ᠲᠣᠭᠲᠠᠬᠤ ᠰᠢᠶᠠᠨ ᠤ ᠠᠷᠠᠳ ᠤᠨᠵᠠᠰᠠᠭ ᠤᠨ ᠭᠠᠵᠠᠷ ᠤᠨ ᠬᠤᠳᠠ ᠪᠠᠯᠭᠠᠰᠤᠨ ᠤ ᠪᠦᠳᠦᠭᠡᠨ | ᠪᠠᠶᠢᠭᠤᠯᠤᠯᠲᠠ ᠳᠤ ᠬᠡᠷᠡᠭᠰᠡᠬᠦ ᠭᠠᠵᠠᠷ ᠰᠢᠷᠣᠶ ᠬᠤᠳᠠᠯᠳᠤᠨ ᠠᠪᠴᠤ ᠨᠥᠭᠡᠴᠡᠯᠡᠬᠦ ᠲᠤᠬᠠᠶ ᠵᠠᠷᠯᠠᠯ ︵1︶ | | ᠲᠤᠭᠳᠠᠬᠤ ᠵᠠᠰᠠᠭ ᠲᠠᠷᠬᠠᠭᠠᠬᠤ ﹇2018﹈ 21 ᠳ᠋ᠤᠭᠡᠷ ᠲᠣᠭᠠᠲᠤ | ︽ᠰᠢᠶᠠᠨ ᠤ ᠪᠦᠲᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢᠨ ᠬᠢᠨᠠᠨ ᠵᠥᠪᠰᠢᠶᠡᠷᠡᠬᠦ ᠵᠦᠪᠯᠡᠯ ᠵᠢᠴᠢ | ᠲᠣᠭᠲᠠᠬᠤ ᠰᠢᠶᠠᠨ ᠤ ᠠᠷᠠᠳ ᠤᠨ ᠵᠠᠰᠠᠭ ᠤᠨ ᠭᠠᠵᠠᠷ ᠤᠨ ᠭᠠᠵᠠᠷ ᠰᠢᠷᠣᠶ ᠶᠢᠨ ᠬᠠᠮᠢᠶᠠᠷᠤᠯᠲᠠ ᠶᠢᠨ ᠵᠦᠪᠯᠡᠯ ᠤᠨ | 2018 ᠣᠨ ᠤ ᠬᠤᠶᠠᠳᠤᠭᠠᠷ ᠤᠳᠠᠭᠠᠨ ᠤ ᠰᠢᠶᠠᠨ ᠤ ᠳᠠᠷᠤᠭ᠎ᠠ ᠶᠢᠨ ᠠᠯᠪᠠᠨ ᠬᠤᠷᠠᠯᠤᠨ ᠲᠣᠪᠴᠢ ᠲᠡᠮᠳᠡᠭᠯᠡᠯ ﹇ | 2018﹈ 2 ᠳ᠋ᠤᠭᠠᠷ ᠲᠣᠭᠠᠲᠤ︾ ᠪᠠ ︽ᠥᠪᠥᠷ ᠮᠣᠩᠭᠤᠯ ᠤᠨ ᠦᠵᠡᠰᠬᠦᠯᠡᠩᠲᠦ ᠰᠠᠶᠢᠬᠠᠨ ᠨᠤᠲᠤᠭ | ᠪᠡᠯᠴᠢᠭᠡᠷ ᠤᠨ ᠮᠠᠯ ᠠᠵᠤ ᠠᠬᠤᠶ ᠶᠢᠨ ᠲᠤᠬᠠᠶ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠦᠬᠡᠷ ᠬᠤᠨᠢ | ᠨᠢᠲᠤᠯᠬᠤ ᠲᠬᠢᠨᠳᠠ ᠪᠤᠯᠪᠠᠰᠤᠷᠠᠭᠤᠯᠬᠤ ᠲᠦᠷᠦᠯ ᠵᠦᠢᠯ ᠳᠤ ᠬᠡᠷᠡᠭᠰᠡᠬᠦ ᠭᠠᠵᠠᠷ ᠰᠣᠩᠭᠤᠬᠤ ᠲᠤᠬᠠᠶ ᠴᠣᠬᠤᠯᠠᠪᠤᠷᠢ | ᠲᠤᠭᠳᠠᠬᠤ ᠵᠠᠰᠠᠭ ᠦᠰᠦᠭ ﹇2018﹈ 21 ᠳ᠋ᠦᠭᠡᠷ ᠲᠣᠭᠠᠲᠤ︾ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ | ᠦᠨᠳᠤᠰᠤᠯᠡᠨ᠂ ᠰᠢᠶᠠᠨ ᠤ ᠠᠷᠠᠳ ᠤᠨ ᠵᠠᠰᠠᠭ ᠤᠨ ᠭᠠᠵᠠᠷ ᠳᠠᠪᠢᠨ ᠭᠡᠷ ᠪᠠᠯᠭᠠᠰᠤ ᠶᠢᠨ ᠳᠠᠪᠢᠨ ᠭᠡᠷ ᠲᠣᠰᠬᠤᠨ ᠤ | ︵019 ᠱᠤᠭᠤᠮ ᠤᠨ 8 ᠺᠢᠯᠣᠮᠧᠲᠷ ᠳᠠᠬᠢ ᠵᠠᠮ ᠤᠨ ᠬᠤᠶᠢᠳᠤ ᠬᠡᠰᠡᠭ᠂ ᠰᠢᠩ ᠲᠠᠢ ᠭᠡᠷᠡᠯ ᠸᠣᠯᠲ ᠤᠨ | ᠡᠨᠧᠷᠭᠢ ᠶᠢᠨ ᠰᠤᠷᠪᠤᠯᠵᠢ ᠶᠢᠨ ᠬᠤᠶᠢᠲᠤ ᠲᠠᠯ᠎ᠠ︶ ᠶᠢᠨ ᠭᠠᠵᠠᠷ ᠰᠢᠷᠣᠶ ᠶᠢ ᠲᠠᠲᠠᠪᠤᠷᠢᠯᠠᠬᠤ ᠪᠠᠷ ᠰᠢᠢᠳᠪᠦᠷᠢ | ᠭᠠᠷᠭᠠᠵᠠᠢ᠃ ᠭᠠᠵᠠᠷ ᠰᠢᠷᠣᠶ ᠶᠢ ᠲᠠᠲᠠᠪᠤᠷᠢᠯᠠᠬᠤ ᠠᠵᠢᠯ ᠨᠢ ᠤᠷᠤᠭᠰᠢᠲᠠᠶ ᠶᠠᠪᠤᠭᠳᠠᠬᠤ ᠶᠢ ᠦᠨᠡᠨᠬᠦ ᠪᠠᠲᠤᠯᠠᠬᠤ ᠶᠢᠨ | ᠲᠥᠯᠥᠭᠡ᠂ ᠬᠤᠯᠪᠣᠭᠳᠠᠯ ᠪᠦᠬᠦᠢ ᠬᠠᠤᠯᠢ ᠴᠠᠭᠠᠵᠠ ᠶᠢᠨ ᠲᠣᠭᠲᠠᠭᠠᠯ ᠢ ᠦᠨᠳᠦᠰᠦᠯᠡᠨ᠂ ᠲᠤᠰᠬᠠᠶᠢᠯᠠᠨ ᠳᠣᠣᠷᠠᠬᠢ | ᠮᠡᠳᠡᠭᠳᠡᠪᠡ᠄ | ᠨᠢᠭᠡ᠂ ᠭᠠᠵᠠᠷ ᠰᠢᠷᠣᠶ ᠲᠠᠲᠠᠪᠤᠷᠢᠯᠠᠬᠤ ᠬᠡᠪᠴᠢᠶ᠎ᠡ᠄ | ᠳᠠᠪᠢᠨ ᠭᠡᠷ ᠪᠠᠯᠭᠠᠰᠤ ᠶᠢᠨ ᠳᠠᠪᠢᠨ ᠭᠡᠷ ᠲᠣᠰᠬᠤᠨ ᠤ ︵019 ᠱᠤᠭᠤᠮ ᠤᠨ 8 ᠺᠢᠯᠣᠮᠧᠲᠷ ᠳᠠᠬᠢ ᠵᠠᠮᠤᠨ | ᠬᠤᠶᠢᠳᠤ ᠬᠡᠰᠡᠭ᠂ ᠰᠢᠩ ᠲᠠᠢ ᠭᠡᠷᠡᠯ ᠸᠣᠯᠲ ᠤᠨ ᠡᠨᠧᠷᠭᠢ ᠶᠢᠨ ᠰᠤᠷᠪᠤᠯᠵᠢ ᠶᠢᠨ ᠬᠤᠶᠢᠲᠤ ᠲᠠᠯ᠎ᠠ︶ ᠵᠢᠨᠭᠠᠷᠠᠢ | ᠰᠢᠷᠤᠢ ᠶᠢ ᠲᠠᠳᠠᠪᠦᠷᠢᠯᠠᠨᠠ᠂ ᠲᠠᠯᠠᠪᠠᠢ ᠨᠢ 7 ᠮᠦ᠃ | ᠬᠤᠶᠠᠷ᠂ ᠲᠥᠷᠥᠯ ᠵᠦᠢᠯ ᠤᠨ ᠪᠥᠳᠥᠭᠡᠨ ᠪᠠᠶᠢᠭᠤᠯᠤᠯᠲᠠ ᠶᠢᠨ ᠬᠡᠪᠴᠢᠶᠡᠨ ᠳᠠᠬᠢ ᠬᠤᠳᠠᠯᠳᠤᠨ ᠠᠪᠴᠤ | ᠨᠥᠭᠡᠴᠡᠯᠡᠬᠦ ᠭᠠᠵᠠᠷ ᠰᠢᠷᠣᠶ ᠵᠢᠴᠢ ᠲᠡᠭᠦᠨ ᠤ ᠲᠠᠭᠠᠯᠳᠠ ᠪᠣᠳᠠᠰ ᠨᠢ ᠨᠢᠭᠡᠨᠲᠡ ᠵᠢᠷᠤᠭ ᠲᠥᠯᠥᠪᠯᠡᠭᠡᠨ ᠤ ᠰᠠᠯᠠᠭ᠎ᠠ | ᠮᠥᠴᠢᠷ ᠠᠴᠠ ᠬᠠᠶᠢᠨ ᠬᠡᠮᠵᠢᠨ ᠲᠤᠭ᠎ᠠ ᠪᠦᠷᠢᠳᠬᠡᠯ ᠳᠤ ᠤᠷᠤᠭᠤᠯᠤᠭᠰᠠᠨ ᠪᠠᠶᠢᠨ᠎ᠠ᠃ ᠲᠤᠰ ᠵᠠᠷᠯᠠᠯ ᠢ ᠨᠡᠶᠢᠲᠡᠯᠡᠭᠰᠡᠨ | ᠡᠳᠦᠷ ᠠᠴᠠ ᠡᠬᠢᠯᠡᠨ ᠶᠠᠮᠠᠷᠪᠠ ᠨᠢᠭᠡᠴᠡ ᠪᠤᠶᠤ ᠬᠤᠪᠢ ᠬᠥᠮᠦᠨ ᠪᠦᠲᠦᠭᠡᠨ ᠪᠠᠶᠢᠭᠤᠯᠬᠤ ᠲᠦᠷᠦᠯ ᠵᠦᠢᠯ ᠤᠨ | ᠬᠡᠪᠴᠢᠶᠡᠨ ᠲᠤᠳᠤᠷᠠᠬᠢ ᠭᠠᠵᠠᠷ ᠰᠢᠷᠣᠶ ᠶᠢᠨ ᠣᠳᠣᠬᠢ ᠪᠠᠶᠢᠳᠠᠯ ᠢ ᠳᠤᠷ᠎ᠠ ᠪᠠᠷ ᠢᠶᠠᠨ ᠬᠤᠪᠢᠷᠠᠭᠤᠯᠬᠤ ᠪᠠ | ᠳᠤᠷ᠎ᠠ ᠪᠠᠷ ᠢᠶᠠᠨ ᠡᠵᠡᠯᠡᠵᠦ ᠳᠤᠷ᠎ᠠ ᠪᠠᠷ ᠢᠶᠠᠨ ᠬᠡᠷᠡᠭᠯᠡᠬᠦ ᠶᠢ ᠡᠷᠡᠰ ᠴᠠᠭᠠᠵᠢᠯᠠᠨ᠎ᠠ᠃ ᠲᠤᠰ ᠵᠠᠷᠯᠠᠯ ᠢ ᠨᠡᠶᠢᠲᠡᠯᠡᠭᠰᠡᠨ ᠤ | ᠲᠠᠷᠠᠭ᠎ᠠ ᠵᠠᠪᠰᠢᠶᠠᠨ ᠢ ᠳᠠᠯᠢᠮᠳᠠᠭᠤᠯᠤᠨ ᠭᠠᠵᠠᠷ ᠰᠢᠷᠣᠶ ᠶᠢᠨ ᠤᠤᠯ ᠤᠨ ᠲᠠᠷᠢᠮᠠᠯ ᠤᠨ ᠲᠥᠷᠥᠯ ᠵᠦᠢᠯ ᠢ | ᠬᠤᠪᠢᠷᠠᠭᠤᠯᠬᠤ᠂ ᠰᠢᠨ᠎ᠡ ᠪᠠᠷ ᠵᠢᠮᠢᠰ ᠤᠨ ᠮᠣᠳᠣ ᠤᠢ ᠮᠣᠳᠣ ᠰᠠᠭᠤᠯᠭᠠᠬᠤ᠂ ᠰᠢᠨ᠎ᠡ ᠭᠡᠷ ᠪᠠᠷᠢᠯᠭ᠎ᠠ ᠪᠠᠷᠢᠬᠤ᠂ | ᠳᠤᠯᠠᠭᠠᠨ ᠰᠠᠷᠠᠪᠴᠢ ᠪᠠᠷᠢᠬᠤ᠂ ᠨᠣᠭᠤᠭᠠᠨ ᠤ ᠵᠣᠭᠤᠷᠢ᠂ ᠬᠤᠳᠳᠤᠭ ᠴᠤᠬᠢᠬᠤ ᠵᠡᠷᠭᠡ ᠳᠤ ᠴᠥᠮ ᠲᠥᠯᠥᠪᠦᠷᠢ | ᠥᠭᠬᠦ ᠦᠭᠡᠢ ᠪᠥᠭᠡᠳ ᠦᠨ᠎ᠡ ᠲᠥᠯᠥᠪᠦᠷᠢ ᠦᠭᠡᠢ ᠪᠠᠷ ᠨᠤᠷᠠᠭᠠᠵᠤ᠂ ᠤᠭ ᠪᠠᠶᠢᠳᠠᠯ ᠢ ᠰᠡᠷᠭᠦᠭᠡᠵᠤ ᠦᠭᠬᠦ ᠬᠡᠷᠡᠭᠳᠡᠢ | ᠃ ᠳᠡᠭᠡᠷ᠎ᠡ ᠳᠤᠷᠠᠳᠤᠭᠰᠠᠨ ᠦᠢᠯᠡ ᠠᠵᠢᠯᠯᠠᠭ᠎ᠠ ᠨᠢ ᠭᠠᠵᠠᠷ ᠰᠢᠷᠣᠶ ᠶᠢᠨ ᠲᠠᠲᠠᠪᠤᠷᠢᠯᠠᠯᠲᠠ ᠶᠢᠨ ᠠᠬᠢᠴᠠ ᠶᠢ | ᠨᠥᠯᠥᠭᠡᠯᠡᠬᠦ ᠳᠤ ᠬᠦᠷᠪᠡᠯ᠂ ᠰᠢᠶᠠᠨ ᠤ ᠤᠯᠤᠰ ᠤᠨᠭᠠᠵᠠᠷ ᠰᠢᠷᠤᠢ ᠶᠢᠨ ᠡᠬᠢ ᠪᠠᠶᠠᠯᠢᠭ ᠤᠨ ᠲᠣᠪᠴᠢᠶ᠎ᠠ᠂ ᠰᠢᠶᠠᠨ ᠤ | ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠰᠢᠶᠠᠨ ᠤ ᠤᠢ ᠰᠢᠭᠤᠶ ᠶᠢᠨ ᠲᠣᠪᠴᠢᠶ᠎ᠠ᠂ | ᠲᠠᠪᠢᠨ ᠭᠡᠷ ᠪᠠᠯᠭᠠᠰᠤ ᠶᠢᠨ ᠠᠷᠠᠳ ᠤᠨ ᠵᠠᠰᠠᠭ ᠤᠨ ᠭᠠᠵᠠᠷ ᠵᠢᠴᠢ ᠬᠤᠯᠪᠣᠭᠳᠠᠯ ᠪᠦᠬᠦᠢ ᠭᠠᠴᠠᠭᠠᠨ ᠤ ᠠᠷᠠᠳ ᠤᠨ | ᠵᠥᠪᠯᠡᠯ ᠨᠢ ᠬᠠᠮᠳᠤᠪᠡᠷ ᠰᠠᠭᠤᠷᠢ ᠲᠤᠭ᠎ᠠ ᠶᠢ ᠲᠣᠳᠣᠷᠬᠠᠶ ᠤᠶᠢᠯᠠᠭᠠᠨ ᠬᠢᠨᠠᠨ ᠲᠣᠭᠲᠠᠭᠠᠵᠤ ᠬᠠᠤᠯᠢ ᠲᠣᠭᠲᠠᠭᠠᠯ | ᠶᠣᠰᠣᠭᠠᠷ ᠰᠢᠳᠪᠦᠷᠢᠯᠡᠨ᠎ᠠ᠃ | ᠭᠤᠷᠪᠠ᠂ ᠭᠠᠵᠠᠷ ᠰᠢᠷᠣᠶ ᠶᠢ ᠲᠠᠲᠠᠪᠤᠷᠢᠯᠠᠬᠤ ᠲᠥᠯᠥᠪᠦᠷᠢ ᠥᠭᠬᠦ ᠪᠠᠷᠢᠮᠵᠢᠶ᠎ᠠ ᠶᠢ ︽ᠲᠣᠭᠲᠠᠬᠤ ᠰᠢᠶᠠᠨ ᠤ | ᠠᠷᠠᠳ ᠤᠨ ᠵᠠᠰᠠᠭ ᠤᠨ ᠭᠠᠵᠠᠷ ᠤᠨ ᠭᠠᠵᠠᠷ ᠰᠢᠷᠤᠢ ᠲᠠᠲᠠᠪᠤᠷᠢᠯᠠᠬᠤ ᠲᠥᠯᠥᠪᠦᠷᠢ ᠶᠢᠨ ᠪᠠᠷᠢᠮᠵᠢᠶ᠎ᠠᠶᠢ ᠲᠣᠬᠢᠷᠠᠭᠤᠯᠬᠤ | ᠲᠤᠬᠠᠶ ᠮᠡᠳᠡᠭᠳᠡᠯ︾ ︵ᠲᠤᠭᠳᠠᠬᠤ ᠵᠠᠰᠠᠭ ᠲᠠᠷᠬᠠᠭᠠᠬᠤ ﹇2018﹈ 16 ᠳ᠋ᠤᠭᠠᠷ ᠲᠣᠭᠠᠲᠤ︶ ᠪᠢᠴᠢᠭ | ᠮᠠᠲ᠋ᠧᠷᠢᠶᠠᠯ ᠤᠨ ᠪᠠᠷᠢᠮᠵᠢᠶ᠎ᠠ ᠶᠤᠰᠤᠭᠠᠷ ᠬᠡᠷᠡᠭᠵᠢᠭᠦᠯᠦᠨ᠎ᠡ᠃ | ᠲᠦᠷᠪᠡ᠂ ᠲᠠᠪᠢᠨ ᠭᠡᠷ ᠪᠠᠯᠭᠠᠰᠤ ᠪᠣᠯᠤᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠦᠳᠲ᠋ᠡᠭᠡᠳᠦ | ᠬᠡᠮᠵᠢᠶ᠎ᠡ ᠪᠠᠷ ᠴᠢᠬᠤᠯᠠᠴᠢᠯᠠᠨ᠂ ᠶᠡᠭᠡ ᠪᠠᠶᠢᠳᠠᠯ ᠤᠨ ᠦᠵᠡᠯᠲᠡ ᠲᠠᠨᠢᠯᠲᠠ ᠪᠤᠢ ᠪᠤᠯᠭᠠᠨ᠂ ᠤᠬᠠᠭᠤᠯᠭ᠎ᠠᠶᠢᠨ | ᠡᠷᠴᠢᠮ ᠢᠶᠠᠨ ᠴᠢᠩᠭᠠᠷᠠᠭᠤᠯᠵᠤ᠂ ᠬᠤᠳᠠ ᠶᠢᠨ ᠪᠦᠳᠦᠭᠡᠨ ᠪᠠᠶᠢᠭᠤᠯᠤᠯᠲᠠ ᠶᠢ ᠶᠡᠬᠡᠪᠡᠷ ᠲᠡᠮᠵᠢᠵᠦ᠂ ᠲᠤᠰ | ᠲᠤᠰ ᠲᠠᠭᠠᠨ ᠬᠠᠷᠢᠭᠤᠴᠠᠬᠤ᠂ ᠬᠦᠴᠦ ᠬᠠᠮᠲᠤᠷᠠᠨ ᠠᠵᠢᠯᠯᠠᠬᠤ᠂ ᠬᠠᠤᠯᠢ ᠪᠠᠷ ᠠᠵᠢᠯᠯᠠᠬᠤ᠂ ᠭᠠᠵᠠᠷ ᠰᠢᠷᠣᠶ | ᠲᠠᠲᠠᠪᠤᠷᠢᠯᠠᠬᠤ ᠭᠠᠷ ᠭᠦᠢᠴᠡᠳᠬᠡᠯ ᠢ ᠴᠠᠭ ᠲᠤᠬᠠᠶ ᠳᠤᠨᠢ ᠰᠢᠢᠳᠪᠦᠷᠢᠯᠡᠬᠦ᠂ ᠭᠠᠵᠠᠷ ᠰᠢᠷᠣᠶ ᠲᠠᠲᠠᠪᠤᠷᠢᠯᠠᠭᠰᠠᠨ | ᠲᠥᠯᠥᠪᠦᠷᠢ ᠰᠦᠢᠳᠬᠡᠯ ᠢ ᠪᠤᠳᠠᠳᠠᠶᠢᠵᠢᠭᠤᠯᠤᠨ ᠨᠠᠶᠢᠳᠠᠪᠦᠷᠦᠵᠢᠭᠤᠯᠬᠤ ᠬᠡᠷᠡᠭᠳᠡᠢ᠃ | ᠲᠠᠪᠤ᠂ ᠪᠥᠳᠥᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠭᠠᠵᠠᠷ ᠰᠢᠷᠣᠶ ᠶᠢ ᠲᠠᠲᠠᠪᠤᠷᠢᠯᠠᠬᠤ ᠶᠠᠪᠤᠴᠠ ᠳᠤ | ᠂ ᠱᠤᠸᠠᠩ ᠾᠧ ᠪᠠᠯᠭᠠᠰᠤ ᠪᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠢᠳᠡᠪᠬᠢᠲᠡᠶ ᠪᠠᠷ ᠨᠥᠬᠦᠴᠡᠯ | ᠪᠦᠷᠢᠯᠳᠦᠭᠦᠯᠵᠦ ᠪᠠᠶᠢᠭᠠᠳ ᠡᠨᠡ ᠬᠦ ᠠᠵᠢᠯ ᠢ ᠬᠡᠪ ᠤᠨ ᠶᠣᠰᠣᠭᠠᠷ ᠶᠠᠪᠤᠭᠳᠠᠬᠤ ᠶᠢ ᠦᠨᠡᠨ ᠬᠦ ᠪᠠᠲᠤᠯᠠᠬᠤ ᠬᠡᠷᠡᠭᠲᠡᠶ᠃ | ᠰᠢᠯᠲᠠᠭ ᠡᠷᠢᠵᠦ ᠠᠵᠢᠯ ᠢ ᠬᠠᠷᠰᠢᠯᠠᠬᠤ᠂ ᠭᠠᠴᠢᠵᠤ ᠵᠤᠪᠠᠭᠠᠬᠤ᠂ ᠴᠢᠨᠠᠭᠰᠢᠯᠠᠪᠠᠯ ᠶᠣᠰᠣ ᠪᠤᠰᠤ ᠪᠠᠷ | ᠠᠭᠠᠰᠢᠯᠠᠭᠰᠠᠳ ᠢ ᠴᠢᠩᠭ᠎ᠠ ᠰᠢᠢᠳᠪᠦᠷᠢᠯᠡᠨ᠂ ᠬᠠᠤᠯᠢ ᠴᠠᠭᠠᠵᠠ ᠶᠢ ᠵᠥᠷᠢᠴᠡᠭᠰᠡᠨ ᠪᠠᠶᠢᠪᠠᠯ ᠬᠠᠤᠯᠢ ᠶᠣᠰᠣᠭᠠᠷ | ᠬᠠᠤᠯᠢ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | ᠵᠢᠷᠭᠤᠭ᠎ᠠ᠂ ᠭᠠᠵᠠᠷ ᠰᠢᠷᠣᠶ ᠪᠠᠨ ᠲᠠᠲᠠᠪᠤᠷᠢᠯᠠᠭᠳᠠᠭᠰᠠᠨ ᠭᠠᠴᠠᠭᠠᠨ ᠤ ᠠᠷᠠᠳ ᠬᠡᠷᠪᠡ ᠳᠡᠭᠡᠷᠡᠬᠢ ᠵᠦᠢᠯ ᠳᠤ | ᠣᠨᠳᠣᠣ ᠰᠠᠨᠠᠯ ᠲᠠᠢ ᠪᠠᠶᠢᠪᠠᠯ᠂ ᠲᠤᠯᠤᠭᠠᠨ ᠡᠳᠤᠷ ᠤᠨ ᠳᠣᠲᠣᠷ᠎ᠠ ᠰᠢᠶᠠᠨ ᠤ ᠤᠯᠤᠰ ᠤᠨ ᠭᠠᠵᠠᠷ ᠰᠢᠷᠤᠢ ᠶᠢᠨ ᠡᠬᠢ | ᠪᠠᠶᠠᠯᠢᠭ ᠤᠨ ᠲᠣᠪᠴᠢᠶ᠎ᠠ ᠳᠤ ᠭᠤᠶᠤᠴᠢᠯᠠᠯ ᠭᠠᠷᠭᠠᠨ ᠰᠠᠨᠠᠯ ᠰᠣᠨᠣᠰᠬᠤ ᠬᠤᠷᠠᠯ ᠬᠢᠨ᠎ᠡ ᠃ ᠬᠤᠭᠤᠴᠠᠭ᠎ᠠ | ᠬᠡᠲᠦᠷᠡᠲᠡᠯ᠎ᠡ ᠭᠤᠶᠤᠴᠢᠯᠠᠯ ᠭᠠᠷᠭᠠᠭᠰᠠᠨ ᠦᠭᠡᠢ ᠪᠠᠶᠢᠪᠠᠯ ᠰᠠᠨᠠᠯ ᠰᠣᠨᠣᠰᠤᠯᠲᠠ ᠶᠢ ᠬᠠᠶᠠᠭᠰᠠᠨ ᠢᠶᠠᠷ ᠪᠤᠳᠤᠨ᠎ᠠ᠃ | ᠲᠤᠯᠤᠭ᠎ᠠ᠂ ᠲᠤᠰ ᠵᠠᠷᠯᠠᠯ ᠢ ᠰᠢᠶᠠᠨ ᠤ ᠤᠯᠤᠰ ᠤᠨ ᠭᠠᠵᠠᠷ ᠰᠢᠷᠤᠢ ᠶᠢᠨ ᠡᠬᠢ ᠪᠠᠶᠠᠯᠢᠭ ᠤᠨ ᠲᠣᠪᠴᠢᠶ᠎ᠠ | ᠪᠣᠯᠤᠨ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠬᠠᠷᠢᠭᠤᠴᠠᠨ ᠲᠠᠶᠢᠯᠪᠤᠷᠢᠯᠠᠨ᠎ᠠ᠃ | ᠨᠠᠢᠮᠠ᠂ ᠲᠤᠰ ᠵᠠᠷᠯᠠᠯ ᠢ ᠨᠡᠶᠢᠲᠡᠯᠡᠭᠰᠡᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠃ | 2018 ᠤᠨ ᠤ 4 ᠰᠠᠷ᠎ᠠ ᠶᠢᠨ 9 ᠤ ᠡᠳᠤᠷ |