ᠬᠠᠲᠤᠨ ᠭᠤᠣᠯ ᠤᠨ ᠲᠣᠭᠲᠠᠬᠤ ᠰᠢᠶᠠᠨ ᠤ ᠬᠡᠰᠡᠭ 2018 ᠣᠨ ᠤ ᠵᠢᠭᠠᠰᠤᠨ ᠠᠵᠤ ᠠᠬᠤᠶ ᠶᠢᠨ ᠡᠬᠢ ᠪᠠᠶᠠᠯᠢᠭ ᠢ ᠠᠷᠪᠢᠵᠢᠭᠤᠯᠤᠨ ᠨᠡᠮᠡᠭᠳᠡᠭᠦᠯᠵᠦ ᠲᠠᠯᠪᠢᠬᠤ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ
ᠨᠡᠶᠢᠲᠡᠯᠡᠭᠰᠡᠨ ᠴᠠᠭ᠄
2018-06-11
     6 ᠰᠠᠷ᠎ᠠ ᠶᠢᠨ 6 ᠤ ᠡᠳᠦᠷ᠂ ᠬᠠᠲᠤᠨ ᠭᠤᠣᠯ ᠤᠨ ᠲᠣᠭᠲᠠᠬᠤ ᠰᠢᠶᠠᠨ ᠤ ᠬᠡᠰᠡᠭ 2018 ᠣᠨ ᠤ ᠵᠢᠭᠠᠰᠤᠨ ᠠᠵᠤ ᠠᠬᠤᠶ ᠶᠢᠨ ᠡᠬᠢ ᠪᠠᠶᠠᠯᠢᠭ ᠢ ᠠᠷᠪᠢᠵᠢᠭᠤᠯᠤᠨ ᠨᠡᠮᠡᠭᠳᠡᠭᠦᠯᠵᠦ ᠲᠠᠯᠪᠢᠬᠤ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠬᠠᠲᠤᠨ ᠭᠤᠤᠯ ᠤᠨ ᠾᠧ ᠺᠸᠤ ᠬᠠᠮᠢᠶᠠᠷᠤᠯᠲᠠ ᠶᠢᠨ ᠵᠥᠪᠯᠡᠯ ᠤᠨ ᠫᠦ᠋ ᠲᠠᠨ ᠭᠤᠸᠠᠢ ᠲᠤᠰᠬᠤᠨ ᠤ ᠬᠠᠲᠤᠨ ᠭᠤᠣᠯ ᠭᠠᠷᠠᠮ ᠳᠤ ᠶᠠᠪᠤᠭᠳᠠᠪᠠ᠃ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶᠠᠨ ᠤ ᠳᠡᠳ᠋ ᠳᠠᠷᠤᠭ᠎ᠠ ᠶᠦᠨ ᠭᠦᠸᠧ ᠰᠢᠶᠠᠨ᠂ ᠬᠤᠲᠠ ᠶᠢᠨ ᠤᠰᠤᠨ ᠭᠠᠷᠤᠯᠲᠠ ᠶᠢᠨ ᠬᠠᠮᠢᠶᠠᠷᠤᠯᠲᠠ ᠶᠢᠨ ᠥᠷᠲᠡᠭᠡᠨ ᠤ ᠥᠷᠲᠡᠭᠡᠨ ᠳᠠᠷᠤᠭ᠎ᠠ ᠲᠠᠨ᠎ᠠ᠂ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠪᠤᠷᠢ ᠶᠢᠨ ᠳᠠᠷᠤᠭ᠎ᠠ ᠹᠠᠨ ᠬᠤᠩ᠂ ᠰᠢᠶᠠᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠲᠢᠶᠠᠨ ᠯᠢ ᠵᠢᠶᠦ᠋ᠨ᠂ ᠰᠢᠶᠠᠨ ᠤ  ᠠᠷᠠᠳ‌‍ᠤᠨ ᠪᠠᠶᠢᠴᠠᠭᠠᠬᠤ ᠬᠤᠷᠢᠶᠠᠨ ᠤ ᠪᠠᠶᠢᠴᠠᠭᠠᠭᠴᠢ ᠶᠢᠨ ᠳᠠᠷᠤᠭ᠎ᠠ ᠶᠦᠨ ᠯᠠᠨ ᠯᠠᠨ᠂ ᠾᠧ ᠺᠸᠤ ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ ᠶᠠᠩ ᠳ᠋ᠦᠩ ᠴᠢᠶᠦ᠋ᠨ᠂ ᠰᠢᠶᠠᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶᠠᠨ ᠤ ᠳᠡᠳ᠋ ᠲᠣᠪᠴᠢᠶᠠᠨ ᠳᠠᠷᠤᠭ᠎ᠠ ᠸᠠᠩ ᠵᠢᠶᠦ᠋ᠨ ᠵᠡᠷᠭᠡ ᠤᠳᠤᠷᠢᠳᠤᠯᠭ᠎ᠠ ᠵᠢᠴᠢ ᠬᠤᠳᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠬᠤᠲᠠ ᠶᠢᠨ ᠤᠰᠤᠨ ᠭᠠᠷᠤᠯᠲᠠ ᠶᠢᠨ ᠬᠠᠮᠢᠶᠠᠷᠤᠯᠲᠠ ᠶᠢᠨ ᠦᠷᠲᠡᠭᠡ᠂ ᠰᠢᠶᠠᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶᠠᠨ ᠤ ᠬᠡᠰᠡᠭ ᠠᠵᠢᠯᠲᠠᠳ᠂ ᠰᠣᠨᠢᠨ ᠮᠡᠳᠡᠭᠡᠨ ᠤ ᠵᠠᠭᠤᠴᠢᠯᠠᠭᠤᠷ ᠤᠨ ᠰᠤᠷᠪᠤᠯᠵᠢᠯᠠᠭᠴᠢ ᠵᠢᠴᠢ ᠬᠡᠰᠡᠭ ᠨᠡᠶᠢᠭᠡᠮ ᠤᠨ ᠪᠦᠯᠬᠦᠮ ᠲᠠᠯᠪᠢᠬᠤ ᠠᠵᠢᠯᠯᠠᠭ᠎ᠠ ᠣᠷᠣᠯᠴᠠᠪᠠ᠃
       
      ᠡᠨᠡ ᠵᠢᠯ ᠤᠨ ᠲᠣᠭᠲᠠᠬᠤ ᠰᠢᠶᠠᠨ ᠤ ᠬᠥᠮᠦᠨ ᠤ ᠬᠦᠴᠦ ᠪᠠᠷ ᠦᠷᠡᠵᠢᠭᠦᠯᠵᠦ ᠲᠠᠯᠪᠢᠬᠤ ᠠᠵᠢᠯᠯᠠᠭᠠᠨ ᠤ ᠲᠥᠯᠥᠪᠯᠡᠭᠡ ᠬᠤᠶᠠᠷ ᠪᠦᠯᠦᠭ ᠬᠤᠪᠢᠶᠠᠨ ᠶᠠᠪᠤᠭᠳᠠᠵᠤ᠂ ᠨᠢᠭᠡᠳᠦᠭᠡᠷ ᠪᠦᠯᠦᠭ ᠤᠨ ᠲᠠᠯᠪᠢᠬᠤ ᠴᠠᠭ ᠨᠢ᠄ 6 ᠰᠠᠷ᠎ᠠ ᠶᠢᠨ 6 ᠤ ᠡᠳᠤᠷ ᠠᠴᠠ 10 ᠤ ᠡᠳᠤᠷ ᠪᠤᠯᠳᠠᠯ᠎ᠠ ᠨᠠᠶᠢᠳᠡ 200 ᠲᠦᠮᠡᠨ ᠠᠮᠤᠷ ᠵᠢᠭᠠᠰᠤᠨ ᠵᠢᠷᠠᠭᠠᠬᠠᠶ᠂ 200 ᠲᠦᠮᠡᠨ ᠳᠠᠬᠤ ᠵᠢᠷᠠᠭᠠᠬᠠᠶ‌‍ᠲ᠋ᠠᠯᠪᠢᠵᠠᠢ︔ ᠬᠤᠶᠠᠳᠤᠭᠠᠷ ᠪᠦᠯᠦᠭ ᠤᠨ ᠲᠠᠯᠪᠢᠬᠤ ᠴᠠᠭ ᠨᠢ᠄ 9 ᠰᠠᠷ᠎ᠠ ᠶᠢᠨ 25 ᠤ ᠡᠳᠤᠷ ᠠᠴᠠ 30 ᠤ ᠡᠳᠤᠷ ᠪᠤᠯᠳᠠᠯ᠎ᠠ ᠶᠠᠪᠤᠭᠳᠠᠵᠤ᠂ 4600 ᠺᠢᠯᠣᠭ᠍ᠷᠠᠮ ᠠᠮᠤᠷ ᠵᠢᠭᠠᠰᠤᠨ ᠵᠢᠷᠠᠭᠠᠬᠠᠶ᠂ 3400 ᠺᠢᠯᠣᠭ᠍ᠷᠠᠮ ᠳᠠᠬᠤ ᠵᠢᠷᠠᠭᠠᠬᠠᠶ ᠲᠠᠯᠪᠢᠵᠤ᠂ ᠨᠠᠶᠢᠳᠠ 30 ᠲᠦᠮᠡᠨ ᠲᠥᠭᠦᠷᠢᠭ ᠤᠨ ᠦᠷᠲᠡᠭ ᠲᠠᠢ ᠵᠢᠷᠠᠭᠠᠬᠠᠶ ᠲᠠᠯᠪᠢᠬᠤ ᠪᠠᠷ ᠲᠦᠯᠦᠪᠯᠡᠵᠦ ᠪᠠᠶᠢᠨ᠎ᠠ᠃      
     ᠲᠣᠭᠲᠠᠬᠤ ᠰᠢᠶᠠᠨ ᠤ ᠠᠯᠪᠠᠨ ᠭᠡᠷᠡᠴᠢᠯᠡᠭᠡᠨ ᠤ ᠭᠠᠵᠠᠷ ᠠᠴᠠ ᠬᠤᠶᠠᠷ ᠵᠦᠢᠯ ᠤᠨ ᠵᠢᠭᠠᠰᠤᠨ ᠤ ᠲᠦᠷᠦᠯ ᠤᠨ ᠲᠠᠯᠪᠢᠬᠤ ᠪᠦᠬᠦ ᠶᠠᠪᠤᠴᠠ ᠶᠢ ᠲᠤᠬᠠᠶ ᠶᠢᠨ ᠭᠠᠵᠠᠷ ᠲᠤᠨᠢ ᠬᠢᠨᠠᠯᠲᠠ ᠲᠠᠯᠪᠢᠨ ᠠᠯᠪᠠᠨ ᠭᠡᠷᠡᠴᠢᠯᠡᠭᠡ ᠬᠢᠪᠡ᠃    
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1