ᠲᠣᠭᠲᠠᠬᠤ ᠰᠢᠶᠠᠨ ᠤ ᠠᠷᠠᠳ ‍ᠤᠨ‌ᠵᠠᠰᠠᠭ ᠤᠨ ᠭᠠᠵᠠᠷ ᠤᠨ ᠬᠤᠳᠠ ᠪᠠᠯᠭᠠᠰᠤᠨ ᠤ ᠪᠦᠳᠦᠭᠡᠨ ᠪᠠᠶᠢᠭᠤᠯᠤᠯᠲᠠ ᠳᠤ ᠬᠡᠷᠡᠭᠰᠡᠬᠦ ᠭᠠᠵᠠᠷ ᠰᠢᠷᠣᠶ ᠬᠤᠳᠠᠯᠳᠤᠨ ᠠᠪᠴᠤ ᠨᠥᠭᠡᠴᠡᠯᠡᠬᠦ ᠲᠤᠬᠠᠶ ᠵᠠᠷᠯᠠᠯ ︵2︶
ᠨᠡᠶᠢᠲᠡᠯᠡᠭᠰᠡᠨ ᠴᠠᠭ᠄
2018-07-10
       ᠲᠣᠭᠲᠠᠬᠤ ᠰᠢᠶᠠᠨ ᠤ ᠠᠷᠠᠳ ‍ᠤᠨ‌ᠵᠠᠰᠠᠭ ᠤᠨ ᠭᠠᠵᠠᠷ ᠤᠨ ᠬᠤᠳᠠ ᠪᠠᠯᠭᠠᠰᠤᠨ ᠤ ᠪᠦᠳᠦᠭᠡᠨ ᠪᠠᠶᠢᠭᠤᠯᠤᠯᠲᠠ ᠳᠤ ᠬᠡᠷᠡᠭᠰᠡᠬᠦ ᠭᠠᠵᠠᠷ ᠰᠢᠷᠣᠶ ᠬᠤᠳᠠᠯᠳᠤᠨ ᠠᠪᠴᠤ ᠨᠥᠭᠡᠴᠡᠯᠡᠬᠦ ᠲᠤᠬᠠᠶ ᠵᠠᠷᠯᠠᠯ ︵2︶                               ᠲᠤᠭᠳᠠᠬᠤ ᠵᠠᠰᠠᠭ ᠲᠠᠷᠬᠠᠭᠠᠬᠤ     ﹇2018﹈  22 ᠳ᠋ᠤᠭᠠᠷ ᠲᠣᠭᠠᠲᠤ      ᠬᠤᠳᠠ ᠶᠢᠨ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢᠨ ᠠᠯᠬᠤᠴᠠ ᠶᠢ ᠤᠯᠠᠮ ᠨᠢᠭᠡ ᠠᠯᠬᠤᠮ ᠲᠦᠷᠭᠡᠳᠬᠡᠵᠦ᠂ ᠬᠤᠳᠠᠯᠳᠤᠭᠠᠨ ᠤ ᠦᠢᠯᠡᠰ ᠢ ᠠᠮᠢᠳᠤᠯᠢᠭ ᠪᠣᠯᠭᠠᠵᠤ᠂ ᠪᠠᠷᠢᠯᠭ᠎ᠠ ᠶᠢᠨ ᠮᠠᠲ᠋ᠧᠷᠢᠶᠠᠯ ᠬᠡᠷᠡᠭᠯᠡᠬᠦ ᠠᠰᠠᠭᠤᠳᠠᠯ ᠢ ᠰᠢᠢᠳᠪᠦᠷᠢᠯᠡᠬᠦ ᠶᠢᠨ ᠲᠦᠯᠦᠭᠡ᠂ ︽ ᠰᠢᠶᠠᠨ ᠤ ᠪᠦᠲᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠵᠢᠨ‌‍ᠬᠢᠨᠠᠨ ᠵᠥᠪᠰᠢᠶᠡᠷᠡᠬᠦ ᠵᠦᠪᠯᠡᠯ ᠪᠣᠯᠤᠨ‌‍ᠲ᠋ᠣᠭᠲᠠᠬᠤ ᠰᠢᠶᠠᠨ ᠤ ᠠᠷᠠᠳ ᠤᠨ ᠵᠠᠰᠠᠭ ᠤᠨ ᠭᠠᠵᠠᠷ ᠤᠨ 2017 ᠣᠨ ᠳᠤ ᠲᠠᠪᠤᠳᠤᠭᠠᠷ ᠤᠳᠠᠭᠠᠨ ᠤ ᠭᠠᠵᠠᠷ ᠰᠢᠷᠤᠢ ᠶᠢᠨ ᠰᠢᠭᠦᠨ ᠲᠠᠰᠤᠯᠬᠤ ᠵᠦᠪᠯᠡᠯ ᠤᠨ ᠬᠤᠷᠠᠯ ᠤᠨ ᠲᠣᠪᠴᠢ ᠲᠡᠮᠳᠡᠭᠯᠡᠯ ︵﹇2017﹈ 12 ᠳ᠋ᠤᠭᠠᠷ ᠲᠣᠭᠠᠲᠤ︶ ᠤᠨ ᠶᠤᠰᠤᠭᠠᠷ᠂ ᠱᠤᠸᠠᠩ ᠾᠧ ᠪᠠᠯᠭᠠᠰᠤ ᠶᠢᠨ ᠳ᠋ᠠ ᠶᠠᠩ ᠴᠠᠩ ᠲᠤᠰᠬᠤᠨ ᠤ ᠭᠠᠵᠠᠷ ᠰᠢᠷᠤᠢ ᠶᠢ ᠬᠤᠳᠠᠯᠳᠤᠨ ᠠᠪᠴᠤ ᠨᠥᠭᠡᠴᠡᠯᠡᠬᠦ ᠪᠠᠷ ᠲᠣᠭᠲᠠᠪᠠ ᠃ ᠭᠠᠵᠠᠷ ᠰᠢᠷᠤᠢ ᠶᠢ ᠬᠤᠳᠠᠯᠳᠤᠨ ᠠᠪᠴᠤ ᠨᠥᠭᠡᠴᠡᠯᠡᠬᠦ ᠠᠵᠢᠯ ᠤᠨ ᠤᠷᠤᠭᠰᠢᠲᠠᠶ ᠶᠠᠪᠤᠭᠳᠠᠬᠤ ᠶᠢ ᠦᠨᠡᠨ ᠬᠦ ᠪᠠᠲᠤᠯᠠᠬᠤ ᠶᠢᠨ ᠲᠥᠯᠥᠭᠡ᠂ ᠬᠤᠯᠪᠣᠭᠳᠠᠯ ᠪᠦᠬᠦᠢ ᠬᠠᠤᠯᠢ ᠴᠠᠭᠠᠵᠠ ᠶᠢᠨ ᠲᠣᠭᠲᠠᠭᠠᠯ ᠢ ᠦᠨᠳᠦᠰᠦᠯᠡᠨ᠂ ᠣᠨᠴᠣᠭᠤᠶᠢᠯᠠᠨ‌‍ᠲ᠋ᠤᠤᠷᠠᠬᠢ ᠮᠡᠳᠤ ᠵᠠᠷᠯᠠᠪᠠ᠃      ᠭᠠᠵᠠᠷ ᠰᠢᠷᠤᠢ ᠲᠠᠳᠠᠪᠤᠷᠢᠯᠠᠬᠤ ᠬᠦᠷᠢᠶ᠎ᠡ ᠬᠡᠪᠴᠢᠶ᠎ᠡ᠄      ᠨᠢᠭᠡ᠂ ᠱᠤᠸᠠᠩ ᠾᠧ ᠪᠠᠯᠭᠠᠰᠤ ᠶᠢᠨ ᠳ᠋ᠠ ᠶᠠᠩ ᠴᠠᠩ ᠲᠤᠰᠬᠤᠨ ︵ᠰᠦᠨ ᠵᠢᠶᠠ ᠴᠧᠩ ᠤᠨ ᠬᠤᠶᠢᠨᠠᠬᠢ︶ ᠭᠠᠵᠠᠷ ᠰᠢᠷᠣᠶ ᠶᠢ ᠲᠠᠳᠠᠪᠦᠷᠢᠯᠠᠨ᠎ᠠ᠂ ᠲᠠᠯᠠᠪᠠᠶ ᠨᠢ ᠪᠠᠷᠤᠭ 30 ᠮᠦ᠃      ᠬᠤᠶᠠᠷ᠂ ᠲᠥᠷᠥᠯ ᠵᠦᠢᠯ ᠤᠨ ᠪᠥᠳᠥᠭᠡᠨ ᠪᠠᠶᠢᠭᠤᠯᠤᠯᠲᠠ ᠶᠢᠨ ᠬᠡᠪᠴᠢᠶᠡᠨ ᠳᠠᠬᠢ ᠬᠤᠳᠠᠯᠳᠤᠨ ᠠᠪᠴᠤ ᠨᠥᠭᠡᠴᠡᠯᠡᠬᠦ ᠭᠠᠵᠠᠷ ᠰᠢᠷᠣᠶ ᠵᠢᠴᠢ ᠲᠡᠭᠦᠨ ᠤ ᠲᠠᠭᠠᠯᠳᠠ ᠪᠣᠳᠠᠰ ᠨᠢ ᠨᠢᠭᠡᠨᠲᠡ ᠵᠢᠷᠤᠭ ᠲᠥᠯᠥᠪᠯᠡᠭᠡᠨ ᠤ ᠰᠠᠯᠠᠭ᠎ᠠ ᠮᠥᠴᠢᠷ ᠠᠴᠠ ᠬᠠᠶᠢᠨ ᠬᠡᠮᠵᠢᠨ ᠲᠤᠭ᠎ᠠ ᠪᠦᠷᠢᠳᠬᠡᠯ ᠳᠤ ᠤᠷᠤᠭᠤᠯᠤᠭᠰᠠᠨ ᠪᠠᠶᠢᠨ᠎ᠠ᠃ ᠲᠤᠰ ᠵᠠᠷᠯᠠᠯ ᠢ ᠨᠡᠶᠢᠲᠡᠯᠡᠭᠰᠡᠨ ᠡᠳᠦᠷ ᠠᠴᠠ ᠡᠬᠢᠯᠡᠨ ᠶᠠᠮᠠᠷᠪᠠ ᠨᠢᠭᠡᠴᠡ ᠪᠤᠶᠤ ᠬᠤᠪᠢ ᠬᠥᠮᠦᠨ ᠪᠦᠲᠦᠭᠡᠨ ᠪᠠᠶᠢᠭᠤᠯᠬᠤ ᠲᠦᠷᠦᠯ ᠵᠦᠢᠯ ᠤᠨ ᠬᠡᠪᠴᠢᠶᠡᠨ ᠲᠤᠳᠤᠷᠠᠬᠢ ᠭᠠᠵᠠᠷ ᠰᠢᠷᠣᠶ ᠶᠢᠨ ᠣᠳᠣᠬᠢ ᠪᠠᠶᠢᠳᠠᠯ ᠢ ᠳᠤᠷ᠎ᠠ ᠪᠠᠷ ᠢᠶᠠᠨ ᠬᠤᠪᠢᠷᠠᠭᠤᠯᠬᠤ ᠪᠠ ᠳᠤᠷ᠎ᠠ ᠪᠠᠷ ᠢᠶᠠᠨ ᠡᠵᠡᠯᠡᠵᠦ ᠳᠤᠷ᠎ᠠ ᠪᠠᠷ ᠢᠶᠠᠨ ᠬᠡᠷᠡᠭᠯᠡᠬᠦ ᠶᠢ ᠡᠷᠡᠰ ᠴᠠᠭᠠᠵᠢᠯᠠᠨ᠎ᠠ᠃ ᠲᠤᠰ ᠵᠠᠷᠯᠠᠯ ᠢ ᠨᠡᠶᠢᠲᠡᠯᠡᠭᠰᠡᠨ ᠤ ᠲᠠᠷᠠᠭ᠎ᠠ ᠵᠠᠪᠰᠢᠶᠠᠨ ᠢ ᠳᠠᠯᠢᠮᠳᠠᠭᠤᠯᠤᠨ ᠭᠠᠵᠠᠷ ᠰᠢᠷᠣᠶ ᠶᠢᠨ ᠤᠤᠯ ᠤᠨ ᠲᠠᠷᠢᠮᠠᠯ ᠤᠨ ᠲᠥᠷᠥᠯ ᠵᠦᠢᠯ ᠢ ᠬᠤᠪᠢᠷᠠᠭᠤᠯᠬᠤ᠂ ᠰᠢᠨ᠎ᠡ ᠪᠠᠷ ᠵᠢᠮᠢᠰ ᠤᠨ ᠮᠣᠳᠣ ᠤᠢ ᠮᠣᠳᠣ ᠰᠠᠭᠤᠯᠭᠠᠬᠤ᠂ ᠰᠢᠨ᠎ᠡ ᠭᠡᠷ ᠪᠠᠷᠢᠯᠭ᠎ᠠ ᠪᠠᠷᠢᠬᠤ᠂ ᠳᠤᠯᠠᠭᠠᠨ ᠰᠠᠷᠠᠪᠴᠢ ᠪᠠᠷᠢᠬᠤ᠂ ᠨᠣᠭᠤᠭᠠᠨ ᠤ ᠵᠣᠭᠤᠷᠢ᠂ ᠬᠤᠳᠳᠤᠭ ᠴᠤᠬᠢᠬᠤ ᠵᠡᠷᠭᠡ  ᠳᠤ ᠴᠥᠮ ᠲᠥᠯᠥᠪᠦᠷᠢ ᠥᠭᠬᠦ ᠦᠭᠡᠢ ᠪᠥᠭᠡᠳ ᠦᠨ᠎ᠡ ᠲᠥᠯᠥᠪᠦᠷᠢ ᠦᠭᠡᠢ ᠪᠠᠷ ᠨᠤᠷᠠᠭᠠᠵᠤ᠂ ᠤᠭ ᠪᠠᠶᠢᠳᠠᠯ ᠢ ᠰᠡᠷᠭᠦᠭᠡᠵᠤ ᠦᠭᠬᠦ ᠬᠡᠷᠡᠭᠳᠡᠢ ᠃ ᠳᠡᠭᠡᠷ᠎ᠡ ᠳᠤᠷᠠᠳᠤᠭᠰᠠᠨ ᠦᠢᠯᠡ ᠠᠵᠢᠯᠯᠠᠭ᠎ᠠ ᠨᠢ ᠭᠠᠵᠠᠷ ᠰᠢᠷᠣᠶ ᠶᠢᠨ ᠲᠠᠲᠠᠪᠤᠷᠢᠯᠠᠯᠲᠠ ᠶᠢᠨ ᠠᠬᠢᠴᠠ ᠶᠢ ᠨᠥᠯᠥᠭᠡᠯᠡᠬᠦ ᠳᠤ ᠬᠦᠷᠪᠡᠯ᠂ ᠰᠢᠶᠠᠨ ᠤ ᠤᠯᠤᠰ ‍ᠤᠨ‌ᠭᠠᠵᠠᠷ ᠰᠢᠷᠤᠢ ᠵᠢᠨ‌ᠡᠬᠢ ᠪᠠᠶᠠᠯᠢᠭ ᠤᠨ ᠲᠣᠪᠴᠢᠶ᠎ᠠ᠂ ᠰᠢᠶᠠᠨ ᠤ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠰᠢᠶᠠᠨ ᠤ ᠤᠢ ᠰᠢᠭᠤᠶ ᠶᠢᠨ ᠲᠣᠪᠴᠢᠶ᠎ᠠ᠂ ᠱᠤᠸᠠᠩ ᠾᠧ ᠪᠠᠯᠭᠠᠰᠤ ᠠᠷᠠᠳ ᠤᠨ ᠵᠠᠰᠠᠭ ᠤᠨ ᠭᠠᠵᠠᠷ ᠵᠢᠴᠢ ᠬᠤᠯᠪᠣᠭᠳᠠᠯ ᠪᠦᠬᠦᠢ ᠭᠠᠴᠠᠭᠠᠨ ᠤ ᠠᠷᠠᠳ ᠤᠨ ᠵᠥᠪᠯᠡᠯ ᠨᠢ  ᠬᠠᠮᠳᠤᠪᠡᠷ ᠰᠠᠭᠤᠷᠢ ᠲᠤᠭ᠎ᠠ ᠶᠢ ᠲᠣᠳᠣᠷᠬᠠᠶ ᠤᠶᠢᠯᠠᠭᠠᠨ ᠬᠢᠨᠠᠨ ᠲᠣᠭᠲᠠᠭᠠᠵᠤ  ᠬᠠᠤᠯᠢ ᠲᠣᠭᠲᠠᠭᠠᠯ ᠶᠣᠰᠣᠭᠠᠷ ᠰᠢᠳᠪᠦᠷᠢᠯᠡᠨ᠎ᠠ᠃      ᠭᠤᠷᠪᠠ᠂ ᠭᠠᠵᠠᠷ ᠰᠢᠷᠣᠶ ᠶᠢ ᠲᠠᠲᠠᠪᠤᠷᠢᠯᠠᠬᠤ ᠲᠥᠯᠥᠪᠦᠷᠢ ᠥᠭᠬᠦ ᠪᠠᠷᠢᠮᠵᠢᠶ᠎ᠠ ᠶᠢ ︽ᠲᠣᠭᠲᠠᠬᠤ ᠰᠢᠶᠠᠨ ᠤ ᠠᠷᠠᠳ ᠤᠨ ᠵᠠᠰᠠᠭ ᠤᠨ ᠭᠠᠵᠠᠷ ᠤᠨ ᠭᠠᠵᠠᠷ ᠰᠢᠷᠤᠢ ᠲᠠᠲᠠᠪᠤᠷᠢᠯᠠᠬᠤ ᠲᠥᠯᠥᠪᠦᠷᠢ ᠶᠢᠨ ᠪᠠᠷᠢᠮᠵᠢᠶ᠎ᠠ ᠶᠢ ᠲᠣᠬᠢᠷᠠᠭᠤᠯᠬᠤ ᠲᠤᠬᠠᠶ ᠮᠡᠳᠡᠭᠳᠡᠯ︾ ︵ᠲᠤᠭᠳᠠᠬᠤ ᠵᠠᠰᠠᠭ ᠲᠠᠷᠬᠠᠭᠠᠬᠤ ﹇2018﹈ 16 ᠳ᠋ᠤᠭᠠᠷ ᠲᠣᠭᠠᠲᠤ︶ ᠪᠢᠴᠢᠭ ᠮᠠᠲ᠋ᠧᠷᠢᠶᠠᠯ ᠤᠨ ᠪᠠᠷᠢᠮᠵᠢᠶ᠎ᠠ ᠶᠤᠰᠤᠭᠠᠷ  ᠬᠡᠷᠡᠭᠵᠢᠭᠦᠯᠦᠨ᠎ᠡ᠃      ᠲᠦᠷᠪᠡ᠂ ᠱᠤᠸᠠᠩ ᠾᠧ ᠪᠠᠯᠭᠠᠰᠤ ᠪᠣᠯᠤᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ‍ᠦᠳ‌‍ᠲ᠋ᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠶᠡᠭᠡ ᠪᠠᠶᠢᠳᠠᠯ ᠤᠨ ᠦᠵᠡᠯᠲᠡ ᠲᠠᠨᠢᠯᠲᠠ ᠪᠤᠢ ᠪᠤᠯᠭᠠᠨ᠂ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠬᠤᠳᠠ ᠶᠢᠨ ᠪᠦᠳᠦᠭᠡᠨ ᠪᠠᠶᠢᠭᠤᠯᠤᠯᠲᠠ ᠶᠢ ᠶᠡᠬᠡᠪᠡᠷ ᠲᠡᠮᠵᠢᠵᠦ᠂ ᠲᠤᠰ ᠲᠤᠰ ᠲᠠᠭᠠᠨ ᠬᠠᠷᠢᠭᠤᠴᠠᠬᠤ᠂ ᠬᠦᠴᠦ ᠬᠠᠮᠲᠤᠷᠠᠨ ᠠᠵᠢᠯᠯᠠᠬᠤ᠂ ᠬᠠᠤᠯᠢ ᠪᠠᠷ ᠠᠵᠢᠯᠯᠠᠬᠤ᠂ ᠭᠠᠵᠠᠷ ᠰᠢᠷᠣᠶ ᠲᠠᠲᠠᠪᠤᠷᠢᠯᠠᠬᠤ ᠭᠠᠷ ᠭᠦᠢᠴᠡᠳᠬᠡᠯ ᠢ ᠴᠠᠭ ᠲᠤᠬᠠᠶ ᠳᠤᠨᠢ ᠰᠢᠢᠳᠪᠦᠷᠢᠯᠡᠬᠦ᠂  ᠭᠠᠵᠠᠷ ᠰᠢᠷᠣᠶ ᠲᠠᠲᠠᠪᠤᠷᠢᠯᠠᠭᠰᠠᠨ ᠲᠥᠯᠥᠪᠦᠷᠢ ᠰᠦᠢᠳᠬᠡᠯ ᠢ  ᠪᠤᠳᠠᠳᠠᠶᠢᠵᠢᠭᠤᠯᠤᠨ ᠨᠠᠶᠢᠳᠠᠪᠦᠷᠢᠵᠢᠭᠤᠯᠬᠤ ᠬᠡᠷᠡᠭᠳᠡᠢ᠃      ᠲᠠᠪᠤ᠂ ᠪᠥᠳᠥᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠭᠠᠵᠠᠷ ᠰᠢᠷᠣᠶ ᠶᠢ ᠲᠠᠲᠠᠪᠤᠷᠢᠯᠠᠬᠤ ᠶᠠᠪᠤᠴᠠ ᠳᠤ ᠂ ᠱᠤᠸᠠᠩ ᠾᠧ ᠪᠠᠯᠭᠠᠰᠤ ᠪᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠢᠳᠡᠪᠬᠢᠲᠡᠶ ᠪᠠᠷ ᠨᠥᠬᠦᠴᠡᠯ ᠪᠦᠷᠢᠯᠳᠦᠭᠦᠯᠵᠦ ᠪᠠᠶᠢᠭᠠᠳ ᠡᠨᠡ ᠬᠦ ᠠᠵᠢᠯ ᠢ ᠬᠡᠪ ᠤᠨ ᠶᠣᠰᠣᠭᠠᠷ ᠶᠠᠪᠤᠭᠳᠠᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠰᠢᠯᠲᠠᠭ ᠡᠷᠢᠵᠦ ᠠᠵᠢᠯ ᠢ ᠬᠠᠷᠰᠢᠯᠠᠬᠤ᠂ ᠭᠠᠴᠢᠵᠤ ᠵᠤᠪᠠᠭᠠᠬᠤ᠂ ᠴᠢᠨᠠᠭᠰᠢᠯᠠᠪᠠᠯ ᠶᠣᠰᠣ ᠪᠤᠰᠤ ᠪᠠᠷ ᠠᠭᠠᠰᠢᠯᠠᠭᠰᠠᠳ ᠢ ᠴᠢᠩᠭ᠎ᠠ ᠰᠢᠢᠳᠪᠦᠷᠢᠯᠡᠨ᠂ ᠬᠠᠤᠯᠢ ᠴᠠᠭᠠᠵᠠ ᠶᠢ ᠵᠥᠷᠢᠴᠡᠭᠰᠡᠨ ᠪᠠᠶᠢᠪᠠᠯ ᠬᠠᠤᠯᠢ ᠶᠣᠰᠣᠭᠠᠷ ᠬᠠᠤᠯᠢ ᠶᠢᠨ ᠬᠠᠷᠢᠭᠤᠴᠠᠯᠭ᠎ᠠ ᠨᠡᠬᠡᠮᠵᠢᠯᠡᠨ᠎ᠡ᠃      ᠵᠢᠷᠭᠤᠭ᠎ᠠ᠂ ᠭᠠᠵᠠᠷ ᠰᠢᠷᠣᠶ ᠪᠠᠨ ᠲᠠᠲᠠᠪᠤᠷᠢᠯᠠᠭᠳᠠᠭᠰᠠᠨ ᠭᠠᠴᠠᠭᠠᠨ ᠤ ᠠᠷᠠᠳ ᠬᠡᠷᠪᠡ ᠳᠡᠭᠡᠷᠡᠬᠢ  ᠵᠦᠢᠯ  ᠳᠤ ᠣᠨᠳᠣᠣ ᠰᠠᠨᠠᠯ ᠲᠠᠢ ᠪᠠᠶᠢᠪᠠᠯ᠂ ᠲᠤᠯᠤᠭᠠᠨ ᠡᠳᠤᠷ ᠤᠨ ᠳᠣᠲᠣᠷ᠎ᠠ ᠰᠢᠶᠠᠨ ᠤ ᠤᠯᠤᠰ ᠤᠨ ᠭᠠᠵᠠᠷ ᠰᠢᠷᠤᠢ ᠶᠢᠨ ᠡᠬᠢ ᠪᠠᠶᠠᠯᠢᠭ ᠤᠨ ᠲᠣᠪᠴᠢᠶ᠎ᠠ ᠳᠤ ᠭᠤᠶᠤᠴᠢᠯᠠᠯ ᠭᠠᠷᠭᠠᠨ ᠰᠠᠨᠠᠯ ᠰᠣᠨᠣᠰᠬᠤ ᠬᠤᠷᠠᠯ ᠬᠢᠨ᠎ᠡ  ᠃ ᠬᠤᠭᠤᠴᠠᠭ᠎ᠠ ᠬᠡᠲᠦᠷᠡᠲᠡᠯ᠎ᠡ ᠭᠤᠶᠤᠴᠢᠯᠠᠯ ᠭᠠᠷᠭᠠᠭᠰᠠᠨ ᠦᠭᠡᠢ ᠪᠠᠶᠢᠪᠠᠯ ᠰᠠᠨᠠᠯ ᠰᠣᠨᠣᠰᠤᠯᠲᠠ ᠶᠢ ᠬᠠᠶᠠᠭᠰᠠᠨ ᠢᠶᠠᠷ ᠪᠤᠳᠤᠨ᠎ᠠ᠃      ᠲᠤᠯᠤᠭ᠎ᠠ᠂ ᠲᠤᠰ ᠵᠠᠷᠯᠠᠯ ᠢ ᠰᠢᠶᠠᠨ ᠤ ᠤᠯᠤᠰ ᠤᠨ ᠭᠠᠵᠠᠷ ᠰᠢᠷᠤᠢ ᠶᠢᠨ ᠡᠬᠢ ᠪᠠᠶᠠᠯᠢᠭ ᠤᠨ ᠲᠣᠪᠴᠢᠶ᠎ᠠ ᠪᠣᠯᠤᠨ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠬᠠᠷᠢᠭᠤᠴᠠᠨ ᠲᠠᠶᠢᠯᠪᠤᠷᠢᠯᠠᠨ᠎ᠠ᠃      ᠨᠠᠢᠮᠠ᠂ ᠲᠤᠰ ᠵᠠᠷᠯᠠᠯ ᠢ ᠨᠡᠶᠢᠲᠡᠯᠡᠭᠰᠡᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠃                 2018 ᠤᠨ ᠤ 4 ᠰᠠᠷ᠎ᠠ ᠶᠢᠨ 9 ᠤ ᠡᠳᠤᠷ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1