ᠨᠢᠭᠡᠳᠤᠭᠡᠷ ᠰᠠᠷ᠎ᠠ ᠠᠴᠠ ᠲᠦᠷᠪᠡᠳᠦᠭᠡᠷ ᠰᠠᠷ᠎ᠠ ᠪᠤᠯᠳᠠᠯ᠎ᠠ ᠬᠦᠬᠡᠬᠤᠳᠠ ᠶᠢᠨ ᠲᠣᠭᠲᠠᠬᠤ ᠰᠢᠶᠠᠨ ᠤ ᠡᠩ ᠤᠨ ᠤᠯᠠᠨ ᠨᠡᠶᠢᠲᠡ ᠶᠢᠨ ᠲᠥᠰᠦᠪ ᠤᠨ ᠤᠷᠤᠯᠭ᠎ᠠ 41138 ᠲᠦᠮᠡᠨ ᠲᠦᠭᠦᠷᠢᠭ᠂ ᠵᠠᠷᠤᠯᠭ᠎ᠠ 66607 ᠲᠦᠮᠡᠨ ᠲᠥᠭᠦᠷᠢᠭ ᠪᠡᠶᠡᠯᠡᠭᠦᠯᠪᠡ
ᠨᠡᠶᠢᠲᠡᠯᠡᠭᠰᠡᠨ ᠴᠠᠭ᠄
2018-05-07
     ᠨᠢᠭᠡᠳᠤᠭᠡᠷ ᠰᠠᠷ᠎ᠠ ᠠᠴᠠ ᠲᠦᠷᠪᠡᠳᠦᠭᠡᠷ ᠰᠠᠷ᠎ᠠ ᠪᠤᠯᠳᠠᠯ᠎ᠠ ᠲᠣᠭᠲᠠᠬᠤ ᠰᠢᠶᠠᠨ ᠤ ᠡᠩ ᠤᠨ ᠤᠯᠠᠨ ᠨᠡᠶᠢᠲᠡ ᠶᠢᠨ ᠲᠥᠰᠦᠪ ᠤᠨ ᠤᠷᠤᠯᠭ᠎ᠠ 41138 ᠲᠦᠮᠡᠨ ᠲᠦᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 28.4% ᠪᠠᠭᠤᠷᠠᠵᠤ᠂ ᠪᠦᠬᠦ ᠵᠢᠯ ᠤᠨ ᠡᠭᠦᠷᠭᠡ ᠶᠢᠨ 40.7% ᠶᠢ ᠪᠡᠶᠡᠯᠡᠭᠦᠯᠪᠡ᠃ ᠡᠭᠦᠨ ᠳᠤ ᠤᠯᠤᠰ ᠤᠨ ᠭᠠᠶᠢᠯᠢ 14810 ᠲᠦᠮᠡᠨ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 10.2% ᠢᠶᠠᠷ ᠨᠡᠮᠡᠭᠳᠡᠵᠦ᠂ ᠪᠦᠬᠦ ᠵᠢᠯ ᠤᠨ ᠡᠭᠦᠷᠭᠡ ᠶᠢᠨ 34.4% ᠪᠡᠶᠡᠯᠡᠭᠦᠯᠪᠡ︔ ᠣᠷᠣᠨ ᠨᠤᠲᠤᠭ ᠤᠨ ᠭᠠᠶᠢᠯᠢ 12526 ᠲᠦᠮᠡᠨ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 65.9% ᠢᠶᠠᠷ ᠪᠠᠭᠤᠷᠠᠵᠤ᠂ ᠪᠦᠬᠦ ᠵᠢᠯ ᠤᠨ ᠡᠭᠦᠷᠭᠡ ᠶᠢᠨ 27.2% ᠶᠢ ᠪᠡᠶᠡᠯᠡᠭᠦᠯᠪᠡ︔ ᠡᠳ᠋ ᠤᠨ ᠵᠠᠰᠠᠭ 13802 ᠲᠦᠮᠡᠨ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 88.2% ᠨᠡᠮᠡᠭᠳᠡᠵᠦ᠂ ᠪᠦᠬᠦ ᠵᠢᠯ ᠤᠨ ᠡᠭᠦᠷᠭᠡ ᠪᠠᠨ 115% ᠪᠠᠷ ᠪᠡᠶᠡᠯᠡᠭᠦᠯᠵᠡᠢ᠃      2018 ᠣᠨ ᠤ ᠨᠢᠭᠡᠳᠤᠭᠡᠷ ᠰᠠᠷ᠎ᠠ ᠠᠴᠠ ᠲᠦᠷᠪᠡᠳᠦᠭᠡᠷ ᠰᠠᠷ᠎ᠠ ᠪᠤᠯᠳᠠᠯ᠎ᠠ᠂ ᠲᠣᠭᠲᠠᠬᠤ ᠰᠢᠶᠠᠨ ᠤ ᠡᠩ ᠤᠨ ᠤᠯᠠᠨ ᠨᠡᠶᠢᠲᠡ ᠶᠢᠨ ᠲᠥᠰᠦᠪ ᠤᠨ ᠵᠠᠷᠤᠯᠭ᠎ᠠ 66607 ᠲᠦᠮᠡᠨ ᠲᠦᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 27% ᠨᠡᠮᠡᠭᠳᠡᠪᠡ᠃  
 
ᠢᠷᠡᠯᠲᠡ᠄ ᠬᠦᠬᠡᠬᠤᠳᠠ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1