ᠲᠣᠭᠲᠠᠬᠤ ᠰᠢᠶᠠᠨ ᠲᠣᠰᠬᠤᠨ᠂ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠵᠢᠴᠢ ᠲᠤᠬᠠᠶᠢᠯᠠᠭᠰᠠᠨ ᠠᠵᠢᠯ ᠤᠨ  ᠭᠤᠣᠯᠯᠠᠭᠴᠢ ᠬᠦᠴᠦᠨ ᠤ ᠪᠤᠯᠪᠠᠰᠤᠷᠠᠭᠤᠯᠤᠯᠳᠠ ᠵᠢᠨ‌ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2018-05-09
   
     5 ᠰᠠᠷ᠎ᠠ ᠶᠢᠨ 5 ᠤ ᠡᠳᠦᠷ᠂ ᠲᠣᠭᠲᠠᠬᠤ ᠰᠢᠶᠠᠨ ᠲᠣᠰᠬᠤᠨ᠂ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠵᠢᠴᠢ ᠲᠤᠬᠠᠶᠢᠯᠠᠭᠰᠠᠨ ᠠᠵᠢᠯ ᠤᠨ ᠭᠤᠣᠯᠯᠠᠭᠴᠢ ᠬᠦᠴᠦᠨ ᠤ ᠪᠤᠯᠪᠠᠰᠤᠷᠠᠭᠤᠯᠤᠯᠳᠠ ᠶᠢᠨ ᠬᠤᠷᠠᠯ ᠬᠤᠷᠠᠯᠳᠤᠭᠤᠯᠪᠠ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠲᠢᠶᠠᠨ ᠸᠧᠨ ᠭᠧ ᠬᠤᠷᠠᠯ ᠡᠷᠬᠢᠯᠡᠵᠦ᠂ ᠲᠣᠰᠬᠤᠨ᠂ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠤᠨ ᠤᠳᠤᠷᠢᠳᠬᠤ ᠳᠤᠭᠤᠶᠢᠯᠠᠩ ᠵᠢᠴᠢ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠪᠦᠬᠦ ᠪᠦᠷᠢᠯᠳᠦᠬᠦᠨ᠂ ᠡᠯ᠎ᠡ ᠪᠠᠯᠭᠠᠰᠤᠨ ᠤ ᠬᠠᠷᠢᠭᠤᠴᠠᠯᠭᠠᠲᠠᠨ᠂ ᠲᠤᠬᠠᠶᠢᠯᠠᠭᠰᠠᠨ ᠠᠵᠢᠯ ᠤᠨ ᠭᠤᠣᠯᠯᠠᠭᠴᠢ ᠬᠦᠴᠦᠨ ᠭᠡᠰᠢᠭᠦᠳ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠯᠢ ᠹᠧᠩ ᠪᠦᠬᠦ ᠰᠢᠶᠠᠨ ᠤ ᠲᠤᠰᠬᠤᠨ᠂ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠳᠤ ᠪᠦᠬᠦ ᠲᠠᠯ᠎ᠠ ᠪᠠᠷ ᠪᠠᠶᠢᠷᠢᠯᠠᠭᠤᠯᠤᠯᠳᠠ ᠬᠢᠵᠡᠢ᠃ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠡᠳ᠋ ᠳᠠᠷᠤᠭ᠎ᠠ ᠵᠣᠣ ᠶᠦᠨ ᠬᠦᠢ ᠠᠴᠠ ᠲᠣᠰᠬᠤᠨ᠂ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ ᠳᠤᠮᠳᠠ ᠪᠤᠷᠤᠩᠬᠤᠶ ᠶᠢ ᠰᠢᠭᠦᠷᠳᠡᠨ ᠬᠠᠷᠭᠢᠰ ᠢ ᠴᠡᠪᠡᠷᠯᠡᠬᠦ᠂ ᠬᠠᠤᠯᠢ ᠶᠢ ᠵᠥᠷᠢᠴᠡᠵᠦ ᠶᠠᠯ᠎ᠠ ᠬᠢᠭᠰᠡᠳ ᠢ ᠴᠡᠭᠴᠡᠯᠡᠨ ᠵᠠᠰᠠᠬᠤ ᠠᠵᠢᠯ ᠤᠨ ᠲᠤᠬᠠᠶ ᠪᠠᠶᠢᠷᠢᠯᠠᠭᠤᠯᠵᠠᠶ᠂ ᠰᠢᠶᠠᠨ ᠤ  ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠪᠤᠷᠤᠩᠬᠤᠶ ᠶᠢ ᠰᠢᠭᠦᠷᠳᠡᠨ ᠬᠠᠷᠭᠢᠰ ᠢ ᠴᠡᠪᠡᠷᠯᠡᠬᠦ ᠠᠯᠪᠠᠨ ᠭᠡᠷ᠂ ᠬᠡᠰᠡᠭ ᠪᠠᠯᠭᠠᠰᠤᠨ ᠤ ᠨᠠᠮ ᠤᠨ ᠡᠭᠦᠷ ᠤᠨ ᠱᠦᠵᠢ ᠵᠢᠴᠢ ᠳᠣᠲᠣᠭᠠᠳᠤ ᠶᠢ ᠬᠠᠮᠠᠭᠠᠯᠠᠬᠤ ᠲᠣᠮᠢᠯᠠᠭᠰᠠᠨ ᠰᠠᠯᠪᠤᠷᠢ ᠶᠢᠨ ᠳᠠᠷᠤᠭ᠎ᠠ ᠠᠴᠠ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠵᠤ᠂ ᠯᠢ  ᠹᠧᠩ ᠨᠥᠬᠦᠷ ᠡᠯ᠎ᠡ ᠪᠠᠯᠭᠠᠰᠤᠨ ᠤ ᠨᠠᠮ ᠤᠨ ᠡᠭᠦᠷ ᠯᠦᠭᠡ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠤᠨ ᠬᠠᠷᠢᠭᠤᠴᠠᠯᠭ᠎ᠠ ᠶᠢᠨ ᠪᠢᠴᠢᠭ ᠲᠤ ᠭᠠᠷ ᠤᠨ ᠦᠰᠦᠭ ᠵᠢᠷᠤᠵᠤ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ ᠶᠦᠨ ᠷᠦᠢ ᠵᠢᠶᠦ᠋ᠨ ᠳᠠᠶᠢᠴᠢᠯᠠᠯᠲᠠ ᠶᠢᠨ ᠬᠤᠷᠠᠯ ᠳᠤ ᠴᠢᠬᠤᠯᠠ ᠶᠠᠷᠢᠶ᠎ᠠ ᠲᠠᠯᠪᠢᠵᠠᠢ᠃
      ᠶᠦᠨ ᠷᠦᠢ ᠵᠢᠶᠦ᠋ᠨ ᠵᠢᠭᠠᠵᠤ ᠭᠠᠷᠭᠠᠭᠰᠠᠨ ᠨᠢ᠂ ᠲᠣᠰᠬᠤᠨ᠂ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ ᠰᠤᠩᠭᠤᠭᠤᠯᠢ ᠶᠢᠨ ᠠᠵᠢᠯ ᠨᠢ ᠪᠦᠬᠦ ᠰᠢᠶᠠᠨ ᠤ ᠶᠠᠳᠠᠭᠤ ᠠᠴᠠ ᠠᠩᠵᠢᠷᠠᠭᠤᠯᠵᠤ ᠪᠤᠭᠤᠮᠳᠠ ᠰᠢᠪᠳᠤᠯᠠᠬᠤ ᠲᠠᠶᠢᠨ ᠤ ᠢᠯᠠᠯᠳᠠ ᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠳᠥᠯᠭᠢᠨ ᠠᠬᠢᠭᠤᠯᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠯᠦᠭᠡ ᠴᠠᠭ ᠤᠨ ᠲᠠᠯ᠎ᠠ ᠪᠠᠷ ᠶᠡᠬᠡᠳᠡ ᠨᠢᠭᠡᠳᠴᠦ᠂ ᠬᠠᠷᠠᠯᠲᠠ ᠡᠭᠦᠷᠭᠡ ᠳᠡᠭᠡᠷ᠎ᠡ ᠨᠢᠭᠲᠠ ᠬᠤᠯᠪᠣᠭ᠎ᠠ ᠲᠠᠢ ᠪᠠᠶᠢᠳᠠᠭ᠃ ᠤᠯᠤᠰ ᠲᠦᠷᠤ ᠶᠢᠨ ᠵᠣᠭᠰᠣᠴᠠ ᠪᠠᠨ ᠲᠡᠭᠡᠭᠰᠢᠯᠡᠭᠦᠯᠵᠦ᠂ ᠲᠤᠰᠬᠤᠨ᠂ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠤᠨ ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ ᠰᠡᠳᠬᠢᠯᠭᠡ ᠪᠠᠨ ᠦᠨᠡᠨᠬᠦ ᠴᠢᠩᠭᠠᠳᠬᠠᠬᠤ ᠬᠡᠷᠡᠭᠲᠡᠶ᠃ ︽ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠪᠣᠯ ᠦᠨᠳᠦᠰᠦᠨ ᠱᠠᠲᠤᠨ ᠳᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠲᠤᠤᠱᠯᠠᠭᠤᠯᠬᠤ ᠴᠢᠬᠤᠯᠠ ᠭᠠᠷᠳᠠᠴᠠ᠂ ᠶᠠᠳᠠᠭᠤ ᠠᠴᠠ ᠠᠩᠵᠢᠷᠠᠭᠤᠯᠵᠤ ᠪᠤᠭᠤᠮᠳᠠ ᠰᠢᠪᠳᠤᠯᠠᠬᠤ ᠲᠠᠶᠢᠨ ᠤ ᠢᠯᠠᠯᠳᠠ ᠤᠯᠵᠤ ᠬᠥᠳᠡᠭᠡ ᠲᠣᠰᠬᠤᠨ ᠤ ᠬᠥᠭᠵᠢᠯ ᠮᠠᠨᠳᠤᠯ ᠢ ᠪᠡᠶᠡᠯᠡᠭᠦᠯᠬᠦ ᠶᠢᠨ ᠴᠢᠬᠤᠯᠠ ᠠᠷᠭ᠎ᠠ ᠬᠡᠮᠵᠢᠶ᠎ᠡ ᠮᠥᠨ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠴᠢᠳᠠᠪᠤᠷᠢ ᠶᠢᠨ ᠴᠢᠬᠤᠯᠠ ᠦᠢᠯᠡᠳᠦᠯᠭᠡ ᠪᠤᠯᠤᠨ᠎ᠠ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠯᠤᠰ ᠲᠦᠷᠦ ᠶᠢᠨ ᠴᠢᠳᠠᠮᠵᠢ ᠶᠢ ᠴᠢᠩᠭᠠᠳᠬᠠᠨ‌‍ᠲ᠋ᠡᠭᠡᠭᠰᠢᠯᠰᠭᠦᠯᠬᠦ ᠴᠢᠬᠤᠯᠠ ᠠᠵᠠ ᠲᠣᠬᠢᠶᠠᠯ ᠪᠣᠯᠤᠨ᠎ᠠ ᠭᠡᠳᠡᠭ ᠢ ᠭᠦᠢᠴᠡᠳ ᠲᠠᠨᠢᠬᠤ ᠬᠡᠷᠡᠭᠳᠡᠢ ᠭᠡᠪᠡ᠃
     ᠶᠦᠨ ᠷᠦᠢ ᠵᠢᠶᠦ᠋ᠨ ᠴᠢᠬᠤᠯᠠᠴᠢᠯᠠᠭᠰᠠᠨ ᠨᠢ᠄ ᠲᠤᠰᠬᠤᠨ᠂ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠤᠨ ᠱᠠᠭᠠᠷᠳᠠᠯᠭ᠎ᠠ ᠶᠢ ᠵᠣᠬᠢᠶᠠᠨ ᠪᠠᠶᠢᠭᠤᠯᠤᠯᠳᠠ ᠪᠠᠨ ᠴᠢᠩᠭᠠᠳᠬᠠᠵᠤ᠂ ᠰᠤᠩᠭᠤᠭᠤᠯᠢ ᠶᠢᠨ ᠲᠠᠰ ᠳᠠᠷᠠᠭᠠᠯᠠᠯ᠂ ᠰᠠᠬᠢᠯᠭ᠎ᠠ ᠪᠠᠲᠤ ᠶᠢ ᠴᠢᠩᠭ᠎ᠠ ᠵᠢᠷᠤᠮᠯᠠᠨ᠂ ᠰᠢᠪᠠᠳᠠᠨ ᠪᠠᠶᠢᠴᠠᠭᠠᠵᠤ ᠵᠢᠭᠠᠨ ᠵᠢᠯᠣᠭᠤᠳᠬᠤ ᠶᠢ ᠴᠢᠩᠭᠠᠳᠬᠠᠵᠤ᠂ ᠶᠠᠷᠢᠶ᠎ᠠ ᠬᠡᠯᠡᠯᠴᠡᠭᠡᠨ ᠤ ᠤᠬᠠᠭᠤᠯᠭ᠎ᠠ ᠶᠢ ᠴᠢᠬᠤᠯᠠᠴᠢᠯᠠᠨ᠂ ᠡᠯ᠎ᠡ ᠵᠦᠢᠯ ‍ᠤᠨ‌ᠡᠭᠦᠷᠭᠡ ᠶᠢ ᠯᠠᠪᠳᠠᠭᠤᠨ ᠪᠠᠲᠤᠲᠠᠶ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠶ ᠭᠡᠪᠡ᠃      ᠯᠢ ᠹᠧᠩ ᠵᠢᠭᠠᠵᠤ ᠭᠠᠷᠭᠠᠭᠰᠠᠨ ᠨᠢ᠄ ᠡᠯ᠎ᠡ ᠪᠠᠯᠭᠠᠰᠤ ᠵᠣᠬᠢᠶᠠᠨ ᠪᠠᠶᠢᠭᠤᠯᠤᠯᠳᠠ ᠶᠢᠨ ᠬᠡᠷᠡᠭᠵᠢᠭᠦᠯᠦᠭᠡ ᠶᠢᠨ ᠬᠠᠷᠢᠭᠤᠴᠠᠯᠭ᠎ᠠ ᠪᠠᠨ ᠦᠨᠡᠨ ᠬᠦ ᠨᠠᠶᠢᠳᠠᠪᠤᠷᠢᠵᠢᠭᠤᠯᠵᠤ᠂ ᠠᠵᠢᠯ ᠤᠨ ᠵᠢᠯᠣᠭᠤᠳᠬᠤ ᠳᠤᠭᠤᠶᠢᠯᠠᠩ ᠨᠢ ᠬᠢᠨᠠᠨ ᠵᠢᠯᠣᠭᠤᠳᠬᠤ ᠡᠭᠦᠷᠭᠡ ᠬᠠᠷᠢᠭᠤᠴᠠᠯᠭ᠎ᠠ ᠪᠠᠨ ᠰᠠᠶᠢᠲᠤᠷ ᠭᠦᠶ᠋ᠴᠡᠳᠬᠡᠵᠦ᠂ ᠪᠤᠳᠠᠳᠤ ᠠᠵᠢᠯ ᠤᠨ ᠳᠤᠮᠳᠠ ᠤᠯᠠᠮ ᠨᠢᠭᠡ ᠠᠯᠬᠤᠮ ᠬᠠᠷᠠᠯᠲᠠ ᠡᠭᠦᠷᠭᠡ ᠪᠠᠨ ᠲᠣᠳᠣᠷᠬᠠᠶᠢᠯᠠᠵᠤ᠂ ᠪᠡᠷᠬᠡᠲᠡᠶ ᠠᠰᠠᠭᠤᠳᠠᠯ ᠢ ᠰᠢᠳᠪᠦᠷᠢᠯᠡᠵᠤ᠂ ᠰᠤᠩᠭᠤᠭᠤᠯᠢ ᠳᠤ ᠤᠷᠤᠯᠴᠠᠭᠰᠠᠳ ᠤᠨ ᠬᠢᠷᠢ ᠬᠡᠮ ᠢ ᠬᠢᠨᠠᠨ ᠪᠠᠶᠢᠴᠠᠭᠠᠬᠤ ᠶᠢ ᠴᠢᠩᠭᠠᠳᠬᠠᠵᠤ᠂ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠤᠨ ᠲᠦᠷᠢᠮ ᠢ ᠴᠢᠩᠭ᠎ᠠ ᠵᠢᠷᠤᠮᠯᠠᠨ᠂ ᠪᠦᠬᠦ ᠰᠢᠶᠠᠨ ᠤ ᠲᠤᠰᠬᠤᠨ᠂ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠢ ᠠᠮᠵᠢᠯᠲᠠ ᠲᠠᠢ ᠪᠡᠶᠡᠯᠡᠭᠳᠡᠬᠦ ᠶᠢ ᠦᠨᠡᠨ ᠬᠦ ᠪᠠᠲᠤᠯᠠᠬᠤ ᠬᠡᠷᠡᠭᠲᠡᠶ ᠭᠡᠪᠡ᠃
      ᠵᠣᠣ ᠶᠦᠨ ᠬᠦᠶ ᠴᠢᠬᠤᠯᠠᠴᠢᠯᠠᠭᠰᠠᠨ ᠨᠢ᠄ ᠪᠦᠬᠦ ᠰᠢᠶᠠᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠤᠯᠠᠨ ᠲᠦᠮᠡᠨᠴᠢ ᠤᠯᠤᠰ ᠳᠦᠷᠦ ᠶᠢᠨ ᠡᠷᠬᠡ ᠶᠢ ᠪᠠᠳᠤᠯᠠᠨ ᠂ ᠦᠵᠡᠯ ᠰᠠᠨᠠᠭᠠᠨ ᠤ ᠲᠠᠨᠢᠯᠲᠠ ᠪᠠᠨ ᠳᠡᠭᠡᠭᠰᠢᠯᠡᠭᠦᠯᠵᠦ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠰᠣᠩᠭᠤᠭᠤᠯᠢ ᠶᠢᠨ ᠬᠡᠪ ᠶᠤᠰᠤᠭᠠᠷ ᠡᠮᠬᠢ ᠵᠢᠷᠤᠮ ᠲᠠᠢ ᠶᠠᠪᠤᠭᠳᠠᠬᠤ ᠶᠢ ᠪᠠᠳᠤᠯᠠᠵᠤ ᠬᠡᠷᠡᠭᠲᠡᠶ᠂ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ᠂ ᠬᠠᠤᠯᠢ ᠪᠠᠷ ᠵᠠᠰᠠᠬᠤ ᠤᠬᠠᠭᠤᠯᠭ᠎ᠠ ᠶᠢ ᠴᠢᠩᠭᠠᠳᠬᠠᠨ ᠵᠢᠷᠤᠮᠵᠢᠭᠤᠯᠵᠤ᠂ ᠪᠦᠬᠦ ᠰᠢᠶᠠᠨ ᠤ ︽ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ  ᠤᠨ ᠬᠠᠮᠠᠭᠠᠯᠠᠭᠴᠢ  ᠪᠤᠯᠬᠤ ᠬᠡᠷᠡᠭᠳᠡᠢ ᠭᠡᠪᠡ᠃
     ᠳᠠᠶᠢᠴᠢᠯᠠᠯᠲᠠ ᠶᠢᠨ ᠬᠤᠷᠠᠯ ᠤᠨ ᠳᠠᠷᠠᠭ᠎ᠠ᠂ ᠪᠦᠬᠦ ᠰᠢᠶᠠᠨ ᠤ ᠲᠤᠰᠬᠤᠨ᠂ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠤᠨ ᠲᠤᠬᠠᠶᠢᠯᠠᠭᠰᠠᠨ ᠠᠵᠢᠯ ᠤᠨ ᠭᠤᠣᠯᠯᠠᠭᠴᠢ ᠬᠦᠴᠦᠨ ᠤ ᠪᠤᠯᠪᠠᠰᠤᠷᠠᠭᠤᠯᠤᠯᠳᠠ ᠶᠢᠨ ᠬᠤᠷᠠᠯ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠦᠨᠳᠦᠰᠦᠨ ᠱᠠᠲᠤᠨ ᠤ ᠵᠠᠰᠠᠭ ᠤᠨ ᠡᠷᠭᠡ ᠪᠣᠯᠤᠨ ᠨᠡᠶᠢᠭᠡᠮ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠭᠠᠵᠠᠷ ᠤᠨ ᠳᠡᠳ᠋ ᠳᠠᠷᠤᠭ᠎ᠠ ᠳ᠋ᠦ᠋ ᠷᠦᠨ ᠰᠦᠸᠧ ᠪᠤᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠤᠨ ᠵᠣᠬᠢᠶᠠᠨ ᠪᠠᠶᠢᠭᠤᠯᠤᠯᠲᠠ ᠶᠢᠨ ᠬᠤᠶᠠᠳᠤᠭᠠᠷ ᠭᠠᠵᠠᠷ ᠤᠨ ᠳᠡᠳ᠋ ᠳᠠᠷᠤᠭ᠎ᠠ ᠳᠠᠩ ᠬᠦᠢ ᠷᠦᠩ ᠢ ᠤᠷᠢᠵᠤ᠂ ᠲᠤᠰᠬᠤᠨ ᠤ ᠠᠷᠠᠳ ᠤᠨ ᠵᠥᠪᠯᠡᠯ ᠤᠨ ᠬᠤᠭᠤᠴᠠᠭ᠎ᠠ ᠰᠣᠯᠢᠬᠤ ᠰᠤᠩᠭᠤᠭᠤᠯᠢ ᠪᠠ ᠲᠤᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠬᠤᠭᠤᠴᠠᠭ᠎ᠠ ᠰᠣᠯᠢᠬᠤ ᠰᠤᠩᠭᠤᠭᠤᠯᠢ ᠶᠢᠨ ᠠᠵᠢᠯ ᠤᠨ ᠲᠤᠬᠠᠶ ᠲᠤᠰ ᠲᠤᠰ ᠲᠤᠰᠬᠠᠶ ᠰᠡᠳᠦᠪ ᠤᠨ ᠪᠤᠯᠪᠠᠰᠤᠷᠠᠭᠤᠯᠤᠯᠳᠠ ᠬᠢᠵᠤ᠂ ᠲᠣᠰᠬᠤᠨ᠂ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ  ᠤᠨ ᠭᠤᠣᠯᠳᠠᠯᠭ᠎ᠠ ᠲᠠᠢ ᠭᠤᠭᠴᠤᠭ᠎ᠠ ᠪᠠ ᠪᠣᠳᠠᠲᠠᠶ ᠱᠠᠭᠠᠷᠳᠠᠯᠭ᠎ᠠ ᠶᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠪᠦᠬᠦ ᠰᠢᠶᠠᠨ ᠤ  ᠲᠤᠰᠬᠤᠨ᠂ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠳᠤ ᠡᠰᠢ ᠪᠠᠷᠢᠮᠲᠠ ᠪᠣᠯᠤᠨ ᠲᠦᠷᠢᠮᠵᠢᠯ ᠬᠠᠩᠭᠠᠭᠰᠠᠨ ᠪᠠᠶᠢᠨ᠎ᠠ᠃  ᠲᠣᠰᠬᠤᠨ᠂ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠪᠠ ᠠᠵᠢᠯ ᠤᠨ ᠵᠢᠯᠣᠭᠤᠳᠬᠤ ᠳᠤᠭᠤᠶᠢᠯᠠᠩ ᠤᠨ ᠪᠦᠷᠢᠯᠳᠦᠬᠦᠨ᠂ ᠡᠯ᠎ᠡ ᠪᠠᠯᠭᠠᠰᠤ᠂ ᠬᠤᠯᠪᠣᠭᠳᠠᠯ ᠪᠦᠬᠦᠢ ᠬᠠᠷᠢᠭᠤᠴᠠᠯᠭᠠᠲᠠᠨ ᠨᠥᠬᠦᠳ ᠵᠢᠴᠢ ᠲᠤᠬᠠᠶᠢᠯᠠᠭᠰᠠᠨ ᠠᠵᠢᠯ ᠤᠨ ᠭᠤᠣᠯᠯᠠᠭᠴᠢ ᠬᠦᠴᠦᠨ ᠪᠣᠯᠪᠠᠰᠤᠷᠠᠯ ᠤᠨ ᠬᠤᠷᠠᠯ ᠤᠷᠤᠯᠴᠠᠪᠠ᠃       ᠲᠤᠰ ᠤᠳᠠᠭᠠᠨ ᠤ ᠬᠤᠷᠠᠯᠳᠤᠭᠠᠨ ᠲᠡᠭᠦᠰ ᠠᠮᠵᠢᠯᠲᠠ ᠲᠠᠢ ᠬᠤᠷᠠᠯᠳᠤᠨ ᠲᠣᠭᠲᠠᠬᠤ ᠰᠢᠶᠠᠨ ᠤ ᠲᠣᠰᠬᠤᠨ᠂ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠳᠤ ᠪᠠᠲᠤ ᠪᠠᠬᠢ ᠰᠠᠭᠤᠷᠢ ᠲᠠᠯᠪᠢᠨ ᠦᠭᠴᠡᠢ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1