ᠲᠣᠭᠲᠠᠬᠤ ᠰᠢᠶᠠᠨ ᠤ ᠡᠳ᠋ ᠤᠨ ᠵᠠᠰᠠᠭ ᠤᠨ ᠲᠤᠪᠴᠢᠶ᠎ᠠ ᠨᠢᠭᠡᠳᠦᠭᠡᠷ ᠤᠯᠠᠷᠢᠯ ᠳᠤ ᠠᠷᠠᠳ ᠤᠨ ᠶᠠᠪᠤᠳᠠᠯ ᠦᠨᠳᠦᠰᠦᠲᠡᠨ ᠤ ᠲᠤᠪᠴᠢᠶᠠᠨ ᠳᠤ ᠬᠤᠳᠠ ᠬᠥᠳᠡᠭᠡ ᠶᠢᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠲᠤᠰᠬᠠᠶ ᠵᠦᠢᠯ ᠤᠨ ᠪᠡᠯᠡ ᠮᠥᠩᠭᠦ 2470 ᠲᠦᠮᠡᠨ ᠲᠥᠭᠦᠷᠢᠭ ᠰᠠᠯᠭᠠᠨ ᠦᠭᠪᠡ
ᠨᠡᠶᠢᠲᠡᠯᠡᠭᠰᠡᠨ ᠴᠠᠭ᠄
2018-05-07
     ︽ᠨᠡᠶᠢᠭᠡᠮ ᠤᠨ ᠠᠪᠤᠷᠠᠨ ᠲᠤᠰᠠᠯᠠᠬᠤ  ᠶᠢ ᠲᠦᠷ ᠬᠡᠷᠡᠭᠵᠢᠭᠦᠯᠬᠦ ᠠᠷᠭ᠎ᠠ︾ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠡᠯ᠎ᠡ ᠭᠠᠵᠠᠷ ᠣᠷᠣᠨ ᠤ ᠠᠮᠢᠳᠤᠷᠠᠯ ᠤᠨ ᠬᠦᠴᠢᠷᠳᠡᠯᠲᠡᠶ ᠤᠯᠠᠨ ᠲᠦᠮᠡᠨ ᠤ ᠦᠨᠳᠦᠰᠦᠨ ᠠᠮᠢᠳᠤᠷᠠᠯ ᠤᠨ ᠠᠪᠤᠷᠠᠨ ᠲᠤᠰᠠᠯᠠᠬᠤ ᠠᠵᠢᠯ ᠢ ᠦᠨᠡᠨ ᠬᠦ ᠰᠠᠶᠢᠲᠤᠷ ᠬᠢᠬᠦ ᠶᠢ  ᠲᠡᠮᠵᠢᠬᠦ ᠶᠢᠨ ᠲᠦᠯᠦᠭᠡ᠂ ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ ᠬᠤᠳᠠ ᠶᠢᠨ ᠠᠷᠠᠳ ᠤᠨ ᠶᠠᠪᠤᠳᠠᠯ ᠤᠨ ᠲᠤᠪᠴᠢᠶ᠎ᠠ ᠶᠢᠨ ︽2018 ᠳᠤ ᠲᠥᠪ ᠪᠠ ᠥᠪᠡᠷᠲᠡᠭᠡᠨ ᠵᠠᠰᠠᠬᠤ ᠣᠷᠣᠨ ᠤ ᠬᠦᠴᠢᠷᠳᠡᠯᠲᠡᠶ ᠤᠯᠠᠨ ᠲᠦᠮᠡᠨ ᠢ ᠠᠪᠤᠷᠠᠨ ᠲᠤᠰᠠᠯᠠᠬᠤ ᠨᠥᠬᠦᠪᠥᠷᠢ ᠮᠥᠩᠭᠦ ᠶᠢ ᠤᠷᠢᠳᠴᠢᠯᠠᠨ ᠪᠠᠭᠤᠯᠭᠠᠬᠤ ᠲᠤᠬᠠᠢ ᠮᠡᠳᠡᠭᠳᠡᠯ︾ ᠤᠨ ᠪᠢᠴᠢᠭ ᠮᠠᠲ᠋ᠧᠷᠢᠶᠠᠯ ᠶᠤᠰᠤᠭᠠᠷ᠂ ᠤᠶᠢᠷ᠎ᠠ ᠳᠤ ᠲᠤᠭᠳᠠᠬᠤ ᠰᠢᠶᠠᠨ ᠤ ᠡᠳ᠋ ᠤᠨ ᠵᠠᠰᠠᠭ ᠤᠨ ᠲᠣᠪᠴᠢᠶᠠᠨ ᠠᠴᠠ ᠲᠣᠭᠲᠠᠬᠤ ᠰᠢᠶᠠᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠠᠷᠠᠳ ᠤᠨ ᠶᠠᠪᠤᠳᠠᠯ ᠦᠨᠳᠦᠰᠦᠲᠡᠨ ᠤ ᠲᠣᠪᠴᠢᠶ᠎ᠠ ᠳᠤ 2018 ᠣᠨ  ᠤ ᠲᠦᠪ ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠬᠦᠴᠢᠷᠳᠡᠯ ᠲᠠᠢ ᠤᠯᠠᠨ ᠲᠦᠮᠡᠨ ᠢ ᠠᠪᠤᠷᠠᠨ ᠲᠤᠰᠠᠯᠠᠬᠤ ᠨᠥᠬᠦᠪᠥᠷᠢ ᠮᠥᠩᠭᠦ 2670 ᠲᠦᠮᠡᠨ ᠲᠥᠭᠦᠷᠢᠭ ᠲᠤᠬᠢᠷᠠᠭᠤᠯᠤᠨ ᠦᠭᠴᠡᠢ᠃ ᠬᠤᠳᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠡᠯᠡ ᠮᠥᠩᠭᠦ 2470 ᠲᠦᠮᠡᠨ ᠲᠦᠭᠦᠷᠢᠭ ᠰᠠᠯᠭᠠᠨ ᠦᠭᠴᠦ ᠂ ᠡᠭᠦᠨ ᠳᠤ ᠬᠤᠲᠠ ᠪᠠᠯᠭᠠᠰᠤᠨ ᠤ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠮᠦᠩᠭᠦ 500 ᠲᠦᠮᠡᠨ ᠲᠥᠭᠦᠷᠢᠭ᠂ ᠬᠥᠳᠡᠭᠡ ᠲᠣᠰᠬᠤᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠮᠦᠩᠭᠦ 1970 ᠲᠦᠮᠡᠨ ᠲᠥᠭᠦᠷᠢᠭ ᠨᠢᠭᠡᠳᠦᠯᠲᠡᠶ ᠲᠥᠯᠥᠪᠯᠡᠨ ᠦᠭᠭᠦᠪᠡ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1