠂ ᠨᠢᠭᠲᠠᠷᠠᠯ ᠤᠨ ᠬᠦᠴᠦᠨ ᠪᠠ ᠲᠠᠶᠢᠴᠢᠨ ᠬᠦᠴᠦᠨ ᠢ ᠨᠡᠮᠡᠭᠳᠡᠭᠦᠯᠦᠨ᠂ ᠪᠦᠬᠦ ᠰᠢᠶᠠᠨ ᠤ ᠤᠳᠬ᠎ᠠ ᠤᠷᠠᠯᠢᠭ ᠤᠨ ᠦᠢᠯᠡᠰ ᠤᠨ ᠰᠢᠨ᠎ᠡ ᠱᠠᠳᠤᠨ ᠳᠤ ᠬᠦᠷᠭᠡᠵᠦ᠂ ᠰᠢᠶᠠᠨ ᠤ ᠬᠤᠷᠢᠶ᠎ᠠ ᠶᠢᠨ ᠠᠯᠪᠠᠨ ᠭᠡᠷ ᠤᠨ ᠲᠠᠷᠬᠠᠭᠠᠭᠰᠠᠨ ︽ᠲᠣᠭᠲᠠᠬᠤ ᠰᠢᠶᠠᠨ ᠤ ᠤᠳᠬ᠎ᠠ ᠤᠷᠠᠯᠢᠭ ᠤᠨ ᠬᠤᠯᠪᠤᠭ᠎ᠠ ᠶᠢᠨ ᠠᠵᠢᠯ ᠢ ᠴᠢᠩᠭᠠᠳᠬᠠᠬᠤ ᠲᠤᠬᠠᠶ ᠰᠠᠨᠠᠯ︾ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ ᠶᠢᠨ ᠲᠦᠯᠦᠭᠡ᠂ 5 ᠰᠠᠷ᠎ᠠ ᠶᠢᠨ 8 ᠤ ᠡᠳᠦᠷ ᠤᠨ ᠦᠳᠡ ᠶᠢᠨ ᠡᠮᠦᠨ᠎ᠡ᠂ ᠲᠤᠭᠳᠠᠬᠤ ᠲᠠᠷᠢᠶᠠᠯᠠᠩ ᠬᠤᠳᠠᠯᠳᠤᠭᠠᠨ ᠤ ᠪᠠᠩᠭᠢ ᠶᠢᠨ ᠬᠤᠶᠠᠳᠤᠭᠠᠷ ᠳᠠᠪᠬᠤᠷᠯᠢᠭ ᠤᠨ ᠬᠤᠷᠠᠯ ᠤᠨ ᠭᠡᠷ ᠲᠤ ᠲᠣᠭᠲᠠᠬᠤ ᠰᠢᠶᠠᠨ ᠤ ᠤᠷᠠᠯᠢᠭᠴᠢᠳ ᠤᠨ ᠨᠡᠶᠢᠭᠡᠮᠯᠢᠭ ᠠᠴᠠ ᠲᠥᠯᠥᠭᠡᠯᠡᠭᠴᠢᠳ ᠤᠨ ᠬᠤᠶᠠᠳᠤᠭᠠᠷ ᠤᠳᠠᠭᠠᠨ ᠤ ᠶᠡᠭᠡ ᠬᠤᠷᠠᠯ ᠬᠤᠷᠠᠯᠳᠤᠭᠤᠯᠪᠠ᠃ ᠬᠦᠬᠡᠬᠤᠳᠠ ᠶᠢᠨ ᠤᠳᠬ᠎ᠠ ᠤᠷᠠᠯᠢᠭ ᠤᠨ ᠬᠤᠯᠪᠣᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠶᠠᠩ ᠮᠠᠤ᠂ ᠬᠦᠬᠡᠬᠤᠳᠠ ᠶᠢᠨ ᠤᠳᠬ᠎ᠠ ᠤᠷᠠᠯᠢᠭ ᠤᠨ ᠬᠤᠯᠪᠣᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠡᠷᠢᠭᠦᠯᠡᠭᠴᠢ ᠲᠢᠶᠠᠨ ᠮᠢᠩ᠂ ᠬᠥᠬᠡᠬᠤᠲᠠ ᠶᠢᠨ ᠵᠣᠬᠢᠶᠠᠯᠴᠢᠳ ᠤᠨ ᠨᠡᠶᠢᠭᠡᠮᠯᠢᠭ ᠤᠨ ᠲᠡᠷᠢᠭᠦᠯᠡᠭᠴᠢ ᠸᠧᠶ ᠳ᠋ᠦᠸᠧ᠂ ᠬᠥᠬᠡᠬᠤᠲᠠ ᠶᠢᠨ ᠰᠢ ᠵᠦᠴᠦᠭᠡ ᠶᠢᠨ ᠨᠡᠶᠢᠭᠡᠮᠯᠢᠭ ᠤᠨ ᠲᠡᠷᠢᠭᠦᠯᠡᠭᠴᠢ ᠳ᠋ᠤᠸᠠᠨ ᠪᠠ ᠸᠠᠩ᠂ ᠬᠥᠬᠡᠬᠤᠲᠠ ᠶᠢᠨ ᠬᠡᠷᠡᠯ ᠵᠢᠷᠤᠭᠴᠢᠳ ᠤᠨ ᠨᠡᠶᠢᠭᠡᠮᠯᠢᠭ ᠤᠨ ᠲᠡᠷᠢᠭᠦᠯᠡᠭᠴᠢ ᠭᠤᠤ ᠰᠢᠤᠸᠠᠢ ᠹᠧᠩ᠂ ᠬᠥᠬᠡᠬᠤᠲᠠ ᠶᠢᠨ ᠠᠷᠠᠳ ᠤᠨ ᠤᠷᠠᠯᠢᠭᠴᠢᠳ ᠤᠨ ᠨᠡᠶᠢᠭᠡᠮᠯᠢᠭ ᠤᠨ ᠲᠡᠷᠢᠭᠦᠯᠡᠭᠴᠢ ᠡᠦ ᠭᠤᠤ ᠮᠢᠩ᠂ ᠬᠥᠬᠡᠬᠤᠲᠠ ᠶᠢᠨ ᠺᠢᠨᠣ᠋ ᠲᠧᠯᠸᠢᠰ ᠤᠷᠠᠯᠢᠭᠴᠢᠳ ᠤᠨ ᠨᠡᠶᠢᠭᠡᠮᠯᠢᠭ ᠤᠨ ᠲᠡᠷᠢᠭᠦᠯᠡᠭᠴᠢ ᠵᠤᠤ ᠶᠦᠩ ᠭᠠᠩ᠂ ᠬᠥᠬᠡᠬᠤᠲᠠ ᠶᠢᠨ ᠤᠷᠠᠨ ᠪᠢᠴᠢᠯᠭᠡᠲᠡᠨ ᠤ ᠨᠡᠶᠢᠭᠡᠮᠯᠢᠭ ᠤᠨ ᠳᠡᠳ᠋ ᠲᠡᠷᠢᠭᠦᠯᠡᠭᠴᠢ ᠬᠦ᠋ ᠵᠢᠩ ᠶᠦᠨ᠂ ᠬᠥᠬᠡᠬᠤᠲᠠ ᠶᠢᠨ ᠪᠥᠵᠢᠭᠴᠢᠳ ᠤᠨ ᠨᠡᠶᠢᠭᠡᠮᠯᠢᠭ ᠤᠨ ᠳᠡᠳ᠋ ᠲᠡᠷᠢᠭᠦᠯᠡᠭᠴᠢ ᠯᠢᠦ ᠢ᠂ ᠲᠣᠭᠲᠠᠬᠤ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠭᠦᠸᠧ ᠮᠧᠶ ᠲᠤᠤ᠂ ᠲᠣᠭᠲᠠᠬᠤ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ ᠤᠶᠤᠨᠴᠡᠴᠡᠭ᠂ ᠲᠣᠭᠲᠠᠬᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠲᠢᠶᠠᠨ ᠯᠢ ᠵᠢᠶᠦ᠋ᠨ ᠨᠠᠷ ᠤᠷᠢᠯᠭ᠎ᠠ ᠪᠠᠷ ᠶᠡᠭᠡ ᠬᠤᠷᠠᠯ ᠳᠤ ᠤᠷᠤᠯᠴᠠᠵᠤ᠂ ᠪᠦᠬᠦ ᠰᠢᠶᠠᠨ ᠤ 7 ᠤᠷᠠᠯᠢᠭᠴᠢᠳ ᠤᠨ ᠨᠡᠶᠢᠭᠡᠮᠯᠢᠭ  ᠤᠨ ᠨᠠᠶᠢᠳᠡ 203 ᠲᠥᠯᠥᠭᠡᠯᠡᠭᠴᠢᠳ ᠶᠡᠭᠡ ᠬᠤᠷᠠᠯ ᠳᠤ ᠣᠷᠣᠯᠴᠠᠪᠠ᠃ ᠬᠤᠷᠠᠯ ᠳᠡᠭᠡᠷ᠎ᠡ᠂ ᠲᠣᠭᠲᠠᠬᠤ ᠰᠢᠶᠠᠨ ᠤ ᠵᠣᠬᠢᠶᠠᠯᠴᠢᠳ ᠤᠨ ᠨᠡᠶᠢᠭᠡᠮᠯᠢᠭ᠂ ᠭᠡᠷᠡᠯ ᠵᠢᠷᠤᠭᠴᠢᠳ ᠤᠨ ᠨᠡᠶᠢᠭᠡᠮᠯᠢᠭ᠂ ᠳᠠᠭᠤᠤ ᠬᠥᠭᠵᠢᠮ ᠪᠥᠵᠢᠭ ᠰᠢ ᠵᠦᠴᠦᠭᠡᠴᠢᠳ ᠤᠨ ᠨᠡᠶᠢᠭᠡᠮᠯᠢᠭ᠂ ᠤᠷᠠᠨ ᠪᠢᠴᠢᠯᠭᠡᠲᠡᠨ ᠤ ᠨᠡᠶᠢᠭᠡᠮᠯᠢᠭ᠂ ᠤᠷᠠᠨ ᠵᠢᠷᠤᠭᠴᠢᠳ ᠤᠨ ᠨᠡᠶᠢᠭᠡᠮᠯᠢᠭ᠂ ᠠᠷᠠᠳ ᠤᠨ ᠤᠷᠠᠯᠢᠭᠴᠢᠳ ᠤᠨ ᠨᠡᠶᠢᠭᠡᠮᠯᠢᠭ᠂ ᠷᠠᠳᠢᠣ᠋ ᠨᠡᠪᠲᠡᠷᠡᠭᠦᠯᠭᠡ ᠺᠢᠨᠣ᠋ ᠲᠧᠯᠸᠢᠰ ᠤᠨ ᠨᠡᠶᠢᠭᠡᠮᠯᠢᠭ ᠤᠨ ᠬᠠᠷᠢᠭᠤᠴᠠᠯᠭᠠᠲᠠᠨ ᠲᠤᠰ ᠲᠤᠰ ᠠᠵᠢᠯ ᠤᠨ ᠢᠯᠡᠳᠬᠡᠯ ᠬᠢᠵᠦ᠂ ᠥᠩᠭᠡᠷᠡᠭᠰᠡᠨ ᠲᠠᠪᠤᠨ ᠵᠢᠯ ᠤᠨ ᠠᠵᠢᠯ ᠢᠶᠠᠨ ᠡᠷᠭᠢᠴᠡᠭᠦᠯᠦᠨ ᠳ᠋ᠦᠩᠨᠡᠵᠦ᠂ ᠬᠤᠶᠢᠰᠢᠳᠠ ᠶᠢᠨ ᠲᠠᠪᠤᠨ ᠵᠢᠯ ᠤᠨ ᠠᠵᠢᠯ ᠤᠨ ᠡᠭᠦᠷᠭᠡ ᠪᠠᠨ ᠲᠣᠬᠢᠷᠠᠭᠤᠯᠤᠨ ᠪᠠᠶᠢᠷᠢᠯᠠᠭᠤᠯᠵᠠᠶ᠃ ᠤᠢᠢᠷ᠎ᠠ ᠶᠢᠨ ᠵᠢᠯ ᠤᠳ ᠲᠤ᠂ ᠡᠯ᠎ᠡ ᠤᠷᠠᠯᠢᠭᠴᠢᠳ ᠤᠨ ᠨᠡᠶᠢᠭᠡᠮᠯᠢᠭ ᠠᠴᠠ ᠥᠷᠭᠡᠨ ᠤᠯᠠᠨ ᠤᠳᠬ᠎ᠠ ᠤᠷᠠᠯᠢᠭ ᠤᠨ ᠠᠵᠢᠯᠳᠠᠨ ᠢ ᠲᠠᠭᠠᠭᠤᠯᠤᠨ᠂ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠭᠤᠣᠯ ᠠᠵᠢᠯ ᠪᠤᠯᠤᠨ ᠶᠡᠷᠦᠩᠬᠡᠶ ᠱᠦᠵᠢ ᠰᠢ ᠶᠢᠨ ᠫᠢᠩ ᠤᠨ ᠰᠢᠷᠢᠰ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠢᠯᠠᠩᠭᠤᠶ᠎ᠠ ᠤᠳᠬ᠎ᠠ ᠤᠷᠠᠯᠢᠭ ᠤᠨ ᠠᠵᠢᠯ ᠤᠨ ᠶᠠᠷᠢᠯᠴᠠᠬᠤ ᠬᠤᠷᠠᠯ ᠳᠡᠭᠡᠷ᠎ᠡ ᠲᠠᠯᠪᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠲᠠᠢ ᠨᠢᠭᠲᠠ ᠤᠶᠠᠯᠳᠤᠭᠤᠯᠵᠤ᠂ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠭᠤᠣᠯ ᠠᠵᠢᠯ ᠢᠶᠠᠷ ᠰᠠᠭᠤᠷᠢᠯᠠᠨ᠂ ᠤᠷᠠᠯᠢᠭ ᠤᠨ ᠣᠨᠴᠠᠯᠢᠭ ᠪᠠ ᠳᠠᠪᠠᠭᠤᠯᠢᠭ ᠲᠠᠯ᠎ᠠ ᠪᠠᠨ ᠭᠦᠢᠴᠡᠳ ᠪᠠᠳᠠᠷᠠᠭᠤᠯᠵᠤ᠂ ᠰᠢᠷᠭᠠᠭᠤ ᠠᠵᠢᠯᠯᠠᠨ ᠠᠷᠠᠳ ᠤᠯᠠᠨ ᠤ ᠤᠶᠤᠨ ᠤ ᠠᠮᠢᠳᠤᠷᠠᠯ ᠢ ᠪᠠᠶᠠᠯᠢᠭᠵᠢᠭᠤᠯᠵᠤ  ᠂ ᠲᠣᠭᠲᠠᠬᠤ ᠰᠢᠶᠠᠨ ᠢᠶᠠᠨ ᠰᠣᠶᠣᠯ ᠤᠨ ᠲᠤᠮᠤ ᠰᠢᠶᠠᠨ ᠪᠤᠯᠭᠠᠨ ᠠᠬᠢᠭᠤᠯᠵᠦ᠂ ᠠᠵᠤ ᠠᠬᠤᠶ ᠨᠡᠶᠢᠭᠡᠮ ᠤᠨ ᠬᠥᠭᠵᠢᠯᠲᠡ ᠳᠤ ᠴᠢᠬᠤᠯᠠ ᠦᠢᠯᠡᠳᠦᠯ ᠪᠠᠳᠠᠷᠠᠭᠤᠯᠵᠤ ᠲᠣᠪᠤᠶᠢᠮ᠎ᠠ ᠠᠮᠵᠢᠯᠲᠠ ᠣᠯᠤᠭᠰᠠᠨ ᠪᠠᠶᠢᠨ᠎ᠠ᠃      ᠬᠦᠬᠡᠬᠤᠳᠠ ᠶᠢᠨ ᠤᠳᠬ᠎ᠠ ᠤᠷᠠᠯᠢᠭ ᠤᠨ ᠬᠤᠯᠪᠣᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠶᠠᠩ ᠮᠠᠤ ᠲᠣᠭᠲᠠᠬᠤ ᠰᠢᠶᠠᠨ ᠤ ᠤᠳᠬ᠎ᠠ ᠤᠷᠠᠯᠢᠭ ᠤᠨ ᠬᠤᠯᠪᠣᠭ᠎ᠠ ᠵᠢᠴᠢ ᠡᠯ᠎ᠡ ᠨᠡᠶᠢᠭᠡᠮᠯᠢᠭ ᠤᠨ ᠦᠢᠷ᠎ᠠ ᠶᠢᠨ ᠵᠢᠯ ᠳᠤ ᠣᠯᠤᠭᠰᠠᠨ ᠠᠮᠵᠢᠯᠲᠠ ᠶᠢ ᠭᠦᠢᠴᠡᠳ ᠨᠤᠳᠠᠯᠠᠬᠤ ᠶᠢᠨ ᠬᠠᠮᠲᠤ᠂ ᠲᠣᠭᠲᠠᠬᠤ ᠰᠢᠶᠠᠨ ᠤ ᠤᠳᠬ᠎ᠠ ᠤᠷᠠᠯᠢᠭ ᠤᠨ ᠬᠤᠯᠪᠣᠭ᠎ᠠ ᠵᠢᠴᠢ ᠨᠡᠶᠢᠭᠡᠮᠯᠢᠭ ᠤᠨ ᠬᠤᠶᠢᠰᠢᠳᠠ ᠶᠢᠨ ᠠᠵᠢᠯ ᠳᠤ ᠭᠤᠷᠪᠠᠨ ᠵᠦᠢᠯ ᠤᠨ ᠱᠠᠭᠠᠷᠳᠠᠯᠭ᠎ᠠ ᠳᠤᠷᠠᠳᠴᠠᠶ᠄ ᠨᠢᠭᠡ ᠳᠤ᠂ ᠵᠥᠪ ᠤᠨᠤᠪᠴᠢᠳᠠᠢ ᠠᠵᠢᠯ ᠤᠨ ᠤᠳᠤᠷᠢᠳᠤᠮᠵᠢ ᠶᠢ ᠡᠵᠡᠮᠳᠡᠵᠦ ᠂ ᠤᠳᠬ᠎ᠠ ᠤᠷᠠᠯᠢᠭ ᠤᠨ ᠠᠵᠢᠯ ︽ᠬᠤᠶᠠᠷ ᠲᠤ ᠦᠢᠯᠡᠴᠢᠯᠡᠭᠦᠯᠬᠦ︾ ᠪᠠ ︽ᠬᠤᠶᠠᠷ ᠪᠦᠬᠦᠨ︾ ᠤ ᠴᠢᠭᠯᠡᠯᠲᠡ ᠶᠢ ᠪᠠᠷᠢᠮᠲᠠᠯᠠᠵᠤ᠂ ︽ᠭᠤᠷᠪᠠ ᠳᠤ ᠣᠶᠢᠷᠠᠲᠤᠭᠤᠯᠬᠤ︾ ᠵᠠᠷᠴᠢᠮ ᠢ ᠢᠮᠠᠭᠲᠠ ᠪᠠᠷᠢᠮᠲᠠᠯᠠᠬᠤ ᠬᠡᠷᠡᠭᠲᠡᠶ᠃ ᠬᠤᠶᠠᠷ ᠲᠤ᠂ ᠤᠳᠬ᠎ᠠ ᠤᠷᠠᠯᠢᠭ ᠤᠨ ᠰᠣᠳᠣᠨ ᠪᠦᠲᠦᠭᠡᠯ ᠢ ᠢᠯᠡᠭᠦᠬᠡᠨ ᠵᠣᠬᠢᠶᠠᠨ ᠪᠦᠳᠦᠭᠡᠵᠤ᠂ ᠠᠷᠠᠳ ᠤᠨ ᠲᠤᠮᠳᠠ ᠭᠦᠨᠵᠡᠭᠡᠶᠢᠷᠡᠵᠦ ᠴᠢᠳᠠᠬᠤ ᠮᠦᠷᠳᠡᠭᠡᠨ ᠤᠯᠠᠮᠵᠢᠯᠠᠭᠳᠠᠵᠤ ᠳᠡᠶᠢᠯᠬᠦ ᠰᠣᠳᠣᠨ ᠪᠦᠲᠦᠭᠡᠯ ᠢ ᠨᠡᠩ ᠤᠯᠠᠨ ᠪᠦᠳᠦᠭᠡᠬᠦ ᠬᠡᠷᠡᠭᠳᠡᠢ᠃ ᠭᠤᠷᠪᠠ ᠳᠤ᠂ ᠰᠤᠷᠤᠯᠴᠠᠯᠭ᠎ᠠ ᠪᠣᠯᠪᠠᠰᠤᠷᠠᠭᠤᠯᠤᠯ ᠪᠠ ᠤᠳᠬ᠎ᠠ ᠤᠷᠠᠯᠢᠭ ᠤᠨ ᠡᠩᠨᠡᠭᠡᠨ ᠤ ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠵᠤ ︽ᠮᠣᠷᠠᠯ ᠤᠷᠠᠯᠢᠭ ᠬᠤᠣᠰᠯᠠᠭᠤᠯᠤᠭᠰᠠᠨ︾ ᠤᠳᠬ᠎ᠠ ᠤᠷᠠᠯᠢᠭ ᠤᠨ ᠠᠵᠢᠯᠲᠠᠳ ᠪᠣᠯᠬᠤ ᠪᠠᠷ ᠴᠢᠷᠮᠠᠶᠢᠬᠤ ᠬᠡᠷᠡᠭᠲᠡᠶ ᠭᠡᠪᠡ᠃      ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠭᠦᠸᠧ ᠮᠸᠢ ᠲᠤᠤ ᠬᠤᠷᠠᠯ ᠳᠡᠭᠡᠷ᠎ᠡ ᠶᠠᠷᠢᠶ᠎ᠠ ᠲᠠᠯᠪᠢᠵᠤ᠂ ᠤᠳᠬ᠎ᠠ ᠤᠷᠠᠯᠢᠭ ᠤᠨ ᠬᠤᠯᠪᠣᠭ᠎ᠠ ᠵᠢᠴᠢ ᠡᠯ᠎ᠡ ᠨᠡᠶᠢᠭᠡᠮᠯᠢᠭ ᠤᠨ ᠠᠵᠢᠯ ᠢ ᠭᠦᠢᠴᠡᠳ ᠨᠤᠲᠠᠯᠠᠬᠤ ᠶᠢᠨ ᠬᠠᠮᠲᠤ᠂ ᠪᠦᠬᠦ ᠰᠢᠶᠠᠨ ᠤ ᠤᠳᠬ᠎ᠠ ᠤᠷᠠᠯᠢᠭᠴᠢᠨ ᠵᠠᠪᠠᠯ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠶᠢᠨ ᠵᠣᠷᠢᠭ ᠰᠠᠨᠠᠭ᠎ᠠ ᠶᠢᠨ ᠲᠤᠭᠤᠷᠢᠨ ᠳᠤ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠨᠢᠭᠡᠳᠬᠡᠵᠦ᠂ ᠪᠦᠲᠦᠮᠵᠢᠲᠡᠶ ᠠᠷᠭ᠎ᠠ ᠬᠡᠮᠵᠢᠶ᠎ᠡ ᠠᠪᠴᠦ ᠴᠢᠷᠮᠠᠶᠢᠨ ᠠᠵᠢᠯᠯᠠᠵᠤ᠂ ᠲᠤᠷᠰᠢᠯᠭ᠎ᠠ ᠪᠠᠨ ᠳ᠋ᠦᠩᠨᠡᠨ ᠡᠷᠴᠢ ᠵᠣᠷᠢᠭ ᠢᠶᠠᠨ ᠭᠦᠢᠴᠡᠳ ᠪᠠᠳᠠᠷᠠᠭᠤᠯᠬᠤ᠂ ᠲᠠᠰᠤᠷᠤᠯᠳᠠ ᠦᠭᠡᠢ ᠰᠢᠨ᠎ᠡ ᠶᠢ ᠡᠭᠦᠳᠦᠨ᠂ ᠲᠣᠭᠲᠠᠬᠤ ᠰᠢᠶᠠᠨ ᠤ ᠤᠳᠬ᠎ᠠ ᠤᠷᠠᠯᠢᠭ ᠤᠨ ᠦᠢᠯᠡᠰ ᠤᠨ ᠶᠡᠭᠡ ᠬᠥᠭᠵᠢᠯᠲᠡ ᠶᠡᠭᠡ ᠴᠡᠴᠡᠭᠯᠡᠯᠲᠡ ᠶᠢ ᠪᠡᠶᠡᠯᠡᠭᠦᠯᠬᠦ ᠬᠡᠷᠡᠭᠲᠡᠶ ᠭᠡᠪᠡ᠃      ᠬᠤᠷᠠᠯᠳᠤᠭᠠᠨ ᠠᠴᠠ ᠡᠯ᠎ᠡ ᠨᠡᠶᠢᠭᠡᠮᠯᠢᠭ ᠤᠨ ᠠᠵᠢᠯ ᠤᠨ ᠢᠯᠡᠳᠬᠡᠯ ᠪᠠ ᠳᠦᠷᠢᠮ ᠲᠤᠭᠳᠠᠭᠠᠯ ᠢ ᠬᠢᠨᠠᠨ ᠶᠠᠷᠢᠯᠴᠠᠵᠤ ᠪᠠᠲᠤᠯᠠᠭᠠᠳ᠂ ᠰᠢᠨ᠎ᠡ ᠨᠢᠭᠡ ᠬᠤᠭᠤᠴᠠᠭᠠᠨ ᠤ ᠡᠯ᠎ᠡ ᠨᠡᠶᠢᠭᠡᠮᠯᠢᠭ ᠤᠨ ᠲᠡᠷᠢᠭᠦᠯᠡᠭᠴᠢᠳ ᠤᠨ ᠪᠦᠯᠬᠦᠮ ᠤᠨ ᠭᠡᠰᠢᠭᠦᠳ ᠢ ᠰᠣᠩᠭᠤᠨ ᠭᠠᠷᠭᠠᠪᠠ᠃ ᠡᠯ᠎ᠡ ᠨᠡᠶᠢᠭᠡᠮᠯᠢᠭ ᠤᠨ ᠬᠠᠷᠢᠭᠤᠴᠠᠯᠭᠠᠲᠠᠨ ᠠᠴᠠ  ᠨᠡᠷ᠎ᠡ ᠬᠦᠨᠳᠦᠲᠦ ᠲᠡᠷᠢᠭᠦᠯᠡᠭᠴᠢ ᠳᠤ ᠤᠷᠢᠯᠭ᠎ᠠ ᠶᠢᠨ ᠪᠢᠴᠢᠭ ᠭᠠᠷᠳᠠᠭᠤᠯᠪᠠ᠃  
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1