ᠲᠣᠭᠲᠠᠬᠤ ᠰᠢᠶᠠᠨ ᠤ ᠬᠠᠪᠤᠷ ᠤᠨ ᠤᠯᠠᠷᠢᠯ ᠤᠨ ᠠᠮᠢᠲᠠᠨ ᠤ ᠬᠢᠵᠢᠭ ᠡᠪᠡᠳᠴᠢᠨ ᠢ ᠲᠥᠪᠯᠡᠷᠡᠭᠦᠯᠦᠨ ᠴᠠᠷᠤᠯᠲᠠ ᠬᠢᠬᠦ ᠠᠵᠢᠯ ᠪᠦᠬᠦ ᠲᠠᠯ᠎ᠠ ᠪᠠᠷ ᠲᠠᠭᠤᠰᠪᠠ
ᠨᠡᠶᠢᠲᠡᠯᠡᠭᠰᠡᠨ ᠴᠠᠭ᠄
2018-05-15
     ᠲᠣᠭᠲᠠᠬᠤ ᠰᠢᠶᠠᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶᠠᠨ ᠤ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠲᠥᠪ ᠠᠴᠠ ᠵᠣᠬᠢᠶᠠᠨ ᠪᠠᠶᠢᠭᠤᠯᠤᠭᠰᠠᠨ ᠪᠦᠬᠦ ᠰᠢᠶᠠᠨ ᠤ ᠬᠠᠪᠤᠷ ᠤᠨ ᠤᠯᠠᠷᠢᠯ ᠤᠨ ᠠᠮᠢᠲᠠᠨ ᠤ ᠬᠢᠵᠢᠭ ᠰᠡᠷᠭᠡᠶᠢᠯᠡᠬᠦ ᠠᠵᠢᠯ 3 ᠰᠠᠷ᠎ᠠ ᠶᠢᠨ 28 ᠤ ᠡᠳᠦᠷ ᠠᠴᠠ ᠡᠬᠢᠯᠡᠨ᠂ ᠰᠠᠷ᠎ᠠ ᠭᠠᠷᠤᠢ ᠬᠤᠭᠤᠴᠠᠭ᠎ᠠ ᠪᠠᠴᠢᠮ ᠠᠵᠢᠯᠠᠠᠭᠠᠳ᠂ ᠬᠠᠪᠤᠷ ᠤᠨ ᠤᠯᠠᠷᠢᠯ ᠤᠨ ᠠᠮᠢᠲᠠᠨ ᠤ ᠬᠢᠵᠢᠭ ᠡᠪᠡᠳᠴᠢᠨ ᠤ ᠰᠡᠷᠭᠡᠶᠢᠯᠡᠯᠲᠡ ᠶᠢᠨ ᠠᠵᠢᠯ ᠨᠢᠭᠡᠨᠲᠡ ᠪᠦᠬᠦ ᠲᠠᠯ᠎ᠠ ᠪᠠᠷ ᠲᠠᠭᠤᠰᠤᠭᠰᠠᠨ ᠪᠠᠶᠢᠨ᠎ᠠ᠃ ᠪᠦᠬᠦ ᠰᠢᠶᠠᠨ ᠳᠤ ᠸᠠᠺᠼᠢᠨ ᠤᠷᠢᠳᠴᠢᠯᠠᠨ‌‍ᠰᠡᠷᠭᠡᠶᠢᠯᠡᠭᠰᠡᠨ ᠭᠡᠷ ᠤᠨ ᠲᠡᠵᠢᠭᠡᠪᠦᠷᠢ ᠨᠡᠶᠢᠳᠡ 110 ᠲᠦᠮᠡᠨ ᠲᠤᠯᠤᠭᠠᠢ ᠳᠤ ᠬᠦᠷᠴᠦ᠂ ᠭᠤᠣᠯᠳᠠᠭᠤ ᠰᠢᠯᠦᠬᠡᠶ ᠡᠪᠡᠳᠴᠢᠨ᠂ ᠭᠠᠭ᠋ᠠᠶ ᠶᠢᠨ ᠦᠷᠡᠵᠢᠬᠦ ᠶᠡᠷᠦᠩᠭᠡᠢ ᠡᠪᠡᠳᠴᠢᠨ᠂ ᠭᠠᠭ᠋ᠠᠶ ᠶᠢᠨ ᠮᠢᠯᠵᠢᠩ ᠡᠪᠡᠳᠴᠢᠨ᠂ ᠬᠤᠨᠢᠠ ᠤ ᠴᠡᠴᠡᠭ ᠡᠪᠡᠳᠴᠢᠨ ᠂ ᠵᠢᠵᠢᠭ ᠬᠡᠪᠢᠬᠦ ᠠᠮᠢᠳᠠᠨ ᠤ ᠬᠢᠵᠢᠭ ᠡᠪᠡᠳᠴᠢᠨ᠂ ᠭᠠᠯᠵᠠᠭᠤ ᠡᠪᠡᠳᠴᠢᠨ ᠵᠡᠷᠭᠡ ᠳᠤ ᠤᠷᠢᠳᠴᠢᠯᠠᠨ ᠰᠡᠷᠭᠡᠶᠢᠯᠡᠯᠳᠡ ᠬᠢᠵᠡᠢ᠃ ᠸᠠᠺᠼᠢᠨ ᠤᠷᠢᠳᠴᠢᠯᠠᠨ ᠰᠡᠷᠭᠡᠶᠢᠯᠡᠭᠰᠡᠨ ᠭᠡᠷ ᠤᠨ ᠵᠢᠭᠦᠷᠲᠡᠨ 50.7 ᠲᠦᠮᠡ ᠳᠤ ᠬᠦᠷᠴᠦ᠂ ᠵᠢᠭᠦᠷᠲᠡᠨ ᠤ ᠬᠠᠯᠳᠠᠪᠤᠷᠢᠲᠤ ᠲᠠᠭᠰᠢᠭᠤᠷ ᠪᠠ ᠲᠠᠬᠢᠶᠠᠨ ᠤ ᠰᠢᠨ᠎ᠡ ᠬᠤᠲᠠᠨ ᠤ ᠬᠢᠵᠢᠭ ᠢᠶᠠᠷ ᠭᠤᠣᠯ ᠪᠤᠯᠭᠠᠪᠠ᠂ ᠮᠠᠯ ᠵᠢᠭᠦᠷᠲᠡᠨ ᠤ ᠬᠦᠨᠳᠦ ᠶᠡᠭᠡ ᠬᠢᠵᠢᠭ ᠡᠪᠡᠳᠴᠢᠨ ᠠᠴᠠ ᠬᠡᠯᠲᠦᠷᠢᠭᠦᠯᠬᠦ ᠨᠢᠭᠲᠠᠴᠠ ᠨᠢ ᠴᠥᠮ 100% ᠳᠤ ᠬᠦᠷᠭᠡᠵᠦ᠂ ᠰᠦᠷᠦᠭᠵᠢᠯ ᠤᠨ ᠸᠠᠺᠼᠢᠨ ᠨᠢᠭᠲᠠᠴᠠ ᠨᠢ 95 % ᠠᠴᠠ ᠳᠡᠭᠡᠭᠰᠢ ᠪᠠᠶᠢᠵᠤ᠂ ︽ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠵᠤ᠂ ᠰᠡᠷᠭᠡᠶᠢᠯᠡᠬᠦ ᠨᠢ ᠵᠠᠰᠠᠬᠤ ᠠᠴᠠ ᠴᠢᠬᠤᠯᠠ︾ ᠭᠡᠬᠦ ᠵᠤᠷᠢᠯᠭ᠎ᠠ ᠳᠠᠭᠠᠨ ᠬᠦᠷᠴᠦ᠂ ᠲᠣᠭᠲᠠᠬᠤ ᠰᠢᠶᠠᠨ ᠤ ᠮᠠᠯ ᠠᠵᠤ ᠠᠬᠤᠶ ᠶᠢᠨ ᠡᠷᠡᠭᠦᠯ ᠢᠶᠠᠷ ᠬᠥᠭᠵᠢᠬᠦ ᠶᠢ ᠦᠨᠡᠨ ᠬᠦ  ᠪᠠᠳᠤᠯᠠᠵᠤ ᠴᠢᠳᠠᠵᠠᠢ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1